ᠥᠪᠥᠷ ᠮᠣᠩᠭᠤᠯ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠭᠠᠷᠠᠭ ᠤᠨ ᠠᠵᠢᠯᠯᠠᠭ᠎ᠠ ᠳᠤ ᠲᠦᠮᠡ ᠭᠠᠷᠤᠢ ᠠᠵᠢᠯ ᠤᠨ ᠪᠠᠶᠢᠷᠢ ᠬᠠᠩᠭᠠᠬᠤ ᠪᠤᠯᠤᠨ᠎ᠠ
ᠨᠡᠶᠢᠲᠡᠯᠡᠭᠰᠡᠨ ᠴᠠᠭ᠄
2018/12/10
     12 ᠳ᠋ᠤᠭᠠᠷ ᠰᠠᠷ᠎ᠠ ᠶᠢᠨ 8᠎ ᠤ ᠡᠳᠦᠷ ᠡᠬᠢᠯᠡᠭᠰᠡᠨ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠭᠠᠷᠠᠭ ᠤᠨ ᠠᠵᠢᠯᠯᠠᠭ᠎ᠠ ᠨᠢ ᠲᠦᠮᠡ ᠭᠠᠷᠤᠢ ᠠᠵᠢᠯ ᠤᠨ ᠪᠠᠶᠢᠷᠢ ᠶᠢ ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠩᠭᠠᠯᠲᠠᠲᠠᠢ᠂ ᠴᠢᠨᠠᠷ ᠰᠠᠶᠢᠲᠠᠶ ᠠᠵᠢᠯ ᠣᠯᠭᠤᠬᠤ ᠶᠢ ᠲᠦᠯᠬᠢᠨ ᠠᠬᠢᠭᠤᠯᠬᠤ ᠪᠣᠯᠣᠨ᠎ᠠ᠃ ᠲᠤᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠬᠠᠮᠲᠤᠷᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠢᠯᠣᠭᠤᠳᠤᠮᠵᠢ ᠶᠢᠨ ᠲᠥᠪ᠂ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠵᠡᠷᠭᠡ ᠨᠢᠭᠡᠴᠢ ᠳᠠᠭᠠᠭᠠᠨ ᠡᠷᠬᠢᠯᠡᠨ᠂ ᠭᠤᠣᠯᠳᠠᠭᠤ ᠠᠵᠢᠯᠲᠠᠨ ᠡᠯᠰᠡᠬᠦ ᠲᠤᠰᠬᠠᠢ ᠴᠤᠭᠯᠠᠭᠠᠨ ᠡᠷᠬᠢᠯᠡᠬᠦ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠨᠠᠶᠢᠳᠠᠪᠤᠷᠢᠵᠢᠭᠤᠯᠬᠤ᠂ ᠤᠯᠠᠨ ᠨᠡᠶᠢᠳᠡ ᠶᠢᠨ ᠠᠵᠢᠯ ᠣᠯᠭᠤᠬᠤ ᠪᠠ ᠴᠢᠳᠠᠪᠤᠷᠢᠲᠠᠨ ᠤ ᠦᠢᠯᠡᠴᠢᠯᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠭᠤᠯᠭ᠎ᠠ ᠶᠢ ᠪᠠᠭᠲᠠᠭᠠᠭᠰᠠᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠠᠯᠠᠨ ᠬᠥᠳᠡᠯᠦᠯᠴᠡᠵᠦ ᠲᠦᠢᠯ ᠤᠨ ᠣᠨᠣᠪᠴᠢᠲᠠᠢ ᠪᠠᠷ ᠦᠢᠯᠡᠴᠢᠯᠡᠬᠦ᠂ ᠤᠯᠠᠨ ᠠᠷᠭ᠎ᠠ ᠵᠠᠮ ᠢᠶᠠᠷ ᠠᠵᠢᠯ ᠣᠯᠭᠤᠯᠲᠠ ᠶᠢ ᠠᠬᠢᠭᠤᠯᠬᠤ ᠪᠠᠷ ᠭᠤᠣᠯ ᠰᠡᠳᠦᠪ ᠢᠶᠠᠨ ᠪᠣᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠦᠷᠦ ᠶᠢᠨ ᠪᠤᠳᠤᠯᠭ᠎ᠠ ᠪᠣᠯᠣᠨ ᠦᠢᠯᠡᠴᠢᠯᠡᠭᠡᠨ ᠤ ᠲᠥᠷᠥᠯ ᠵᠦᠢᠯ ᠢ ᠤᠬᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠴᠤ ᠪᠠᠶᠢᠭᠠᠳ ᠴᠠᠭ ᠲᠤᠬᠠᠶ ᠳᠤ ᠨᠢ ᠠᠵᠢᠯ ᠣᠯᠭᠤᠬᠤ ᠪᠣᠯᠣᠨ᠎ᠠ᠃      ᠥᠪᠥᠷ ᠮᠣᠩᠭᠤᠯ ᠴᠢᠳᠠᠪᠤᠷᠢᠲᠠᠨ ᠤ ᠡᠬᠢ ᠪᠠᠶᠠᠯᠢᠭ ᠢ ᠲᠣᠬᠢᠷᠠᠭᠤᠯᠬᠤ ᠲᠠᠯ᠎ᠠ ᠪᠠᠷ ᠵᠠᠬ᠎ᠠ ᠳᠡᠯᠭᠡᠭᠦᠷ ᠤᠨ ᠭᠤᠣᠯ  ᠪᠣᠯᠬᠤ ᠠᠷᠭ᠎ᠠ ᠵᠠᠮ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠲᠤᠰᠬᠠᠶ ᠤᠷᠢᠬᠤ ᠴᠤᠭᠯᠠᠭᠠᠨ ᠪᠣᠯᠣᠨ ᠬᠠᠩᠭᠠᠯᠭ᠎ᠠ ᠬᠡᠷᠡᠭᠴᠡᠭᠡ ᠶᠢᠨ ᠵᠥᠪᠳᠡᠨ ᠬᠡᠯᠡᠯᠴᠡᠬᠦ ᠬᠤᠷᠠᠯ ᠬᠤᠷᠠᠯᠳᠤᠭᠤᠯᠬᠤ᠂ ᠰᠦᠯᠵᠢᠶ᠎ᠡ ᠪᠠᠷ ᠤᠷᠢᠬᠤ ᠵᠡᠷᠭᠡ ᠠᠵᠢᠯᠯᠠᠭ᠎ᠠ ᠦᠷᠨᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠥᠷᠥ ᠶᠢᠨ ᠪᠣᠳᠣᠯᠭ᠎ᠠ ᠨᠡᠶᠢᠲᠡᠯᠡᠬᠦ᠂ ᠠᠵᠢᠯ ᠤᠨ ᠪᠠᠶᠢᠷᠢ ᠶᠢᠨ ᠮᠡᠳᠡᠭᠡ ᠵᠠᠩᠭᠢ᠂ ᠰᠦᠯᠵᠢᠶ᠎ᠡ ᠪᠠᠷ ᠤᠷᠢᠬᠤ᠂ ᠠᠯᠤᠰ ᠠᠴᠠ ᠨᠢᠭᠤᠷᠳᠠᠨ ᠰᠢᠯᠭᠠᠬᠤ᠂ ᠵᠢᠯᠤᠭᠤᠳᠤᠯᠭ᠎ᠠ ᠬᠢᠵᠦ ᠯᠠᠪᠯᠠᠯᠭ᠎ᠠ ᠥᠭᠬᠦ ᠵᠡᠷᠭᠡ ᠠᠵᠢᠯ ᠣᠯᠭᠤᠬᠤ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ  ᠤᠨ ᠤᠬᠠᠭᠠᠯᠢᠭ ᠢᠶᠠᠷ ᠠᠵᠢᠯ ᠡᠷᠢᠬᠦ᠂ ᠬᠥᠮᠦᠨ ᠬᠡᠷᠡᠭᠯᠡᠬᠦ ᠨᠢᠭᠡᠴᠢ ᠨᠦᠭᠦᠳ ᠢᠳᠡᠪᠬᠢᠲᠡᠶ ᠪᠠᠷ ᠤᠷᠢᠨ ᠡᠯᠰᠡᠬᠦ ᠶᠢ ᠬᠦᠲᠦᠯᠦᠨ ᠵᠢᠯᠣᠭᠤᠳᠣᠨ᠎ᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ  ᠪᠠ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠨᠢ ᠪᠣᠶ ᠪᠥᠬᠦᠶ ᠰᠤᠷᠭᠠᠭᠤᠯᠢ ᠲᠡᠭᠦᠰᠦᠭᠡᠳ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠣᠯᠣᠨ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠬᠤᠭᠤᠴᠠᠭ᠎ᠠ ᠨᠢ ᠲᠦᠭᠦᠷᠦᠭᠰᠡᠨ ᠲᠡᠭᠦᠰᠦᠭᠰᠡᠳ ᠲᠤ ᠨᠡᠭᠡᠭᠡᠯᠲᠡ ᠬᠢᠵᠦ᠂ ᠠᠵᠢᠯ ᠤᠯᠬᠤ ᠬᠦᠰᠡᠯ ᠡᠷᠡᠮᠡᠯᠵᠡᠯ ᠲᠠᠢ ᠲᠡᠭᠦᠰᠦᠭᠰᠡᠳ ᠨᠢᠭᠡ ᠪᠦᠷᠢ ᠳᠤ ᠠᠵᠢᠯ ᠡᠷᠢᠬᠦ ᠳᠠᠩᠰᠠᠯᠠᠯ ᠪᠤᠶᠤ ᠠᠵᠢᠯ ᠤᠯᠬᠤ ᠪᠠ ᠠᠵᠢᠯ ᠠᠯᠳᠠᠭᠰᠠᠨ ᠭᠠᠷᠳᠠᠮ ᠢ ᠎ ᠨᠢ  ᠭᠦᠢᠴᠡᠳᠬᠡᠨ ᠥᠭᠴᠦ᠂ ᠠᠵᠢᠯ ᠣᠯᠭᠤᠯᠲᠠ ᠶᠢᠨ ᠬᠡᠷᠡᠭᠴᠡᠭᠡᠨ ᠤ ᠪᠠᠶᠢᠳᠠᠯ ᠢ ᠨᠢ ᠪᠦᠬᠦ ᠲᠠᠯ᠎ᠠ ᠪᠠᠷ ᠡᠵᠡᠮᠰᠢᠵᠦ᠂ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠬᠦ ᠪᠣᠯᠣᠨ᠎ᠠ᠃      ᠣᠳᠣᠬᠠᠨ ᠳᠤ᠂ ᠥᠪᠥᠷ ᠮᠣᠩᠭᠤᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠬᠤ ᠦᠨᠡᠨ ᠨᠡᠷ᠎ᠡ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠡᠷᠢᠬᠦ ᠨᠥᠬᠦᠪᠥᠷᠢ ᠥᠭᠬᠦ ᠵᠢᠴᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠨᠥᠬᠦᠪᠥᠷᠢ ᠥᠭᠬᠦ᠂ ᠤᠷ᠎ᠠ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠥᠬᠦᠪᠥᠷᠢ ᠥᠭᠬᠦ ᠵᠡᠷᠭᠡ ᠠᠯᠢ ᠤᠯᠠᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠤᠢ  ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号