ᠴᠢᠩᠬᠤᠸᠠ ᠶᠡᠭᠡ ᠰᠤᠷᠭᠠᠭᠤᠯᠢ ᠬᠢᠬᠡᠳ ᠦᠪᠦᠷ ᠮᠤᠩᠭᠤᠯ ᠤᠨ ᠬᠤᠷᠢᠨᠬᠡᠷ ᠰᠢᠨ᠎ᠡ ᠳᠤᠭᠤᠷᠢᠭ ᠳᠠᠷᠬᠠᠯᠳᠠ ᠶᠢᠨ ᠮᠠᠶ᠋ᠢᠭ ᠤᠨ ᠳᠤᠭ᠎ᠠ ᠪᠠᠷᠢᠮᠳᠠ ᠰᠢᠢᠳᠪᠦᠷᠢᠯᠡᠬᠦ ᠰᠢᠰᠲ᠋ᠧᠮ ᠤᠨ ᠬᠠᠮᠳᠤᠷᠠᠨ ᠰᠣᠳᠤᠯᠬᠤ ᠳᠦᠪ ᠤᠨ ᠬᠠᠮᠳᠤᠷᠠᠯᠴᠠᠭᠠᠨ ᠤ ᠵᠦᠪᠯᠡᠯᠴᠡᠬᠡᠷ ᠳᠤᠬᠢᠷᠠᠯᠴᠠᠪᠠ
ᠨᠡᠶᠢᠲᠡᠯᠡᠭᠰᠡᠨ ᠴᠠᠭ᠄
2018/12/10
     12 ᠳ᠋ᠤᠭᠠᠷ ᠰᠠᠷ᠎ᠠ ᠶᠢᠨ 7᠎ ᠤ ᠡᠳᠤᠷ᠂ ᠴᠢᠩᠬᠤᠸᠠ ᠶᠡᠭᠡ ᠰᠤᠷᠭᠠᠭᠤᠯᠢ ᠬᠢᠬᠡᠳ ᠦᠪᠦᠷ ᠮᠤᠩᠭᠤᠯ ᠤᠨ ᠬᠤᠷᠢᠨᠬᠡᠷ ᠰᠢᠨ᠎ᠠ ᠳᠤᠭᠤᠷᠢᠭ ᠳᠠᠷᠬᠠᠯᠳᠠ ᠶᠢᠨ ᠮᠠᠶ᠋ᠢᠭ ᠤᠨ ᠳᠤᠭ᠎ᠠ ᠪᠠᠷᠢᠮᠳᠠ ᠰᠢᠢᠳᠪᠦᠷᠢᠯᠡᠬᠦ ᠰᠢᠰᠲ᠋ᠧᠮ ᠤᠨ ᠬᠠᠮᠳᠤᠷᠠᠨ ᠰᠣᠳᠤᠯᠬᠤ ᠳᠦᠪ ᠤᠨ ᠬᠠᠮᠳᠤᠷᠠᠯᠴᠠᠭᠠᠨ ᠤ ᠵᠦᠪᠯᠡᠯᠴᠡᠬᠡᠷ ᠳᠤᠬᠢᠷᠠᠯᠴᠠᠵᠠᠢ᠃      ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠠᠩ ᠱᠤᠤ ᠴᠦᠨ ᠶᠠᠷᠢᠶ᠎ᠠ ᠳᠠᠯᠪᠢᠵᠥ᠂ ᠴᠢᠩᠬᠤᠸᠠ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠡᠳᠧᠮᠢᠴᠢ ᠶᠢᠦ ᠵᠧᠩ ᠶᠤᠰᠤᠯᠠᠯ ᠳᠤ ᠤᠷᠤᠯᠴᠠᠪᠠ᠃      ᠳᠤᠰ ᠳᠦᠪ ᠢ ᠴᠢᠩᠬᠤᠸᠠ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠰᠠᠯᠪᠤᠷᠢ ᠶᠢᠨ FTT ᠠᠰᠠᠷ ᠲᠤ ᠳᠤᠬᠢᠷᠠᠭᠤᠯᠵᠥ᠂ ᠭᠤᠤᠯ ᠰᠤᠳᠤᠯᠭᠠᠨ ᠤ ᠴᠢᠭᠯᠡᠯ ᠨᠢ ᠭᠤᠤᠯ ᠪᠡᠶ᠎ᠡ ᠪᠠᠨ ᠳᠠᠭᠠᠭᠠᠬᠰᠠᠨ ᠳᠠᠷᠬᠠᠯᠳᠠ ᠶᠢᠨ ᠮᠠᠶ᠋ᠢᠭ ᠤᠨ ᠳᠤᠭ᠎ᠠ ᠪᠠᠷᠢᠮᠳᠠ ᠰᠢᠢᠳᠪᠦᠷᠢᠯᠡᠬᠦ ᠰᠢᠰᠲ᠋ᠧᠮ ᠤᠨ ᠪᠦᠳᠦᠬᠡᠭᠳᠡᠬᠦᠨ ᠪᠤᠯᠤᠨ᠎ᠡ᠃ ᠬᠤᠶᠠᠷ ᠲᠠᠯ᠎ᠠ ᠪᠠᠷ ᠢᠶᠠᠨ ᠤᠳᠤ ᠪᠠᠶᠢᠭ᠎ᠠ ᠰᠤᠳᠤᠯᠭᠠᠨ ᠤ ᠦᠷ᠎ᠠ ᠪᠦᠳᠦᠭᠡᠯ ᠢ ᠳᠡᠯᠭᠡᠷᠡᠬᠦᠯᠦᠨ ᠭᠡᠷᠡᠭᠯᠡᠬᠦ ᠪᠠᠷ ᠳᠠᠮᠵᠢᠭᠤᠯᠤᠨ᠂ ᠭᠠᠵᠠᠷ ᠤᠷᠤᠨ ᠤ ᠠᠵᠤ ᠦᠢᠯᠡᠰ ᠤᠨ ᠪᠦᠯᠦᠭᠵᠢᠯ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠤᠯᠠᠨ ᠬᠦᠷᠢᠶ᠎ᠠ᠂ ᠤᠯᠠᠨ ᠲᠠᠯ᠎ᠠ᠂ ᠤᠯᠠᠨ ᠬᠠᠷᠠᠭᠠᠰᠤ ᠶᠢᠨ ᠠᠵᠤ ᠦᠢᠯᠡᠰ ᠤᠨ ᠨᠡᠪᠴᠢᠯᠡᠬᠦᠷ ᠢ ᠪᠡᠶᠡᠯᠡᠬᠦᠯᠵᠦ᠂ ᠲᠤᠮᠤ ᠳ᠋ᠠᠶᠢᠲ᠋ᠠ᠂ ᠦᠨᠳᠦᠷ ᠴᠢᠳᠠᠮᠵᠢ ᠲᠠᠢ ᠺᠣᠮᠫᠢᠦ᠋ᠲ᠋ᠧᠷ᠂ ︽ᠤᠯᠠᠮᠵᠢᠯᠠᠯᠳᠦ ᠠᠵᠤ ᠦᠢᠯᠡᠰ + ᠰᠢᠨ᠎ᠠ ᠠᠵᠤ ᠦᠢᠯᠡᠰ︾ ᠵᠡᠷᠭᠡ ᠠᠭᠤᠰᠤᠯᠴᠠᠬᠰᠠᠨ ᠬᠦᠭᠵᠢᠯᠳᠠ ᠪᠠᠷ ᠬᠤᠶᠠᠳᠠᠬᠢ ᠤᠳᠠᠭ᠎ᠠ ᠶᠢᠨ ᠨᠡᠪᠴᠢᠯᠡᠬᠦᠷ ᠠᠵᠤ ᠦᠢᠯᠡᠰ ᠤᠨ ᠲᠦᠷᠦᠯ ᠵᠦᠢᠯ ᠎ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠪᠣᠯᠣᠨ᠎ᠠ᠃      ᠵᠠᠩ ᠱᠤᠤ ᠴᠦᠨ ᠴᠢᠬᠤᠯᠠᠴᠢᠯᠠᠭᠰᠠᠨ ᠨᠢ᠂ ᠨᠢᠳᠤᠨᠤᠨ ᠠᠴᠠ ᠨᠠᠭᠠᠰᠢ᠂ ᠴᠢᠩᠬᠤᠸᠠ ᠶᠡᠭᠡ ᠰᠤᠷᠭᠠᠭᠤᠯᠢ ᠪᠤᠯᠤᠨ ᠥᠪᠦᠷ ᠮᠤᠩᠭᠤᠯ ᠤᠨ ᠬᠤᠷᠢᠨᠭᠡᠷ ᠰᠢᠨ᠎ᠠ ᠲᠤᠭᠤᠷᠢᠭ ᠤᠨ ᠬᠢᠨ ᠠᠯᠢ ᠤᠯᠠᠨ ᠠᠮᠵᠢᠯᠳᠠ ᠪᠦᠳᠦᠮᠵᠢ ᠶᠡᠭᠡᠳᠠᠢ ᠰᠤᠯᠢᠯᠴᠠᠭ᠎ᠠ ᠬᠠᠮᠳᠤᠷᠠᠯᠴᠠᠭ᠎ᠠ ᠦᠷᠨᠢᠬᠦᠯᠵᠦ᠂ ᠰᠢᠨ᠎ᠠ ᠲᠤᠭᠤᠷᠢᠭ ᠤᠨ ᠪᠦᠳᠦᠭᠡᠨ ᠪᠠᠶᠢᠭᠤᠯᠤᠯᠳᠠ ᠬᠦᠭᠵᠢᠯᠳᠠ ᠶᠢ ᠶᠡᠭᠡ ᠪᠠᠷ ᠠᠬᠢᠭᠤᠯᠪᠠ᠃ ᠲᠤᠰ ᠤᠳᠠᠭ᠎ᠠ ᠶᠢᠨ ᠬᠠᠮᠳᠤᠷᠠᠯᠴᠠᠭ᠎ᠠ ᠪᠠᠷ ᠳᠠᠮᠵᠢᠭᠤᠯᠤᠨ ᠬᠤᠶᠠᠷ ᠲᠠᠯ᠎ᠠ ᠪᠠᠷ ᠢᠶᠠᠨ ᠬᠠᠮᠳᠤ ᠪᠠᠷ ᠴᠢᠷᠮᠠᠶᠢᠵᠦ ᠪᠠᠶᠢᠭᠠᠳ᠂ ᠴᠢᠩᠬᠤᠸᠠ ᠶᠡᠭᠡ ᠰᠤᠷᠭᠠᠭᠤᠯᠢ — ᠥᠪᠦᠷ ᠮᠤᠩᠭᠤᠯ ᠤᠨ ᠬᠤᠷᠢᠨᠭᠡᠷ ᠰᠢᠨ᠎ᠠ ᠲᠤᠭᠤᠷᠢᠭ ᠤᠨ ᠳᠠᠷᠬᠠᠯᠳᠠ ᠶᠢᠨ ᠮᠠᠶ᠋ᠢᠭ ᠤᠨ ᠲᠤᠭ᠎ᠠ ᠪᠠᠷᠢᠮᠳᠠ ᠰᠢᠢᠳᠪᠤᠷᠢᠯᠡᠬᠦ ᠰᠢᠰᠲ᠋ᠧᠮ ᠤᠨ ᠬᠠᠮᠳᠤᠷᠠᠨ ᠰᠣᠳᠤᠯᠬᠤ ᠲᠦᠪ ᠢ ᠤᠯᠤᠰ ᠤᠨ ᠳᠤᠳᠤᠭᠠᠳᠦ ᠶᠢᠨ ᠲᠡᠷᠢᠬᠦᠨ ᠲᠡᠰ ᠤᠨ ᠳᠠᠷᠬᠠᠯᠳᠠ ᠶᠢᠨ ᠮᠠᠶ᠋ᠢᠭ ᠤᠨ ᠲᠤᠭ᠎ᠠ ᠪᠠᠷᠢᠮᠳᠠ ᠰᠢᠢᠳᠪᠤᠷᠢᠯᠡᠬᠦ ᠰᠢᠰᠲ᠋ᠧᠮ ᠤᠨ ᠬᠦᠷᠢᠶᠡᠨ ᠳᠠᠬᠢ ᠰᠤᠳᠤᠯᠤᠨ ᠦᠢᠯᠡᠳᠬᠦ ᠲᠠᠪᠴᠠᠩ ᠪᠤᠯᠭᠠᠨ ᠪᠦᠳᠦᠭᠡᠨ ᠪᠠᠶᠢᠭᠤᠯᠵᠦ᠂ ᠦᠪᠡᠷᠲᠡᠭᠡᠨ ᠵᠠᠰᠠᠬᠤ ᠤᠷᠤᠨ ᠤ ᠲᠤᠮᠤ ᠳ᠋ᠠᠶᠢᠲᠨ ᠡᠬᠦᠯᠡᠨ ᠪᠤᠳᠤᠯᠳᠠ ᠶᠢᠨ ᠠᠵᠤ ᠦᠢᠯᠡᠰ ᠤᠨ ᠲᠠᠪᠠᠯᠳᠠᠳᠦ ᠮᠠᠶ᠋ᠢᠭ ᠤᠨ ᠬᠦᠭᠵᠢᠯᠳᠠ ᠶᠢ ᠠᠬᠢᠭᠤᠯᠬᠤ ᠳᠤ ᠢᠳᠡᠪᠬᠢᠳᠠᠢ ᠬᠤᠪᠢ ᠨᠡᠮᠡᠷᠢ ᠦᠵᠡᠬᠦᠯᠭᠦ ᠭᠡᠷᠡᠭᠳᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号