ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠶᠢ ᠴᠢᠨᠠᠷ ᠰᠠᠶᠢᠲᠠᠢ ᠡᠭᠦᠳᠦᠨ ᠪᠠᠶᠢᠭᠤᠯᠬᠤ ᠲᠥᠰᠦᠯ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ
ᠨᠡᠶᠢᠲᠡᠯᠡᠭᠰᠡᠨ ᠴᠠᠭ᠄
2018/11/9
     ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠨᠢ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠤᠶᠠᠯᠳᠤᠯ ᠤᠨ ᠴᠡᠭ ᠪᠣᠯᠣᠨ᠎ᠠ᠂ ᠪᠠᠰᠠ ᠴᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠲᠠᠪᠴᠠᠩ ᠪᠣᠯᠤᠨ᠎ᠠ᠂ ᠤᠯᠤᠰ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠪᠦᠯᠦᠭ ᠨᠡᠶᠢᠲᠡᠯᠢᠭ ᠴᠢᠨᠠᠷᠲᠠᠢ᠂ ᠬᠡᠪ ᠳᠠᠭᠤᠷᠢᠶᠠᠯᠲᠤ ᠴᠢᠨᠠᠷᠲᠠᠶ ᠥᠪᠡᠷᠮᠢᠴᠡ ᠣᠨᠴᠠᠯᠢᠭᠲᠤ ᠪᠠᠭ᠎ᠠ ᠪᠠᠯᠭᠠᠰᠤ ᠶᠢ ᠡᠷᠴᠢᠮᠲᠡᠢ ᠪᠥᠭᠡᠳ ᠡᠮᠬᠢ ᠳᠢᠭᠯᠢᠮ ᠲᠠᠢ᠂ ᠪᠦᠲᠦᠮᠵᠢᠲᠡᠶ ᠪᠠᠷ ᠡᠭᠦᠳᠦᠨ ᠪᠠᠶᠢᠭᠤᠯᠵᠤ᠂ ᠴᠦᠬᠡᠨ ᠢᠶᠠᠷ ᠤᠯᠠᠨ ᠢ ᠳᠠᠶᠢᠴᠢᠯᠠᠨ ᠪᠥᠬᠦ ᠣᠷᠣᠨ ᠤ ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠶᠢᠨ ᠵᠥᠪ ᠵᠠᠮ ᠢᠶᠠᠷ ᠡᠷᠡᠭᠦᠯ ᠢᠶᠠᠷ ᠬᠥᠭᠵᠢᠬᠦ ᠶᠢ ᠬᠥᠲᠥᠯᠥᠨ ᠳᠠᠭᠠᠭᠤᠯᠬᠤ ᠶᠢᠨ ᠲᠤᠰᠠᠳᠠ᠂ ᠦᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠶᠢ ᠴᠢᠨᠠᠷ ᠰᠠᠶᠢᠲᠠᠢ ᠡᠭᠦᠳᠦᠨ ᠪᠠᠶᠢᠭᠤᠯᠬᠤ ᠲᠥᠰᠦᠯ︾ ︵ᠳᠣᠷᠣᠭᠰᠢ ︽ᠲᠥᠰᠦᠯ︾ ᠭᠡᠵᠦ ᠳᠥᠭᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠶᠢ ᠴᠢᠨᠠᠷ ᠰᠠᠶᠢᠲᠠᠢ ᠡᠭᠦᠳᠦᠨ ᠪᠠᠶᠢᠭᠤᠯᠬᠤ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠪᠡ᠃      ︽ᠲᠥᠰᠦᠯ︾᠎ ᠳᠤ ᠲᠣᠳᠣᠷᠬᠠᠶᠢᠯᠠᠭᠰᠠᠨ ᠨᠢ᠂ ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠭᠡᠳᠡᠭ ᠨᠢ ᠬᠡᠳᠦᠨ ᠲᠡᠭᠰᠢ ᠳᠥᠷᠪᠡᠯᠵᠢᠨ ᠺᠢᠯᠣᠮᠧᠲᠷ ᠭᠠᠵᠠᠷ ᠲᠤ ᠥᠪᠡᠷᠮᠢᠴᠡ ᠤᠨᠴᠠᠯᠢᠭᠳᠤ ᠠᠵᠤ ᠦᠢᠯᠡᠰ ᠢ ᠲᠥᠪᠯᠡᠷᠡᠭᠦᠯᠦᠨ᠂ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢᠨ ᠣᠷᠣᠨ ᠵᠠᠶ ᠬᠠᠷᠢᠯᠴᠠᠨ ᠠᠭᠤᠰᠤᠯᠴᠠᠵᠤ᠂ ᠵᠠᠰᠠᠭ ᠵᠠᠬᠢᠷᠭᠠᠨ ᠤ ᠪᠠᠶᠢᠭᠤᠯᠤᠯᠳᠤ ᠪᠠᠯᠭᠠᠰᠤ ᠪᠣᠯᠣᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠢ ᠠᠳᠠᠯᠢ ᠪᠤᠰᠤ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠲᠠᠪᠴᠠᠩ ᠢ ᠵᠢᠭᠠᠵᠤ ᠪᠠᠶᠢᠨ᠎ᠠ᠃ ᠵᠣᠬᠢᠬᠤ ᠬᠡᠮᠵᠢᠶᠡᠨ ᠤ ᠥᠪᠡᠷᠮᠢᠴᠡ ᠣᠨᠴᠠᠯᠢᠭᠲᠤ ᠪᠠᠭ᠎ᠠ ᠪᠠᠯᠭᠠᠰᠤ ᠶᠢ ᠡᠭᠦᠳᠦᠨ ᠪᠠᠶᠢᠭᠤᠯᠬᠤ ᠨᠢ ᠣᠷᠣᠨ ᠵᠠᠶ ᠶᠢᠨ ᠪᠦᠲᠦᠴᠡ ᠶᠢ ᠰᠢᠯᠢᠳᠡᠭᠵᠢᠭᠦᠯᠦᠨ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠪᠢᠷᠠᠭᠤᠯᠬᠤ ᠳᠤ ᠠᠰᠢᠭᠲᠠᠶ ᠭᠡᠪᠡ᠃      ︽ᠲᠥᠰᠦᠯ︾᠎ ᠳᠤ ᠳᠤᠷᠠᠳᠤᠭᠰᠠᠨ ᠨᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠵᠤ ᠦᠢᠯᠡᠰ ᠢᠶᠠᠷ ᠪᠠᠯᠭᠠᠰᠤ ᠪᠠᠶᠢᠭᠤᠯᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠶᠠᠰᠤ ᠴᠢᠨᠠᠷ ᠢᠶᠠᠷ ᠡᠭᠦᠳᠦᠨ ᠪᠠᠶᠢᠭᠤᠯᠬᠤ ᠶᠢ ᠪᠠᠷᠢᠮᠲᠠᠯᠠᠵᠤ᠂ ︽ᠨᠢᠭᠡ ᠪᠦᠯᠦᠭ ᠢ ᠲᠥᠯᠥᠪᠵᠢᠭᠦᠯᠬᠦ᠂ ᠨᠢᠭᠡ ᠪᠦᠯᠦᠭ ᠢ ᠪᠣᠶᠢᠵᠢᠭᠤᠯᠬᠤ᠂ ᠨᠢᠭᠡ ᠪᠦᠯᠦᠭ ᠢ ᠡᠭᠦᠳᠦᠨ ᠪᠠᠶᠢᠭᠤᠯᠬᠤ᠂ ᠨᠢᠭᠡ ᠪᠦᠯᠦᠭ ᠢ ᠨᠡᠷᠡᠶᠢᠳᠬᠦ︾ ᠦᠨᠳᠦᠰᠦᠨ ᠵᠠᠷᠴᠢᠮ ᠶᠣᠰᠤᠭᠠᠷ᠂ ᠮᠠᠨ ᠤ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠵᠦ᠂ 3 ᠵᠢᠯ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠥᠪᠡᠷᠮᠢᠴᠡ ᠣᠨᠴᠠᠯᠢᠭᠲᠤ ᠪᠠᠭ᠎ᠠ ᠪᠠᠯᠭᠠᠰᠤ ᠶᠢ 30 ᠣᠷᠴᠢᠮ ᠪᠤᠶᠢᠵᠢᠭᠤᠯᠬᠤ ᠪᠤᠶᠤ ᠡᠭᠦᠳᠦᠨ ᠪᠠᠶᠢᠭᠤᠯᠵᠤ᠂ ᠤᠯᠤᠰ ᠤᠨ ᠲᠠᠰ ᠤᠨ ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠶᠢ 5 ᠣᠷᠴᠢᠮ ᠡᠭᠦᠳᠦᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ ᠤᠷᠤᠭᠰᠢᠯᠠᠯᠲᠠ ᠲᠠᠢ ᠪᠥᠭᠡᠳ ᠤᠬᠤᠷᠢᠯᠲᠠ ᠲᠠᠢ ᠡᠭᠦᠳᠦᠨ ᠪᠠᠶᠢᠭᠤᠯᠵᠦ ᠪᠠᠷᠢᠮᠵᠢᠶ᠎ᠠ ᠳᠤ ᠬᠦᠷᠭᠡᠬᠦ ᠲᠦᠷᠢᠮ ᠢ ᠬᠡᠷᠡᠭᠵᠢᠭᠦᠯᠵᠦ᠂ ᠲᠦᠷᠢᠮ ᠤᠨ ᠲᠠᠯ᠎ᠠ ᠠᠴᠠ ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠶᠢᠨ ᠵᠢᠷᠤᠮᠵᠢᠭᠤᠯᠤᠭᠰᠠᠨ ᠦᠨᠡᠯᠡᠯᠲᠡ ᠲᠣᠭᠲᠠᠭᠠᠯᠲᠠ᠂ ᠡᠳᠦᠷ ᠲᠤᠲᠤᠮ ᠤᠨ ᠬᠢᠨᠠᠯᠲᠠ ᠬᠡᠮᠵᠢᠯᠲᠡ᠂ ᠪᠠᠷᠢᠮᠵᠢᠶᠠᠵᠢᠭᠤᠯᠤᠭᠰᠠᠨ ᠦᠨᠡᠯᠡᠯᠲᠡ ᠵᠢᠱᠢᠯᠲᠡ᠂ ᠬᠥᠳᠡᠯᠦᠩᠭᠦᠶ ᠲᠣᠬᠢᠷᠠᠭᠤᠯᠤᠯᠲᠠ ᠲᠠᠢ ᠡᠭᠦᠳᠦᠨ ᠪᠠᠶᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠪᠡ᠃      ︽ᠲᠥᠰᠦᠯ︾᠎ ᠨᠢ ᠭᠤᠣᠯᠳᠠᠭᠤ ᠥᠪᠡᠷᠮᠢᠴᠡ ᠤᠨᠴᠠᠯᠢᠬᠳᠤ ᠪᠠᠭ᠎ᠠ ᠪᠠᠯᠭᠠᠰᠤ ᠶᠢ ᠡᠭᠦᠳᠦᠨ ᠪᠠᠶᠢᠭᠤᠯᠬᠤ ᠳᠤ ᠭᠠᠵᠠᠷ ᠬᠡᠷᠡᠭᠯᠡᠬᠦ ᠬᠡᠪᠴᠢᠶ᠎ᠡ᠂ ᠠᠵᠤ ᠦᠢᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠳᠤ ᠪᠠᠷᠢᠮᠵᠢᠶᠠᠵᠢᠭᠤᠯᠤᠭᠰᠠᠨ ᠱᠠᠭᠠᠷᠳᠠᠯᠭ᠎ᠠ ᠳᠤᠷᠠᠳᠪᠠ︔ ᠰᠠᠶᠢᠨ ᠳᠤᠷ᠎ᠠ ᠠᠴᠠ ᠪᠠᠨ ᠭᠤᠶᠣᠴᠢᠯᠠᠨ ᠮᠡᠳᠡᠭᠦᠯᠬᠦ᠂ ᠪᠣᠶᠢᠵᠢᠭᠤᠯᠵᠤ ᠡᠭᠦᠳᠦᠨ ᠪᠠᠶᠢᠭᠤᠯᠬᠤ᠂ ᠰᠢᠯᠭᠠᠨ ᠠᠪᠴᠤ ᠨᠡᠷᠡᠶᠢᠳᠬᠦ᠂ ᠬᠢᠨᠠᠨ ᠬᠡᠮᠵᠢᠬᠦ ᠪᠠ ᠤᠬᠤᠷᠢᠨ ᠭᠠᠷᠭᠠᠯᠭᠠᠬᠤ ᠵᠡᠷᠭᠡ ᠶᠠᠪᠤᠴᠠ ᠳᠤ ᠲᠣᠳᠣᠷᠬᠠᠶ ᠲᠣᠭᠲᠠᠭᠠᠯ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号