ᠭᠠᠶᠢᠯᠢ ᠲᠤᠰᠢᠶᠠᠭᠴᠢᠳ ᠪᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠣᠶᠢᠯᠠᠭᠠᠨ ᠬᠡᠷᠡᠭᠵᠢᠭᠦᠯᠬᠦ ᠳᠤ | ᠳᠥᠭᠦᠮ ᠤᠨ ᠲᠤᠰᠠᠳᠠ᠂ ᠣᠳᠣ ︽ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠨ | ᠴᠢᠬᠤᠯᠠ ᠶᠡᠭᠡ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢᠨ ᠠᠭᠤᠯᠭ᠎ᠠ ᠶᠢᠨ ᠲᠠᠶᠢᠯᠤᠮᠵᠢ ᠨᠢ ᠲᠣᠣᠷᠠᠬᠢ ᠮᠡᠲᠦ᠄ | ᠨᠢᠭᠡ᠂ ︽ᠠᠷᠭ᠎ᠠ︾ ᠶᠢ ᠲᠣᠭᠲᠠᠭᠠᠨ ᠲᠠᠷᠬᠠᠭᠠᠭᠰᠠᠨ ᠠᠵᠤ ᠪᠠᠶᠢᠳᠠᠯ | ᠶᠡᠷᠦᠩᠬᠡᠢ ᠱᠦᠵᠢ ᠰᠢ ᠶᠢᠨ ᠫᠢᠩ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ︾ ᠠᠵᠢᠯ ᠤᠨ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠶᠡᠷᠦᠩᠬᠡᠢ | ᠰᠠᠶᠢᠳ ᠯᠢ ᠺᠧ ᠴᠢᠶᠠᠩ 2018 ᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠲᠧᠯᠸᠢᠰ ᠤᠨ ᠬᠤᠷᠠᠯ ᠳᠡᠭᠡᠷ᠎ᠡ | ︽ᠢᠲᠡᠭᠡᠮᠵᠢ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠯᠲᠠᠨ ᠲᠦᠯᠬᠢᠭᠦᠷ ᠮᠥᠨ︾ ᠭᠡᠵᠦ | ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠵᠦ | ᠢᠲᠡᠭᠡᠮᠵᠢ ᠠᠯᠳᠠᠭᠰᠠᠨ ᠬᠦᠨᠳᠦ ᠨᠣᠴᠢᠲᠠᠢ ᠦᠢᠯᠡ ᠠᠵᠢᠯᠯᠠᠭ᠎ᠠ ᠳᠤ ᠪᠦᠲᠦᠮᠵᠢᠲᠡᠢ ᠴᠣᠬᠢᠯᠲᠠ ᠥᠭᠴᠦ᠂ | ᠭᠠᠶᠢᠯᠢ ᠶᠢᠨ ᠬᠠᠤᠯᠢ ᠶᠢᠨ ᠵᠢᠷᠤᠮᠯᠠᠨ ᠳᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠤᠰᠠᠳᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠠᠴᠠ ︽ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠴᠢᠬᠤᠯᠠ ᠶᠡᠭᠡ ᠬᠡᠷᠡᠭ ᠤᠨ ᠮᠡᠳᠡᠭᠡ | ᠵᠠᠩᠭᠢ ᠶᠢ ᠨᠡᠶᠢᠲᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠠᠯᠪᠠᠨ ᠵᠠᠷ 2015 ᠣᠨ ᠤ 24 ᠳ᠋ᠦ᠋ᠭᠡᠷ ᠲᠣᠭᠠᠲᠤ᠂ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠠᠯᠪᠠᠨ ᠵᠠᠷ 2018 ᠣᠨ ᠤ 31 ᠳ᠋ᠦ᠋ᠭᠡᠷ ᠲᠣᠭᠠᠲᠤ ᠳᠤ ᠵᠠᠰᠠᠪᠤᠷᠢ ᠣᠷᠣᠭᠤᠯᠪᠠ᠂ | ᠳᠣᠷᠣᠭᠰᠢ ︽ᠤᠤᠯ ᠤᠨ ᠠᠷᠭ᠎ᠠ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠵᠤ᠂ ᠲᠤᠰ ︽ᠠᠷᠭ᠎ᠠ︾ ᠶᠢ | ᠲᠣᠭᠲᠠᠭᠠᠵᠠᠢ᠃ | ᠬᠤᠶᠠᠷ᠂ ᠵᠠᠰᠠᠨ ᠥᠭᠡᠷᠡᠴᠢᠯᠡᠭᠰᠡᠨ ᠭᠤᠣᠯ ᠠᠭᠤᠯᠭ᠎ᠠ | ︽ᠠᠷᠭ᠎ᠠ︾ ᠳᠤ ᠬᠡᠷᠡᠭ ᠤᠨ ᠨᠡᠶᠢᠲᠡᠯᠡᠬᠦ ᠪᠠᠷᠢᠮᠵᠢᠶ᠎ᠠ᠂ ᠮᠡᠳᠡᠭᠡ ᠵᠠᠩᠭᠢ ᠶᠢᠨ ᠨᠡᠶᠢᠲᠡᠯᠡᠬᠦ ᠠᠭᠤᠯᠭ᠎ᠠ᠂ | ᠢᠲᠡᠭᠡᠮᠵᠢ ᠶᠢ ᠵᠠᠰᠠᠨ ᠰᠡᠷᠭᠦᠭᠡᠬᠦ᠂ ᠬᠡᠷᠡᠭ ᠢ ᠡᠭᠡᠭᠦᠯᠦᠨ ᠪᠤᠴᠠᠭᠠᠬᠤ ᠵᠡᠷᠭᠡ ᠳᠤ ᠵᠠᠰᠠᠯᠲᠠ ᠥᠭᠡᠷᠡᠴᠢᠯᠡᠯᠲᠡ ᠬᠢᠪᠡ᠃ | ᠣᠳᠣ ᠵᠠᠰᠠᠨ ᠥᠭᠡᠷᠡᠴᠢᠯᠡᠭᠰᠡᠨ ᠭᠤᠣᠯ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠣᠳᠣᠷᠬᠠᠶᠢᠯᠠᠯᠲᠠ ᠬᠢᠪᠡ᠄ | ︵ᠨᠢᠭᠡ︶ ᠨᠡᠷᠡᠶᠢᠳᠦᠯ ᠤᠨ ᠲᠤᠬᠠᠢ ᠵᠠᠰᠠᠯᠲᠠ ᠥᠭᠡᠷᠡᠴᠢᠯᠡᠯᠲᠡ | ︽ᠠᠷᠭ᠎ᠠ︾ ᠳᠤ ︽ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠴᠢᠬᠤᠯᠠ ᠶᠡᠭᠡ ᠬᠡᠷᠡᠭ︾ | ᠭᠡᠳᠡᠭ ᠢ ︽ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ︾ | ᠭᠡᠵᠦ ᠵᠠᠰᠠᠨ ᠥᠭᠡᠷᠡᠴᠢᠯᠡᠪᠡ᠃ ᠭᠤᠣᠯᠳᠠᠭᠤ ᠲᠤᠰ ︽ᠠᠷᠭ᠎ᠠ︾ ᠪᠣᠯ ᠭᠠᠶᠢᠯᠢ ᠲᠠᠲᠠᠪᠤᠷᠢ ᠶᠢᠨ ᠬᠠᠤᠯᠢ ᠠᠴᠠ | ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠳᠤ ᠵᠠᠯᠬᠠᠭᠠᠯ ᠴᠡᠭᠡᠷᠯᠡᠯ ᠶᠠᠪᠤᠭᠤᠯᠬᠤ ᠴᠢᠬᠤᠯᠠ ᠳᠦᠷᠢᠮ | ᠪᠣᠯᠬᠤ ᠶᠢ ᠪᠣᠳᠣᠯᠬᠢᠯᠠᠵᠤ᠂ ︽ᠢᠲᠡᠭᠡᠮᠵᠢ ᠠᠯᠳᠠᠬᠤ︾ ᠭᠡᠬᠦ ᠬᠤᠶᠠᠷ ᠦᠰᠦᠭ ᠢ ᠨᠡᠮᠡᠬᠦ ᠨᠢ ᠡᠨᠡ ᠬᠦ ᠣᠨᠴᠠᠯᠢᠭ ᠢ | ᠨᠡᠩ ᠰᠠᠶᠢᠲᠤᠷ ᠢᠯᠡᠷᠡᠭᠦᠯᠵᠦ ᠴᠢᠳᠠᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ ᠤᠨ ︽ᠬᠠᠷ᠎ᠠ ᠳᠠᠩᠰᠠ︾ ᠶᠢᠨ | ᠳᠦᠷᠢᠮ ᠳᠤ ︽ᠢᠲᠡᠭᠡᠮᠵᠢ ᠠᠯᠳᠠᠭᠰᠠᠨ︾ ᠭᠡᠬᠦ ᠥᠭᠦᠯᠡᠯᠲᠡ ᠶᠢ ᠢᠯᠡᠭᠦᠬᠡᠨ ᠬᠡᠷᠡᠭᠯᠡᠭᠰᠡᠨ ᠠᠴᠠ᠂ ᠵᠠᠰᠠᠨ | ᠥᠭᠡᠷᠡᠴᠢᠯᠡᠭᠰᠡᠨ ᠤ ᠳᠠᠷᠠᠭ᠎ᠠ ᠨᠡᠩ ᠨᠢᠭᠡᠳᠦᠯᠲᠡᠢ ᠪᠣᠯᠵᠤ᠂ ᠰᠠᠯᠠᠭ᠎ᠠ ᠮᠥᠴᠢᠷ ᠤᠳ ᠢ ᠵᠣᠯᠭᠠᠯᠳᠤᠭᠤᠯᠬᠤ ᠳᠤ | ᠳᠥᠭᠦᠮ ᠪᠣᠯᠵᠠᠢ᠃ | ︵ᠬᠤᠶᠠᠷ︶ ᠬᠡᠷᠡᠭ ᠤᠨ ᠪᠠᠷᠢᠮᠵᠢᠶ᠎ᠠ ᠶᠢᠨ ᠲᠤᠬᠠᠢ ᠵᠠᠰᠠᠯᠲᠠ ᠥᠭᠡᠷᠡᠴᠢᠯᠡᠯᠲᠡ | 1. ᠭᠠᠶᠢᠯᠢ ᠠᠴᠠ ᠵᠠᠶᠢᠯᠠᠵᠤ ᠥᠷᠢᠲᠦᠭᠰᠡᠨ ᠭᠠᠶᠢᠯᠢ ᠶᠢ ᠨᠡᠬᠡᠨ ᠲᠤᠰᠢᠶᠠᠯᠭᠠᠬᠤ ᠪᠠᠷᠢᠮᠵᠢᠶ᠎ᠠ ᠳᠤ ᠵᠠᠰᠠᠯᠲᠠ | ᠥᠭᠡᠷᠡᠴᠢᠯᠡᠯᠲᠡ ᠬᠢᠪᠡ | ᠪᠣᠳᠠᠲᠠᠢ ᠠᠵᠢᠯ ᠤᠨ ᠪᠠᠶᠢᠳᠠᠯ ᠢ ᠦᠨᠳᠦᠰᠦᠯᠡᠨ᠂ ︽ᠠᠷᠭ᠎ᠠ︾ ᠳᠤ ᠭᠠᠶᠢᠯᠢ ᠠᠴᠠ ᠵᠠᠶᠢᠯᠠᠵᠤ ᠥᠷᠢᠲᠦᠭᠰᠡᠨ | ᠭᠠᠶᠢᠯᠢ ᠶᠢ ᠨᠡᠬᠡᠨ ᠲᠤᠰᠢᠶᠠᠯᠭᠠᠬᠤ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ | ᠠᠯᠳᠠᠭᠰᠠᠨ ᠴᠢᠬᠤᠯᠠ ᠶᠡᠭᠡ ᠬᠡᠷᠡᠭ ᠤᠨ ᠪᠠᠷᠢᠮᠵᠢᠶ᠎ᠠ ᠳᠠᠬᠢ ︽ᠥᠷᠢᠲᠦᠵᠦ ᠲᠤᠰᠢᠶᠠᠭᠰᠠᠨ ᠭᠠᠶᠢᠯᠢ ᠶᠢᠨ ᠵᠣᠭᠤᠰ ᠨᠢ | 100 ᠲᠦᠮᠡᠨ ᠲᠥᠭᠦᠷᠢᠭ ᠠᠴᠠ ᠳᠡᠭᠡᠭᠰᠢ ᠪᠣᠯ︾ ᠭᠡᠳᠡᠭ ᠢ ︽ᠥᠷᠢᠲᠦᠵᠦ ᠲᠤᠰᠢᠶᠠᠭᠰᠠᠨ ᠭᠠᠶᠢᠯᠢ ᠶᠢᠨ ᠵᠣᠭᠤᠰ | ᠨᠢ 10 ᠲᠦᠮᠡᠨ ᠲᠥᠭᠦᠷᠢᠭ ᠠᠴᠠ ᠳᠡᠭᠡᠭᠰᠢ ᠪᠣᠯ︾ ᠭᠡᠵᠦ ᠵᠠᠰᠠᠨ ᠥᠭᠡᠷᠡᠴᠢᠯᠡᠪᠡ᠃ | 2. ᠣᠷᠭᠤᠨ ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶ ᠠᠵᠤ ᠠᠬᠤᠶᠢᠯᠠᠯ ᠢ ᠵᠠᠷᠯᠠᠨ ᠨᠡᠶᠢᠲᠡᠯᠡᠬᠦ | ᠬᠡᠪᠴᠢᠶᠡᠨ ᠳᠤ ᠣᠷᠣᠭᠤᠯᠪᠠ | ᠬᠡᠰᠡᠭ ᠠᠵᠤ ᠠᠬᠤᠶᠢᠯᠠᠯ ᠨᠢ ᠣᠷᠭᠤᠨ ᠳᠤᠲᠠᠭᠠᠬᠤ ︵ᠬᠠᠷᠢᠯᠴᠠᠭ᠎ᠠ ᠲᠠᠰᠤᠷᠠᠬᠤ︶ ᠵᠡᠷᠭᠡ ᠠᠷᠭ᠎ᠠ | ᠬᠡᠯᠪᠡᠷᠢ ᠶᠢ ᠠᠰᠢᠭᠯᠠᠨ ᠭᠠᠶᠢᠯᠢ ᠲᠠᠲᠠᠪᠤᠷᠢ ᠶᠢᠨ ᠡᠷᠬᠡ ᠡᠭᠦᠷᠭᠡ ᠪᠠᠨ ᠭᠦᠢᠴᠡᠳᠬᠡᠬᠦ ᠠᠴᠠ ᠵᠠᠶᠢᠯᠠᠵᠤ᠂ ᠭᠠᠶᠢᠯᠢ | ᠲᠠᠲᠠᠪᠤᠷᠢ ᠪᠠ ᠠᠵᠤ ᠠᠬᠤᠢ ᠶᠢᠨ ᠡᠮᠬᠢ ᠳᠢᠭᠯᠢᠮ ᠢ ᠬᠦᠨᠳᠦ ᠨᠣᠴᠢᠲᠠᠢ ᠰᠠᠮᠠᠭᠤᠷᠠᠭᠤᠯᠵᠤ ᠪᠠᠶᠢᠨ᠎ᠠ᠃ ᠣᠳᠣᠬᠠᠨ ᠤ | ᠣᠷᠭᠤᠨ ᠳᠤᠲᠠᠭᠠᠬᠤ ︵ᠬᠠᠷᠢᠯᠴᠠᠭ᠎ᠠ ᠲᠠᠰᠤᠷᠠᠬᠤ︶ ᠠᠵᠤ ᠠᠬᠤᠶᠢᠯᠠᠯ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠬᠠᠨᠳᠤᠰᠢ ᠶᠢ ᠪᠦᠲᠦᠮᠵᠢᠲᠡᠢ ᠪᠠᠷ ᠬᠤᠷᠢᠭᠯᠠᠬᠤ ᠶᠢᠨ ᠲᠤᠰᠠᠳᠠ᠂ ︽ᠠᠷᠭ᠎ᠠ︾ ᠳᠤ ︽ᠭᠠᠶᠢᠯᠢ ᠶᠢ ᠳᠠᠷᠤᠬᠤ᠂ | ᠭᠠᠶᠢᠯᠢ ᠠᠴᠠ ᠵᠠᠶᠢᠯᠠᠵᠤ ᠭᠠᠶᠢᠯᠢ ᠨᠡᠬᠡᠨ ᠲᠤᠰᠢᠶᠠᠯᠭᠠᠬᠤ ᠪᠠ ᠭᠠᠶᠢᠯᠢ ᠥᠷᠢᠲᠦᠬᠦ᠂ ᠭᠠᠳᠠᠭᠠᠳᠤ ᠳᠤ ᠭᠠᠷᠭᠠᠭᠰᠠᠨ ᠤ | ᠭᠠᠶᠢᠯᠢ ᠶᠢ ᠪᠤᠴᠠᠭᠠᠬᠤ ᠶᠢ ᠮᠡᠬᠡᠯᠡᠨ ᠠᠪᠬᠤ᠂ ᠭᠠᠶᠢᠯᠢ ᠶᠢ ᠡᠰᠡᠷᠭᠦᠴᠡᠬᠦ᠂ ᠬᠡᠢ ᠬᠤᠭᠤᠰᠤᠨ ᠢᠶᠠᠷ ᠪᠠᠷᠢᠮᠲᠠ ᠠᠪᠬᠤ | ᠵᠡᠷᠭᠡ ᠦᠢᠯᠡ ᠠᠵᠢᠯᠯᠠᠭ᠎ᠠ ᠲᠠᠢ ᠪᠠᠶᠢᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠪᠠᠶᠢᠴᠠᠭᠠᠯᠲᠠ ᠪᠠᠷ | ᠳᠠᠮᠵᠢᠨ ᠣᠷᠭᠤᠨ ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶ ᠢ ᠨᠤᠲᠠᠯᠠᠭᠰᠠᠨ ᠪᠣᠯ︾ ᠭᠠᠶᠢᠯᠢ ᠲᠠᠲᠠᠪᠤᠷᠢ ᠶᠢᠨ | ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠬᠡᠷᠡᠭ ᠤᠨ ᠪᠠᠷᠢᠮᠵᠢᠶ᠎ᠠ ᠶᠢᠨ ᠨᠢᠭᠡ ᠪᠣᠯᠭᠠᠬᠤ ᠪᠠᠷ | ᠲᠣᠳᠣᠷᠬᠠᠶᠢᠯᠠᠵᠤ᠂ ᠡᠭᠦᠨ ᠳᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ ᠬᠢᠨᠠᠨ ᠪᠠᠶᠢᠴᠠᠭᠠᠬᠤ ᠲᠣᠪᠴᠢᠶ᠎ᠠ ᠠᠴᠠ | ᠵᠠᠰᠠᠭ ᠵᠠᠬᠢᠷᠭᠠᠨ ᠤ ᠲᠣᠭᠲᠠᠭᠠᠯ ᠭᠠᠷᠭᠠᠬᠤ ᠠᠴᠠ ᠡᠮᠦᠨ᠎ᠡ ᠨᠢᠭᠡᠨᠲᠡ ᠣᠷᠭᠤᠨ ᠳᠤᠲᠠᠭᠠᠭᠰᠠᠨ ︵ᠬᠠᠷᠢᠯᠴᠠᠭ᠎ᠠ | ᠲᠠᠰᠤᠷᠠᠭᠰᠠᠨ︶᠂ ᠵᠢᠴᠢ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨᠠᠨ ᠪᠠᠶᠢᠴᠠᠭᠠᠬᠤ ᠲᠣᠪᠴᠢᠶ᠎ᠠ ᠠᠴᠠ ᠵᠠᠰᠠᠭ | ᠵᠠᠬᠢᠷᠭᠠᠨ ᠤ ᠲᠣᠭᠲᠠᠭᠠᠯ ᠭᠠᠷᠭᠠᠭᠰᠠᠨ ᠤ ᠳᠠᠷᠠᠭ᠎ᠠ ᠣᠷᠭᠤᠨ ᠳᠤᠲᠠᠭᠠᠭᠰᠠᠨ ︵ᠢᠲᠡᠭᠡᠮᠵᠢ ᠠᠯᠳᠠᠭᠰᠠᠨ︶ ᠭᠡᠬᠦ | ᠬᠤᠶᠠᠷ ᠵᠦᠢᠯ ᠤᠨ ᠪᠠᠶᠢᠳᠠᠯ ᠢ ᠪᠠᠭᠲᠠᠭᠠᠵᠤ ᠪᠠᠶᠢᠨ᠎ᠠ᠃ | ᠣᠷᠭᠤᠨ ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶ ᠠᠵᠤ ᠠᠬᠤᠶᠢᠯᠠᠯ ᠳᠠᠬᠢ ᠰᠦᠷᠳᠡᠭᠦᠯᠬᠦ ᠪᠠ | ᠴᠣᠬᠢᠯᠲᠠ ᠥᠭᠬᠦ ᠡᠷᠴᠢᠮ ᠢ ᠴᠢᠩᠭᠠᠷᠠᠭᠤᠯᠬᠤ ᠶᠢᠨ ᠲᠤᠰᠠᠳᠠ᠂ ︽ᠭᠠᠶᠢᠯᠢ ᠶᠢᠨ ᠶᠠᠪᠤᠳᠠᠯ ᠤᠨ ᠰᠢᠢᠳᠪᠦᠷᠢᠯᠡᠬᠦ | ᠲᠣᠭᠲᠠᠭᠠᠯ ᠤᠨ ᠪᠢᠴᠢᠭ︾ ᠪᠠ ︽ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠲᠣᠭᠲᠠᠭᠠᠯ ᠤᠨ ᠪᠢᠴᠢᠭ︾ ᠥᠯᠥ ᠭᠠᠷᠭᠠᠭᠰᠠᠨ ᠣᠷᠭᠤᠨ ᠳᠤᠲᠠᠭᠠᠭᠰᠠᠨ ︵ᠢᠲᠡᠭᠡᠮᠵᠢ ᠠᠯᠳᠠᠭᠰᠠᠨ︶ ᠬᠡᠷᠡᠭ ᠲᠤ᠂ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠪᠠᠶᠢᠴᠠᠭᠠᠨ ᠭᠡᠷᠡᠴᠢᠯᠡᠵᠦ ᠰᠢᠢᠳᠪᠦᠷᠢᠯᠡᠬᠦ ᠪᠠᠷ ᠳᠠᠮᠵᠢᠨ᠂ ᠨᠡᠶᠢᠲᠡ ᠳᠤ | ᠵᠠᠷᠯᠠᠭᠰᠠᠨ 30 ᠡᠳᠦᠷ ᠤᠨ ᠳᠠᠷᠠᠭ᠎ᠠ ᠵᠠᠷᠯᠠᠨ ᠨᠡᠶᠢᠲᠡᠯᠡᠬᠦ ᠬᠡᠪᠴᠢᠶᠡᠨ ᠳᠤ ᠣᠷᠣᠭᠤᠯᠤᠨ᠎ᠠ᠃ ᠡᠭᠦᠨ ᠤ ᠬᠠᠮᠲᠤ᠂ | ᠨᠡᠶᠢᠲᠡ ᠳᠤ ᠵᠠᠷᠯᠠᠭᠰᠠᠨ 30 ᠡᠳᠦᠷ ᠤᠨ ᠳᠣᠲᠣᠷ᠎ᠠ ᠣᠷᠭᠤᠨ ᠳᠤᠲᠠᠭᠠᠭᠰᠠᠨ ︵ᠢᠲᠡᠭᠡᠮᠵᠢ ᠠᠯᠳᠠᠭᠰᠠᠨ︶ ᠠᠵᠤ | ᠠᠬᠤᠶᠢᠯᠠᠯ ᠳᠤ ᠥᠪᠡᠰᠦᠪᠡᠨ ᠵᠠᠰᠠᠨ ᠵᠠᠯᠠᠷᠠᠭᠤᠯᠬᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠰᠢᠢᠳᠪᠦᠷᠢ ᠶᠢ | ᠬᠦᠯᠢᠶᠡᠨ ᠠᠪᠬᠤ ᠵᠢᠴᠢ ᠣᠨᠳᠣᠣ ᠰᠠᠨᠠᠯ ᠤᠨ ᠭᠤᠮᠣᠳᠠᠯ ᠲᠣᠭᠠᠴᠢᠬᠤ ᠴᠠᠭ ᠥᠭᠭᠦᠭᠰᠡᠨ ᠨᠢ᠂ ᠭᠠᠶᠢᠯᠢ | ᠲᠤᠰᠢᠶᠠᠭᠴᠢᠳ ᠤᠨ ᠵᠢᠷᠤᠮᠯᠠᠨ ᠳᠠᠭᠠᠬᠤ ᠶᠢ ᠬᠥᠲᠥᠯᠥᠨ ᠵᠢᠯᠣᠭᠤᠳᠬᠤ ᠳᠤ ᠠᠰᠢᠭᠲᠠᠢ ᠪᠠᠷ ᠪᠠᠷᠠᠬᠤ ᠦᠭᠡᠢ᠂ | ᠭᠠᠶᠢᠯᠢ ᠲᠤᠰᠢᠶᠠᠭᠴᠢᠳ ᠤᠨ ᠡᠷᠬᠡ ᠠᠰᠢᠭ ᠢ ᠬᠠᠮᠠᠭᠠᠯᠠᠬᠤ ᠳᠤ ᠠᠰᠢᠭᠲᠠᠢ ᠪᠠᠶᠢᠳᠠᠭ᠃ | ︵ᠭᠤᠷᠪᠠ︶ ᠮᠡᠳᠡᠭᠡ ᠵᠠᠩᠭᠢ ᠵᠠᠷᠯᠠᠨ ᠨᠡᠶᠢᠲᠡᠯᠡᠬᠦ ᠲᠤᠬᠠᠢ ᠵᠠᠰᠠᠯᠲᠠ ᠥᠭᠡᠷᠡᠴᠢᠯᠡᠯᠲᠡ | 1. ᠪᠣᠳᠠᠲᠠᠢ ᠬᠠᠷᠢᠭᠤᠴᠠᠯᠭ᠎ᠠ ᠡᠭᠦᠷᠭᠡᠯᠡᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠨ ᠤ ᠬᠥᠮᠥᠨ ᠪᠤᠶᠤ | ᠬᠠᠷᠢᠭᠤᠴᠠᠯᠭᠠᠲᠠᠨ ᠲᠠᠢ ᠨᠢᠭᠡᠳᠦᠯ ᠦᠭᠡᠢ ᠶᠢ ᠰᠢᠢᠳᠪᠦᠷᠢᠯᠡᠬᠦ ᠠᠷᠭ᠎ᠠ ᠶᠢ ᠨᠡᠮᠡᠨ ᠣᠷᠣᠭᠤᠯᠪᠠ | ᠣᠶᠢᠷ᠎ᠠ ᠶᠢᠨ ᠵᠢᠯ ᠤᠳ ᠠᠴᠠ ᠨᠠᠭᠠᠰᠢ᠂ ᠬᠡᠰᠡᠭ ᠲᠤᠬᠠᠶᠢᠲᠠᠢ ᠬᠥᠮᠥᠨ ᠬᠠᠤᠯᠢ ᠴᠠᠭᠠᠵᠠ ᠶᠢᠨ | ᠬᠠᠷᠢᠭᠤᠴᠠᠯᠭ᠎ᠠ ᠠᠴᠠ ᠵᠠᠶᠢᠯᠠᠬᠤ ᠶᠢᠨ ᠲᠤᠰᠠᠳᠠ᠂ ᠪᠤᠰᠤᠳ ᠬᠥᠮᠥᠨ ᠤ ᠪᠡᠶ᠎ᠡ ᠭᠠᠷᠤᠯ ᠢ ᠵᠢᠭᠡᠯᠡᠨ ᠬᠡᠷᠡᠭᠯᠡᠬᠦ ᠪᠠ | ᠬᠤᠯᠠᠭᠠᠶᠢᠯᠠᠨ ᠬᠡᠷᠡᠭᠯᠡᠵᠦ ᠪᠠᠶᠢᠭᠠᠳ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠵᠦ᠂ ᠪᠤᠰᠤᠳ | ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠨ᠂ ᠭᠠᠶᠢᠯᠢ ᠲᠠᠲᠠᠪᠤᠷᠢ ᠪᠠ ᠠᠵᠤ ᠠᠬᠤᠢ ᠶᠢᠨ ᠡᠮᠬᠢ | ᠳᠢᠭᠯᠢᠮ ᠢ ᠡᠪᠳᠡᠵᠦ ᠪᠠᠶᠢᠨ᠎ᠠ᠃ ᠮᠡᠳᠡᠭᠡ ᠵᠠᠩᠭᠢ ᠪᠠᠨ ᠬᠤᠯᠠᠭᠠᠶᠢᠯᠠᠭᠳᠠᠵᠤ ᠳᠠᠩᠰᠠᠯᠠᠭᠤᠯᠤᠭᠰᠠᠨ᠂ ᠦᠨᠡᠨ ᠬᠦ | ᠬᠡᠷᠡᠭ ᠲᠤ ᠬᠤᠯᠪᠣᠭᠳᠠᠭᠰᠠᠨ ᠦᠢᠯᠡ ᠠᠵᠢᠯᠯᠠᠭ᠎ᠠ ᠥᠯᠥ ᠦᠢᠯᠡᠳᠦᠭᠰᠡᠨ ᠠᠵᠤ ᠠᠬᠤᠶᠢᠯᠠᠯ ᠤᠨ ᠬᠠᠤᠯᠢ ᠪᠠᠷ | ᠲᠣᠭᠲᠠᠭᠠᠭᠰᠠᠨ ᠲᠥᠯᠥᠭᠡᠨ ᠤ ᠬᠥᠮᠥᠨ ᠪᠤᠶᠤ ᠬᠠᠷᠢᠭᠤᠴᠠᠯᠭᠠᠲᠠᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠶᠢᠨ ᠣᠨᠣᠪᠴᠢᠲᠠᠢ ᠴᠢᠨᠠᠷ ᠪᠠ ᠴᠢᠭᠯᠡᠯᠲᠦ ᠴᠢᠨᠠᠷ ᠢ | ᠳᠡᠭᠡᠭᠰᠢᠯᠡᠭᠦᠯᠬᠦ ᠶᠢᠨ ᠲᠤᠰᠠᠳᠠ᠂ ︽ᠠᠷᠭ᠎ᠠ︾ ᠶᠢᠨ ᠳᠣᠯᠣᠳᠤᠭᠠᠷ ᠵᠦᠢᠯ ᠳᠤ᠄ ︽ᠰᠢᠭᠦᠬᠦ ᠬᠤᠷᠢᠶ᠎ᠠ ᠠᠴᠠ ᠰᠢᠭᠦᠨ | ᠲᠠᠰᠤᠯᠬᠤ ᠪᠠᠷ ᠳᠠᠮᠵᠢᠨ ᠲᠣᠭᠲᠠᠭᠠᠭᠰᠠᠨ ᠪᠣᠳᠠᠲᠠᠢ ᠬᠠᠷᠢᠭᠤᠴᠠᠯᠭ᠎ᠠ ᠡᠭᠦᠷᠭᠡᠯᠡᠭᠴᠢ ᠨᠢ᠂ ᠬᠠᠤᠯᠢ ᠪᠠᠷ | ᠲᠣᠭᠲᠠᠭᠠᠭᠰᠠᠨ ᠲᠥᠯᠥᠭᠡᠨ ᠤ ᠬᠥᠮᠥᠨ ᠪᠤᠶᠤ ᠬᠠᠷᠢᠭᠤᠴᠠᠯᠭᠠᠲᠠᠨ ᠲᠠᠢ ᠨᠢᠭᠡᠳᠦᠯ ᠦᠭᠡᠢ ᠪᠣᠯ᠂ ᠬᠠᠤᠯᠢ ᠪᠠᠷ | ᠲᠣᠭᠲᠠᠭᠠᠭᠰᠠᠨ ᠲᠥᠯᠥᠭᠡᠨ ᠤ ᠬᠥᠮᠥᠨ ᠪᠤᠶᠤ ᠬᠠᠷᠢᠭᠤᠴᠠᠯᠭᠠᠲᠠᠨ ᠤ ᠬᠡᠷᠡᠭ ᠲᠤ ᠬᠤᠯᠪᠣᠭᠳᠠᠭᠰᠠᠨ ᠦᠢᠯᠡ | ᠠᠵᠢᠯᠯᠠᠭ᠎ᠠ ᠪᠠᠶᠢᠬᠤ ᠶᠢ ᠭᠡᠷᠡᠴᠢᠯᠡᠭᠰᠡᠨ ᠭᠡᠷᠡᠴᠢ ᠪᠠᠶᠢᠬᠤ ᠠᠴᠠ ᠭᠠᠳᠠᠨ᠎ᠠ᠂ ᠵᠥᠪᠬᠡᠨ ᠪᠣᠳᠠᠲᠠᠢ ᠬᠠᠷᠢᠭᠤᠴᠠᠯᠭ᠎ᠠ | ᠡᠭᠦᠷᠭᠡᠯᠡᠭᠴᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ︾ ᠭᠡᠬᠦ ᠲᠣᠭᠠᠴᠢᠯᠲᠠ ᠶᠢ ᠨᠡᠮᠡᠨ ᠣᠷᠣᠭᠤᠯᠪᠠ᠃ | 2. ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ | ᠬᠡᠷᠡᠭ ᠤᠨ ᠮᠡᠳᠡᠭᠡ ᠵᠠᠩᠭᠢ ᠶᠢᠨ ᠦᠨᠡᠨ ᠪᠣᠳᠠᠲᠠᠢ ᠪᠥᠭᠡᠳ ᠣᠨᠣᠪᠴᠢᠲᠠᠢ ᠪᠠᠶᠢᠬᠤ ᠶᠢ ᠪᠠᠲᠤᠯᠠᠨ᠂ ᠲᠤᠬᠠᠶᠢᠲᠠᠢ | ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠬᠤ ᠶᠢᠨ ᠲᠤᠰᠠᠳᠠ᠂ ︽ᠠᠷᠭ᠎ᠠ︾ ᠳᠤ | ᠠᠷᠪᠠᠳᠤᠭᠠᠷ ᠵᠦᠢᠯ ᠤᠨ ᠮᠡᠳᠡᠭᠡ ᠵᠠᠩᠭᠢ ᠶᠢᠨ ᠰᠢᠨᠡᠳᠬᠡᠭᠰᠡᠨ ᠠᠭᠤᠯᠭ᠎ᠠ ᠶᠢ ᠨᠡᠮᠡᠨ ᠣᠷᠣᠭᠤᠯᠪᠠ᠃ ᠡᠭᠦᠨ ᠳᠤ ︽ | ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ ᠤᠨ | ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠪᠣᠯ᠂ ᠴᠠᠭ ᠲᠤᠬᠠᠢ ᠳᠤ ᠨᠢ ᠰᠢᠨᠡᠳᠬᠡᠬᠦ ᠬᠡᠷᠡᠭᠲᠡᠢ᠃ ᠭᠠᠶᠢᠯᠢ | ᠲᠠᠲᠠᠪᠤᠷᠢ ᠶᠢᠨ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠴᠢᠬᠤᠯᠠ ᠶᠡᠭᠡ ᠬᠡᠷᠡᠭ ᠤᠨ ᠮᠡᠳᠡᠭᠡ | ᠵᠠᠩᠭᠢ ᠳᠤ ᠬᠤᠪᠢᠷᠠᠯᠲᠠ ᠭᠠᠷᠤᠭᠰᠠᠨ ᠤ ᠳᠠᠷᠠᠭ᠎ᠠ ᠳᠠᠬᠢᠵᠤ ᠲᠤᠰ ᠠᠷᠭ᠎ᠠ ᠶᠢᠨ ᠲᠠᠪᠤᠳᠤᠭᠠᠷ ᠵᠦᠢᠯ ᠤᠨ ᠲᠣᠭᠲᠠᠭᠠᠯ | ᠲᠠᠢ ᠨᠡᠶᠢᠴᠡᠬᠦ ᠦᠭᠡᠢ ᠪᠣᠯᠣᠭᠰᠠᠨ ᠪᠣᠯ᠂ ᠪᠠᠶᠢᠴᠠᠭᠠᠯᠲᠠ ᠬᠢᠭᠰᠡᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ | ᠨᠤᠲᠠᠯᠠᠯᠲᠠ ᠪᠠᠷ ᠳᠠᠮᠵᠢᠨ᠂ ᠵᠠᠷᠯᠠᠨ ᠨᠡᠶᠢᠲᠡᠯᠡᠬᠦ ᠪᠠᠨ ᠵᠣᠭᠰᠣᠭᠠᠬᠤ ᠶᠢᠨ ᠬᠠᠮᠲᠤ ᠠᠯᠪᠠᠨ ᠵᠠᠷ ᠤᠨ ᠪᠤᠯᠤᠩ ᠠᠴᠠ | ᠬᠠᠰᠤᠵᠤ ᠬᠠᠶᠠᠬᠤ ᠬᠡᠷᠡᠭᠲᠡᠢ︾ ᠭᠡᠵᠦ ᠪᠣᠳᠠᠲᠠᠢ ᠪᠠᠷ ᠲᠣᠭᠠᠴᠢᠯᠲᠠ ᠬᠢᠪᠡ᠃ | 3. ᠵᠠᠷᠯᠠᠨ ᠨᠡᠶᠢᠲᠡᠯᠡᠬᠦ ᠴᠠᠭ ᠤᠨ ᠬᠢᠵᠠᠭᠠᠷ ᠢ ᠤᠷᠲᠤᠳᠬᠠᠪᠠ | ︽ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ | ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ | ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠵᠢᠯᠣᠭᠤᠳᠬᠤ | ᠰᠠᠨᠠᠯ︾ ︵ᠬᠥᠭᠵᠢᠭᠦᠯᠦᠯᠲᠡ ᠥᠭᠡᠷᠡᠴᠢᠯᠡᠯᠲᠡ ᠠᠯᠪᠠᠨ ᠡᠳ᠋ ᠮᠥᠩᠭᠦ ﹇2018﹈ 424 ᠳ᠋ᠦ᠋ᠭᠡᠷ ᠲᠣᠭᠠᠲᠤ︶ | ᠳᠤ ︽ᠬᠦᠨᠳᠦ ᠨᠣᠴᠢᠲᠠᠢ ᠢᠲᠡᠭᠡᠮᠵᠢ ᠠᠯᠳᠠᠭᠰᠠᠨ ᠬᠡᠷᠡᠭ ᠲᠤ ᠬᠤᠯᠪᠣᠭᠳᠠᠭᠰᠠᠨ ᠦᠢᠯᠡ ᠠᠵᠢᠯᠯᠠᠭ᠎ᠠ ᠶᠢᠨ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠬᠤᠭᠤᠴᠠᠭᠠᠨ ᠤ ᠬᠢᠵᠠᠭᠠᠷ ᠨᠢ | ᠭᠤᠷᠪᠠᠨ ᠵᠢᠯ ᠪᠣᠯᠣᠨ᠎ᠠ︾ ᠭᠡᠵᠦ ᠲᠣᠭᠲᠠᠭᠠᠵᠤ᠂ ᠲᠡᠭᠦᠨ ᠲᠠᠢ ᠨᠢᠭᠡᠳᠦᠯᠲᠡᠢ ᠪᠠᠶᠢᠯᠭᠠᠬᠤ ᠶᠢᠨ ᠬᠠᠮᠲᠤ᠂ ᠵᠠᠯᠬᠠᠭᠠᠨ | ᠴᠡᠭᠡᠷᠯᠡᠭᠦᠯᠬᠦ ᠦᠷ᠎ᠡ ᠪᠦᠲᠦᠮᠵᠢ ᠶᠢ ᠴᠢᠩᠭᠠᠷᠠᠭᠤᠯᠬᠤ ᠶᠢᠨ ᠲᠤᠰᠠᠳᠠ᠂ ︽ᠠᠷᠭ᠎ᠠ︾ ᠳᠤ ᠵᠠᠷᠯᠠᠨ ᠨᠡᠶᠢᠲᠡᠯᠡᠬᠦ | ᠴᠠᠭ ᠤᠨ ᠬᠢᠵᠠᠭᠠᠷ ᠢ 2 ᠵᠢᠯ ᠠᠴᠠ ᠤᠷᠲᠤᠳᠬᠠᠵᠤ 3 ᠵᠢᠯ ᠪᠣᠯᠭᠠᠪᠠ᠃ | ︵ᠳᠥᠷᠪᠡ︶ ᠢᠲᠡᠭᠡᠮᠵᠢ ᠪᠠᠨ ᠵᠠᠰᠠᠨ ᠰᠡᠷᠭᠦᠭᠡᠬᠦ ᠲᠤᠬᠠᠢ ᠵᠠᠰᠠᠯᠲᠠ ᠥᠭᠡᠷᠡᠴᠢᠯᠡᠯᠲᠡ | 1. ᠢᠲᠡᠭᠡᠮᠵᠢ ᠪᠠᠨ ᠠᠪᠤᠷᠠᠨ ᠵᠠᠰᠠᠬᠤ ᠳᠡᠰ ᠳᠠᠷᠠᠭᠠᠯᠠᠯ ᠢ ᠵᠢᠷᠤᠮᠵᠢᠭᠤᠯᠪᠠ | ᠢᠲᠡᠭᠡᠮᠵᠢ ᠪᠠᠨ ᠠᠪᠤᠷᠠᠨ ᠵᠠᠰᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠨᠢ ᠲᠤᠬᠠᠶᠢᠲᠠᠢ ᠬᠥᠮᠥᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ ᠴᠢᠳᠠᠨ᠎ᠠ᠃ ︽ᠠᠷᠭ᠎ᠠ︾ ᠳᠤ ᠭᠠᠶᠢᠯᠢ ᠠᠴᠠ ᠵᠢᠭᠤᠲᠠᠬᠤ᠂ ᠥᠷᠢᠲᠦᠭᠰᠡᠨ | ᠭᠠᠶᠢᠯᠢ ᠠᠴᠠ ᠵᠠᠶᠢᠯᠬᠤ ᠪᠠ ᠨᠡᠬᠡᠨ ᠲᠤᠰᠢᠶᠠᠯᠭᠠᠭᠰᠠᠨ ᠲᠤᠬᠠᠶᠢᠲᠠᠢ ᠬᠥᠮᠥᠨ ᠤ ᠮᠡᠳᠡᠭᠡ ᠵᠠᠩᠭᠢ ᠪᠠᠨ ᠵᠠᠰᠠᠨ | ᠰᠡᠷᠭᠦᠭᠡᠬᠦ ᠳᠤ ᠵᠠᠷᠯᠠᠨ ᠨᠡᠶᠢᠲᠡᠯᠡᠬᠦ ᠠᠴᠠ ᠡᠮᠦᠨ᠎ᠡ ᠪᠠ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠶᠢᠰᠦᠳᠦᠭᠡᠷ | ᠵᠤᠷᠪᠤᠰ ᠤᠨ ᠨᠢᠭᠡᠳᠦᠭᠡᠷ ᠵᠦᠢᠯ᠂ ᠬᠤᠶᠠᠳᠤᠭᠠᠷ ᠵᠦᠢᠯ ᠳᠤ ᠲᠤᠰ ᠲᠤᠰ ᠲᠣᠬᠢᠷᠠᠯᠴᠠᠭᠰᠠᠨ ᠠᠵᠢᠯᠯᠠᠭᠤᠯᠬᠤ ᠳᠡᠰ | ᠳᠠᠷᠠᠭᠠᠯᠠᠯ ᠢ ᠲᠣᠳᠣᠷᠬᠠᠶᠢᠯᠠᠪᠠ᠃ | 2. ᠢᠲᠡᠭᠡᠮᠵᠢ ᠪᠠᠨ ᠠᠪᠤᠷᠠᠨ ᠵᠠᠰᠠᠬᠤ ᠠᠷᠭ᠎ᠠ ᠬᠡᠮᠵᠢᠶᠡᠨ ᠤ ᠬᠡᠪᠴᠢᠶ᠎ᠡ ᠶᠢ ᠥᠷᠭᠡᠳᠬᠡᠪᠡ | ︽ᠨᠢᠭᠡ ᠭᠠᠵᠠᠷ ᠲᠤ ᠢᠲᠡᠭᠡᠮᠵᠢ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠬᠤᠯᠪᠣᠭᠠᠯᠠᠵᠤ | ᠵᠠᠯᠬᠠᠭᠠᠨ ᠴᠡᠭᠡᠷᠯᠡᠭᠦᠯᠬᠦ ᠶᠡᠭᠡ ᠪᠠᠶᠢᠷᠢᠯᠠᠭᠤᠯᠤᠯᠲᠠ ᠶᠢᠨ ᠠᠯᠬᠤᠮ ᠠᠯᠬᠤᠮ ᠢᠶᠠᠷ ᠪᠦᠷᠢᠯᠳᠦᠬᠦ ᠶᠢ ᠳᠠᠭᠠᠯᠳᠤᠨ᠂ | ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠲᠤᠰ ᠪᠡᠶ᠎ᠡ ᠶᠢᠨ ᠢᠲᠡᠭᠡᠮᠵᠢ ᠪᠠᠨ ᠵᠠᠰᠠᠨ ᠰᠡᠷᠭᠦᠭᠡᠬᠦ ᠶᠢᠨ ᠬᠦᠰᠡᠯ | ᠱᠠᠭᠠᠷᠳᠠᠯᠭ᠎ᠠ ᠶᠠᠪᠤᠬᠤ ᠲᠤᠲᠤᠮ ᠴᠢᠩᠭᠠᠷᠠᠪᠠ᠃ ᠢᠲᠡᠭᠡᠮᠵᠢ ᠪᠠᠨ ᠵᠠᠰᠠᠨ ᠰᠡᠷᠭᠦᠭᠡᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠬᠠᠤᠯᠢ ᠴᠠᠭᠠᠵᠠ ᠠᠴᠠ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠪᠠᠨ ᠵᠠᠰᠠᠨ | ᠵᠠᠯᠠᠷᠠᠭᠤᠯᠵᠤ᠂ ᠬᠠᠤᠯᠢ ᠴᠠᠭᠠᠵᠠ ᠶᠢ ᠰᠠᠬᠢᠵᠤ ᠦᠨᠡᠨᠴᠢ ᠢᠲᠡᠭᠡᠮᠵᠢ ᠶᠢ ᠪᠠᠷᠢᠮᠲᠠᠯᠠᠬᠤ ᠶᠢ ᠵᠣᠷᠢᠭᠵᠢᠭᠤᠯᠬᠤ ᠨᠢ ᠮᠥᠨ | ᠴᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ | ᠬᠤᠪᠢᠷᠠᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠪᠠ᠃ ︽ | ᠠᠷᠭ᠎ᠠ︾ ᠳᠤ ᠢᠲᠡᠭᠡᠮᠵᠢ ᠳᠤ ᠪᠠᠨ ᠠᠪᠤᠷᠠᠯᠲᠠ ᠬᠢᠬᠦ ᠠᠷᠭ᠎ᠠ ᠬᠡᠮᠵᠢᠶᠡᠨ ᠤ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠵᠦ᠂ ᠶᠢᠰᠦᠳᠦᠭᠡᠷ ᠵᠤᠷᠪᠤᠰ ᠤᠨ ᠭᠤᠷᠪᠠᠳᠤᠭᠠᠷ ᠵᠦᠢᠯ ᠳᠤ ︽ᠭᠠᠶᠢᠯᠢ ᠶᠢ ᠳᠠᠷᠤᠬᠤ᠂ ᠭᠠᠶᠢᠯᠢ ᠠᠴᠠ | ᠵᠠᠶᠢᠯᠠᠵᠤ ᠭᠠᠶᠢᠯᠢ ᠨᠡᠬᠡᠨ ᠲᠤᠰᠢᠶᠠᠯᠭᠠᠬᠤ ᠪᠠ ᠭᠠᠶᠢᠯᠢ ᠥᠷᠢᠲᠦᠬᠦ᠂ ᠭᠠᠳᠠᠭᠠᠳᠤ ᠳᠤ ᠭᠠᠷᠭᠠᠭᠰᠠᠨ ᠤ ᠭᠠᠶᠢᠯᠢ ᠶᠢ | ᠪᠤᠴᠠᠭᠠᠬᠤ ᠶᠢ ᠮᠡᠬᠡᠯᠡᠨ ᠠᠪᠬᠤ᠂ ᠭᠠᠶᠢᠯᠢ ᠶᠢ ᠡᠰᠡᠷᠭᠦᠴᠡᠬᠦ᠂ ᠬᠡᠢ ᠬᠤᠭᠤᠰᠤᠨ ᠢᠶᠠᠷ ᠪᠠᠷᠢᠮᠲᠠ ᠠᠪᠬᠤ ᠵᠡᠷᠭᠡ ᠦᠢᠯᠡ | ᠠᠵᠢᠯᠯᠠᠭ᠎ᠠ ᠪᠠᠶᠢᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠪᠠᠶᠢᠴᠠᠭᠠᠯᠲᠠ ᠪᠠᠷ ᠳᠠᠮᠵᠢᠨ ᠣᠷᠭᠤᠨ | ᠳᠤᠲᠠᠭᠠᠭᠰᠠᠨ ︵ᠬᠠᠷᠢᠯᠴᠠᠭ᠎ᠠ ᠲᠠᠰᠤᠷᠠᠭᠰᠠᠨ︶ ᠢ ᠨᠤᠲᠠᠯᠠᠭᠰᠠᠨ︾᠂ ︽ᠪᠤᠰᠤᠳ ᠬᠠᠤᠯᠢ ᠴᠠᠭᠠᠵᠠ ᠠᠴᠠ | ᠵᠥᠷᠢᠴᠡᠭᠰᠡᠨ ᠦᠢᠯᠡ ᠶᠠᠪᠤᠳᠠᠯ ᠨᠢ ᠬᠦᠨᠳᠦ ᠨᠣᠴᠢᠲᠠᠢ᠂ ᠨᠡᠯᠢᠶᠡᠳ ᠶᠡᠭᠡ ᠨᠡᠶᠢᠭᠡᠮ ᠤᠨ ᠨᠥᠯᠥᠭᠡ ᠲᠠᠢ︾ | ᠬᠡᠷᠡᠭ ᠲᠤ ᠭᠠᠶᠢᠯᠢ ᠶᠢ ᠳᠠᠷᠤᠬᠤ᠂ ᠭᠠᠶᠢᠯᠢ ᠠᠴᠠ ᠵᠠᠶᠢᠯᠠᠵᠤ ᠥᠷᠢᠲᠦᠭᠰᠡᠨ ᠭᠠᠶᠢᠯᠢ ᠪᠠᠨ ᠨᠡᠬᠡᠨ ᠲᠤᠰᠢᠶᠠᠯᠭᠠᠭᠰᠠᠨ | ᠲᠤᠬᠠᠶᠢᠲᠠᠢ ᠬᠥᠮᠥᠨ ᠴᠤ ᠢᠲᠡᠭᠡᠮᠵᠢ ᠪᠠᠨ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠡᠷᠡᠭᠯᠡᠨ᠎ᠡ ᠭᠡᠵᠦ | ᠲᠣᠳᠣᠷᠬᠠᠶᠢᠯᠠᠪᠠ᠃ | ︵ᠲᠠᠪᠤ︶ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠲᠤᠬᠠᠢ ᠵᠠᠰᠠᠯᠲᠠ ᠥᠭᠡᠷᠡᠴᠢᠯᠡᠯᠲᠡ | ᠭᠠᠶᠢᠯᠢ ᠲᠤᠰᠢᠶᠠᠭᠴᠢᠳ ᠤᠨ ᠰᠠᠨᠠᠭᠠᠴᠢᠯᠠᠭ᠎ᠠ ᠠᠴᠠ ᠪᠠᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠠᠴᠠ | ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠪᠠᠨ ᠵᠠᠰᠠᠨ ᠵᠠᠯᠠᠷᠠᠭᠤᠯᠬᠤ ᠶᠢ ᠵᠣᠷᠢᠭᠵᠢᠭᠤᠯᠬᠤ ᠶᠢᠨ | ᠲᠤᠰᠠᠳᠠ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠨᠡᠶᠢᠲᠡ ᠳᠤ ᠵᠠᠷᠯᠠᠨ ᠨᠡᠶᠢᠲᠡᠯᠡᠭᠰᠡᠨ ᠲᠤᠬᠠᠶᠢᠲᠠᠢ ᠬᠥᠮᠥᠨ | ᠪᠠ ᠨᠡᠶᠢᠲᠡ ᠳᠤ ᠥᠯᠥ ᠵᠠᠷᠯᠠᠨ ᠨᠡᠶᠢᠲᠡᠯᠡᠭᠰᠡᠨ ᠲᠤᠬᠠᠶᠢᠲᠠᠢ ᠬᠥᠮᠥᠨ ᠭᠡᠵᠦ ᠬᠤᠶᠠᠷ ᠲᠥᠷᠥᠯ ᠤᠨ ᠵᠠᠯᠬᠠᠭᠠᠨ | ᠴᠡᠭᠡᠷᠯᠡᠭᠦᠯᠬᠦ ᠡᠲᠡᠭᠡᠳ ᠬᠤᠪᠢᠶᠠᠨ ᠲᠤᠰ ᠲᠤᠰ ᠲᠤ ᠨᠢ ᠵᠢᠭᠰᠠᠭᠠᠨ ᠦᠵᠡᠭᠦᠯᠵᠦ᠂ ᠨᠡᠶᠢᠲᠡ ᠳᠤ ᠥᠯᠥ ᠵᠠᠷᠯᠠᠨ | ᠨᠡᠶᠢᠲᠡᠯᠡᠭᠰᠡᠨ ᠲᠤᠬᠠᠶᠢᠲᠠᠢ ᠬᠥᠮᠥᠨ ᠳᠤ᠂ ᠭᠠᠶᠢᠯᠢ ᠲᠤᠰᠢᠶᠠᠬᠤ ᠢᠲᠡᠭᠡᠮᠵᠢ ᠶᠢᠨ ᠳᠡᠰ ᠢ ᠨᠢ D ᠳᠡᠰ ᠪᠣᠯᠲᠠᠯ᠎ᠠ | ᠪᠠᠭᠤᠷᠠᠭᠤᠯᠬᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | | |