ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2018/12/13
     ᠰᠤᠷᠪᠤᠯᠵᠢᠯᠠᠭᠰᠠᠨ ᠴᠠᠭ᠄        2018 ᠣᠨ ᠤ 11 ᠳ᠋ᠦ᠋ᠭᠡᠷ ᠰᠠᠷ᠎ᠠ ᠶᠢᠨ 06 ᠤ ᠡᠳᠦᠷ ᠤᠨ 10 ᠴᠠᠭ      ᠰᠤᠷᠪᠤᠯᠵᠢᠯᠠᠭ᠎ᠠ ᠬᠦᠯᠢᠶᠡᠭᠴᠢ᠄      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ      ᠯᠢ ᡁᠢ ᠮᠢᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠶᠢᠷ᠎ᠠ ᠶᠢᠨ ᠵᠢᠯ ᠤᠳ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠪᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠠᠲᠤᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠵᠠᠢ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢ ᡁᠢ ᠮᠢᠨ ᠢ ᠤᠷᠢᠵᠤ᠂ ᠮᠠᠨ ᠤ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠳᠤ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠯᠭᠡᠬᠦ ᠪᠠᠷ ᠪᠣᠯᠣᠯ᠎ᠠ᠃                           ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠪᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠠᠲᠤᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠵᠠᠢ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢ ᡁᠢ ᠮᠢᠨ ᠢ ᠤᠷᠢᠵᠤ᠂ ᠮᠠᠨ ᠤ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠳᠤ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠯᠭᠡᠬᠦ ᠪᠠᠷ ᠪᠣᠯᠣᠯ᠎ᠠ᠃ ᠯᠢᠦ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃     ᠯᠢ ᡁᠢ ᠮᠢᠨ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖      ᠬᠥᠲᠥᠯᠥᠭᠴᠢ᠄      ᠯᠢ ᠲᠢᠩᠬᠢᠮ ᠤᠨ ᠳᠠᠷᠤᠭ᠎ᠠ ᠡᠩ ᠲᠡᠷᠢᠭᠦᠨ ᠳᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠠᠵᠢᠯ ᠤᠨ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠢ ᠳᠥᠭᠦᠮ ᠢᠶᠠᠷ ᠲᠠᠨᠢᠯᠴᠠᠭᠤᠯᠤᠭᠠᠳ ᠥᠭᠭᠦᠨ᠎ᠡ ᠦᠦ︖     ᠯᠢ ᡁᠢ ᠮᠢᠨ᠄      ᠮᠠᠨ ᠤ ᠣᠷᠣᠨ ᠪᠣᠯ ᠪᠦᠬᠦ ᠤᠯᠤᠰ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠲᠥᠷᠥᠯ ᠵᠦᠢᠯ ᠢᠶᠠᠷ ᠨᠡᠯᠢᠶᠡᠳ ᠪᠦᠷᠢᠨ ᠮᠤᠵᠢ ᠶᠢᠨ ᠨᠢᠭᠡ ᠪᠠᠶᠢᠵᠤ᠂ ᠬᠤᠲᠠ᠂ ᠣᠶᠢᠲᠤ ᠣᠷᠣᠨ᠂ ᠲᠠᠷᠢᠶᠠᠯᠠᠩ ᠤᠨ ᠣᠷᠣᠨ᠂ ᠠᠭᠤᠷᠬᠠᠢ ᠶᠢᠨ ᠣᠷᠣᠨ ᠵᠡᠷᠭᠡ ᠡᠯ᠎ᠡ ᠲᠥᠷᠥᠯ ᠵᠦᠢᠯ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠪᠠᠶᠢᠵᠤ᠂ ᠲᠠᠷᠬᠠᠯᠲᠠ ᠶᠢᠨ ᠬᠡᠪᠴᠢᠶ᠎ᠡ ᠨᠢ ᠥᠷᠭᠡᠨ᠂ ᠵᠠᠰᠠᠨ ᠪᠠᠶᠢᠭᠤᠯᠬᠤ ᠡᠭᠦᠷᠭᠡ ᠨᠢ ᠬᠦᠨᠳᠦ ᠪᠠᠶᠢᠳᠠᠭ ᠃ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠣᠨ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠪᠠᠷ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠠ ᠬᠥᠭᠵᠢᠯᠲᠡ ᠶᠢᠨ ᠢᠨᠵᠧᠨᠧᠷᠢᠩ ᠪᠣᠯᠭᠠᠵᠤ᠂ ᠨᠡᠩ ᠴᠢᠬᠤᠯᠠ ᠪᠠᠶᠢᠷᠢᠨ ᠳᠤ ᠲᠠᠯᠪᠢᠨ᠂ ᠳᠡᠭᠡᠳᠦ ᠬᠡᠮᠵᠢᠶ᠎ᠡ ᠪᠠᠷ ᠠᠩᠬᠠᠷᠤᠨ ᠬᠠᠯᠠᠮᠵᠢᠯᠠᠭᠰᠠᠨ ᠪᠠ ᠶᠡᠭᠡ ᠬᠦᠴᠦᠨ ᠤ ᠳᠡᠮᠵᠢᠯᠭᠡ ᠥᠭᠭᠦᠭᠰᠡᠨ ᠠᠴᠠ᠂ ᠥᠪᠡᠷᠲᠡᠭᠡᠨ ᠵᠠᠰᠠᠬᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠠᠵᠢᠯ ᠨᠢ ᠢᠯᠡᠳᠲᠡ ᠦᠷ᠎ᠡ ᠪᠦᠲᠦᠮᠵᠢ ᠣᠯᠵᠠᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠳᠤ ᠡᠯ᠎ᠡ ᠲᠥᠷᠥᠯ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠨᠡᠶᠢᠲᠡ 125.6 ᠲᠦᠮᠡ ᠵᠠᠰᠠᠨ ᠪᠠᠶᠢᠭᠤᠯᠵᠤ᠂ ᠪᠠᠷᠤᠭ 349 ᠲᠦᠮᠡᠨ ᠰᠠᠭᠤᠭᠠᠯᠢ ᠠᠷᠠᠳ ᠢ ︽ᠳᠥᠭᠦᠮ ᠪᠦᠳᠦᠭᠦᠯᠢᠭ ᠣᠷᠣᠨ ᠰᠠᠭᠤᠴᠠ ᠠᠴᠠ ᠭᠠᠷᠭᠠᠨ ᠠᠰᠠᠷ ᠲᠤ ᠣᠷᠣᠭᠤᠯᠵᠤ︾᠂ ᠠᠷᠠᠳ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠠ ᠣᠷᠣᠰᠢᠨ ᠰᠠᠭᠤᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠠᠷᠠᠳ ᠲᠦᠮᠡᠨ ᠤ ᠵᠣᠯ ᠵᠢᠷᠭᠠᠯᠲᠤ ᠰᠡᠳᠬᠢᠯᠭᠡ ᠪᠠ ᠬᠦᠷᠲᠡᠭᠡᠮᠵᠢᠲᠦ ᠲᠥᠷᠥᠭᠳᠡᠯ ᠢ ᠢᠯᠡᠳᠲᠡ ᠴᠢᠩᠭᠠᠷᠠᠭᠤᠯᠵᠤ᠂ ᠶᠡᠭᠡ ᠬᠡᠮᠵᠢᠶᠡᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠡᠪᠳᠡᠨ ᠨᠤᠷᠠᠭᠠᠬᠤ ᠶᠢ ᠳᠠᠭᠠᠯᠳᠤᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠥᠩᠭᠡ ᠲᠥᠷᠬᠦ ᠴᠤ ᠴᠣ ᠰᠢᠨ᠎ᠡ ᠪᠠᠷ ᠰᠣᠯᠢᠭᠳᠠᠪᠠ᠃ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠤᠨ ᠠᠩᠬᠠᠷᠤᠨ ᠬᠠᠯᠠᠮᠵᠢᠯᠠᠵᠤ ᠪᠠᠶᠢᠭᠰᠠᠨ ᠷᠠᠰᠢᠶᠠᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ᠂ ᠪᠧᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ᠂ ᠲᠢᠶᠧ ᠨᠠᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠵᠡᠢ᠃      ᠬᠥᠲᠥᠯᠥᠭᠴᠢ᠄      2018 ᠣᠨ ᠳᠤ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠡᠭᠦᠷᠭᠡ ᠨᠢ ᠬᠡᠳᠦᠢ ᠪᠠᠶᠢᠬᠤ ᠪᠣᠢ︖ ᠣᠳᠣᠬᠠᠨ ᠤ ᠠᠬᠢᠴᠠ ᠶᠢᠨ ᠪᠠᠶᠢᠳᠠᠯ ᠨᠢ ᠶᠠᠮᠠᠷ ᠪᠣᠢ︖      ᠯᠢ ᡁᠢ ᠮᠢᠨ᠄      2018 ᠣᠨ ᠳᠤ ᠤᠯᠤᠰ ᠠᠴᠠ ᠮᠠᠨ ᠤ ᠣᠷᠣᠨ ᠳᠤ ᠳᠠᠭᠠᠭᠠᠯᠭᠠᠭᠰᠠᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠪᠠᠶᠢᠭᠤᠯᠬᠤ ᠡᠭᠦᠷᠭᠡ ᠪᠣᠯ᠄ 14.1 ᠲᠦᠮᠡᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠢ ᠰᠢᠨ᠎ᠡ ᠪᠠᠷ ᠡᠬᠢᠯᠡᠭᠦᠯᠵᠦ᠂ 6.6 ᠲᠦᠮᠡ ᠶᠢ ᠨᠢ ᠦᠨᠳᠦᠰᠦᠨ ᠳᠤ ᠪᠠᠨ ᠪᠠᠶᠢᠭᠤᠯᠤᠨ ᠳᠠᠭᠤᠰᠬᠠᠨ᠎ᠠ᠃      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠲᠥᠪ ᠤᠨ ᠨᠥᠬᠦᠪᠦᠷᠢ ᠶᠢᠨ ᠪᠡᠯᠡ ᠮᠥᠩᠭᠦ ᠶᠢ ᠴᠢᠷᠮᠠᠶᠢᠨ ᠣᠯᠬᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠥᠬᠦᠪᠦᠷᠢ ᠶᠢᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ᠂ ᠡᠯ᠎ᠡ ᠭᠠᠵᠠᠷ ᠤᠨ ᠬᠢᠨ ᠤ ᠪᠠᠩᠬᠢ ᠶᠢᠨ ᠵᠢᠭᠡᠯᠡᠯᠭᠡ ᠶᠢᠨ ᠮᠥᠩᠭᠦ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠳᠡᠮᠵᠢᠬᠦ᠂ ᠲᠤᠷᠰᠢᠯᠲᠠ ᠶᠢᠨ ᠴᠡᠭ ᠲᠤ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠲᠤᠰᠬᠠᠢ ᠵᠦᠢᠯ ᠤᠨ ᠥᠭᠴᠡᠭᠡᠨ ᠤ ᠲᠡᠮᠳᠡᠭᠲᠦ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠪᠡᠯᠡ ᠮᠥᠩᠭᠦ ᠶᠢ ᠬᠢᠵᠠᠭᠠᠷᠯᠠᠵᠤ ᠪᠠᠶᠢᠭ᠎ᠠ ᠪᠣᠭᠤᠮᠢ ᠠᠰᠠᠭᠤᠳᠠᠯ ᠢ ᠰᠢᠢᠳᠪᠦᠷᠢᠯᠡᠪᠡ᠃ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠠᠵᠢᠯ ᠢ ᠵᠣᠯᠭᠠᠯᠳᠤᠭᠤᠯᠬᠤ ᠬᠤᠷᠠᠯ ᠢ ᠬᠤᠷᠠᠯᠳᠤᠭᠤᠯᠤᠨ᠂ ᠲᠤᠬᠠᠢ ᠶᠢᠨ ᠭᠠᠵᠠᠷ ᠲᠤ ᠨᠢ ᠰᠢᠮᠳᠠᠭᠤᠯᠵᠤ ᠪᠠᠶᠢᠴᠠᠭᠠᠨ ᠰᠤᠳᠤᠯᠤᠯᠲᠠ ᠬᠢᠬᠦ ᠶᠢ ᠥᠷᠨᠢᠭᠦᠯᠵᠦ᠂ ᠲᠣᠬᠢᠷᠠᠭᠤᠯᠤᠯᠲᠠ ᠬᠢᠬᠦ᠂ ᠮᠡᠳᠡᠭᠡᠯᠡᠨ ᠨᠡᠪᠲᠡᠷᠡᠭᠦᠯᠬᠦ ᠪᠠ ᠰᠢᠮᠳᠠᠭᠤᠯᠤᠨ ᠪᠠᠶᠢᠴᠠᠭᠠᠬᠤ ᠵᠡᠷᠭᠡ ᠶᠢ ᠴᠢᠩᠭᠠᠳᠬᠠᠬᠤ ᠪᠠᠷ ᠳᠠᠮᠵᠢᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠪᠠ᠃ 2018 ᠣᠨ ᠤ 7 ᠳ᠋ᠤᠭᠠᠷ ᠰᠠᠷ ᠤᠨ ᠰᠡᠭᠦᠯᠴᠢ ᠪᠣᠯᠲᠠᠯ᠎ᠠ᠂ ᠪᠦᠬᠦ ᠣᠷᠣᠨ ᠳᠤ 8.6 ᠲᠦᠮᠡᠨ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠠᠵᠢᠯ ᠡᠬᠢᠯᠡᠵᠦ᠂ ᠠᠵᠢᠯ ᠡᠬᠢᠯᠡᠭᠰᠡᠨ ᠨᠣᠷᠮ᠎ᠠ ᠨᠢ 60.9% ᠳᠤ ᠬᠦᠷᠴᠡᠢ︔ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠨᠢ 7.9 ᠲᠦᠮᠡ ᠪᠠᠶᠢᠵᠤ᠂ ᠪᠡᠶᠡᠯᠡᠭᠦᠯᠦᠭᠰᠡᠨ ᠨᠣᠷᠮ᠎ᠠ ᠨᠢ 120.7% ᠳᠤ ᠬᠦᠷᠴᠦ᠂ 296.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃     ᠬᠥᠲᠥᠯᠥᠭᠴᠢ᠄      ᠯᠢ ᠲᠢᠩᠬᠢᠮ ᠤᠨ ᠳᠠᠷᠤᠭ᠎ᠠ ᠶᠢᠨ ᠦᠵᠡᠬᠦ ᠪᠠᠷ᠂ ᠣᠳᠣᠬᠠᠨ ᠤ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠤᠨ ᠭᠤᠣᠯᠳᠠᠯᠭ᠎ᠠ ᠨᠢ ᠶᠠᠭᠤ ᠪᠣᠢ︖      ᠯᠢ ᡁᠢ ᠮᠢᠨ᠄      2017 ᠣᠨ ᠳᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 6 ᠶᠠᠮᠤᠨ ᠵᠥᠪᠯᠡᠯ ᠠᠴᠠ ᠬᠤᠯᠪᠣᠭᠠᠯᠠᠵᠤ ᠲᠠᠷᠬᠠᠭᠠᠭᠰᠠᠨ ︽ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠲᠤ ᠪᠠᠶᠢᠴᠠᠭᠠᠯᠲᠠ ᠬᠢᠵᠦ ᠣᠶᠢᠯᠠᠭᠠᠨ ᠲᠣᠳᠣᠯᠠᠬᠤ ᠪᠠ 2018 — 2020 ᠣᠨ ᠤ ᠵᠠᠰᠠᠨ ᠪᠠᠶᠢᠭᠤᠯᠬᠤ ᠲᠥᠯᠥᠪᠯᠡᠭᠡ ᠶᠢ ᠰᠠᠶᠢᠲᠤᠷ ᠬᠢᠬᠦ ᠲᠤᠬᠠᠢ ᠮᠡᠳᠡᠭᠳᠡᠯ︾ ︵ᠪᠠᠶᠢᠭᠤᠯᠤᠯᠲᠠ ᠪᠠᠲᠤᠯᠠᠭ᠎ᠠ ᠵᠠᠬᠢᠳᠠᠯ ﹇2017﹈ 149 ᠳ᠋ᠦ᠋ᠭᠡᠷ ᠲᠣᠭᠠᠲᠤ︶ ᠪᠠ ︽2018 ᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠲᠥᠯᠥᠪᠯᠡᠭᠡ ᠶᠢᠨ ᠡᠭᠦᠷᠭᠡ ᠶᠢ ᠭᠤᠶᠤᠴᠢᠯᠠᠨ ᠮᠡᠳᠡᠭᠦᠯᠬᠦ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠵᠡᠷᠭᠡ ᠶᠢᠨ ᠮᠡᠳᠡᠭᠳᠡᠯ ︾ ︵ᠪᠠᠶᠢᠭᠤᠯᠤᠯᠲᠠ ᠠᠯᠪᠠᠨ ᠪᠠᠲᠤᠯᠠᠭ᠎ᠠ ᠵᠠᠬᠢᠳᠠᠯ ﹇2017﹈ 551 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠤ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠨᠢ᠂ ᠴᠢᠳᠠᠯ ᠤᠨ ᠴᠢᠨᠡᠭᠡ ᠪᠠᠷ ᠢᠶᠠᠨ ᠬᠢᠬᠦ ᠬᠢᠭᠡᠳ ᠴᠢᠳᠠᠯ ᠤᠨ ᠬᠢᠷᠢ ᠪᠠᠷ ᠢᠶᠠᠨ ᠬᠢᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠬᠤᠲᠠ ᠶᠢᠨ ᠠᠶᠤᠯᠲᠠᠢ ᠭᠡᠷ ᠪᠠᠶᠢᠰᠢᠩ᠂ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ᠂ ᠬᠤᠲᠠ ᠶᠢᠨ ᠪᠠᠶᠢᠭᠤᠯᠤᠭᠰᠠᠨ ᠲᠣᠭᠤᠷᠢᠭ ᠲᠠᠬᠢ ᠬᠤᠲᠠ ᠶᠢᠨ ᠳᠣᠲᠣᠷᠠᠬᠢ ᠲᠣᠰᠬᠤᠨ ᠢ ᠭᠤᠣᠯᠳᠠᠯᠭ᠎ᠠ ᠲᠠᠢ ᠪᠠᠷ ᠥᠭᠡᠷᠡᠴᠢᠯᠡᠨ ᠪᠠᠶᠢᠭᠤᠯᠤᠨ᠎ᠠ᠃ ᠣᠶᠢᠷ᠎ᠠ ᠶᠢᠨ ᠬᠤᠭᠤᠴᠠᠭᠠᠨ ᠤ ᠤᠯᠤᠰ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠠᠵᠢᠯ ᠨᠢ᠂ ᠬᠠᠭᠤᠴᠢᠨ ᠬᠤᠲᠠ ᠶᠢᠨ ᠲᠣᠭᠤᠷᠢᠭ ᠲᠠᠬᠢ ᠪᠤᠵᠠᠷ ᠡᠮᠬᠢ ᠵᠠᠮᠪᠠᠷᠠᠭ᠎ᠠ ᠦᠭᠡᠢ ᠪᠥᠭᠡᠳ ᠮᠠᠭᠤ ᠮᠠᠭᠤᠬᠠᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠪᠠ ᠤᠯᠤᠰ ᠤᠨ ᠥᠮᠴᠢᠯᠡᠯᠲᠦ ᠦᠢᠯᠡᠳᠪᠦᠷᠢ ᠠᠭᠤᠷᠬᠠᠢ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠭᠤᠣᠯᠳᠠᠯᠭ᠎ᠠ ᠲᠠᠢ ᠪᠠᠷ ᠵᠠᠰᠠᠨ ᠪᠠᠶᠢᠭᠤᠯᠤᠨ᠎ᠠ᠃      ᠬᠥᠲᠥᠯᠥᠭᠴᠢ᠄      ᠣᠶᠢᠷ᠎ᠠ ᠶᠢᠨ ᠨᠢᠭᠡ ᠬᠡᠰᠡᠭ ᠬᠤᠭᠤᠴᠠᠭᠠᠨ ᠳᠤ᠂ ᠣᠯᠠᠨ ᠢᠶᠠᠷ ᠢᠶᠠᠨ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠶᠢ ᠵᠣᠭᠤᠰᠵᠢᠭᠤᠯᠤᠨ ᠲᠥᠪᠬᠢᠨᠡᠭᠦᠯᠬᠦ ᠠᠵᠢᠯ ᠳᠤ ᠨᠡᠯᠢᠶᠡᠳ ᠬᠡᠮᠵᠢᠶ᠎ᠡ ᠪᠠᠷ ᠠᠩᠬᠠᠷᠤᠯ ᠲᠠᠯᠪᠢᠵᠤ ᠪᠠᠶᠢᠨ᠎ᠠ᠂ ᠮᠠᠨ ᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠶᠢ ᠵᠣᠭᠤᠰᠵᠢᠭᠤᠯᠤᠨ ᠲᠥᠪᠬᠢᠨᠡᠭᠦᠯᠬᠦ ᠳᠤ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ ᠶᠢ ᠲᠠ ᠲᠠᠨᠢᠯᠴᠠᠭᠤᠯᠤᠭᠠᠳ ᠥᠭᠭᠦᠨ᠎ᠡ ᠦᠦ︖      ᠯᠢ ᡁᠢ ᠮᠢᠨ᠄       ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠵᠠᠰᠠᠨ ᠪᠠᠶᠢᠭᠤᠯᠬᠤ ᠳᠤ ᠭᠡᠷ ᠬᠥᠷᠥᠩᠭᠡ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠠᠢ ᠬᠤᠯᠪᠣᠭᠠᠯᠠᠨ ᠬᠥᠳᠡᠯᠦᠯᠴᠡᠵᠦ ᠬᠥᠭᠵᠢᠭᠦᠯᠦᠨ᠂ ᠭᠡᠷ ᠪᠠᠶᠢᠰᠢᠩ ᠤᠨ ᠦᠨ᠎ᠡ ᠬᠠᠩᠰᠢ ᠶᠢᠨ ᠥᠰᠦᠯᠲᠡ ᠶᠢᠨ ᠳᠠᠷᠤᠭᠠᠰᠤ ᠨᠡᠯᠢᠶᠡᠳ ᠶᠡᠭᠡ᠂ ᠬᠠᠩᠭᠠᠯᠭ᠎ᠠ ᠨᠢ ᠨᠡᠯᠢᠶᠡᠳ ᠪᠠᠴᠢᠮ ᠪᠠᠶᠢᠭ᠎ᠠ ᠣᠷᠣᠨ ᠨᠤᠲᠤᠭ ᠤᠨ ᠬᠢᠨ ᠪᠣᠳᠠᠲᠤ ᠡᠳ᠋ ᠤᠨ ᠬᠠᠩᠭᠠᠯᠭ᠎ᠠ ᠪᠠᠨ ᠨᠡᠮᠡᠭᠳᠡᠭᠦᠯᠬᠦ ᠬᠡᠷᠡᠭᠲᠡᠢ᠃ ᠬᠠᠳᠠᠭᠠᠯᠠᠭᠳᠠᠴᠠ ᠶᠢ ᠤᠰᠠᠳᠬᠠᠬᠤ ᠡᠭᠦᠷᠭᠡ ᠨᠢ ᠨᠡᠯᠢᠶᠡᠳ ᠬᠦᠨᠳᠦ ᠪᠠᠶᠢᠭ᠎ᠠ ᠣᠷᠣᠨ ᠨᠣᠲᠤᠭ ᠤᠨ ᠬᠢᠨ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠶᠢ ᠵᠣᠭᠤᠰᠵᠢᠭᠤᠯᠬᠤ ᠶᠢ ᠬᠡᠷᠡᠭᠵᠢᠭᠦᠯᠬᠦ ᠬᠡᠷᠡᠭᠲᠡᠢ᠂ ᠢᠩᠭᠢᠪᠡᠯ ᠰᠠᠶ᠋ᠢ ᠭᠡᠷ ᠬᠥᠷᠥᠩᠭᠡ ᠭᠠᠵᠠᠷ ᠰᠢᠷᠣᠢ ᠶᠢᠨ ᠵᠠᠬ᠎ᠠ ᠳᠡᠯᠭᠡᠭᠦᠷ ᠪᠠ ᠣᠷᠣᠨ ᠰᠠᠭᠤᠴᠠ ᠶᠢᠨ ᠪᠠᠲᠤᠯᠠᠭ᠎ᠠ ᠶᠢᠨ ᠠᠰᠢᠭᠲᠠᠢ ᠡᠷᠭᠢᠯᠲᠡ ᠶᠢ ᠪᠡᠶᠡᠯᠡᠭᠦᠯᠵᠦ ᠴᠢᠳᠠᠨ᠎ᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠡᠯ᠎ᠡ ᠠᠶᠢᠮᠠᠭ ᠬᠤᠲᠠ ᠶᠢᠨ ᠬᠢᠨ ᠤ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠶᠢ ᠵᠣᠭᠤᠰᠵᠢᠭᠤᠯᠤᠨ ᠲᠥᠪᠬᠢᠨᠡᠭᠦᠯᠬᠦ ᠳᠤ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠬᠤᠲᠠ ᠶᠢᠨ ᠪᠠᠶᠢᠳᠠᠯ ᠳᠤ ᠵᠣᠬᠢᠴᠠᠭᠤᠯᠤᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠬᠢᠭᠡᠳ ᠭᠡᠷ ᠬᠥᠷᠥᠩᠭᠡ ᠭᠠᠵᠠᠷ ᠰᠢᠷᠣᠢ ᠶᠢᠨ ᠬᠠᠳᠠᠭᠠᠯᠠᠭᠳᠠᠴᠠ ᠶᠢ ᠤᠰᠠᠳᠬᠠᠬᠤ ᠶᠢ ᠵᠣᠯᠭᠠᠯᠳᠤᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠵᠤ ᠲᠥᠪᠬᠢᠨᠡᠭᠦᠯᠬᠦ ᠠᠷᠭ᠎ᠠ ᠬᠡᠯᠪᠡᠷᠢ ᠪᠠᠨ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠲᠠᠸᠠᠷ ᠤᠨ ᠣᠷᠣᠨ ᠰᠠᠭᠤᠴᠠ ᠶᠢ ᠰᠢᠩᠭᠡᠭᠡᠬᠦ ᠦᠶᠡᠯᠡᠯ ᠤᠨ ᠬᠤᠭᠤᠴᠠᠭ᠎ᠠ ᠨᠢ 15 ᠰᠠᠷ᠎ᠠ ᠠᠴᠠ ᠳᠣᠷᠣᠭᠰᠢ ᠪᠠᠶᠢᠭ᠎ᠠ ᠭᠠᠵᠠᠷ ᠣᠷᠣᠨ ᠤ ᠬᠢᠨ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠵᠤ ᠲᠥᠪᠬᠢᠨᠡᠭᠦᠯᠬᠦ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠠᠸᠠᠷ ᠤᠨ ᠣᠷᠣᠨ ᠰᠠᠭᠤᠴᠠ ᠶᠢ ᠰᠢᠩᠭᠡᠭᠡᠬᠦ ᠦᠶᠡᠯᠡᠯ ᠤᠨ ᠬᠤᠭᠤᠴᠠᠭ᠎ᠠ ᠨᠢ 15 ᠰᠠᠷ᠎ᠠ ᠠᠴᠠ ᠳᠡᠭᠡᠭᠰᠢ ᠪᠠᠶᠢᠭ᠎ᠠ ᠭᠠᠵᠠᠷ ᠣᠷᠣᠨ ᠤ ᠬᠢᠨ ᠳᠥᠭᠦᠮ ᠪᠦᠳᠦᠭᠦᠯᠢᠭ ᠣᠷᠣᠨ ᠰᠠᠭᠤᠴᠠ ᠶᠢ ᠵᠠᠰᠠᠨ ᠪᠠᠶᠢᠭᠤᠯᠬᠤ ᠶᠢ ᠵᠣᠭᠤᠰᠵᠢᠭᠤᠯᠤᠨ ᠲᠥᠪᠬᠢᠨᠡᠭᠦᠯᠬᠦ ᠶᠢ ᠦᠷᠭᠦᠯᠵᠢᠯᠡᠨ ᠬᠡᠷᠡᠭᠵᠢᠭᠦᠯᠵᠦ ᠪᠣᠯᠣᠨ᠎ᠠ ᠭᠡᠵᠦ ᠱᠠᠭᠠᠷᠳᠠᠵᠠᠢ᠃      ᠬᠥᠲᠥᠯᠥᠭᠴᠢ᠄      ᠳᠣᠣᠷ᠎ᠠ ᠪᠢᠳᠡ ᠳᠠᠬᠢᠨ ᠮᠠᠨ ᠤ ᠣᠷᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠶᠠᠷᠢᠶ᠎ᠠ.᠃ ᠣᠶᠢᠷ᠎ᠠ ᠶᠢᠨ ᠵᠢᠯ ᠤᠳ ᠠᠴᠠ ᠨᠠᠭᠠᠰᠢ ᠮᠠᠨ ᠤ ᠣᠷᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠵᠦ ᠪᠠᠶᠢᠭ᠎ᠠ ᠪᠠᠶᠢᠳᠠᠯ ᠨᠢ ᠶᠠᠮᠠᠷ ᠪᠣᠢ︖      ᠯᠢ ᡁᠢ ᠮᠢᠨ᠄      ︽ᠬᠤᠲᠠ ᠶᠢᠨ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ ᠲᠥᠷᠥ ᠲᠠᠷᠬᠠᠭᠠᠭᠰᠠᠨ ﹇2007﹈ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠠᠴᠠ ᠬᠤᠲᠠ ᠬᠥᠳᠡᠭᠡ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠬᠤ ︵ᠬᠤᠷᠠᠮᠳᠤᠭᠤᠯᠬᠤ︶ ᠡᠷᠴᠢᠮ ᠢᠶᠠᠨ ᠴᠢᠩᠭᠠᠷᠠᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠤᠪᠢᠶᠠᠷᠢᠯᠠᠯᠲᠠ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ᠃ ᠮᠠᠨ ᠤ ᠣᠷᠣᠨ 2008 ᠣᠨ ᠤ ᠳᠥᠷᠪᠡᠳᠦᠭᠡᠷ ᠤᠯᠠᠷᠢᠯ ᠠᠴᠠ ᠡᠬᠢᠯᠡᠨ ᠬᠢᠮᠳᠠ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ᠂ ᠬᠥᠮᠥᠨ ᠪᠦᠷᠢ ᠳᠤ ᠲᠡᠭᠰᠢᠳᠬᠡᠭᠰᠡᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠨᠢ 15 ᠺᠦᠸᠠᠳ᠋ ᠮᠧᠲᠷ ᠬᠦᠷᠬᠦ ᠦᠭᠡᠢ ᠬᠤᠲᠠ ᠪᠠᠯᠭᠠᠰᠤ ᠶᠢᠨ ᠳᠣᠣᠷ᠎ᠠ ᠪᠠᠲᠤᠯᠠᠭ᠎ᠠ ᠲᠠᠢ ᠭᠡᠷ ᠪᠦᠯᠢ ᠪᠠ ᠬᠤᠲᠠ ᠪᠠᠯᠭᠠᠰᠤ ᠶᠢᠨ ᠬᠥᠮᠥᠨ ᠪᠦᠷᠢ ᠳᠤ ᠲᠡᠭᠰᠢᠳᠬᠡᠭᠰᠡᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠨᠢ 13 ᠺᠦᠸᠠᠳ᠋ ᠮᠧᠲᠷ ᠬᠦᠷᠬᠦ ᠦᠭᠡᠢ ᠳᠣᠣᠷ᠎ᠠ ᠣᠷᠣᠯᠭ᠎ᠠ ᠲᠠᠢ ᠭᠡᠷ ᠪᠦᠯᠢ ︵ᠣᠷᠣᠯᠭ᠎ᠠ ᠶᠢᠨ ᠬᠢᠷᠢ ᠲᠦᠪᠰᠢᠨ ᠨᠢ ᠲᠤᠬᠠᠢ ᠶᠢᠨ ᠭᠠᠵᠠᠷ ᠤᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢᠨ 2 ᠳᠠᠬᠢᠨ ᠬᠦᠷᠬᠦ ᠦᠭᠡᠢ ᠭᠡᠷ ᠪᠦᠯᠢ︶ ᠪᠠᠷ ᠬᠠᠩᠭᠠᠬᠤ ᠡᠲᠡᠭᠡᠳ ᠪᠣᠯᠭᠠᠪᠠ᠃ 2010 ᠣᠨ ᠠᠴᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠡᠬᠢᠯᠡᠨ ᠬᠡᠷᠡᠭᠵᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠷᠠᠮᠳᠤᠭᠤᠯᠬᠤ ᠳᠤ ᠭᠤᠣᠯᠳᠠᠭᠤ ᠨᠢᠭᠡᠳᠦᠯᠲᠡᠢ ᠪᠠᠷ ᠲᠥᠪᠯᠡᠷᠡᠭᠦᠯᠦᠨ ᠪᠦᠲᠦᠭᠡᠨ ᠪᠠᠶᠢᠭᠤᠯᠬᠤ᠂ ᠲᠠᠸᠠᠷ ᠤᠨ ᠣᠷᠣᠨ ᠰᠠᠭᠤᠴᠠ ᠶᠢᠨ ᠲᠣᠭᠤᠷᠢᠭ ᠲᠤ ᠵᠣᠬᠢᠬᠤ ᠬᠠᠷᠢᠴᠠᠯ ᠢᠶᠠᠷ ᠲᠣᠬᠢᠷᠠᠭᠤᠯᠤᠨ ᠪᠠᠶᠢᠭᠤᠯᠬᠤ᠂ ᠠᠵᠤ ᠠᠬᠤᠶᠢᠯᠠᠯ ᠠᠴᠠ ᠠᠵᠢᠯᠲᠠᠳ ᠲᠤ ᠪᠠᠨ ᠣᠯᠠᠨ ᠨᠡᠶᠢᠲᠡ ᠶᠢᠨ ᠲᠦᠷᠢᠶᠡᠰᠦᠨ ᠪᠠᠶᠢᠷᠢ ᠪᠤᠶᠤ ᠭᠠᠭᠴᠠ ᠪᠡᠶᠡᠲᠡᠨ ᠤ ᠪᠠᠶᠢᠷᠢ ᠪᠠᠶᠢᠭᠤᠯᠵᠤ ᠥᠭᠬᠦ ᠵᠡᠷᠭᠡ ᠠᠷᠭ᠎ᠠ ᠬᠡᠯᠪᠡᠷᠢ ᠪᠠᠷ ᠬᠤᠷᠠᠮᠳᠤᠭᠤᠯᠪᠠ᠃ 2014 ᠣᠨ ᠠᠴᠠ ᠡᠬᠢᠯᠡᠨ᠂ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠ ᠬᠢᠮᠳᠠ ᠲᠦᠷᠢᠶᠡᠰᠦᠨ ᠣᠷᠣᠨ ᠰᠠᠭᠤᠴᠠ ᠶᠢ ᠨᠢᠭᠡᠳᠬᠡᠨ ᠠᠵᠢᠯᠯᠠᠭᠤᠯᠬᠤ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠪᠠᠶᠢᠭᠤᠯᠤᠯᠲᠠ ᠪᠠᠲᠤᠯᠠᠭ᠎ᠠ ﹇2013﹈ 178 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠬᠤᠲᠠ ᠬᠥᠳᠡᠭᠡ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ﹇2013﹈ 70 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ ᠂ ᠬᠢᠮᠳᠠ ᠲᠦᠷᠢᠶᠡᠰᠦᠨ ᠣᠷᠣᠨ ᠰᠠᠭᠤᠴᠠ ᠬᠢᠭᠡᠳ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠨᠢᠭᠡᠳᠬᠡᠨ ᠠᠵᠢᠯᠯᠠᠭᠤᠯᠬᠤ ᠪᠠ ᠬᠠᠮᠢᠶᠠᠷᠴᠤ᠂ ᠬᠢᠮᠳᠠ ᠲᠦᠷᠢᠶᠡᠰᠦᠨ ᠣᠷᠣᠨ ᠰᠠᠭᠤᠴᠠ ᠶᠢ ᠨᠢᠭᠡᠳᠦᠯᠲᠡᠢ ᠪᠠᠷ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠨᠡᠶᠢᠯᠡᠭᠦᠯᠦᠨ ᠣᠷᠣᠭᠤᠯᠪᠠ᠃ 2016 ᠣᠨ ᠠᠴᠠ ᠡᠬᠢᠯᠡᠨ ᠤᠯᠤᠰ ᠠᠴᠠ ᠳᠠᠬᠢᠵᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠡᠭᠦᠷᠭᠡ ᠪᠠᠭᠤᠯᠭᠠᠬᠤ ᠦᠭᠡᠢ ᠪᠣᠯᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠵᠣᠭᠤᠰᠣᠨᠵᠢᠭᠤᠯᠬᠤ ᠶᠢ ᠬᠡᠷᠡᠭᠵᠢᠭᠦᠯᠪᠡ᠃ ᠣᠳᠣᠬᠠᠨ ᠤ ᠮᠠᠨ ᠤ ᠣᠷᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠠᠲᠤᠯᠠᠬᠤ ᠠᠷᠭ᠎ᠠ ᠬᠡᠯᠪᠡᠷᠢ ᠨᠢ᠄ ᠪᠣᠳᠠᠲᠤ ᠡᠳ᠋ ᠢᠶᠠᠷ ᠪᠠᠲᠤᠯᠠᠬᠤ ᠬᠢᠭᠡᠳ ᠲᠦᠷᠢᠶᠡᠰᠦᠨ ᠨᠥᠬᠦᠪᠦᠷᠢ ᠣᠯᠭᠤᠬᠤ ᠶᠢ ᠬᠠᠷᠢᠯᠴᠠᠨ ᠤᠶᠠᠯᠳᠤᠭᠤᠯᠤᠨ᠎ᠠ᠃      2008 — 2015 ᠣᠨ ᠳᠤ ᠮᠠᠨ ᠤ ᠣᠷᠣᠨ ᠨᠡᠶᠢᠲᠡ 35.2 ᠲᠦᠮᠡᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ︵ᠬᠢᠮᠳᠠ ᠲᠦᠷᠢᠶᠡᠰᠦᠨ ᠣᠷᠣᠨ ᠰᠠᠭᠤᠴᠠ ᠶᠢ ᠪᠠᠭᠲᠠᠭᠠᠨ᠎ᠠ︶ ᠶᠢ ᠪᠦᠲᠦᠭᠡᠨ ᠪᠠᠶᠢᠭᠤᠯᠪᠠ ︵ᠬᠤᠷᠠᠮᠳᠤᠭᠤᠯᠪᠠ︶᠃ 2018 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 31.5 ᠲᠦᠮᠡᠨ ᠡᠷᠦᠬᠡ ᠳᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠬᠤᠪᠢᠶᠠᠷᠢᠯᠠᠨ ᠲᠣᠬᠢᠷᠠᠭᠤᠯᠵᠤ ᠂ 10.4 ᠲᠦᠮᠡᠨ ᠡᠷᠦᠬᠡ ᠳᠤ ᠲᠦᠷᠢᠶᠡᠰᠦᠨ ᠨᠥᠬᠦᠪᠦᠷᠢ ᠣᠯᠭᠤᠨ᠂ 116 ᠲᠦᠮᠡ ᠭᠠᠷᠤᠢ ᠰᠠᠭᠤᠭᠠᠯᠢ ᠠᠷᠠᠳ ᠲᠤ ᠣᠷᠣᠨ ᠰᠠᠭᠤᠴᠠ ᠶᠢᠨ ᠬᠦᠴᠢᠷᠲᠡᠢ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠃      ᠬᠥᠲᠥᠯᠥᠭᠴᠢ᠄      ᠡᠨᠡ ᠵᠢᠯ ᠤᠨ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠭᠦᠷᠭᠡ ᠨᠢ ᠬᠡᠳᠦᠢ ᠪᠠᠶᠢᠬᠤ ᠪᠣᠢ︖ ᠠᠬᠢᠯᠲᠠ ᠶᠢᠨ ᠪᠠᠶᠢᠳᠠᠯ ᠨᠢ ᠶᠠᠮᠠᠷ ᠪᠣᠢ︖      ᠯᠢ ᡁᠢ ᠮᠢᠨ᠄      2017 ᠣᠨ ᠠᠴᠠ ᠡᠬᠢᠯᠡᠵᠦ᠂ ᠤᠯᠤᠰ ᠠᠴᠠ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠪᠠᠶᠢᠳᠠᠯ ᠢ ᠰᠢᠯᠭᠠᠨ ᠬᠢᠨᠠᠯᠲᠠ ᠳᠤ ᠣᠷᠣᠭᠤᠯᠪᠠ᠃ 2018 ᠣᠨ ᠳᠤ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠭᠦᠷᠭᠡ ᠨᠢ᠄ ᠤᠯᠤᠰ ᠤᠨ ᠲᠥᠯᠥᠪᠯᠡᠭᠡ ᠳᠤ ᠣᠷᠣᠭᠤᠯᠤᠭᠰᠠᠨ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 2018 ᠣᠨ ᠤ ᠰᠡᠭᠦᠯᠴᠢ ᠠᠴᠠ ᠡᠮᠦᠨ᠎ᠡ 90% ᠶᠢ ᠨᠢ ᠬᠤᠪᠢᠶᠠᠷᠢᠯᠠᠬᠤ ᠶᠢ ᠪᠡᠶᠡᠯᠡᠭᠦᠯᠬᠦ ᠬᠡᠷᠡᠭᠲᠡᠢ      ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠣᠷᠣᠨ ᠠᠴᠠ ᠳᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ︔ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠲᠥᠬᠦᠷ ᠪᠡᠯᠡᠳᠬᠡᠮᠵᠢ ᠶᠢ ᠲᠡᠭᠦᠯᠳᠡᠷᠵᠢᠭᠦᠯᠬᠦ︔ ᠬᠢᠨᠠᠨ ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢ ᠲᠦᠷᠭᠡᠳᠬᠡᠬᠦ︔ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠵᠤ᠂ ᠵᠠᠯᠭᠠᠮᠵᠢ ᠬᠠᠮᠢᠶᠠᠷᠤᠯᠲᠠ ᠪᠠᠨ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠬᠤᠲᠠ ᠪᠠᠯᠭᠠᠰᠤ ᠶᠢᠨ ᠣᠷᠣᠨ ᠰᠠᠭᠤᠴᠠ ᠨᠢ ᠬᠦᠴᠢᠷᠳᠡᠯ ᠲᠠᠢ ᠨᠡᠩ ᠣᠯᠠᠨ ᠭᠡᠷ ᠪᠦᠯᠢ ᠶᠢᠨ ᠣᠷᠣᠨ ᠰᠠᠭᠤᠴᠠ ᠶᠢᠨ ᠨᠥᠬᠦᠴᠡᠯ ᠢ ᠨᠢ ᠰᠠᠶᠢᠵᠢᠷᠠᠭᠤᠯᠵᠤ ᠥᠭᠴᠡᠢ᠃2018 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠵᠤ ᠣᠷᠣᠵᠤ ᠰᠠᠭᠤᠭᠰᠠᠨ ᠨᠣᠷᠮ᠎ᠠ ᠨᠢ ᠨᠢᠭᠡᠨᠲᠡ 90.8% ᠳᠤ ᠬᠦᠷᠴᠦ᠂ ᠣᠨ ᠤ ᠬᠠᠷᠠᠯᠲᠠ ᠶᠢᠨ ᠡᠭᠦᠷᠭᠡ ᠪᠠᠨ ᠤᠷᠢᠳᠴᠢᠯᠠᠵᠤ ᠳᠠᠪᠠᠭᠤᠯᠤᠨ ᠪᠡᠶᠡᠯᠡᠭᠦᠯᠵᠡᠢ᠃      ᠬᠥᠲᠥᠯᠥᠭᠴᠢ᠄      ᠡᠨᠡ ᠦᠨᠡᠬᠡᠷ ᠨᠢᠭᠡᠨ ᠰᠠᠶᠢᠨ ᠴᠢᠮᠡᠭᠡ ᠪᠠᠶᠢᠨ᠎ᠠ᠃ ᠲᠡᠭᠡᠪᠡᠯ ᠮᠠᠨ ᠤ ᠣᠷᠣᠨ ᠤ ᠶᠠᠮᠠᠷ ᠶᠠᠮᠠᠷ ᠬᠥᠮᠥᠰ ᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠪᠣᠯᠬᠤ ᠪᠣᠢ︖      ᠯᠢ ᡁᠢ ᠮᠢᠨ᠄      2010 ᠣᠨ ᠤ 6 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠬᠤᠲᠠ ᠬᠥᠳᠡᠭᠡ ᠶᠢᠨ ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2010﹈ 40 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠂ ᠬᠥᠮᠥᠨ ᠪᠦᠷᠢ ᠳᠤ ᠲᠡᠭᠰᠢᠳᠬᠡᠭᠰᠡᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ  ᠨᠢ 15 ᠺᠦᠸᠠᠳ᠋ ᠮᠧᠲᠷ ᠬᠦᠷᠬᠦ ᠦᠭᠡᠢ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠳᠤ ᠪᠠᠲᠤᠯᠠᠬᠤ ᠴᠢᠬᠤᠯᠠᠲᠠᠢ ᠶᠢ ᠨᠢ ᠴᠢᠳᠠᠬᠤ ᠶᠢᠨ ᠬᠢᠷᠢ ᠪᠠᠷ ᠪᠠᠲᠤᠯᠠᠭᠰᠠᠨ ᠤᠷᠢᠳᠠᠯ ᠳᠣᠣᠷ᠎ᠠ᠂ ᠬᠥᠮᠥᠨ ᠪᠦᠷᠢ ᠳᠤ ᠲᠡᠭᠰᠢᠳᠬᠡᠭᠰᠡᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠨᠢ 13 ᠺᠦᠸᠠᠳ᠋ ᠮᠧᠲᠷ ᠬᠦᠷᠬᠦ ᠦᠭᠡᠢ ᠬᠤᠲᠠ ᠬᠥᠳᠡᠭᠡ ᠶᠢᠨ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠶᠢ ᠠᠯᠬᠤᠮ ᠠᠯᠬᠤᠮ ᠢᠶᠠᠷ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ ᠭᠡᠵᠦ ᠳᠤᠷᠠᠳᠤᠨ ᠭᠠᠷᠭᠠᠪᠠ᠃ 2013 ᠣᠨ ᠤ 7 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ﹇2013﹈ 70 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠠᠲᠤᠯᠠᠭ᠎ᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ ᠨᠢᠭᠡᠨᠲᠡ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠳᠣᠣᠷ᠎ᠠ ᠣᠷᠣᠯᠭ᠎ᠠ ᠲᠠᠢ ᠭᠡᠷ ᠪᠦᠯᠢ ᠳᠤ ᠪᠠᠲᠤᠯᠠᠬᠤ ᠴᠢᠬᠤᠯᠠᠲᠠᠢ ᠶᠢ ᠨᠢ ᠴᠢᠳᠠᠬᠤ ᠶᠢᠨ ᠬᠢᠷᠢ ᠪᠠᠷ ᠪᠠᠲᠤᠯᠠᠭᠰᠠᠨ ᠤᠷᠢᠳᠠᠯ ᠳᠣᠣᠷ᠎ᠠ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠱᠠᠭᠠᠷᠳᠠᠭᠳᠠᠬᠤ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠳ᠂ ᠰᠢᠨ᠎ᠡ ᠪᠠᠷ ᠠᠵᠢᠯ ᠤᠨ ᠪᠠᠶᠢᠷᠢ ᠳᠤ ᠭᠠᠷᠤᠭᠰᠠᠨ ᠬᠥᠮᠥᠰ ᠪᠠ ᠲᠣᠭᠲᠠᠪᠤᠷᠢᠲᠠᠢ ᠠᠵᠢᠯ ᠣᠯᠣᠭᠰᠠᠨ ᠮᠥᠷᠲᠡᠭᠡᠨ ᠮᠠᠨ ᠤ ᠣᠷᠣᠨ ᠳᠤ ᠵᠠᠯᠭᠠᠭ᠎ᠠ ᠪᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠵᠤ ᠵᠣᠬᠢᠬᠤ ᠣᠨ ᠤ ᠬᠢᠵᠠᠭᠠᠷ ᠲᠤ ᠬᠦᠷᠦᠭᠰᠡᠨ ᠭᠠᠳᠠᠷ ᠣᠷᠣᠨ ᠠᠴᠠ ᠢᠷᠡᠭᠰᠡᠨ ᠬᠦᠴᠦᠨ ᠤ ᠬᠥᠮᠥᠰ ᠢ ᠠᠯᠬᠤᠮ ᠠᠯᠬᠤᠮ ᠢᠶᠠᠷ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠨᠢᠭᠡᠳᠦᠭᠡᠷ ᠹᠷᠣᠨᠲ ᠤᠨ ᠬᠠᠲᠠᠭᠤ ᠪᠡᠷᠬᠡᠲᠡᠢ ᠠᠵᠢᠯ ᠤᠨ ᠪᠠᠶᠢᠷᠢ ᠶᠢᠨ ᠬᠥᠮᠥᠰ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠥᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠦᠷᠢ ᠶᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠠᠮᠢ ᠠᠬᠤᠢ ᠶᠢᠨ ᠨᠡᠭᠦᠳᠡᠯᠴᠢᠨ ᠠᠷᠠᠳ ᠢ ᠨᠡᠭᠦᠯᠭᠡᠬᠦ ᠶᠠᠪᠤᠴᠠ ᠳᠤ ᠬᠤᠲᠠ ᠣᠷᠣᠵᠤ ᠠᠵᠢᠯ ᠣᠯᠣᠭᠰᠠᠨ ᠮᠠᠯᠴᠢᠳ ᠲᠠᠷᠢᠶᠠᠴᠢᠳ᠂ ᠭᠤᠣᠨᠢ ᠨᠠᠰᠤᠵᠢᠭᠰᠠᠨ ᠡᠪᠡᠳᠴᠢᠲᠡᠢ ᠵᠡᠮᠳᠡᠭ ᠵᠡᠷᠭᠡ ᠬᠥᠮᠥᠰ ᠲᠤ ᠠᠳᠠᠯᠢᠬᠠᠨ ᠨᠥᠬᠦᠴᠡᠯ ᠳᠣᠣᠷ᠎ᠠ ᠤᠷᠢᠳ ᠢᠶᠠᠷ ᠪᠠᠲᠤᠯᠠᠨ᠎ᠠ᠃ ︽ᠰᠢᠶᠠᠩ ᠢ ᠬᠦᠴᠦᠨ ᠦᠭᠡᠢ ᠪᠣᠯᠭᠠᠵᠤ ᠪᠠᠯᠭᠠᠰᠤ ᠳᠤ ᠨᠡᠶᠢᠯᠡᠭᠦᠯᠦᠭᠰᠡᠨ︾ ᠠᠴᠠ ᠪᠣᠯᠵᠤ ᠬᠡᠰᠡᠭ ᠮᠠᠯᠴᠢᠨ ᠲᠠᠷᠢᠶᠠᠴᠢᠨ ᠦᠷ᠎ᠡ ᠬᠡᠦᠬᠡᠳ ᠲᠤ ᠪᠠᠨ ᠪᠠᠷ᠎ᠠ ᠪᠣᠯᠣᠨ ᠬᠤᠲᠠ ᠣᠷᠣᠵᠤ ᠳᠤᠮᠳᠠᠳᠤ ᠪᠠᠭ᠎ᠠ ᠰᠤᠷᠭᠠᠭᠤᠯᠢ ᠳᠤ ᠪᠢᠴᠢᠭ ᠦᠵᠡᠬᠦ ᠴᠢᠬᠤᠯᠠᠲᠠᠢ ᠪᠣᠯᠣᠭᠰᠠᠨ ᠪᠣᠯ᠂ ᠬᠤᠰᠢᠭᠤ ᠰᠢᠶᠠᠨ ︵ᠬᠤᠲᠠ ᠲᠣᠭᠤᠷᠢᠭ︶ ᠠᠴᠠ ᠬᠡᠰᠡᠭ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠷᠠᠮᠳᠤᠭᠤᠯᠤᠨ ᠲᠡᠳᠡ ᠨᠠᠷ ᠤᠨ ᠰᠢᠯᠵᠢᠯᠲᠡ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢ ᠰᠢᠢᠳᠪᠦᠷᠢᠯᠡᠵᠦ ᠪᠣᠯᠣᠨ᠎ᠠ᠃ 2016 ᠣᠨ ᠤ 9 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠪᠠᠶᠢᠭᠤᠯᠤᠯᠲᠠ ᠪᠠᠲᠤᠯᠠᠭ᠎ᠠ ﹇2016﹈ 337 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ ᠬᠤᠲᠠ ᠶᠢᠨ ᠬᠢᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠡᠷᠦᠭᠡ ᠶᠢᠨ ᠬᠠᠷᠢᠶᠠᠯᠠᠯ ᠤᠨ ᠳᠦᠷᠢᠮ ᠤᠨ ᠥᠭᠡᠷᠡᠴᠢᠯᠡᠯᠲᠡ ᠶᠢᠨ ᠠᠬᠢᠴᠠ ᠶᠢ ᠠᠬᠢᠭᠤᠯᠬᠤ ᠲᠠᠢ ᠤᠶᠠᠯᠳᠤᠭᠤᠯᠤᠨ᠂ ᠡᠷᠦᠬᠡ ᠶᠢᠨ ᠬᠠᠷᠢᠶᠠᠯᠠᠯ᠂ ᠣᠷᠣᠨ ᠰᠠᠭᠤᠴᠠ ᠵᠡᠷᠭᠡ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ᠂ ᠲᠠᠷᠢᠶᠠᠯᠠᠩ ᠤᠨ ᠰᠢᠯᠵᠢᠯᠲᠡ ᠶᠢᠨ ᠬᠥᠮᠥᠨ ᠠᠮᠠ᠂ ᠰᠢᠨ᠎ᠡ ᠪᠠᠷ ᠠᠵᠢᠯ ᠳᠤ ᠭᠠᠷᠴᠤ ᠣᠷᠣᠨ ᠰᠠᠭᠤᠴᠠ ᠦᠭᠡᠢ ᠠᠵᠢᠯᠲᠠᠳ᠂ ᠬᠤᠲᠠ ᠬᠥᠳᠡᠭᠡ ᠳᠤ ᠲᠣᠭᠲᠠᠪᠤᠷᠢᠲᠠᠢ ᠠᠵᠢᠯ ᠣᠯᠣᠭᠰᠠᠨ ᠭᠠᠳᠠᠷ ᠣᠷᠣᠨ ᠠᠴᠠ ᠢᠷᠡᠭᠰᠡᠨ ᠬᠦᠴᠦᠨ ᠤ ᠬᠥᠮᠥᠰ ᠪᠠ ᠳᠤᠮᠳᠠ ᠵᠡᠷᠭᠡ ᠠᠴᠠ ᠠᠷᠠᠢ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠶᠢᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ ᠰᠢᠨ᠎ᠡ ᠪᠠᠷ ᠠᠵᠢᠯ ᠣᠯᠣᠭᠰᠠᠨ ᠣᠶᠤᠲᠠᠳ ᠪᠠ ᠵᠠᠯᠠᠭᠤ ᠡᠮᠴᠢ᠂ ᠵᠠᠯᠠᠭᠤ ᠪᠠᠭᠰᠢ ᠨᠠᠷ ᠵᠡᠷᠭᠡ ᠲᠤᠰᠬᠠᠢ ᠮᠡᠷᠭᠡᠵᠢᠯ ᠤᠨ ᠠᠵᠢᠯᠲᠠᠳ᠂ ᠬᠡᠷᠪᠡ ᠲᠤᠬᠠᠢ ᠶᠢᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠪᠡᠯ᠂ ᠪᠦᠬᠦᠨ ᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ ᠭᠡᠵᠦ ᠱᠠᠭᠠᠷᠳᠠᠪᠠ᠃ 2017 ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠶᠢ ᠲᠡᠭᠦᠯᠳᠡᠷᠵᠢᠭᠦᠯᠬᠦ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠤᠯᠤᠯᠲᠠ ᠪᠠᠲᠤᠯᠠᠭ᠎ᠠ ﹇2017﹈ 1172 ᠳ᠋ᠤᠭᠠᠷ ᠲᠣᠭᠠᠲᠤ︶ ᠢ ᠳᠠᠮᠵᠢᠭᠤᠯᠤᠨ ᠲᠠᠷᠬᠠᠭᠠᠵᠤ᠂ ᠡᠯ᠎ᠡ ᠭᠠᠵᠠᠷ ᠶᠢᠨ ᠬᠢᠨ ᠨᠥᠬᠦᠴᠡᠯ ᠳᠤ ᠨᠡᠶᠢᠴᠡᠭᠰᠡᠨ ᠡᠯ᠎ᠡ ᠲᠥᠷᠥᠯ ᠤᠨ ᠶᠠᠳᠠᠭᠤ ᠬᠦᠴᠢᠷᠲᠡᠢ ᠭᠡᠷ ᠪᠦᠯᠢ ᠶᠢ ᠤᠷᠢᠳ ᠢᠶᠠᠷ ᠪᠠᠲᠤᠯᠠᠬᠤ ᠬᠡᠪᠴᠢᠶᠡᠨ ᠳᠤ ᠣᠷᠣᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠵᠡᠷᠭᠡ ᠣᠨᠴᠠᠭᠠᠢ ᠠᠵᠢᠯ ᠲᠥᠷᠥᠯ ᠤᠨ ᠣᠷᠣᠨ ᠰᠠᠭᠤᠴᠠ ᠨᠢ ᠬᠦᠴᠢᠷᠲᠡᠢ ᠠᠵᠢᠯᠲᠠᠳ ᠤᠨ ᠣᠷᠣᠰᠢᠨ ᠰᠠᠭᠤᠬᠤ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠬᠤᠲᠠ ᠶᠢᠨ ᠳᠣᠣᠷ᠎ᠠ ᠪᠠᠲᠤᠯᠠᠭ᠎ᠠ ᠲᠠᠢ᠂ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠶᠢᠨ ᠪᠠᠲᠤᠯᠠᠬᠤ ᠴᠢᠬᠤᠯᠠᠲᠠᠢ ᠶᠢ ᠨᠢ ᠴᠢᠳᠠᠬᠤ ᠶᠢᠨ ᠬᠢᠷᠢ ᠪᠠᠷ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃      ᠣᠳᠣᠬᠠᠨ ᠳᠤ᠂ ᠮᠠᠨ ᠤ ᠣᠷᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠪᠣᠯ᠄ ᠬᠤᠲᠠ ᠶᠢᠨ ᠳᠣᠣᠷ᠎ᠠ ᠪᠠᠲᠤᠯᠠᠭ᠎ᠠ ᠲᠠᠢ᠂ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ ᠶᠢᠨ ᠪᠠᠲᠤᠯᠠᠬᠤ ᠴᠢᠬᠤᠯᠠᠲᠠᠢ ᠶᠢ ᠨᠢ ᠴᠢᠳᠠᠬᠤ ᠶᠢᠨ ᠬᠢᠷᠢ ᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠰᠢᠨ᠎ᠡ ᠪᠠᠷ ᠠᠵᠢᠯ ᠳᠤ ᠭᠠᠷᠴᠤ ᠣᠷᠣᠨ ᠰᠠᠭᠤᠴᠠ ᠦᠭᠡᠢ ᠠᠵᠢᠯᠲᠠᠳ᠂ ᠬᠤᠲᠠ ᠬᠥᠳᠡᠭᠡ ᠳᠤ ᠲᠣᠭᠲᠠᠪᠤᠷᠢᠲᠠᠢ ᠠᠵᠢᠯ ᠣᠯᠣᠭᠰᠠᠨ ᠭᠠᠳᠠᠷ ᠣᠷᠣᠨ ᠠᠴᠠ ᠢᠷᠡᠭᠰᠡᠨ ᠬᠦᠴᠦᠨ ᠤ ᠬᠥᠮᠥᠰ᠂ ᠳᠤᠮᠳᠠ ᠵᠡᠷᠭᠡ ᠠᠴᠠ ᠠᠷᠠᠢ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠨᠢ ᠬᠦᠴᠢᠷᠲᠡᠢ ᠭᠡᠷ ᠪᠦᠯᠢ᠂ ᠵᠠᠯᠠᠭᠤ ᠡᠮᠴᠢ᠂ ᠵᠠᠯᠠᠭᠤ ᠪᠠᠭᠰᠢ ᠵᠡᠷᠭᠡ ᠲᠤᠰᠬᠠᠢ ᠮᠡᠷᠭᠡᠵᠢᠯ ᠤᠨ ᠠᠵᠢᠯᠲᠠᠳ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠳ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠵᠡᠷᠭᠡ ᠣᠨᠴᠠᠭᠠᠢ ᠠᠵᠢᠯ ᠲᠥᠷᠥᠯ ᠤᠨ ᠣᠷᠣᠨ ᠰᠠᠭᠤᠴᠠ ᠨᠢ ᠬᠦᠴᠢᠷᠲᠡᠢ ᠠᠵᠢᠯᠲᠠᠳ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃      ᠬᠥᠲᠥᠯᠥᠭᠴᠢ᠄       ᠰᠠᠶᠢᠨ ᠪᠣᠯᠣᠯ᠎ᠠ᠂ ᠯᠢ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠳᠤ ᠪᠠᠶᠠᠷᠯᠠᠯ᠎ᠠ᠃ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠯᠢ ᠲᠢᠩᠬᠢᠮ ᠤᠨ ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢᠨ ᠪᠤᠯᠤᠩ ᠳᠤ ᠢᠷᠡᠵᠦ ᠲᠠᠶᠢᠯᠤᠮᠵᠢ ᠬᠢᠭᠰᠡᠨ ᠳᠤ ᠳᠠᠬᠢᠨᠲᠠ ᠲᠠᠯᠠᠷᠬᠠᠵᠤ ᠪᠠᠶᠢᠨ᠎ᠠ᠂ ᠮᠥᠨ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ