ᠥᠪᠥᠷ ᠮᠣᠩᠭᠤᠯ ᠵᠡᠭᠦᠨ ᠪᠡᠶ᠎ᠡ ᠶᠢᠨ ᠲᠠᠪᠤᠨ ᠠᠶᠢᠮᠠᠭ ᠤᠨ ᠳᠠᠪᠠᠯᠲᠠᠳᠤ ᠬᠥᠭᠵᠢᠯᠲᠡ ᠶᠢ ᠭᠦᠨᠵᠡᠭᠡᠶ ᠲᠦᠯᠬᠢᠨ ᠠᠬᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2018/11/8
     ᠥᠪᠥᠷ ᠮᠣᠩᠭᠤᠯ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠤᠷᠠᠯ ᠳᠡᠭᠡᠷ᠎ᠡ ᠠᠴᠠ ᠣᠶᠢᠯᠠᠭᠠᠵᠤ ᠮᠡᠳᠡᠭᠰᠡᠨ ᠨᠢ᠂ ᠥᠪᠥᠷ ᠮᠣᠩᠭᠤᠯ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ᠂ ᠲᠦᠩᠯᠢᠶᠣᠤ ᠬᠤᠲᠠ᠂ ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ᠂ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ ᠵᠡᠷᠭᠡ ᠲᠠᠪᠤᠨ ᠠᠶᠢᠮᠠᠭ ᠬᠤᠲᠠ ᠶᠢᠨ ᠲᠡᠪᠡᠳᠡᠯᠳᠦ ᠬᠥᠭᠵᠢᠯᠲᠡ ᠶᠢ ᠡᠷᠴᠢᠮᠲᠡᠢ ᠲᠦᠯᠬᠢᠨ ᠠᠬᠢᠭᠤᠯᠬᠤ ᠪᠠᠷ ᠪᠤᠢ᠃      ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠳᠤ᠂ ᠵᠡᠭᠦᠨ ᠪᠡᠶ᠎ᠡ ᠶᠢᠨ ᠵᠠᠷᠢᠮ ᠠᠶᠢᠮᠠᠭ ᠬᠤᠲᠠ ᠨᠤᠭᠤᠳ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ᠂ ᠡᠳ᠋ ᠤᠨ ᠵᠠᠰᠠᠭ ᠤᠨ ᠪᠣᠳᠠᠲᠤ ᠬᠦᠴᠦᠨ ᠨᠢ ᠪᠥᠬᠦ ᠣᠷᠣᠨ ᠤ 12 ᠠᠶᠢᠮᠠᠭ ᠬᠤᠲᠠ ᠶᠢᠨ ᠳᠤᠮᠳᠠ ᠨᠢᠭᠡ ᠦᠶ᠎ᠡ ᠲᠡᠷᠢᠭᠦᠯᠡᠵᠦ᠂ ᠵᠠᠷᠢᠮ ᠠᠵᠤ ᠦᠢᠯᠡᠰ᠂ ᠠᠵᠤ ᠠᠬᠤᠶᠢᠯᠠᠯ ᠪᠣᠯᠣᠨ ᠨᠠᠷᠠᠲᠤ ᠲᠥᠷᠥᠯ ᠲᠡᠮᠳᠡᠭᠲᠦ ᠨᠢᠭᠡ ᠦᠶ᠎ᠡ ᠬᠥᠭᠵᠢᠨ ᠮᠠᠨᠳᠤᠵᠤ ᠪᠠᠶᠢᠵᠠᠢ᠂ ᠭᠡᠪᠡᠴᠦ ᠵᠦᠢᠯ ᠪᠦᠷᠢ ᠶᠢᠨ ᠬᠦᠴᠦᠨ ᠵᠦᠢᠯ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠶᠡᠭᠡ ᠤᠷᠤᠰᠬᠠᠯ ᠤᠨ ᠲᠠᠭᠠᠷᠢᠯᠳᠠ ᠳᠣᠣᠷ᠎ᠠ ᠢᠳᠡᠭ ᠢᠳᠡᠭ ᠢᠶᠠᠷ ᠴᠠᠭ ᠦᠶ᠎ᠡ ᠠᠴᠠ ᠬᠤᠴᠣᠷᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠵᠡᠭᠦᠨ ᠪᠡᠶ᠎ᠡ ᠶᠢᠨ ᠲᠠᠪᠤᠨ ᠠᠶᠢᠮᠠᠭ ᠬᠤᠲᠠ ᠳᠤ ᠴᠢᠭᠯᠡᠭᠦᠯᠦᠨ᠂ ᠥᠪᠥᠷ ᠮᠣᠩᠭᠤᠯ  ᠭᠤᠣᠯ ᠪᠣᠯᠬᠤ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠬᠤ᠂ ᠵᠣᠬᠢᠴᠠᠩᠭᠤᠶ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠨ ᠪᠦᠲᠦᠭᠡᠨ ᠪᠠᠶᠢᠭᠤᠯᠬᠤ᠂  ᠪᠣᠬᠢᠷᠲᠤᠯ ᠦᠭᠡᠢ ᠬᠥᠭᠵᠢᠯᠲᠡ ᠶᠢᠨ ᠳᠠᠪᠠᠭᠤᠯᠢᠭ ᠢ ᠪᠠᠬᠢᠵᠢᠭᠦᠯᠦᠨ ᠳᠡᠭᠡᠭᠰᠢᠯᠡᠭᠦᠯᠬᠦ᠂ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠥᠷᠭᠡᠳᠬᠡᠬᠦ ᠵᠡᠷᠭᠡ ᠠᠯᠢ ᠤᠯᠠᠨ ᠠᠷᠭ᠎ᠠ ᠬᠡᠮᠵᠢᠶ᠎ᠡ ᠠᠪᠬᠤ ᠪᠠᠷ ᠳᠠᠮᠵᠢᠨ᠂ ᠲᠠᠪᠤᠨ ᠠᠶᠢᠮᠠᠭ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠶᠢ ᠲᠦᠯᠬᠢᠨ ᠠᠬᠢᠭᠤᠯᠬᠤ ᠪᠣᠯᠣᠨ᠎ᠠ᠃      ᠵᠡᠭᠦᠨ ᠪᠡᠶ᠎ᠡ ᠶᠢᠨ ᠲᠠᠪᠤᠨ ᠠᠶᠢᠮᠠᠭ ᠬᠤᠳᠠ ᠶᠢᠨ ᠡᠨᠧᠷᠭᠢ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ ᠤᠨ ᠬᠤᠪᠢ ᠶᠢᠨ ᠵᠢᠩ ᠨᠢ 90% ᠰᠢᠬᠠᠮ ᠢ ᠡᠵᠡᠯᠡᠨ᠎ᠡ᠃ ᠥᠪᠥᠷ ᠮᠣᠩᠭᠤᠯ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠬᠦ ᠪᠠᠷ ᠳᠠᠮᠵᠢᠨ᠂ ᠬᠠᠨᠳᠤᠯᠭᠠᠲᠤ ᠴᠢᠨᠠᠷᠲᠠᠶ ᠪᠠᠷ ᠬᠡᠯᠬᠢᠶ᠎ᠡ ᠶᠢ ᠪᠠᠶᠢᠭᠤᠯᠤᠨ᠂ ᠤᠷᠲᠤᠳᠬᠠᠵᠤ᠂ ᠨᠥᠬᠦᠵᠦ᠂ ᠴᠢᠩᠭᠠᠳᠬᠠᠬᠤ ᠪᠠᠷ ᠳᠠᠮᠵᠢᠨ᠂ ᠲᠠᠪᠤᠨ ᠠᠶᠢᠮᠠᠭ ᠬᠤᠲᠠ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠪᠠᠰᠠ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠤᠮᠤ ᠳ᠋ᠠᠶᠢᠲ᠋ᠠ ᠡᠭᠦᠯᠡᠨ ᠪᠤᠳᠤᠯᠲᠠ᠂ ᠮᠣᠩᠭᠤᠯ ᠬᠢᠲᠠᠳ ᠡᠮ ᠡᠮᠨᠡᠯᠭᠡ ᠵᠡᠷᠭᠡ ᠨᠢᠭᠤᠭᠳᠠᠮᠠᠯ ᠳᠠᠪᠠᠭᠤᠯᠢᠭ ᠪᠦᠬᠦᠢ ᠬᠦᠷᠢᠶ᠎ᠡ ᠬᠡᠪᠴᠢᠶ᠎ᠡ ᠶᠢ ᠨᠢᠭᠲᠠ ᠠᠩᠬᠠᠷᠴᠤ᠂ ᠲᠠᠪᠤᠨ ᠠᠶᠢᠮᠠᠭ ᠬᠤᠲᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠬᠤ ᠶᠢᠨ ᠬᠠᠮᠲᠤ ᠰᠣᠶᠣᠯ ᠤᠨ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠢ ᠳᠣᠪᠤᠶᠢᠯᠭᠠᠨ᠂ ᠦᠢᠯᠡᠴᠢᠯᠡᠭᠡᠨ ᠤ ᠦᠢᠯᠡᠰ ᠤᠨ ᠬᠦᠷᠢᠶᠡᠨ ᠤ ᠲᠤᠯᠭᠠᠭᠤᠷᠢ ᠠᠵᠤ ᠦᠢᠯᠡᠰ ᠢ ᠴᠣᠭᠴᠠᠯᠠᠨ᠎ᠠ᠃       ᠤᠳᠣᠬᠠᠨ ᠳᠤ᠂ ᠲᠦᠩᠯᠢᠶᠣᠤ ᠬᠤᠳᠠ ᠶᠠᠭ ᠬᠤᠷᠴᠢᠨ ᠠᠯᠠᠰᠢᠨ ᠦᠬᠡᠷ ᠤᠨ ᠠᠵᠤ ᠦᠢᠯᠡᠰ ᠵᠡᠷᠭᠡ ︽ᠶᠢᠰᠦᠨ ᠠᠵᠤ ᠦᠢᠯᠡᠰ ᠤᠨ ᠬᠡᠯᠬᠢᠶ᠎ᠡ︾᠎ ᠶᠢ ᠴᠣᠭᠴᠠᠯᠠᠨ ᠪᠠᠶᠢᠭᠤᠯᠵᠤ ᠪᠤᠢ︔ ᠬᠥᠯᠥᠨ ᠪᠤᠶᠢᠷ ᠬᠤᠲᠠ ᠮᠠᠨᠵᠤᠤᠷ ᠢ ᠤᠯᠠᠨ ᠤᠯᠤᠰ ᠤᠨ ᠣᠷᠣᠨ ᠪᠦᠰᠡ ᠶᠢᠨ ᠬᠠᠮᠲᠤᠷᠠᠯᠴᠠᠭ᠎ᠠ ᠪᠣᠯᠤᠨ ᠥᠷᠢᠰᠥᠯᠳᠦᠭᠡᠨ ᠳᠤ ᠣᠷᠣᠯᠴᠠᠬᠤ ᠴᠢᠬᠤᠯᠠ ᠲᠠᠪᠴᠠᠩ ᠪᠣᠯᠭᠠᠨ ᠴᠣᠭᠴᠠᠯᠠᠵᠤ ᠪᠤᠢ︔ ᠤᠯᠠᠭᠠᠨᠬᠠᠳᠠ ᠬᠤᠲᠠ ᠭᠠᠷᠠᠮ ᠳᠠᠭᠠᠤ ᠠᠵᠤ ᠠᠬᠤᠶ ᠶᠢᠨ ᠲᠣᠭᠤᠷᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠪᠤᠢ︔ ᠬᠢᠩᠭᠠᠨ ᠠᠶᠢᠮᠠᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠬᠢᠷᠲᠤᠯ ᠥᠬᠡᠶ ᠣᠷᠭᠠᠨᠢᠭ  ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠲᠦᠭᠡᠮᠡᠯᠵᠢᠭᠦᠯᠵᠦ ᠪᠤᠢ︔ ᠰᠢᠯᠢ ᠶᠢᠨ ᠭᠤᠤᠯ ᠠᠶᠢᠮᠠᠭ ︽ᠬᠤᠨᠢᠨ ᠤ ᠲᠤᠭ᠎ᠠ ᠲᠣᠯᠣᠭᠠᠢ ᠶᠢ ᠬᠠᠰᠤᠵᠤ ᠦᠬᠡᠷ ᠤᠨ ᠲᠤᠭ᠎ᠠ ᠲᠣᠯᠣᠭᠠᠢ ᠶᠢ ᠨᠡᠮᠡᠭᠳᠡᠭᠦᠯᠬᠦ︾᠎ ᠪᠠᠷ ᠳᠠᠮᠵᠢᠭᠤᠯᠤᠨ ᠳᠤᠮᠳᠠ ᠳᠡᠭᠡᠳᠦ ᠲᠡᠰ ᠤᠨ ᠮᠠᠯ ᠤᠨ ᠠᠰᠢᠭ ᠰᠢᠮ᠎ᠡ ᠶᠢᠨ ᠬᠤᠲᠠ ᠪᠣᠯᠭᠠᠨ ᠴᠣᠭᠴᠠᠯᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号