︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠬᠤ ᠬᠢᠭᠡᠳ ᠨᠡᠭᠡᠭᠡᠨ ᠬᠥᠭᠵᠢᠭᠦᠯᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2018/11/6
     ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠬᠤ ᠬᠢᠭᠡᠳ ᠨᠡᠭᠡᠭᠡᠨ ᠬᠥᠭᠵᠢᠭᠦᠯᠬᠦ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠤᠯᠪᠣᠭᠠᠯᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠬᠤ ᠬᠢᠭᠡᠳ ᠨᠡᠭᠡᠭᠡᠨ ᠬᠥᠭᠵᠢᠭᠦᠯᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠰᠢᠨᠵᠢᠯᠡᠬᠦ ᠲᠥᠯᠥᠪᠵᠢᠭᠦᠯᠭᠡ ﹇2018﹈ 2 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠵᠠᠰᠠᠪᠤᠷᠢ ᠣᠷᠣᠭᠤᠯᠤᠨ ᠨᠡᠶᠢᠲᠡᠯᠡᠭᠰᠡᠨ ᠤ ᠬᠠᠮᠲᠤ᠂ 4 ᠳ᠋ᠦ᠋ᠭᠡᠷ ᠰᠠᠷ᠎ᠠ ᠶᠢᠨ 28 ᠤ ᠡᠳᠦᠷ ᠠᠴᠠ ᠬᠦᠴᠦᠨ ᠲᠠᠢ ᠪᠣᠯᠭᠠᠵᠠᠢ᠃      ︽ᠠᠷᠭ᠎ᠠ︾ ᠨᠢ ᠰᠠᠭᠤᠷᠢ ᠴᠢᠨᠠᠷᠲᠠᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠳᠤᠯᠭᠠᠨ ᠤ ᠨᠡᠶᠢᠲᠡᠯᠢᠭ ᠴᠢᠨᠠᠷᠲᠠᠢ ᠮᠡᠷᠭᠡᠵᠢᠯ ᠪᠠ ᠵᠠᠩᠭᠢᠯᠠᠭ᠎ᠠ ᠶᠢᠨ ᠮᠡᠷᠭᠡᠵᠢᠯ ᠢ ᠰᠤᠳᠤᠯᠵᠤ ᠨᠡᠭᠡᠭᠡᠨ ᠬᠥᠭᠵᠢᠭᠦᠯᠬᠦ ᠬᠢᠭᠡᠳ ᠬᠡᠷᠡᠭᠯᠡᠬᠦ᠂ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠳᠤ ᠨᠥᠬᠦᠴᠡᠯ ᠪᠠ ᠦᠢᠯᠡᠴᠢᠯᠡᠭᠡ ᠬᠠᠩᠭᠠᠬᠤ ᠲᠠᠪᠴᠠᠩ ᠤᠨ ᠠᠴᠢᠶᠠᠯᠠᠭᠴᠢ ᠪᠠ ᠣᠷᠴᠢᠨ ᠲᠣᠭᠤᠷᠢᠨ ᠤ ᠪᠠᠶᠢᠭᠤᠯᠤᠯᠲᠠ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠪᠠᠷ ᠭᠤᠣᠯᠳᠠᠯᠭ᠎ᠠ ᠲᠠᠢ ᠳᠡᠮᠵᠢᠬᠦ ᠴᠢᠭᠯᠡᠯ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ ᠭᠠᠳᠠᠭᠠᠳᠤ ᠳᠤ ᠪᠠᠶᠢᠭᠤᠯᠤᠭᠰᠠᠨ ᠪᠡᠭᠡᠵᠢᠩ ᠥᠪᠥᠷ ᠮᠣᠩᠭᠤᠯ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠵᠡᠷᠭᠡ ᠨᠢᠭᠡᠴᠢ ᠪᠠᠷ ᠳᠡᠮᠵᠢᠬᠦ ᠡᠲᠡᠭᠡᠳ ᠪᠣᠯᠭᠠᠨ᠎ᠠ᠃      ︽ᠠᠷᠭ᠎ᠠ︾ ᠨᠢ ᠭᠤᠣᠯᠳᠠᠭᠤ ᠲᠠᠪᠤᠨ ᠵᠦᠢᠯ ᠤᠨ ᠠᠭᠤᠯᠭ᠎ᠠ ᠳᠤ ᠵᠠᠰᠠᠪᠤᠷᠢ ᠣᠷᠣᠭᠤᠯᠪᠠ᠃ ᠨᠢᠭᠡ ᠳᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠰᠠᠶᠢᠵᠢᠷᠠᠭᠤᠯᠪᠠ᠃ ︽ᠠᠷᠭ᠎ᠠ︾ ᠨᠢ ᠲᠥᠰᠥᠪ ᠨᠠᠶᠢᠷᠠᠭᠤᠯᠤᠨ ᠵᠣᠬᠢᠶᠠᠬᠤ ᠶᠢ ᠴᠣᠮᠬᠠᠳᠬᠠᠭᠰᠠᠨ ᠤ ᠬᠠᠮᠲᠤ ᠲᠥᠰᠥᠪ ᠢ ᠲᠣᠬᠢᠷᠠᠭᠤᠯᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠨ᠂ ᠳᠠᠮ ᠰᠦᠢᠳᠬᠡᠯ ᠤᠨ ᠬᠠᠷᠢᠴᠠᠯ ᠢ ᠳᠡᠭᠡᠭᠰᠢᠯᠡᠭᠦᠯᠵᠦ᠂ ᠨᠡᠮᠡᠵᠦ ᠵᠢᠭᠰᠠᠭᠠᠭᠰᠠᠨ ᠠᠵᠢᠯ ᠤᠨ ᠠᠮᠵᠢᠯᠲᠠ ᠶᠢᠨ ᠳᠠᠮ ᠵᠠᠷᠤᠯᠭ᠎ᠠ ᠳᠤ ᠬᠠᠷᠢᠴᠠᠯ ᠤᠨ ᠬᠢᠵᠠᠭᠠᠷᠯᠠᠯ ᠥᠯᠥ ᠲᠣᠬᠢᠷᠠᠭᠤᠯᠵᠤ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠠᠷᠤᠯᠭ᠎ᠠ ᠶᠢᠨ ᠬᠡᠪᠴᠢᠶ᠎ᠡ ᠶᠢ ᠲᠣᠳᠣᠷᠬᠠᠶᠢᠯᠠᠨ᠂ ᠲᠥᠷᠥᠯ ᠵᠦᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠦᠯᠡᠳᠡᠭᠡᠨ ᠬᠡᠷᠡᠭᠯᠡᠵᠦ ᠰᠢᠢᠳᠪᠦᠷᠢᠯᠡᠬᠦ ᠠᠷᠭ᠎ᠠ ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠵᠤ᠂ ᠰᠢᠭᠤᠳ ᠵᠠᠷᠤᠳᠠᠯ ᠠᠴᠠ ᠳᠠᠪᠠᠭᠤᠯᠬᠤ ᠦᠭᠡᠢ ᠪᠠᠷ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠵᠠᠷᠤᠳᠠᠯ ᠢ ᠰᠠᠭᠤᠯᠭᠠᠨ ᠠᠪᠬᠤ ᠵᠣᠬᠢᠬᠤ ᠬᠠᠷᠢᠴᠠᠯ ᠶᠣᠰᠣᠭᠠᠷ ᠬᠠᠷᠭᠤᠭᠤᠯᠤᠨ ᠲᠣᠭᠲᠠᠭᠠᠵᠤ᠂ 500 ᠲᠦᠮᠡᠨ ᠲᠥᠭᠦᠷᠢᠭ ᠠᠴᠠ ᠳᠣᠭᠤᠭᠰᠢᠬᠢ ︵500 ᠲᠦᠮᠡᠨ ᠲᠥᠭᠦᠷᠢᠭ ᠢ ᠪᠠᠭᠲᠠᠭᠠᠨ᠎ᠠ︶ ᠶᠢ 20% ᠪᠠᠷ ᠬᠠᠷᠭᠤᠭᠤᠯᠤᠨ ᠲᠣᠭᠲᠠᠭᠠᠪᠠ︔ 500 ᠲᠦᠮᠡᠨ ᠲᠥᠭᠦᠷᠢᠭ ᠠᠴᠠ 1000 ᠲᠦᠮᠡᠨ ᠲᠥᠭᠦᠷᠢᠭ ︵1000 ᠲᠦᠮᠡᠨ ᠲᠥᠭᠦᠷᠢᠭ ᠢ ᠪᠠᠭᠲᠠᠭᠠᠨ᠎ᠠ︶ ᠤᠨ ᠬᠤᠭᠤᠷᠣᠨᠳᠤᠬᠢ ᠶᠢ 15% ᠪᠠᠷ ᠬᠠᠷᠭᠤᠭᠤᠯᠤᠨ ᠲᠣᠭᠲᠠᠭᠠᠪᠠ︔ 1000 ᠲᠦᠮᠡᠨ ᠲᠥᠭᠦᠷᠢᠭ ᠠᠴᠠ ᠳᠡᠭᠡᠭᠰᠢᠬᠢ ᠶᠢ 13% ᠪᠠᠷ ᠬᠠᠷᠭᠤᠭᠤᠯᠤᠨ ᠲᠣᠭᠲᠠᠭᠠᠵᠠᠢ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢᠶᠠᠨ ᠬᠠᠮᠢᠶᠠᠷᠬᠤ ᠡᠷᠬᠡ ᠶᠢᠨ ᠬᠢᠵᠠᠭᠠᠷᠯᠠᠯ ᠳᠤ ᠥᠭᠡᠷᠡᠴᠢᠯᠡᠯᠲᠡ ᠬᠢᠪᠡ᠃ ︽ᠠᠷᠭ᠎ᠠ︾ ᠳᠤ ᠵᠠᠮ ᠤᠨ ᠵᠠᠷᠤᠳᠠᠯ᠂ ᠬᠤᠷᠠᠯ ᠤᠨ ᠵᠠᠷᠤᠳᠠᠯ ᠪᠠ ᠠᠰᠠᠭᠤᠨ ᠯᠠᠪᠯᠠᠯᠲᠠ ᠶᠢᠨ ᠵᠠᠷᠤᠳᠠᠯ ᠤᠨ ᠬᠠᠮᠢᠶᠠᠷᠬᠤ ᠡᠷᠬᠡ ᠶᠢᠨ ᠬᠢᠵᠠᠭᠠᠷᠯᠠᠯ ᠢ ᠳᠣᠷᠣᠭᠰᠢ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠬᠦᠷᠢᠶᠡᠯᠡᠩ ᠭᠠᠵᠠᠷ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ ᠪᠠᠷᠢᠮᠵᠢᠶ᠎ᠠ ᠲᠣᠭᠲᠠᠭᠠᠵᠤ ᠪᠣᠯᠣᠨ᠎ᠠ᠃ ᠭᠤᠷᠪᠠ ᠳᠤ᠂ ᠲᠥᠷᠥᠯ ᠵᠦᠢᠯ ᠤᠨ ᠦᠯᠡᠳᠡᠪᠦᠷᠢ ᠪᠡᠯᠡ ᠮᠥᠩᠭᠦ ᠶᠢ ᠬᠡᠷᠡᠭᠯᠡᠬᠦ ᠶᠢ ᠰᠢᠯᠢᠳᠡᠭᠵᠢᠭᠦᠯᠪᠡ᠃ ︽ᠠᠷᠭ᠎ᠠ︾ ᠳᠤ ᠲᠥᠷᠥᠯ ᠵᠦᠢᠯ ᠢ ᠳᠠᠭᠠᠭᠠᠨ ᠬᠠᠷᠢᠭᠤᠴᠠᠭᠰᠠᠨ ᠨᠢᠭᠡᠴᠢ ᠶᠢᠨ ᠢᠲᠡᠭᠡᠮᠵᠢ ᠶᠢᠨ ᠦᠨᠡᠯᠡᠯᠲᠡ ᠨᠢ ᠰᠠᠶᠢᠨ ᠪᠥᠭᠡᠳ ᠡᠭᠦᠷᠭᠡ ᠶᠢᠨ ᠬᠠᠷᠠᠯᠲᠠ ᠪᠠᠨ ᠪᠡᠶᠡᠯᠡᠭᠦᠯᠦᠭᠰᠡᠨ ᠤ ᠬᠠᠮᠲᠤ ᠰᠢᠯᠭᠠᠵᠤ ᠬᠤᠷᠢᠶᠠᠵᠤ ᠠᠪᠬᠤ ᠳᠤ ᠬᠢᠷᠢ ᠲᠡᠩᠴᠡᠭᠰᠡᠨ ᠪᠣᠯ᠂ ᠲᠤᠰ ᠨᠢᠭᠡᠴᠢ ᠶᠢᠨ ᠦᠯᠡᠳᠡᠪᠦᠷᠢ ᠪᠡᠯᠡ ᠮᠥᠩᠭᠦ ᠶᠢ ᠲᠣᠭᠲᠠᠭᠠᠯ ᠶᠣᠰᠣᠭᠠᠷ ᠦᠯᠡᠳᠡᠭᠡᠨ ᠪᠤᠴᠠᠭᠠᠵᠤ 2 ᠵᠢᠯ ᠬᠡᠷᠡᠭᠯᠡᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠰᠢᠭᠤᠳ ᠵᠠᠷᠤᠯᠭ᠎ᠠ ᠳᠤ ᠬᠡᠷᠡᠭᠯᠡᠵᠦ ᠪᠣᠯᠣᠨ᠎ᠠ ᠭᠡᠵᠦ ᠨᠡᠮᠡᠨ ᠵᠢᠭᠰᠠᠭᠠᠪᠠ᠃ ᠳᠥᠷᠪᠡ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠬᠤᠳᠠᠯᠳᠤᠨ ᠠᠪᠬᠤ ᠬᠠᠮᠢᠶᠠᠷᠤᠯᠲᠠ ᠶᠢ ᠲᠡᠭᠦᠯᠳᠡᠷᠵᠢᠭᠦᠯᠪᠡ᠃ ︽ᠠᠷᠭ᠎ᠠ︾ ᠳᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠬᠠᠮᠢᠶᠠᠷᠤᠯᠲᠠ ᠶᠢ ᠰᠠᠶᠢᠵᠢᠷᠠᠭᠤᠯᠪᠠ᠃ ᠲᠠᠪᠤ ᠳᠤ᠂ ᠬᠠᠮᠢᠶᠠᠷᠤᠯᠲᠠ ᠶᠢ ᠵᠢᠷᠤᠮᠵᠢᠭᠤᠯᠤᠨ᠂ ᠦᠢᠯᠡᠴᠢᠯᠡᠭᠡ ᠶᠢ ᠰᠠᠶᠢᠵᠢᠷᠠᠭᠤᠯᠪᠠ᠃ ︽ᠠᠷᠠᠭ᠎ᠠ︾ ᠳᠤ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢ ᠴᠢᠩᠭᠠᠷᠠᠭᠤᠯᠤᠭᠰᠠᠨ ᠪᠠ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠳ᠋ ᠤᠨ ᠵᠠᠰᠠᠭ ᠤᠨ ᠲᠤᠰᠠᠯᠠᠭᠴᠢ ᠶᠢᠨ ᠳᠦᠷᠢᠮ ᠢ ᠪᠠᠶᠢᠭᠤᠯᠤᠭᠰᠠᠨ ᠤ ᠬᠠᠮᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠨᠢᠭᠡ ᠰᠡᠳᠬᠢᠯ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠬᠢᠬᠦ ᠳᠤ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠠᠢ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠢᠵᠢᠷᠠᠯ ᠤᠨ ᠬᠦᠴᠦᠨ ᠢᠶᠠᠷ ᠲᠡᠭᠦᠯᠳᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠬᠤ ᠪᠠ ᠠᠵᠢᠯᠯᠠᠭᠤᠯᠬᠤ ᠲᠣᠭᠲᠠᠴᠠ ᠶᠢ ᠪᠦᠷᠢᠯᠳᠦᠭᠦᠯᠬᠦ ᠶᠢ ᠨᠢ ᠠᠬᠢᠭᠤᠯᠬᠤ ᠶᠢᠨ ᠲᠥᠯᠥᠭᠡ᠂ ︽ᠠᠷᠭ᠎ᠠ︾ ᠳᠤ ᠪᠠᠰᠠ ᠡᠯ᠎ᠡ ᠬᠠᠮᠢᠶᠠᠷᠤᠯᠲᠠ ᠶᠢᠨ ᠱᠠᠲᠤ ᠳᠡᠰ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠠ ᠲᠥᠷᠥᠯ ᠵᠦᠢᠯ ᠢ ᠳᠠᠭᠠᠭᠠᠨ ᠬᠠᠷᠢᠭᠤᠴᠠᠭᠰᠠᠨ ᠨᠢᠭᠡᠴᠢ ᠶᠢᠨ ᠬᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠠᠳᠠᠯᠢ ᠪᠤᠰᠤ ᠡᠭᠦᠷᠭᠡ ᠬᠠᠷᠢᠭᠤᠴᠠᠯᠭ᠎ᠠ ᠪᠠᠨ ᠲᠤᠰ ᠲᠤᠰ ᠲᠤ ᠨᠢ ᠭᠦᠢᠴᠡᠳᠬᠡᠬᠦ ᠶᠢ ᠲᠣᠳᠣᠷᠬᠠᠶᠢᠯᠠᠵᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ