ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠬᠤ ᠬᠢᠭᠡᠳ ᠨᠡᠭᠡᠭᠡᠨ ᠬᠥᠭᠵᠢᠭᠦᠯᠬᠦ | ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠬᠦ ᠦᠷ᠎ᠡ | ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠤᠯᠪᠣᠭᠠᠯᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠬᠤ ᠬᠢᠭᠡᠳ ᠨᠡᠭᠡᠭᠡᠨ ᠬᠥᠭᠵᠢᠭᠦᠯᠬᠦ ᠪᠡᠯᠡ | ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠰᠢᠨᠵᠢᠯᠡᠬᠦ ᠲᠥᠯᠥᠪᠵᠢᠭᠦᠯᠭᠡ ﹇2018﹈ 2 ᠳ᠋ᠤᠭᠠᠷ | ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠵᠠᠰᠠᠪᠤᠷᠢ ᠣᠷᠣᠭᠤᠯᠤᠨ ᠨᠡᠶᠢᠲᠡᠯᠡᠭᠰᠡᠨ ᠤ ᠬᠠᠮᠲᠤ᠂ | 4 ᠳ᠋ᠦ᠋ᠭᠡᠷ ᠰᠠᠷ᠎ᠠ ᠶᠢᠨ 28 ᠤ ᠡᠳᠦᠷ ᠠᠴᠠ ᠬᠦᠴᠦᠨ ᠲᠠᠢ ᠪᠣᠯᠭᠠᠵᠠᠢ᠃ | ︽ᠠᠷᠭ᠎ᠠ︾ ᠨᠢ ᠰᠠᠭᠤᠷᠢ ᠴᠢᠨᠠᠷᠲᠠᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠳᠤᠯᠭᠠᠨ ᠤ | ᠨᠡᠶᠢᠲᠡᠯᠢᠭ ᠴᠢᠨᠠᠷᠲᠠᠢ ᠮᠡᠷᠭᠡᠵᠢᠯ ᠪᠠ ᠵᠠᠩᠭᠢᠯᠠᠭ᠎ᠠ ᠶᠢᠨ ᠮᠡᠷᠭᠡᠵᠢᠯ ᠢ ᠰᠤᠳᠤᠯᠵᠤ ᠨᠡᠭᠡᠭᠡᠨ ᠬᠥᠭᠵᠢᠭᠦᠯᠬᠦ ᠬᠢᠭᠡᠳ | ᠬᠡᠷᠡᠭᠯᠡᠬᠦ᠂ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠳᠤ ᠨᠥᠬᠦᠴᠡᠯ ᠪᠠ | ᠦᠢᠯᠡᠴᠢᠯᠡᠭᠡ ᠬᠠᠩᠭᠠᠬᠤ ᠲᠠᠪᠴᠠᠩ ᠤᠨ ᠠᠴᠢᠶᠠᠯᠠᠭᠴᠢ ᠪᠠ ᠣᠷᠴᠢᠨ ᠲᠣᠭᠤᠷᠢᠨ ᠤ ᠪᠠᠶᠢᠭᠤᠯᠤᠯᠲᠠ ᠵᠡᠷᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠪᠠᠷ ᠭᠤᠣᠯᠳᠠᠯᠭ᠎ᠠ ᠲᠠᠢ ᠳᠡᠮᠵᠢᠬᠦ ᠴᠢᠭᠯᠡᠯ ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠪᠦᠬᠦᠢ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ᠂ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ | ᠭᠠᠳᠠᠭᠠᠳᠤ ᠳᠤ ᠪᠠᠶᠢᠭᠤᠯᠤᠭᠰᠠᠨ ᠪᠡᠭᠡᠵᠢᠩ ᠥᠪᠥᠷ ᠮᠣᠩᠭᠤᠯ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠵᠡᠷᠭᠡ ᠨᠢᠭᠡᠴᠢ ᠪᠠᠷ ᠳᠡᠮᠵᠢᠬᠦ ᠡᠲᠡᠭᠡᠳ ᠪᠣᠯᠭᠠᠨ᠎ᠠ᠃ | ︽ᠠᠷᠭ᠎ᠠ︾ ᠨᠢ ᠭᠤᠣᠯᠳᠠᠭᠤ ᠲᠠᠪᠤᠨ ᠵᠦᠢᠯ ᠤᠨ ᠠᠭᠤᠯᠭ᠎ᠠ ᠳᠤ ᠵᠠᠰᠠᠪᠤᠷᠢ ᠣᠷᠣᠭᠤᠯᠪᠠ᠃ ᠨᠢᠭᠡ ᠳᠤ᠂ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦ ᠶᠢᠨ | ᠬᠠᠮᠢᠶᠠᠷᠤᠯᠲᠠ ᠶᠢ ᠰᠠᠶᠢᠵᠢᠷᠠᠭᠤᠯᠪᠠ᠃ ︽ᠠᠷᠭ᠎ᠠ︾ ᠨᠢ ᠲᠥᠰᠥᠪ ᠨᠠᠶᠢᠷᠠᠭᠤᠯᠤᠨ ᠵᠣᠬᠢᠶᠠᠬᠤ ᠶᠢ | ᠴᠣᠮᠬᠠᠳᠬᠠᠭᠰᠠᠨ ᠤ ᠬᠠᠮᠲᠤ ᠲᠥᠰᠥᠪ ᠢ ᠲᠣᠬᠢᠷᠠᠭᠤᠯᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠨ᠂ ᠳᠠᠮ | ᠰᠦᠢᠳᠬᠡᠯ ᠤᠨ ᠬᠠᠷᠢᠴᠠᠯ ᠢ ᠳᠡᠭᠡᠭᠰᠢᠯᠡᠭᠦᠯᠵᠦ᠂ ᠨᠡᠮᠡᠵᠦ ᠵᠢᠭᠰᠠᠭᠠᠭᠰᠠᠨ ᠠᠵᠢᠯ ᠤᠨ ᠠᠮᠵᠢᠯᠲᠠ ᠶᠢᠨ ᠳᠠᠮ | ᠵᠠᠷᠤᠯᠭ᠎ᠠ ᠳᠤ ᠬᠠᠷᠢᠴᠠᠯ ᠤᠨ ᠬᠢᠵᠠᠭᠠᠷᠯᠠᠯ ᠥᠯᠥ ᠲᠣᠬᠢᠷᠠᠭᠤᠯᠵᠤ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ | ᠵᠠᠷᠤᠯᠭ᠎ᠠ ᠶᠢᠨ ᠬᠡᠪᠴᠢᠶ᠎ᠡ ᠶᠢ ᠲᠣᠳᠣᠷᠬᠠᠶᠢᠯᠠᠨ᠂ ᠲᠥᠷᠥᠯ ᠵᠦᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ | ᠪᠡᠯᠡ ᠮᠥᠩᠭᠦ ᠶᠢ ᠦᠯᠡᠳᠡᠭᠡᠨ ᠬᠡᠷᠡᠭᠯᠡᠵᠦ ᠰᠢᠢᠳᠪᠦᠷᠢᠯᠡᠬᠦ ᠠᠷᠭ᠎ᠠ ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠵᠤ᠂ | ᠰᠢᠭᠤᠳ ᠵᠠᠷᠤᠳᠠᠯ ᠠᠴᠠ ᠳᠠᠪᠠᠭᠤᠯᠬᠤ ᠦᠭᠡᠢ ᠪᠠᠷ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠵᠠᠷᠤᠳᠠᠯ ᠢ | ᠰᠠᠭᠤᠯᠭᠠᠨ ᠠᠪᠬᠤ ᠵᠣᠬᠢᠬᠤ ᠬᠠᠷᠢᠴᠠᠯ ᠶᠣᠰᠣᠭᠠᠷ ᠬᠠᠷᠭᠤᠭᠤᠯᠤᠨ ᠲᠣᠭᠲᠠᠭᠠᠵᠤ᠂ 500 ᠲᠦᠮᠡᠨ | ᠲᠥᠭᠦᠷᠢᠭ ᠠᠴᠠ ᠳᠣᠭᠤᠭᠰᠢᠬᠢ ︵500 ᠲᠦᠮᠡᠨ ᠲᠥᠭᠦᠷᠢᠭ ᠢ ᠪᠠᠭᠲᠠᠭᠠᠨ᠎ᠠ︶ ᠶᠢ 20% ᠪᠠᠷ ᠬᠠᠷᠭᠤᠭᠤᠯᠤᠨ | ᠲᠣᠭᠲᠠᠭᠠᠪᠠ︔ 500 ᠲᠦᠮᠡᠨ ᠲᠥᠭᠦᠷᠢᠭ ᠠᠴᠠ 1000 ᠲᠦᠮᠡᠨ ᠲᠥᠭᠦᠷᠢᠭ ︵1000 ᠲᠦᠮᠡᠨ | ᠲᠥᠭᠦᠷᠢᠭ ᠢ ᠪᠠᠭᠲᠠᠭᠠᠨ᠎ᠠ︶ ᠤᠨ ᠬᠤᠭᠤᠷᠣᠨᠳᠤᠬᠢ ᠶᠢ 15% ᠪᠠᠷ ᠬᠠᠷᠭᠤᠭᠤᠯᠤᠨ ᠲᠣᠭᠲᠠᠭᠠᠪᠠ︔ 1000 | ᠲᠦᠮᠡᠨ ᠲᠥᠭᠦᠷᠢᠭ ᠠᠴᠠ ᠳᠡᠭᠡᠭᠰᠢᠬᠢ ᠶᠢ 13% ᠪᠠᠷ ᠬᠠᠷᠭᠤᠭᠤᠯᠤᠨ ᠲᠣᠭᠲᠠᠭᠠᠵᠠᠢ᠃ ᠬᠤᠶᠠᠷ ᠲᠤ᠂ | ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢᠶᠠᠨ ᠬᠠᠮᠢᠶᠠᠷᠬᠤ ᠡᠷᠬᠡ ᠶᠢᠨ ᠬᠢᠵᠠᠭᠠᠷᠯᠠᠯ ᠳᠤ | ᠥᠭᠡᠷᠡᠴᠢᠯᠡᠯᠲᠡ ᠬᠢᠪᠡ᠃ ︽ᠠᠷᠭ᠎ᠠ︾ ᠳᠤ ᠵᠠᠮ ᠤᠨ ᠵᠠᠷᠤᠳᠠᠯ᠂ ᠬᠤᠷᠠᠯ ᠤᠨ ᠵᠠᠷᠤᠳᠠᠯ ᠪᠠ ᠠᠰᠠᠭᠤᠨ | ᠯᠠᠪᠯᠠᠯᠲᠠ ᠶᠢᠨ ᠵᠠᠷᠤᠳᠠᠯ ᠤᠨ ᠬᠠᠮᠢᠶᠠᠷᠬᠤ ᠡᠷᠬᠡ ᠶᠢᠨ ᠬᠢᠵᠠᠭᠠᠷᠯᠠᠯ ᠢ ᠳᠣᠷᠣᠭᠰᠢ ᠪᠠᠭᠤᠯᠭᠠᠵᠤ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠬᠦᠷᠢᠶᠡᠯᠡᠩ ᠭᠠᠵᠠᠷ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ | ᠪᠠᠷᠢᠮᠵᠢᠶ᠎ᠠ ᠲᠣᠭᠲᠠᠭᠠᠵᠤ ᠪᠣᠯᠣᠨ᠎ᠠ᠃ ᠭᠤᠷᠪᠠ ᠳᠤ᠂ ᠲᠥᠷᠥᠯ ᠵᠦᠢᠯ ᠤᠨ ᠦᠯᠡᠳᠡᠪᠦᠷᠢ ᠪᠡᠯᠡ ᠮᠥᠩᠭᠦ ᠶᠢ | ᠬᠡᠷᠡᠭᠯᠡᠬᠦ ᠶᠢ ᠰᠢᠯᠢᠳᠡᠭᠵᠢᠭᠦᠯᠪᠡ᠃ ︽ᠠᠷᠭ᠎ᠠ︾ ᠳᠤ ᠲᠥᠷᠥᠯ ᠵᠦᠢᠯ ᠢ ᠳᠠᠭᠠᠭᠠᠨ ᠬᠠᠷᠢᠭᠤᠴᠠᠭᠰᠠᠨ ᠨᠢᠭᠡᠴᠢ ᠶᠢᠨ | ᠢᠲᠡᠭᠡᠮᠵᠢ ᠶᠢᠨ ᠦᠨᠡᠯᠡᠯᠲᠡ ᠨᠢ ᠰᠠᠶᠢᠨ ᠪᠥᠭᠡᠳ ᠡᠭᠦᠷᠭᠡ ᠶᠢᠨ ᠬᠠᠷᠠᠯᠲᠠ ᠪᠠᠨ ᠪᠡᠶᠡᠯᠡᠭᠦᠯᠦᠭᠰᠡᠨ ᠤ ᠬᠠᠮᠲᠤ | ᠰᠢᠯᠭᠠᠵᠤ ᠬᠤᠷᠢᠶᠠᠵᠤ ᠠᠪᠬᠤ ᠳᠤ ᠬᠢᠷᠢ ᠲᠡᠩᠴᠡᠭᠰᠡᠨ ᠪᠣᠯ᠂ ᠲᠤᠰ ᠨᠢᠭᠡᠴᠢ ᠶᠢᠨ ᠦᠯᠡᠳᠡᠪᠦᠷᠢ ᠪᠡᠯᠡ ᠮᠥᠩᠭᠦ ᠶᠢ | ᠲᠣᠭᠲᠠᠭᠠᠯ ᠶᠣᠰᠣᠭᠠᠷ ᠦᠯᠡᠳᠡᠭᠡᠨ ᠪᠤᠴᠠᠭᠠᠵᠤ 2 ᠵᠢᠯ ᠬᠡᠷᠡᠭᠯᠡᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠶᠢᠨ ᠰᠢᠭᠤᠳ ᠵᠠᠷᠤᠯᠭ᠎ᠠ ᠳᠤ ᠬᠡᠷᠡᠭᠯᠡᠵᠦ ᠪᠣᠯᠣᠨ᠎ᠠ ᠭᠡᠵᠦ ᠨᠡᠮᠡᠨ ᠵᠢᠭᠰᠠᠭᠠᠪᠠ᠃ ᠳᠥᠷᠪᠡ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ | ᠬᠤᠳᠠᠯᠳᠤᠨ ᠠᠪᠬᠤ ᠬᠠᠮᠢᠶᠠᠷᠤᠯᠲᠠ ᠶᠢ ᠲᠡᠭᠦᠯᠳᠡᠷᠵᠢᠭᠦᠯᠪᠡ᠃ ︽ᠠᠷᠭ᠎ᠠ︾ ᠳᠤ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯ ᠤᠨ ᠬᠠᠮᠢᠶᠠᠷᠤᠯᠲᠠ ᠶᠢ ᠰᠠᠶᠢᠵᠢᠷᠠᠭᠤᠯᠪᠠ᠃ ᠲᠠᠪᠤ ᠳᠤ᠂ ᠬᠠᠮᠢᠶᠠᠷᠤᠯᠲᠠ ᠶᠢ ᠵᠢᠷᠤᠮᠵᠢᠭᠤᠯᠤᠨ᠂ | ᠦᠢᠯᠡᠴᠢᠯᠡᠭᠡ ᠶᠢ ᠰᠠᠶᠢᠵᠢᠷᠠᠭᠤᠯᠪᠠ᠃ ︽ᠠᠷᠠᠭ᠎ᠠ︾ ᠳᠤ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢ | ᠴᠢᠩᠭᠠᠷᠠᠭᠤᠯᠤᠭᠰᠠᠨ ᠪᠠ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠡᠳ᠋ ᠤᠨ ᠵᠠᠰᠠᠭ ᠤᠨ ᠲᠤᠰᠠᠯᠠᠭᠴᠢ ᠶᠢᠨ ᠳᠦᠷᠢᠮ ᠢ ᠪᠠᠶᠢᠭᠤᠯᠤᠭᠰᠠᠨ ᠤ ᠬᠠᠮᠲᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠤᠨ ᠨᠢᠭᠡ ᠰᠡᠳᠬᠢᠯ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠬᠢᠬᠦ ᠳᠤ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠠᠢ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ | ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠠᠮᠢᠵᠢᠷᠠᠯ ᠤᠨ ᠬᠦᠴᠦᠨ ᠢᠶᠠᠷ ᠲᠡᠭᠦᠯᠳᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠢᠶᠠᠷᠬᠤ ᠪᠠ ᠠᠵᠢᠯᠯᠠᠭᠤᠯᠬᠤ ᠲᠣᠭᠲᠠᠴᠠ ᠶᠢ ᠪᠦᠷᠢᠯᠳᠦᠭᠦᠯᠬᠦ ᠶᠢ ᠨᠢ ᠠᠬᠢᠭᠤᠯᠬᠤ ᠶᠢᠨ ᠲᠥᠯᠥᠭᠡ᠂ ︽ᠠᠷᠭ᠎ᠠ︾ | ᠳᠤ ᠪᠠᠰᠠ ᠡᠯ᠎ᠡ ᠬᠠᠮᠢᠶᠠᠷᠤᠯᠲᠠ ᠶᠢᠨ ᠱᠠᠲᠤ ᠳᠡᠰ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠤᠨ | ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠠ ᠲᠥᠷᠥᠯ ᠵᠦᠢᠯ ᠢ ᠳᠠᠭᠠᠭᠠᠨ | ᠬᠠᠷᠢᠭᠤᠴᠠᠭᠰᠠᠨ ᠨᠢᠭᠡᠴᠢ ᠶᠢᠨ ᠬᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ | ᠠᠳᠠᠯᠢ ᠪᠤᠰᠤ ᠡᠭᠦᠷᠭᠡ ᠬᠠᠷᠢᠭᠤᠴᠠᠯᠭ᠎ᠠ ᠪᠠᠨ ᠲᠤᠰ ᠲᠤᠰ ᠲᠤ ᠨᠢ ᠭᠦᠢᠴᠡᠳᠬᠡᠬᠦ ᠶᠢ ᠲᠣᠳᠣᠷᠬᠠᠶᠢᠯᠠᠵᠠᠢ᠃ |