| | | ᠰᠤᠷᠪᠤᠯᠵᠢᠯᠠᠭᠰᠠᠨ ᠴᠠᠭ᠄ | 2018 ᠣᠨ ᠤ 11 ᠳ᠋ᠦ᠋ᠭᠡᠷ ᠰᠠᠷ᠎ᠠ ᠶᠢᠨ 20 ᠤ ᠡᠳᠦᠷ ᠤᠨ 10 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ ︵ᠲᠢᠩᠬᠢᠮ ᠤᠨ ᠳᠡᠰ︶ ᠭᠤᠤ ᠱᠢ ᠴᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠳᠤᠷᠠᠳᠤᠨ ᠭᠠᠷᠭᠠᠵᠤ᠂ ᠤᠯᠤᠰ ᠤᠨ ᠰᠢᠨ᠎ᠡ ᠴᠠᠭ ᠬᠤᠭᠤᠴᠠᠭᠠᠨ ᠤ | ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠨᠢ ᠮᠠᠨ ᠤ ᠣᠷᠣᠨ ᠤ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠳᠤ ᠠᠯᠤᠰ ᠬᠡᠳᠦ ᠶᠢᠨ ᠨᠥᠯᠥᠭᠡ ᠦᠵᠡᠭᠦᠯᠬᠦ | ᠨᠢ ᠵᠠᠶᠢᠯᠠᠰᠢ ᠦᠭᠡᠢ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠭᠤᠤ ᠱᠢ ᠴᠢᠨ ᠢ ᠤᠷᠢᠵᠤ᠂ ᠥᠪᠥᠷ ᠮᠣᠩᠭᠤᠯ ᠤᠨ ᠣᠷᠣᠨ | ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ ᠬᠠᠮᠢᠶ᠎ᠠ | ᠪᠦᠬᠦᠢ ᠠᠭᠤᠯᠭ᠎ᠠ ᠶᠢᠨ ᠲᠤᠬᠠᠢ ᠰᠦᠯᠵᠢᠶᠡᠨ ᠤ ᠠᠨᠳᠠ ᠨᠠᠷ ᠲᠠᠢ ᠰᠦᠯᠵᠢᠶ᠎ᠡ ᠪᠠᠷ ᠰᠣᠯᠢᠯᠴᠠᠭᠤᠯᠬᠤ ᠪᠣᠯᠣᠯ᠎ᠠ᠃ | ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ᠰᠦᠯᠵᠢᠶᠡᠨ ᠤ | ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ | ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ ᠭᠤᠤ ᠱᠢ ᠴᠢᠨ ᠢ ᠨᠡᠪᠲᠡᠷᠡᠭᠦᠯᠭᠡ ᠶᠢᠨ ᠲᠠᠰᠤᠭ ᠲᠤ ᠤᠷᠢᠵᠤ᠂ ᠰᠢᠨ᠎ᠡ ᠴᠠᠭ ᠬᠤᠭᠤᠴᠠᠭᠠᠨ ᠳᠤ ᠮᠠᠨ ᠤ | ᠣᠷᠣᠨ ᠠᠴᠠ ᠲᠥᠪ ᠤᠨ ᠣᠷᠣᠨ ᠪᠦᠰᠡ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠲᠦᠷᠭᠡᠳᠬᠡᠬᠦ ᠬᠤᠯᠪᠣᠭᠳᠠᠯ ᠪᠦᠬᠦᠢ | ᠰᠡᠳᠦᠪ ᠤᠨ ᠲᠣᠭᠤᠷᠢᠨ ᠳᠤ᠂ ᠰᠦᠯᠵᠢᠶ᠎ᠡ ᠪᠠᠷ ᠰᠤᠷᠪᠤᠯᠵᠢᠯᠠᠬᠤ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠤ | ᠠᠨᠳᠠ ᠨᠠᠷ ᠤᠨ ᠠᠩᠬᠠᠷᠤᠯ ᠲᠠᠯᠪᠢᠵᠤ ᠪᠠᠶᠢᠭ᠎ᠠ ᠬᠠᠮᠢᠶ᠎ᠠ ᠪᠦᠬᠦᠢ ᠠᠰᠠᠭᠤᠳᠠᠯ ᠳᠤ ᠲᠠᠶᠢᠯᠤᠮᠵᠢ ᠬᠢᠯᠭᠡᠬᠦ ᠪᠣᠯᠣᠯ᠎ᠠ᠃ | ᠭᠤᠤ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠭᠤᠤ ᠱᠢ ᠴᠢᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ | ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠳᠤᠷᠠᠳᠴᠤ᠂ 2018 ᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠴᠤ ︽ᠣᠷᠣᠨ ᠪᠦᠰᠡ ᠶᠢ ᠬᠥᠭᠵᠢᠭᠦᠯᠬᠦ ᠰᠢᠨ᠎ᠡ ᠪᠠᠶᠢᠷᠢᠯᠠᠭᠤᠯᠤᠯᠲᠠ ᠶᠢ ᠪᠣᠢ ᠪᠣᠯᠭᠠᠬᠤ︾ ᠪᠠᠷ | ᠳᠤᠷᠠᠳᠪᠠ᠃ ᠲᠡᠭᠡᠪᠡᠯ ᠤᠯᠤᠰ ᠤᠨ ᠰᠢᠨ᠎ᠡ ᠴᠠᠭ ᠬᠤᠭᠤᠴᠠᠭᠠᠨ ᠤ ᠣᠷᠣᠨ ᠪᠦᠰᠡ ᠶᠢ ᠵᠣᠬᠢᠴᠠᠩᠭᠤᠢ ᠪᠠᠷ | ᠬᠥᠭᠵᠢᠭᠦᠯᠬᠦ ᠲᠥᠷᠥ ᠶᠢᠨ ᠪᠣᠳᠣᠯᠭ᠎ᠠ ᠳᠤ ᠶᠠᠮᠠᠷ ᠶᠠᠮᠠᠷ ᠰᠢᠨ᠎ᠡ ᠬᠤᠪᠢᠷᠠᠯᠲᠠ ᠪᠠ ᠣᠨᠴᠠᠯᠢᠭ ᠪᠠᠶᠢᠬᠤ ᠪᠣᠢ︖ | ᠭᠤᠤ ᠱᠢ ᠴᠢᠨ᠄ | ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠣᠷᠣᠨ ᠪᠦᠰᠡ ᠶᠢ ᠵᠣᠬᠢᠴᠠᠩᠭᠤᠢ ᠪᠠᠷ | ᠬᠥᠭᠵᠢᠭᠦᠯᠬᠦ ᠳᠤ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠠᠭᠤᠯᠤᠭᠳᠠᠬᠤᠨ ᠣᠯᠭᠤᠪᠠ᠃ ᠡᠨᠡ ᠪᠣᠯ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠣᠷᠣᠨ ᠪᠦᠰᠡ ᠶᠢ ᠵᠣᠬᠢᠴᠠᠭᠤᠯᠬᠤ | ᠣᠨᠣᠯ ᠳᠠᠬᠢ ᠰᠢᠨ᠎ᠡ ᠡᠭᠦᠳᠦᠯᠲᠡ ᠪᠠ ᠬᠥᠭᠵᠢᠯᠲᠡ ᠪᠣᠯᠣᠨ᠎ᠠ᠃ ᠥᠩᠭᠡᠷᠡᠭᠰᠡᠨ ᠳᠤ ᠪᠢᠳᠡ ᠣᠷᠣᠨ ᠪᠦᠰᠡ ᠶᠢ | ᠵᠣᠬᠢᠴᠠᠩᠭᠤᠢ ᠪᠠᠷ ᠬᠥᠭᠵᠢᠭᠦᠯᠬᠦ ᠲᠤᠬᠠᠢ ᠶᠠᠷᠢᠬᠤ ᠳᠤ ᠪᠠᠨ᠂ ᠭᠤᠣᠯᠳᠠᠭᠤ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠣᠷᠣᠨ ᠢ | ᠮᠠᠨᠳᠤᠭᠤᠯᠬᠤ ᠪᠠ ᠵᠡᠭᠦᠨ ᠬᠡᠰᠡᠭ ᠣᠷᠣᠨ ᠢ ᠬᠥᠭᠵᠢᠭᠦᠯᠬᠦ ᠶᠢ ᠵᠢᠭᠠᠵᠤ ᠪᠠᠶᠢᠵᠠᠢ᠃ ᠠᠷᠪᠠ ᠶᠢᠰᠦᠳᠦᠭᠡᠷ ᠶᠡᠭᠡ | ᠬᠤᠷᠠᠯ ᠤᠨ ᠢᠯᠡᠳᠬᠡᠯ ᠳᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠣᠷᠣᠨ ᠢ ᠮᠠᠨᠳᠤᠭᠤᠯᠬᠤ ᠪᠠ ᠵᠡᠭᠦᠨ ᠬᠡᠰᠡᠭ ᠢ ᠬᠥᠭᠵᠢᠭᠦᠯᠬᠦ | ᠲᠤᠬᠠᠢ ᠳᠠᠬᠢᠨ ᠰᠢᠨ᠎ᠡ ᠱᠠᠭᠠᠷᠳᠠᠯᠭ᠎ᠠ ᠪᠠ ᠠᠭᠤᠯᠤᠭᠳᠠᠬᠤᠨ ᠣᠯᠭᠤᠵᠠᠢ᠃ ᠨᠡᠩ ᠢᠯᠠᠩᠭᠤᠶ᠎ᠠ ᠡᠭᠦᠨ ᠤ ᠰᠠᠭᠤᠷᠢᠨ | ᠳᠡᠭᠡᠷ᠎ᠡ᠂ ᠳᠠᠬᠢᠨ ︽ᠨᠢᠭᠡ ᠪᠦᠰᠡ ᠨᠢᠭᠡ ᠵᠠᠮ︾ ᠢ ᠰᠠᠨᠠᠭᠠᠴᠢᠯᠠᠬᠤ᠂ ᠪᠡᠭᠡᠵᠢᠩ ᠲᠢᠶᠠᠨᠵᠢᠨ ᠾᠧᠪᠧᠢ ᠶᠢ | ᠵᠣᠬᠢᠴᠠᠭᠤᠯᠤᠨ ᠬᠥᠭᠵᠢᠭᠦᠯᠬᠦ᠂ ᠬᠥᠬᠡ ᠮᠥᠷᠡᠨ ᠤ ᠠᠵᠤ ᠠᠬᠤᠢ ᠶᠢᠨ ᠪᠦᠰᠡ ᠶᠢ ᠪᠦᠲᠦᠭᠡᠨ ᠪᠠᠶᠢᠭᠤᠯᠬᠤ ᠵᠡᠷᠭᠡ ᠶᠢ | ᠳᠤᠷᠠᠳᠤᠨ ᠭᠠᠷᠭᠠᠪᠠ᠃ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠡᠨᠡ ᠬᠦ ᠤᠬᠠᠭᠳᠠᠬᠤᠨ ᠶᠢ ᠠᠷᠪᠠ | ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠨᠡᠩ ᠥᠷᠭᠡᠨ ᠳᠡᠯᠭᠡᠷ ᠢᠶᠠᠷ ᠥᠭᠦᠯᠡᠨ ᠶᠠᠷᠢᠪᠠ᠂ ᠵᠢᠱᠢᠶᠡᠯᠡᠪᠡᠯ | ᠬᠤᠲᠠ ᠬᠥᠳᠡᠭᠡ ᠶᠢ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠬᠤ ᠭᠡᠬᠦ ᠮᠡᠲᠦ᠃ ᠮᠠᠨ ᠤ ᠣᠷᠣᠨ ᠠᠴᠠ ᠠᠪᠴᠤ | ᠦᠵᠡᠪᠡᠯ᠂ ᠵᠢᠱᠢᠶᠡᠯᠡᠪᠡᠯ ᠳᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ ᠬᠠᠮᠵᠢᠯᠴᠠᠨ ᠠᠵᠢᠯᠯᠠᠬᠤ᠂ ᠵᠡᠭᠦᠨ | ᠬᠤᠶᠢᠲᠤ ᠣᠷᠣᠨ ᠪᠠ ᠥᠪᠥᠷ ᠮᠣᠩᠭᠤᠯ ᠵᠡᠭᠦᠨ ᠬᠡᠰᠡᠭ ᠤᠨ ᠬᠤᠭᠤᠷᠣᠨᠳᠤᠬᠢ ᠮᠤᠵᠢ ᠬᠢᠭᠡᠳ ᠮᠤᠵᠢ ᠶᠢᠨ | ᠬᠠᠮᠵᠢᠯᠴᠠᠨ ᠠᠵᠢᠯᠯᠠᠬᠤ᠂ ᠬᠥᠬᠡᠬᠤᠲᠠ ᠪᠤᠭᠤᠲᠤ ᠣᠷᠳᠣᠰ ᠤᠨ ᠵᠣᠬᠢᠴᠠᠯᠳᠤᠨ ᠬᠥᠭᠵᠢᠬᠦ ᠵᠡᠷᠭᠡ ᠨᠢ ᠪᠦᠷ ᠣᠷᠣᠨ | ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠠᠢ ᠳᠤ ᠬᠠᠷᠢᠶᠠᠯᠠᠭᠳᠠᠨ᠎ᠠ᠃ ᠶᠡᠷᠦᠩᠬᠡᠢ ᠳᠤ ᠨᠢ ᠠᠪᠴᠤ ᠦᠵᠡᠪᠡᠯ᠂ | ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ | ᠲᠤᠬᠠᠢ ᠥᠭᠦᠯᠡᠯᠲᠡ ᠪᠠ ᠱᠠᠭᠠᠷᠳᠠᠯᠭ᠎ᠠ ᠶᠢ ᠨᠡᠩ ᠪᠠᠶᠠᠯᠢᠭ᠂ ᠨᠡᠩ ᠰᠢᠨᠵᠢᠯᠡᠬᠦ ᠤᠬᠠᠭᠠᠨᠴᠢ᠂ ᠨᠡᠩ ᠰᠢᠰᠲ᠋ᠧᠮ ᠲᠠᠢ | ᠪᠣᠯᠭᠠᠵᠤ᠂ ᠮᠠᠨ ᠤ ᠤᠯᠤᠰ ᠤᠨ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢᠴᠡᠳ ᠪᠤᠰᠤ | ᠪᠠᠶᠢᠭ᠎ᠠ ᠵᠥᠷᠢᠴᠡᠯ ᠳᠤ ᠴᠢᠭᠯᠡᠭᠦᠯᠦᠨ ᠰᠢᠢᠳᠪᠦᠷᠢᠯᠡᠬᠦ ᠳᠤ ᠨᠡᠩ ᠴᠢᠭᠯᠡᠯᠲᠦ ᠴᠢᠨᠠᠷᠲᠠᠢ ᠲᠠᠢ ᠪᠣᠯᠭᠠᠵᠠᠢ᠃ | ᠬᠥᠲᠥᠯᠥᠭᠴᠢ᠄ | ᠲᠡᠭᠡᠪᠡᠯ ᠤᠯᠤᠰ ᠤᠨ ᠣᠷᠣᠨ ᠪᠦᠰᠡ ᠶᠢ ᠬᠥᠭᠵᠢᠭᠦᠯᠬᠦ ᠰᠢᠨ᠎ᠡ ᠪᠠᠶᠢᠯᠳᠤᠬᠤ ᠪᠣᠳᠣᠯᠭ᠎ᠠ ᠨᠢ ᠮᠠᠨ ᠤ ᠣᠷᠣᠨ ᠤ | ᠦᠢᠯᠡᠳᠪᠦᠷᠢᠯᠡᠯ ᠳᠤ ᠶᠠᠮᠠᠷ ᠨᠥᠯᠥᠭᠡ ᠦᠵᠡᠭᠦᠯᠬᠦ ᠪᠣᠢ︖ | ᠭᠤᠤ ᠱᠢ ᠴᠢᠨ᠄ | ᠤᠯᠤᠰ ᠤᠨ ᠣᠷᠣᠨ ᠪᠦᠰᠡ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠨᠢ ᠮᠠᠨ ᠤ ᠣᠷᠣᠨ ᠳᠤ ᠠᠪᠴᠤ | ᠬᠡᠯᠡᠪᠡᠯ᠂ ᠮᠠᠰᠢ ᠴᠢᠩᠭ᠎ᠠ ᠴᠢᠭᠯᠡᠯᠲᠦ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠨᠡᠯᠢᠶᠡᠳ ᠶᠡᠭᠡ ᠨᠥᠯᠥᠭᠡ | ᠲᠠᠢ ᠪᠠᠶᠢᠳᠠᠭ᠃ ᠨᠢᠭᠡ ᠳᠤ᠂ ︽ᠬᠠᠭᠤᠴᠢᠨ᠂ ᠴᠥᠭᠡᠨ ᠲᠣᠭᠠᠲᠤ ᠦᠨᠳᠦᠰᠦᠲᠡᠨ ᠤ᠂ ᠬᠢᠯᠢ ᠬᠢᠵᠠᠭᠠᠷ ᠤᠨ᠂ | ᠶᠠᠳᠠᠭᠤ ᠬᠦᠴᠢᠷᠲᠡᠢ︾ ᠭᠠᠵᠠᠷ ᠣᠷᠣᠨ ᠳᠠᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠪᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠪᠣᠯ ᠦᠨᠳᠦᠰᠦᠲᠡᠨ ᠤ ᠣᠷᠣᠨ ᠪᠣᠯᠬᠤ ᠪᠠᠷ ᠪᠠᠷᠠᠬᠤ ᠦᠭᠡᠢ᠂ ᠬᠢᠯᠢ ᠬᠢᠵᠠᠭᠠᠷ ᠤᠨ | ᠭᠠᠵᠠᠷ ᠣᠷᠣᠨ ᠪᠠᠶᠢᠵᠤ᠂ ᠬᠤᠪᠢᠰᠬᠠᠯ ᠤᠨ ᠮᠠᠰᠢ ᠣᠯᠠᠨ ᠬᠠᠭᠤᠴᠢᠨ ᠣᠷᠣᠨ ᠪᠠᠶᠢᠬᠤ ᠪᠠᠷ ᠪᠠᠷᠠᠬᠤ ᠦᠭᠡᠢ᠂ ᠮᠠᠰᠢ | ᠣᠯᠠᠨ ᠶᠠᠳᠠᠭᠤ ᠬᠦᠴᠢᠷᠲᠡᠢ ᠰᠢᠶᠠᠨ ᠪᠠᠶᠢᠳᠠᠭ᠃ ᠮᠠᠨ ᠤ ᠣᠷᠣᠨ ᠳᠤ ᠬᠢᠯᠢ ᠶᠢᠨ ᠬᠤᠰᠢᠭᠤ ᠰᠢᠶᠡᠨ ᠬᠤᠲᠠ 19 | ᠪᠠᠶᠢᠵᠤ᠂ ᠬᠢᠯᠢ ᠶᠢᠨ ᠱᠤᠭᠤᠮ ᠨᠢ 4200 ᠺᠢᠯᠣᠮᠧᠲᠷ ᠪᠠᠶᠢᠳᠠᠭ᠃ ᠤᠯᠤᠰ ᠤᠨ ᠳᠡᠰ ᠤᠨ ᠶᠠᠳᠠᠭᠤ ᠬᠦᠴᠢᠷᠲᠡᠢ | ᠰᠢᠶᠠᠨ 31᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠲᠡᠢ ᠰᠢᠶᠡᠨ 26᠂ ᠬᠤᠪᠢᠰᠬᠠᠯ ᠤᠨ | ᠬᠠᠭᠤᠴᠢᠨ ᠬᠤᠰᠢᠭᠤ ᠰᠢᠶᠡᠨ 49 ᠪᠠᠶᠢᠳᠠᠭ᠃ ᠣᠳᠣᠬᠠᠨ ᠳᠤ ᠲᠥᠪ ᠤᠨ ᠱᠠᠭᠠᠷᠳᠠᠯᠭ᠎ᠠ ᠶᠣᠰᠣᠭᠠᠷ᠂ ︽ | ᠬᠠᠭᠤᠴᠢᠨ᠂ ᠴᠥᠭᠡᠨ ᠲᠣᠭᠠᠲᠤ ᠦᠨᠳᠦᠰᠦᠲᠡᠨ ᠤ᠂ ᠬᠢᠯᠢ ᠬᠢᠵᠠᠭᠠᠷ ᠤᠨ᠂ ᠶᠠᠳᠠᠭᠤ ᠬᠦᠴᠢᠷᠲᠡᠢ︾ ᠭᠠᠵᠠᠷ | ᠣᠷᠣᠨ ᠢ ᠲᠦᠷᠭᠡᠳᠬᠡᠨ ᠬᠥᠭᠵᠢᠭᠦᠯᠬᠦ ᠶᠢ ᠪᠦᠬᠦ ᠬᠦᠴᠦᠨ ᠢᠶᠠᠷ ᠳᠡᠮᠵᠢᠬᠦ ᠨᠢ᠂ ᠮᠠᠨ ᠤ ᠣᠷᠣᠨ ᠤ ᠭᠤᠣᠯᠳᠠᠯᠭ᠎ᠠ | ᠲᠠᠢ ᠠᠵᠢᠯ ᠤᠨ ᠨᠢᠭᠡ ᠪᠣᠯᠣᠨ᠎ᠠ᠃ ᠬᠤᠶᠠᠷ ᠲᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠰᠢᠨ᠎ᠡ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ | ᠰᠠᠭᠤᠷᠢᠨ ᠭᠠᠵᠠᠷ ᠢ ᠬᠥᠭᠵᠢᠭᠦᠯᠦᠨ᠎ᠡ᠃ ᠡᠮᠦᠨ᠎ᠡ ᠬᠡᠰᠡᠭ ᠬᠤᠭᠤᠴᠠᠭᠠᠨ ᠳᠤ᠂ ᠶᠡᠷᠦᠩᠬᠡᠢ ᠱᠦᠵᠢ ᠵᠡᠭᠦᠨ ᠬᠤᠶᠢᠲᠤ | ᠣᠷᠣᠨ ᠳᠤ ᠰᠢᠨᠵᠢᠯᠡᠨ ᠪᠠᠶᠢᠴᠠᠭᠠᠵᠤ᠂ ᠯᠢᠶᠣᠤᠨᠢᠩ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ | ᠶᠠᠷᠢᠯᠴᠠᠭᠠᠨ ᠤ ᠬᠤᠷᠠᠯ ᠢ ᠬᠤᠷᠠᠯᠳᠤᠭᠤᠯᠤᠨ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ᠂ ᠪᠦᠬᠦ ᠲᠠᠯ᠎ᠠ ᠪᠠᠶᠢᠷᠢ ᠠᠴᠠ ᠬᠥᠭᠵᠢᠭᠦᠯᠦᠨ ᠮᠠᠨᠳᠤᠭᠤᠯᠬᠤ ᠲᠤᠬᠠᠢ ᠵᠢᠷᠭᠤᠭᠠᠨ ᠵᠦᠢᠯ ᠤᠨ | ᠱᠠᠭᠠᠷᠳᠠᠯᠭ᠎ᠠ ᠳᠤᠷᠠᠳᠴᠠᠢ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠨᠢᠭᠡ ᠡᠭᠡᠯᠵᠢ ᠶᠢᠨ | ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠪᠡᠭᠡᠵᠢᠩ ᠳᠤ ᠬᠤᠷᠠᠯᠳᠤᠭᠤᠯᠵᠤ᠂ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠲᠤᠬᠠᠢ ᠮᠠᠰᠢ ᠣᠯᠠᠨ ᠰᠢᠨ᠎ᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠮᠠᠨ ᠤ ᠣᠷᠣᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠵᠦ | ᠪᠠᠶᠢᠬᠤ ᠪᠠᠷ ᠪᠠᠷᠠᠬᠤ ᠦᠭᠡᠢ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ | ᠬᠦᠷᠲᠡᠵᠦ ᠪᠠᠶᠢᠳᠠᠭ ᠪᠣᠯᠬᠤᠷ᠂ ᠬᠤᠶᠠᠷ ᠵᠦᠢᠯ ᠤᠨ ᠲᠥᠷᠥ ᠶᠢᠨ ᠪᠣᠳᠣᠯᠭ᠎ᠠ ᠶᠢᠨ ᠳᠠᠪᠬᠤᠷᠳᠠᠯ ᠨᠢ ᠮᠠᠨ ᠤ | ᠣᠷᠣᠨ ᠳᠤ ᠨᠡᠯᠢᠶᠡᠳ ᠶᠡᠭᠡ ᠨᠥᠯᠥᠭᠡ ᠦᠵᠡᠭᠦᠯᠬᠦ ᠪᠣᠯᠣᠨ᠎ᠠ᠃ ᠭᠤᠷᠪᠠ ᠳᠤ᠂ ᠬᠤᠲᠠ ᠶᠢᠨ ᠪᠦᠯᠦᠭᠯᠡᠯ ᠢᠶᠠᠷ ᠭᠤᠣᠯ | ᠴᠣᠭᠴᠠ ᠪᠣᠯᠭᠠᠨ᠂ ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢ ᠵᠣᠬᠢᠴᠠᠩᠭᠤᠢ ᠪᠠᠷ | ᠬᠥᠭᠵᠢᠭᠦᠯᠬᠦ ᠰᠢᠨ᠎ᠡ ᠪᠠᠶᠢᠷᠢᠯᠠᠭᠤᠯᠤᠯᠲᠠ ᠶᠢ ᠪᠣᠢ ᠪᠣᠯᠭᠠᠨ᠎ᠠ᠃ ᠮᠠᠨ ᠤ ᠣᠷᠣᠨ ᠤ ᠨᠤᠲᠤᠭ ᠳᠡᠪᠢᠰᠬᠡᠷ ᠥᠷᠭᠡᠨ | ᠠᠭᠤᠳᠠᠮ᠂ ᠵᠡᠭᠦᠨᠰᠢ᠂ ᠪᠠᠷᠠᠭᠤᠨᠰᠢ᠂ ᠡᠮᠦᠨᠡᠰᠢ᠂ ᠤᠮᠠᠷᠠᠰᠢ ᠠᠯᠭᠠᠰᠠᠴᠠ ᠨᠢ ᠶᠡᠭᠡ ᠪᠠᠶᠢᠵᠤ᠂ ᠲᠥᠪ ᠬᠤᠲᠠ ᠶᠢᠨ | ᠳᠡᠭᠡᠷ᠎ᠡ ᠵᠢᠵᠢᠭ ᠬᠤᠲᠠ ᠶᠢ ᠨᠡᠮᠡᠭᠰᠡᠨ ᠬᠤᠲᠠ ᠶᠢᠨ ᠪᠦᠯᠦᠭᠯᠡᠯ ᠳᠤ ᠲᠦᠰᠢᠭᠯᠡᠵᠦ ᠳᠠᠶᠢᠴᠢᠯᠠᠬᠤ ᠨᠢ ᠮᠠᠰᠢ ᠴᠢᠬᠤᠯᠠ | ᠪᠠᠶᠢᠳᠠᠭ᠃ ᠵᠢᠱᠢᠶᠡᠯᠡᠪᠡᠯ᠂ ᠮᠠᠨ ᠤ ᠣᠷᠣᠨ ᠤ ᠵᠡᠭᠦᠨ ᠬᠡᠰᠡᠭ ᠭᠠᠵᠠᠷ ᠣᠷᠣᠨ ᠨᠢ᠂ ᠵᠡᠭᠦᠨ ᠬᠤᠶᠢᠲᠤ ᠶᠢᠨ ᠭᠤᠷᠪᠠᠨ | ᠮᠤᠵᠢ ᠪᠠᠷ ᠲᠦᠰᠢᠭ ᠪᠣᠯᠭᠠᠨ᠂ ᠬᠠᠷᠪᠢᠨ ᠠᠴᠠ ᠳ᠋ᠠᠯᠢᠶᠠᠨ ᠬᠦᠷᠲᠡᠯᠡᠬᠢ ᠲᠥᠪ ᠬᠤᠲᠠ ᠶᠢ ᠠᠰᠢᠭᠯᠠᠵᠤ᠂ ᠮᠠᠨ ᠤ | ᠣᠷᠣᠨ ᠤ ᠡᠷᠭᠢᠨ ᠲᠣᠭᠤᠷᠢᠨ ᠤ ᠠᠶᠢᠮᠠᠭ ᠬᠤᠲᠠ ᠶᠢ ᠨᠥᠯᠥᠭᠡᠯᠡᠨ ᠳᠠᠶᠢᠴᠢᠯᠠᠬᠤ ᠬᠡᠷᠡᠭᠲᠡᠢ᠃ ᠪᠠᠷᠠᠭᠤᠨ ᠲᠠᠯ᠎ᠠ ᠠᠴᠠ | ᠠᠪᠴᠤ ᠬᠡᠯᠡᠪᠡᠯ᠂ ᠬᠥᠬᠡᠬᠤᠲᠠ ᠪᠤᠭᠤᠲᠤ ᠣᠷᠳᠣᠰ ᠤᠨ ᠬᠥᠭᠵᠢᠯᠲᠡ ᠶᠢᠨ ᠰᠠᠭᠤᠷᠢ ᠨᠢ ᠨᠡᠯᠢᠶᠡᠳ ᠰᠠᠶᠢᠨ ᠪᠠᠶᠢᠵᠤ᠂ | ᠬᠥᠷᠰᠢ ᠵᠡᠷᠭᠡᠯᠡᠳᠡᠭᠡ ᠬᠤᠲᠠ ᠯᠤᠭ᠎ᠠ ᠵᠣᠬᠢᠴᠠᠯᠳᠤᠭᠤᠯᠤᠨ ᠬᠥᠭᠵᠢᠭᠦᠯᠬᠦ ᠶᠢ ᠴᠢᠩᠭᠠᠳᠬᠠᠬᠤ ᠪᠠᠷ ᠳᠠᠮᠵᠢᠭᠤᠯᠤᠨ᠂ | ᠪᠠᠷᠠᠭᠤᠨ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠳᠠᠶᠢᠴᠢᠯᠠᠨ᠎ᠠ᠃ ᠮᠠᠨ ᠤ ᠣᠷᠣᠨ ᠵᠡᠭᠦᠨ ᠲᠠᠯ᠎ᠠ ᠪᠠᠷ ᠢᠶᠠᠨ | ᠵᠡᠭᠦᠨ ᠬᠤᠶᠢᠲᠤ ᠶᠢᠨ ᠲᠥᠪ ᠬᠤᠲᠠ ᠪᠠᠷ ᠲᠦᠰᠢᠭ ᠪᠣᠯᠭᠠᠨ᠂ ᠬᠤᠶᠢᠲᠤ ᠲᠠᠯ᠎ᠠ ᠪᠠᠷ ᠢᠶᠠᠨ ᠣᠷᠣᠰ᠂ ᠮᠣᠩᠭᠤᠯ | ᠲᠡᠶᠢᠰᠢ ᠨᠡᠭᠡᠭᠡᠯᠲᠡ ᠬᠢᠵᠦ᠂ ᠡᠮᠦᠨ᠎ᠡ ᠲᠠᠯ᠎ᠠ ᠳᠤ ᠨᠢ ᠬᠤᠸᠠᠪᠧᠢ ᠣᠷᠣᠨ ᠪᠠᠶᠢᠵᠤ᠂ ᠬᠤᠲᠠ ᠶᠢᠨ ᠪᠦᠯᠦᠭᠯᠡᠯ ᠤᠨ | ᠨᠥᠯᠥᠭᠡᠯᠡᠬᠦ ᠪᠠ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠬᠤ ᠨᠢ᠂ ᠮᠠᠨ ᠤ ᠣᠷᠣᠨ ᠤ | ᠣᠷᠣᠨ ᠪᠦᠰᠡ ᠶᠢᠨ ᠬᠥᠭᠵᠢᠯᠲᠡ ᠳᠤ ᠮᠠᠰᠢ ᠶᠡᠭᠡ ᠨᠥᠯᠥᠭᠡ ᠦᠵᠡᠭᠦᠯᠬᠦ ᠪᠣᠯᠣᠨ᠎ᠠ᠃ ᠳᠥᠷᠪᠡ ᠳᠤ᠂ ᠪᠡᠭᠡᠵᠢᠩ | ᠲᠢᠶᠠᠨᠵᠢᠨ ᠾᠧᠪᠧᠢ ᠶᠢ ᠵᠣᠬᠢᠴᠠᠩᠭᠤᠢ ᠪᠠᠷ ᠬᠥᠭᠵᠢᠭᠦᠯᠦᠨ᠎ᠡ᠃ ᠮᠠᠨ ᠤ ᠣᠷᠣᠨ ᠾᠧᠪᠧᠢ ᠮᠤᠵᠢ ᠲᠠᠢ ᠬᠥᠷᠰᠢᠯᠡᠨ᠂ | ᠪᠡᠭᠡᠵᠢᠩ ᠲᠢᠶᠠᠨᠵᠢᠨ ᠾᠧᠪᠧᠢ ᠶᠢ ᠵᠣᠬᠢᠴᠠᠩᠭᠤᠢ ᠪᠠᠷ ᠬᠥᠭᠵᠢᠭᠦᠯᠬᠦ ᠶᠢᠨ ᠠᠵᠤ ᠦᠢᠯᠡᠰ ᠤᠨ ᠰᠢᠯᠵᠢᠯᠲᠡ᠂ | ᠴᠢᠳᠠᠪᠤᠷᠢᠲᠠᠨ ᠤ ᠰᠣᠯᠢᠯᠴᠠᠭ᠎ᠠ ᠵᠡᠷᠭᠡ ᠨᠢ ᠪᠦᠷ ᠮᠠᠨ ᠤ ᠣᠷᠣᠨ ᠳᠤ ᠨᠥᠯᠥᠭᠡᠯᠡᠨ ᠳᠠᠶᠢᠴᠢᠯᠠᠬᠤ ᠦᠢᠯᠡᠳᠦᠯ | ᠦᠵᠡᠭᠦᠯᠬᠦ ᠪᠣᠯᠣᠨ᠎ᠠ᠃ ᠶᠡᠷᠦᠩᠬᠡᠶᠢᠯᠡᠪᠡᠯ᠂ ᠤᠯᠤᠰ ᠤᠨ ᠣᠷᠣᠨ ᠪᠦᠰᠡ ᠶᠢ ᠬᠥᠭᠵᠢᠭᠦᠯᠬᠦ ᠰᠢᠨ᠎ᠡ ᠪᠠᠶᠢᠯᠳᠤᠬᠤ | ᠪᠣᠳᠣᠯᠭ᠎ᠠ ᠨᠢ ᠬᠤᠪᠢᠰᠬᠠᠯ ᠤᠨ ᠬᠠᠭᠤᠴᠢᠨ ᠣᠷᠣᠨ᠂ ᠪᠠᠷᠠᠭᠤᠨ ᠣᠷᠣᠨ ᠤ ᠶᠡᠭᠡ ᠨᠡᠭᠡᠭᠡᠨ ᠬᠥᠭᠵᠢᠭᠦᠯᠦᠯᠲᠡ᠂ | ᠵᠡᠭᠦᠨ ᠬᠡᠰᠡᠭ ᠤᠨ ᠬᠥᠭᠵᠢᠯᠲᠡ ᠮᠠᠨᠳᠤᠯᠲᠠ᠂ ᠳᠤᠮᠳᠠ ᠵᠢᠵᠢᠭ ᠬᠤᠲᠠ ᠳᠠᠬᠢ ᠨᠥᠯᠥᠭᠡ ᠨᠢ ᠪᠦᠷ ᠮᠠᠨ ᠤ | ᠣᠷᠣᠨ ᠤ ᠣᠷᠣᠨ ᠪᠦᠰᠡ ᠶᠢ ᠬᠥᠭᠵᠢᠭᠦᠯᠬᠦ ᠲᠠᠢ ᠰᠢᠭᠤᠳ ᠬᠤᠯᠪᠣᠭ᠎ᠠ ᠲᠠᠢ ᠪᠠᠶᠢᠳᠠᠭ᠃ | ᠬᠥᠲᠥᠯᠥᠭᠴᠢ᠄ | ᠭᠤᠤ ᠡᠷᠬᠢᠯᠡᠭᠴᠢ ᠶᠢᠨ ᠮᠠᠨ ᠤ ᠣᠷᠣᠨ ᠤ ᠣᠷᠣᠨ ᠪᠦᠰᠡ ᠶᠢ ᠬᠥᠭᠵᠢᠭᠦᠯᠬᠦ ᠪᠣᠳᠠᠲᠤ ᠪᠠᠶᠢᠳᠠᠯ ᠲᠠᠢ | ᠬᠤᠯᠪᠣᠵᠤ ᠲᠥᠪ ᠤᠨ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ ᠲᠡᠭᠡᠪᠡᠯ᠂ ᠮᠠᠨ ᠤ | ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠪᠠᠶᠢᠳᠠᠯ ᠨᠢ ᠶᠠᠮᠠᠷ ᠪᠣᠢ︖ | ᠭᠤᠤ ᠱᠢ ᠴᠢᠨ᠄ | ᠮᠠᠨ ᠤ ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠳᠣᠣᠷᠠᠬᠢ ᠬᠤᠶᠠᠷ | ᠦᠭᠡ ᠪᠠᠷ ᠳᠥᠭᠦᠮ ᠢᠶᠠᠷ ᠬᠤᠷᠢᠶᠠᠩᠭᠤᠶᠢᠯᠠᠵᠤ ᠪᠣᠯᠣᠨ᠎ᠠ᠃ ᠨᠢᠭᠡ ᠳᠤ᠂ ᠢᠯᠡᠳᠲᠡ ᠰᠠᠶᠢᠵᠢᠷᠠᠪᠠ︔ ᠬᠤᠶᠠᠷ ᠲᠤ᠂ | ᠵᠥᠷᠢᠶ᠎ᠡ ᠨᠢ ᠶᠡᠬᠡᠰᠴᠡᠢ᠃ ᠢᠯᠡᠳᠲᠡ ᠰᠠᠶᠢᠷᠠᠪᠠ ᠭᠡᠳᠡᠭ ᠨᠢ ᠳᠠᠷᠤᠢ ᠪᠢᠳᠡ ︽ᠬᠠᠭᠤᠴᠢᠨ᠂ ᠴᠥᠭᠡᠨ ᠲᠣᠭᠠᠲᠤ | ᠦᠨᠳᠦᠰᠦᠲᠡᠨ ᠤ᠂ ᠬᠢᠯᠢ ᠬᠢᠵᠠᠭᠠᠷ ᠤᠨ᠂ ᠶᠠᠳᠠᠭᠤ ᠬᠦᠴᠢᠷᠲᠡᠢ︾ ᠭᠠᠵᠠᠷ ᠣᠷᠣᠨ᠂ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠵᠡᠷᠭᠡ ᠲᠠᠯ᠎ᠠ ᠪᠠᠷ ᠢᠯᠡᠳᠲᠡ | ᠰᠠᠶᠢᠵᠢᠷᠠᠭᠰᠠᠨ ᠢ ᠵᠢᠭᠠᠵᠤ ᠪᠠᠶᠢᠨ᠎ᠠ᠃ ᠵᠥᠷᠢᠶ᠎ᠡ ᠨᠢ ᠶᠡᠬᠡᠰᠴᠡᠢ ᠭᠡᠳᠡᠭ ᠨᠢ ᠭᠤᠣᠯᠳᠠᠭᠤ ᠬᠤᠶᠠᠷ ᠲᠠᠯ᠎ᠠ ᠪᠠᠷ | ᠢᠯᠡᠷᠡᠵᠦ ᠪᠠᠶᠢᠨ᠎ᠠ᠂ ᠨᠢᠭᠡ ᠲᠠᠯ᠎ᠠ ᠪᠠᠷ ᠬᠤᠲᠠ ᠬᠥᠳᠡᠭᠡ ᠶᠢᠨ ᠵᠥᠷᠢᠶ᠎ᠡ ᠶᠡᠬᠡᠰᠴᠡᠢ᠂ ᠨᠥᠭᠦᠭᠡ ᠲᠠᠯ᠎ᠠ ᠪᠠᠷ ᠵᠡᠭᠦᠨ | ᠪᠠᠷᠠᠭᠤᠨ ᠬᠡᠰᠡᠭ ᠣᠷᠣᠨ ᠤ ᠵᠥᠷᠢᠶ᠎ᠡ ᠶᠡᠬᠡᠰᠴᠡᠢ᠃ ᠥᠪᠥᠷ ᠮᠣᠩᠭᠤᠯ ᠤᠨ ᠵᠡᠭᠦᠨ ᠬᠡᠰᠡᠭ ᠣᠷᠣᠨ ᠤ ᠬᠥᠮᠥᠨ ᠠᠮᠠ᠂ | ᠭᠠᠵᠠᠷ ᠰᠢᠷᠣᠢ ᠨᠢ ᠪᠦᠷ ᠪᠦᠬᠦ ᠥᠪᠡᠷᠲᠡᠭᠡᠨ ᠵᠠᠰᠠᠬᠤ ᠣᠷᠣᠨ ᠤ 50% ᠠᠴᠠ ᠳᠡᠭᠡᠭᠰᠢᠬᠢ ᠶᠢ ᠡᠵᠡᠯᠡᠵᠦ᠂ ᠵᠠᠷᠢᠮ | ᠨᠢ 56% ᠶᠢ ᠡᠵᠡᠯᠡᠵᠦ ᠪᠠᠶᠢᠨ᠎ᠠ᠂ ᠭᠡᠪᠡᠴᠦ GDP ᠨᠢ ᠵᠥᠪᠬᠡᠨ ᠪᠦᠬᠦ ᠣᠷᠣᠨ ᠤ 30% ᠶᠢ ᠡᠵᠡᠯᠡᠵᠦ᠂ | ᠡᠳ᠋ ᠤᠨ ᠵᠠᠰᠠᠭ ᠤᠨ ᠣᠷᠣᠯᠭ᠎ᠠ ᠨᠢ ᠵᠥᠪᠬᠡᠨ ᠪᠦᠬᠦ ᠣᠷᠣᠨ ᠤ 20% ᠶᠢ ᠯᠡ ᠡᠵᠡᠯᠡᠵᠦ ᠪᠠᠶᠢᠨ᠎ᠠ᠃ ᠬᠥᠮᠥᠨ | ᠪᠦᠷᠢ ᠳᠤ ᠲᠡᠭᠰᠢᠳᠬᠡᠭᠰᠡᠨ ᠦᠢᠯᠡᠳᠪᠦᠷᠢᠯᠡᠯ ᠤᠨ ᠶᠡᠷᠦᠩᠬᠡᠢ ᠥᠷᠲᠡᠭ ︵ᠲᠤᠬᠠᠶᠢᠯᠠᠪᠠᠯ ᠬᠥᠮᠥᠨ ᠪᠦᠷᠢ ᠳᠤ | ᠲᠡᠭᠰᠢᠳᠬᠡᠭᠰᠡᠨ GDP︶᠂ ᠮᠠᠯᠴᠢᠨ ᠲᠠᠷᠢᠶᠠᠴᠢᠳ ᠤᠨ ᠴᠡᠪᠡᠷ ᠣᠷᠣᠯᠭ᠎ᠠ᠂ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠡᠵᠡᠮᠳᠡᠵᠦ ᠪᠣᠯᠬᠤᠶᠢᠴᠠ ᠣᠷᠣᠯᠭ᠎ᠠ ᠪᠠ ᠡᠳ᠋ ᠤᠨ ᠵᠠᠰᠠᠭ ᠤᠨ ᠣᠷᠣᠯᠭ᠎ᠠ ᠵᠡᠷᠭᠡ ᠳᠥᠷᠪᠡᠨ ᠵᠦᠢᠯ ᠤᠨ | ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠠᠴᠠ ᠠᠪᠴᠤ ᠦᠵᠡᠪᠡᠯ᠂ ᠪᠠᠷᠠᠭᠤᠨ ᠬᠡᠰᠡᠭ ᠣᠷᠣᠨ | ᠬᠢᠭᠡᠳ ᠵᠡᠭᠦᠨ ᠬᠡᠰᠡᠭ ᠣᠷᠣᠨ ᠤ ᠬᠠᠮᠤᠭ ᠤᠨ ᠶᠡᠭᠡ ᠵᠥᠷᠢᠶ᠎ᠡ ᠨᠢ 6.6 ᠳᠠᠬᠢᠨ᠂ 11.65 ᠳᠠᠬᠢᠨ᠂ 1.96 | ᠳᠠᠬᠢᠨ ᠪᠠ 1.69 ᠳᠠᠬᠢᠨ ᠳᠤ ᠬᠦᠷᠪᠡ᠃ ᠶᠡᠷᠦᠩᠬᠡᠢ ᠳᠤ ᠨᠢ ᠠᠪᠴᠤ ᠦᠵᠡᠪᠡᠯ᠂ ᠰᠠᠶᠢᠵᠢᠷᠠᠯᠲᠠ ᠲᠠᠢ ᠪᠣᠯᠪᠠᠴᠤ | ᠵᠥᠷᠢᠶ᠎ᠡ ᠨᠢ ᠮᠥᠨ ᠶᠡᠬᠡᠰᠴᠦ ᠪᠠᠶᠢᠨ᠎ᠠ᠃ | ᠬᠥᠲᠥᠯᠥᠭᠴᠢ᠄ | ᠶᠠᠭᠤᠨ ᠤ ᠤᠴᠢᠷ ᠠᠴᠠ ᠡᠳᠡᠭᠡᠷ ᠠᠰᠠᠭᠤᠳᠠᠯ ᠡᠭᠦᠰᠦᠭᠰᠡᠨ ᠪᠣᠢ︖ | ᠭᠤᠤ ᠱᠢ ᠴᠢᠨ᠄ | ᠮᠠᠨ ᠤ ᠣᠷᠣᠨ ᠤ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢᠴᠡᠳ ᠪᠤᠰᠤ ᠪᠠᠶᠢᠳᠠᠯ ᠢ ᠪᠣᠢ ᠪᠣᠯᠭᠠᠭᠰᠠᠨ | ᠰᠢᠯᠲᠠᠭᠠᠨ ᠳᠤ ᠪᠣᠳᠠᠲᠠᠢ ᠪᠠᠷ ᠵᠠᠳᠠᠯᠤᠯᠲᠠ ᠬᠢᠪᠡᠯ ᠮᠠᠰᠢ ᠣᠯᠠᠨ ᠰᠢᠯᠲᠠᠭᠠᠨ ᠪᠠᠶᠢᠳᠠᠭ᠃ ᠵᠢᠱᠢᠶᠡᠯᠡᠪᠡᠯ ᠲᠡᠦᠬᠡ | ᠬᠥᠮᠥᠨ ᠰᠣᠶᠣᠯ᠂ ᠭᠠᠵᠠᠷ ᠵᠦᠢ ᠶᠢᠨ ᠨᠥᠬᠦᠴᠡᠯ᠂ ᠪᠠᠶᠢᠭᠠᠯᠢ ᠶᠢᠨ ᠣᠷᠴᠢᠨ ᠲᠣᠭᠤᠷᠢᠨ᠂ ᠡᠬᠢ ᠪᠠᠶᠠᠯᠢᠭ ᠤᠨ | ᠰᠤᠷᠪᠤᠯᠵᠢ᠂ ᠪᠠᠶᠢᠭᠤᠯᠤᠯ ᠲᠣᠭᠲᠠᠴᠠ ᠭᠡᠬᠦ ᠮᠡᠲᠦ ᠶᠢᠨ ᠠᠰᠠᠭᠤᠳᠠᠯ ᠪᠠᠶᠢᠵᠤ᠂ ᠬᠡᠷᠪᠡ ᠨᠢᠭᠡ ᠨᠢᠭᠡ ᠪᠠᠷ ᠵᠠᠳᠠᠯᠤᠯᠲᠠ | ᠬᠢᠪᠡᠯ᠂ ᠨᠡᠯᠢᠶᠡᠳ ᠣᠯᠠᠨ ᠵᠦᠢᠯ ᠤᠨ ᠦᠨᠡᠨ ᠪᠣᠳᠠᠲᠠᠢ ᠰᠢᠯᠲᠠᠭᠠᠨ ᠢ ᠶᠠᠷᠢᠨ ᠭᠠᠷᠭᠠᠵᠤ ᠪᠣᠯᠣᠨ᠎ᠠ᠃ ᠭᠡᠲᠡᠯ᠎ᠡ ᠰᠢ | ᠶᠡᠷᠦᠩᠬᠡᠢ ᠱᠦᠵᠢ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠶᠠᠷᠢᠬᠤ ᠦᠶ᠎ᠡ ᠳᠤ᠂ ᠵᠡᠭᠦᠨ | ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠤᠭ ᠤᠨ ᠭᠤᠣᠯ᠂ ᠬᠠᠮᠤᠭ ᠤᠨ ᠦᠨᠳᠦᠰᠦᠨ | ᠠᠰᠠᠭᠤᠳᠠᠯ ᠪᠣᠯ ᠪᠠᠶᠢᠭᠤᠯᠤᠯ ᠲᠣᠭᠲᠠᠴᠠ ᠶᠢᠨ ᠠᠰᠠᠭᠤᠳᠠᠯ ᠪᠠᠶᠢᠵᠤ᠂ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢᠨ | ᠦᠨᠳᠦᠰᠦᠨ ᠭᠠᠷᠬᠤ ᠵᠠᠮ ᠨᠢ ᠥᠭᠡᠷᠡᠴᠢᠯᠡᠯᠲᠡ ᠳᠤ ᠲᠦᠰᠢᠭᠯᠡᠬᠦ ᠬᠡᠷᠡᠭᠲᠡᠢ ᠭᠡᠵᠡᠢ᠃ ᠶᠡᠷᠦᠩᠬᠡᠢ ᠱᠦᠵᠢ ᠶᠢᠨ ᠡᠨᠡ | ᠬᠤᠶᠠᠷ ᠲᠠᠯ᠎ᠠ ᠶᠢᠨ ᠱᠠᠭᠠᠷᠳᠠᠯᠭ᠎ᠠ ᠪᠠᠷ ᠳᠠᠬᠢᠨ ᠮᠠᠨ ᠤ ᠣᠷᠣᠨ ᠤ ᠵᠡᠭᠦᠨ ᠪᠠᠷᠠᠭᠤᠨ ᠬᠡᠰᠡᠭ ᠣᠷᠣᠨ ᠤ ᠵᠥᠷᠢᠶ᠎ᠡ ᠶᠢᠨ | ᠠᠰᠠᠭᠤᠳᠠᠯ ᠢ ᠠᠪᠴᠤ ᠦᠵᠡᠪᠡᠯ᠂ ᠪᠢᠳᠡ ᠳᠠᠷᠤᠢ ᠠᠰᠠᠭᠤᠳᠠᠯ ᠢ ᠰᠢᠢᠳᠪᠦᠷᠢᠯᠡᠬᠦ ᠭᠠᠷᠬᠤ ᠵᠠᠮ ᠢ ᠡᠷᠢᠵᠦ ᠣᠯᠵᠤ | ᠪᠣᠯᠣᠨ᠎ᠠ᠃ ᠨᠢᠭᠡ ᠲᠠᠯ᠎ᠠ ᠪᠠᠷ ᠣᠷᠳᠣᠰ ᠬᠤᠲᠠ ᠪᠠᠷ ᠲᠥᠯᠥᠭᠡᠯᠡᠭᠴᠢ ᠪᠣᠯᠭᠠᠭᠰᠠᠨ ᠪᠠᠷᠠᠭᠤᠨ ᠬᠡᠰᠡᠭ ᠣᠷᠣᠨ ᠤ | ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠬᠡᠷᠪᠡ ᠣᠷᠳᠣᠰ ᠲᠤ ᠨᠡᠭᠦᠷᠡᠰᠦ ᠪᠠᠶᠢᠵᠤ᠂ ᠡᠬᠢ ᠪᠠᠶᠠᠯᠢᠭ ᠤᠨ | ᠰᠤᠷᠪᠤᠯᠵᠢ ᠨᠢ ᠰᠢᠢᠳᠪᠦᠷᠢᠯᠡᠭᠴᠢ ᠬᠦᠴᠦᠨ ᠵᠦᠢᠯ ᠪᠣᠯᠵᠤ ᠪᠠᠶᠢᠨ᠎ᠠ ᠭᠡᠵᠦ ᠬᠡᠯᠡᠪᠡᠴᠦ᠂ ᠪᠦᠬᠦ ᠤᠯᠤᠰ ᠲᠤ | ᠨᠡᠭᠦᠷᠡᠰᠦ ᠲᠠᠢ ᠭᠠᠵᠠᠷ ᠮᠠᠰᠢ ᠣᠯᠠᠨ ᠪᠠᠶᠢᠬᠤ ᠪᠥᠭᠡᠳ ᠨᠡᠭᠦᠷᠡᠰᠦ ᠲᠠᠢ ᠭᠠᠵᠠᠷ ᠪᠣᠯᠭᠠᠨ ᠨᠢ ᠪᠦᠷ ᠣᠷᠳᠣᠰ ᠤᠨ | ᠬᠥᠭᠵᠢᠯᠲᠡ ᠰᠢᠭ ᠡᠶᠢᠮᠦ ᠲᠦᠷᠭᠡᠨ ᠪᠢᠰᠢ ᠪᠠᠶᠢᠳᠠᠭ᠃ ᠡᠳᠡᠭᠡᠷ ᠵᠢᠯ ᠤᠳ ᠲᠤ ᠵᠡᠭᠦᠨ ᠪᠠᠷᠠᠭᠤᠨ ᠬᠡᠰᠡᠭ ᠣᠷᠣᠨ ᠤ | ᠵᠥᠷᠢᠶ᠎ᠡ ᠢᠳᠡᠭ ᠢᠳᠡᠭ ᠢᠶᠠᠷ ᠶᠡᠬᠡᠰᠴᠦ᠂ ᠬᠥᠬᠡᠬᠤᠲᠠ ᠪᠤᠭᠤᠲᠤ ᠣᠷᠳᠣᠰ ᠢᠶᠠᠷ ᠳᠠᠶᠢᠴᠢᠯᠠᠬᠤ ᠦᠢᠯᠡᠳᠦᠯ ᠪᠦᠬᠦᠢ | ᠬᠤᠲᠠ ᠶᠢᠨ ᠪᠦᠯᠦᠭᠯᠡᠯ ᠢ ᠪᠦᠷᠢᠯᠳᠦᠭᠦᠯᠬᠦ ᠳᠤ᠂ ᠵᠥᠪᠬᠡᠨ ᠨᠡᠭᠦᠷᠡᠰᠦ ᠶᠢᠨ ᠡᠬᠢ ᠪᠠᠶᠠᠯᠢᠭ ᠤᠨ ᠳᠠᠪᠠᠭᠤᠯᠢᠭ ᠲᠤ | ᠲᠦᠰᠢᠭᠯᠡᠭᠰᠡᠨ ᠪᠢᠰᠢ᠃ ᠨᠥᠬᠦᠭᠡ ᠲᠠᠯ᠎ᠠ ᠪᠠᠷ ᠵᠡᠭᠦᠨ ᠬᠡᠰᠡᠭ ᠣᠷᠣᠨ ᠤ ᠬᠥᠭᠵᠢᠯᠲᠡ ᠨᠢ ᠨᠡᠯᠢᠶᠡᠳ ᠤᠳᠠᠭᠠᠨ | ᠪᠠᠶᠢᠬᠤ ᠨᠢ᠂ ᠨᠡᠭᠦᠷᠡᠰᠦ ᠶᠢᠨ ᠡᠬᠢ ᠪᠠᠶᠠᠯᠢᠭ ᠪᠠᠶᠢᠬᠤ ᠦᠭᠡᠢ ᠠᠴᠠ ᠪᠣᠯᠵᠤ ᠬᠥᠭᠵᠢᠵᠦ ᠴᠢᠳᠠᠬᠤ ᠦᠭᠡᠢ ᠪᠠᠶᠢᠬᠤ | ᠪᠢᠰᠢ᠂ ᠵᠡᠭᠦᠨ ᠬᠡᠰᠡᠭ ᠣᠷᠣᠨ ᠳᠤ ᠮᠥᠨ ᠴᠤ ᠮᠠᠰᠢ ᠣᠯᠠᠨ ᠲᠤᠶᠢᠯ ᠤᠨ ᠬᠤᠪᠣᠷ ᠴᠤᠬᠠᠭ ᠡᠬᠢ ᠪᠠᠶᠠᠯᠢᠭ ᠪᠠᠶᠢᠳᠠᠭ᠃ | ᠵᠢᠱᠢᠶᠡᠯᠡᠪᠡᠯ ᠣᠢ ᠰᠢᠭᠤᠢ᠂ ᠲᠠᠯ᠎ᠠ ᠨᠤᠲᠤᠭ᠂ ᠨᠠᠭᠤᠷ ᠴᠥᠭᠦᠷᠥᠮ᠂ ᠨᠤᠭᠤ ᠭᠠᠵᠠᠷ᠂ ᠶᠡᠭᠡ ᠬᠡᠮᠵᠢᠶᠡᠨ ᠤ | ᠲᠠᠷᠢᠶᠠᠨ ᠭᠠᠵᠠᠷ᠂ ᠡᠯᠪᠡᠭ ᠳᠡᠯᠪᠡᠭ ᠤᠰᠤᠨ ᠤ ᠡᠬᠢ ᠪᠠᠶᠠᠯᠢᠭ ᠭᠡᠬᠦ ᠮᠡᠲᠦ᠃ ᠡᠶᠢᠮᠦ ᠠᠴᠠ ᠡᠨᠡ ᠨᠢ ᠵᠥᠪᠬᠡᠨ | ᠳᠥᠭᠦᠮᠬᠡᠨ ᠡᠬᠢ ᠪᠠᠶᠠᠯᠢᠭ ᠤᠨ ᠠᠰᠠᠭᠤᠳᠠᠯ ᠲᠡᠳᠦᠢ ᠪᠢᠰᠢ᠂ ᠮᠥᠨ ᠴᠤ ᠪᠠᠶᠢᠭᠠᠯᠢ ᠶᠢᠨ ᠨᠥᠬᠦᠴᠡᠯ ᠤᠨ ᠠᠰᠠᠭᠤᠳᠠᠯ | ᠪᠢᠰᠢ᠃ ᠬᠡᠷᠪᠡ ᠣᠳᠣᠬᠢ ᠪᠠᠶᠢᠳᠠᠯ ᠢᠶᠠᠷ ᠬᠠᠷᠢᠴᠠᠭᠤᠯᠪᠠᠯ ᠨᠡᠯᠢᠶᠡᠳ ᠣᠯᠠᠨ ᠰᠢᠯᠲᠠᠭᠠᠨ ᠢ ᠶᠠᠷᠢᠨ ᠭᠠᠷᠭᠠᠵᠤ | ᠪᠣᠯᠣᠨ᠎ᠠ᠂ ᠭᠡᠲᠡᠯ᠎ᠡ ᠮᠠᠨ ᠤ ᠬᠥᠭᠵᠢᠯᠲᠡ ᠶᠢᠨ ᠠᠮᠵᠢᠯᠲᠠ ᠣᠯᠣᠭᠰᠠᠨ ᠵᠠᠮ ᠳᠤ ᠨᠠᠷᠢᠨ ᠵᠠᠳᠠᠯᠤᠯᠲᠠ ᠬᠢᠪᠡᠯ᠂ | ᠦᠨᠳᠦᠰᠦᠨ ᠠᠴᠠ ᠨᠢ ᠠᠪᠴᠤ ᠬᠡᠯᠡᠪᠡᠯ᠂ ᠬᠠᠰᠢ ᠯᠡ ᠶᠡᠷᠦᠩᠬᠡᠢ ᠱᠦᠵᠢ ᠶᠢᠨ ᠬᠡᠯᠡᠭᠰᠡᠨ ᠬᠤᠶᠠᠷ ᠦᠭᠡ ᠪᠠᠷ | ᠬᠤᠷᠢᠶᠠᠩᠭᠤᠶᠢᠯᠠᠵᠤ ᠪᠣᠯᠣᠨ᠎ᠠ᠂ ᠲᠤᠬᠠᠶᠢᠯᠠᠪᠠᠯ ᠦᠨᠳᠦᠰᠦᠨ ᠠᠰᠠᠭᠤᠳᠠᠯ ᠨᠢ ᠪᠠᠶᠢᠭᠤᠯᠤᠯ ᠲᠣᠭᠲᠠᠴᠠ ᠶᠢᠨ | ᠠᠰᠠᠭᠤᠳᠠᠯ ᠪᠠᠶᠢᠵᠤ᠂ ᠡᠨᠡ ᠬᠦ ᠵᠥᠷᠢᠶ᠎ᠡ ᠶᠢ ᠪᠠᠭᠠᠰᠬᠠᠬᠤ ᠦᠨᠳᠦᠰᠦᠨ ᠠᠷᠭ᠎ᠠ ᠵᠠᠮ ᠨᠢ ᠥᠭᠡᠷᠡᠴᠢᠯᠡᠯᠲᠡ ᠳᠤ | ᠲᠦᠰᠢᠭᠯᠡᠬᠦ ᠬᠡᠷᠡᠭᠲᠡᠢ᠃ ᠮᠠᠨ ᠤ ᠣᠷᠣᠨ ᠤ ᠵᠡᠭᠦᠨ ᠬᠡᠰᠡᠭ ᠣᠷᠣᠨ ᠨᠢ ᠪᠣᠳᠠᠲᠤ ᠢᠯᠡᠷᠡᠯ ᠶᠢᠨ ᠲᠠᠯ᠎ᠠ ᠪᠠᠷ᠂ | ᠲᠦᠷᠦᠭᠦᠨ ᠤ ᠠᠯᠬᠤᠮ ᠳᠤ ᠳᠠᠷᠤᠢ ᠲᠥᠯᠥᠪᠯᠡᠭᠡᠲᠦ ᠠᠵᠤ ᠠᠬᠤᠢ ᠳᠤ ᠠᠯᠬᠤᠨ ᠣᠷᠣᠭᠰᠠᠨ ᠪᠣᠯᠪᠠᠴᠤ᠂ | ᠬᠠᠮᠤᠭ ᠤᠨ ᠡᠴᠦᠰ ᠲᠤ ᠲᠥᠯᠥᠪᠯᠡᠭᠡᠲᠦ ᠠᠵᠤ ᠠᠬᠤᠢ ᠠᠴᠠ ᠪᠤᠴᠠᠨ ᠭᠠᠷᠬᠤ ᠳᠤ ᠴᠤ ᠬᠦᠴᠢᠷ ᠪᠣᠯᠵᠠᠢ᠃ ᠵᠡᠭᠦᠨ | ᠬᠡᠰᠡᠭ ᠣᠷᠣᠨ ᠬᠥᠭᠵᠢᠯᠲᠡ ᠪᠠᠨ ᠲᠦᠷᠭᠡᠳᠬᠡᠶ᠎ᠡ ᠭᠡᠪᠡᠯ᠂ ᠬᠠᠮᠤᠭ ᠤᠨ ᠴᠢᠬᠤᠯᠠ ᠨᠢ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠳᠤ ᠲᠦᠰᠢᠭᠯᠡᠵᠦ᠂ ᠵᠠᠬ᠎ᠠ ᠳᠡᠯᠭᠡᠭᠦᠷ ᠤᠨ ᠠᠮᠢᠳᠤ ᠬᠦᠴᠦᠨ ᠢ ᠬᠥᠭᠵᠢᠭᠡᠨ᠂ ᠵᠠᠬ᠎ᠠ ᠳᠡᠯᠭᠡᠭᠦᠷ ᠤᠨ | ᠰᠢᠨ᠎ᠡ ᠭᠤᠣᠯ ᠴᠣᠭᠴᠠ ᠶᠢ ᠬᠥᠮᠥᠵᠢᠭᠦᠯᠦᠨ᠂ ᠰᠢᠨ᠎ᠡ ᠬᠥᠳᠡᠯᠭᠡᠭᠴᠢ ᠬᠦᠴᠦᠨ ᠢ ᠬᠥᠮᠥᠵᠢᠭᠦᠯᠦᠨ ᠪᠣᠶᠢᠵᠢᠭᠤᠯᠬᠤ | ᠬᠡᠷᠡᠭᠲᠡᠢ᠃ | ᠬᠥᠲᠥᠯᠥᠭᠴᠢ᠄ | ᠭᠤᠤ ᠡᠷᠬᠢᠯᠡᠭᠴᠢ ᠶᠢᠨ ᠵᠠᠳᠠᠯᠤᠯᠲᠠ ᠪᠠ ᠲᠠᠶᠢᠯᠤᠮᠵᠢ ᠮᠠᠰᠢ ᠪᠦᠷᠢᠨ ᠭᠦᠢᠴᠡᠳ ᠪᠠᠶᠢᠨ᠎ᠠ᠃ ᠮᠠᠨ ᠤ | ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠣᠳᠣᠬᠢ ᠪᠠᠶᠢᠳᠠᠯ ᠳᠤ ᠴᠢᠭᠯᠡᠭᠦᠯᠵᠦ᠂ ᠵᠠᠯᠭᠠᠭᠠᠳ ᠠᠵᠢᠯ ᠢᠶᠠᠨ | ᠶᠠᠭᠠᠬᠢᠵᠤ ᠬᠢᠬᠦ ᠪᠣᠢ︖ | ᠭᠤᠤ ᠱᠢ ᠴᠢᠨ᠄ | ᠣᠳᠣᠬᠠᠨ ᠳᠤ ᠪᠣᠳᠠᠲᠠᠢ ᠪᠠᠷ ᠳᠣᠣᠷᠠᠬᠢ ᠬᠡᠳᠦᠨ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ | ᠲᠥᠪ ᠤᠨ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠬᠦ ᠬᠡᠷᠡᠭᠲᠡᠢ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠳᠡᠭᠡᠳᠦ ᠱᠠᠲᠤᠨ ᠠᠴᠠ ᠳᠣᠣᠷᠠᠳᠤ ᠱᠠᠲᠤᠨ ᠲᠡᠶᠢᠰᠢ ᠦᠵᠡᠪᠡᠯ᠂ ᠳᠠᠷᠤᠢ | ᠲᠥᠪ ᠠᠴᠠ ᠣᠷᠣᠨ ᠨᠤᠲᠤᠭ ᠲᠡᠶᠢᠰᠢ ᠦᠵᠡᠪᠡᠯ᠂ ᠭᠤᠣᠯᠳᠠᠭᠤ ᠲᠡᠩᠴᠡᠭᠦᠷᠢ ᠲᠠᠢ ᠪᠠᠶᠢᠯᠭᠠᠬᠤ ᠶᠢ ᠨᠢᠭᠡᠳᠦᠯᠲᠡᠢ | ᠲᠥᠯᠥᠪᠵᠢᠭᠦᠯᠦᠨ᠎ᠡ᠂ ᠳᠠᠷᠤᠢ ᠬᠥᠭᠵᠢᠭᠰᠡᠨ ᠭᠠᠵᠠᠷ ᠣᠷᠣᠨ ᠪᠠ ᠬᠥᠭᠵᠢᠭᠡᠳᠦᠢ ᠭᠠᠵᠠᠷ ᠣᠷᠣᠨ ᠤ ᠵᠥᠷᠢᠶ᠎ᠡ ᠶᠢ | ᠦᠵᠡᠵᠦ᠂ ᠬᠤᠴᠣᠷᠤᠩᠭᠤᠢ ᠭᠠᠵᠠᠷ ᠣᠷᠣᠨ ᠢ ᠬᠤᠴᠣᠷᠤᠭᠤᠯᠵᠤ ᠪᠣᠯᠬᠤ ᠦᠭᠡᠢ᠂ ᠤᠯᠤᠰ ᠠᠴᠠ ᠣᠯᠭᠤᠭᠰᠠᠨ | ᠳᠡᠮᠵᠢᠯᠭᠡ ᠪᠠ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ᠣᠷᠣᠨ ᠪᠦᠰᠡ ᠶᠢᠨ ᠬᠤᠭᠤᠷᠣᠨᠳᠤ ᠪᠠᠨ | ᠬᠠᠷᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠥᠭᠵᠢᠯᠲᠡ ᠶᠢ ᠲᠦᠷᠭᠡᠳᠬᠡᠬᠦ ᠬᠡᠷᠡᠭᠲᠡᠢ᠃ ᠬᠠᠷᠢᠯᠴᠠᠨ | ᠬᠠᠪᠰᠤᠷᠤᠯᠴᠠᠬᠤ ᠬᠠᠮᠵᠢᠯᠴᠠᠭ᠎ᠠ ᠠᠴᠠ ᠠᠪᠴᠤ ᠦᠵᠡᠪᠡᠯ᠂ ᠮᠥᠨ ᠴᠤ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ | ᠪᠠᠶᠢᠳᠠᠭ᠃ ᠵᠢᠱᠢᠶᠡᠯᠡᠪᠡᠯ ᠵᠡᠭᠦᠨ ᠪᠠᠷᠠᠭᠤᠨ ᠬᠡᠰᠡᠭ ᠣᠷᠣᠨ ᠤ ᠬᠤᠭᠤᠷᠣᠨᠳᠤᠬᠢ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠣᠬᠢᠴᠠᠩᠭᠤᠢ ᠬᠥᠭᠵᠢᠯᠲᠡ ᠳᠤ᠂ | ᠬᠠᠷᠢᠯᠴᠠᠨ ᠬᠠᠮᠲᠤᠷᠠᠯᠴᠠᠬᠤ ᠨᠢ ᠮᠥᠨ ᠴᠤ ᠬᠠᠮᠲᠤ ᠪᠠᠷ ᠢᠯᠠᠯᠲᠠ ᠣᠯᠬᠤ ᠦᠷ᠎ᠡ ᠨᠥᠯᠥᠭᠡ ᠶᠢ ᠪᠣᠢ ᠪᠣᠯᠭᠠᠳᠠᠭ᠂ | ᠵᠢᠱᠢᠶᠡᠯᠡᠪᠡᠯ ᠵᠠᠮ ᠬᠠᠷᠢᠯᠴᠠᠭᠠᠨ ᠤ ᠪᠡᠯᠡᠳᠬᠡᠮᠵᠢ᠂ ᠬᠠᠮᠲᠤ ᠪᠠᠷ ᠬᠤᠯᠪᠣᠭᠠᠯᠠᠵᠤ ᠬᠠᠮᠲᠤ ᠪᠠᠷ ᠨᠡᠪᠲᠡᠷᠡᠯᠴᠡᠬᠦ᠂ ᠠᠮᠢ | ᠠᠬᠤᠢ ᠶᠢ ᠬᠠᠷᠢᠯᠴᠠᠨ ᠬᠠᠮᠠᠭᠠᠯᠠᠬᠤ ᠵᠡᠷᠭᠡ ᠨᠢ᠂ ᠣᠯᠠᠨ ᠳᠤ ᠪᠦᠷ ᠬᠥᠭᠵᠢᠯᠲᠡ ᠶᠢᠨ ᠠᠵᠤ ᠲᠣᠬᠢᠶᠠᠯ ᠢ | ᠨᠡᠮᠡᠭᠳᠡᠭᠦᠯᠵᠦ ᠪᠣᠯᠣᠨ᠎ᠠ᠃ ᠬᠥᠭᠵᠢᠭᠡᠳᠦᠢ ᠭᠠᠵᠠᠷ ᠣᠷᠣᠨ ᠤ ᠲᠤᠬᠠᠢ ᠳᠡᠭᠡᠳᠦ ᠱᠠᠲᠤᠨ ᠠᠴᠠ ᠳᠣᠣᠷᠠᠳᠤ ᠱᠠᠲᠤᠨ | ᠲᠡᠶᠢᠰᠢ ᠦᠵᠡᠪᠡᠯ᠂ ᠲᠥᠪ ᠢ ᠦᠵᠡᠨ᠂ ᠬᠥᠷᠰᠢ ᠵᠡᠷᠭᠡᠯᠡᠳᠡᠭᠡ ᠭᠠᠵᠠᠷ ᠣᠷᠣᠨ ᠢ ᠦᠵᠡᠵᠦ᠂ ᠡᠷᠬᠡᠪᠰᠢ ᠠᠵᠠ | ᠲᠣᠬᠢᠶᠠᠯ ᠤᠨ ᠦᠵᠡᠯ ᠤᠬᠠᠮᠰᠠᠷ ᠪᠠᠶᠢᠬᠤ ᠬᠡᠷᠡᠭᠲᠡᠢ᠃ ᠲᠥᠪ ᠤᠨ ᠲᠥᠷᠥ ᠶᠢᠨ ᠪᠣᠳᠣᠯᠭ᠎ᠠ ᠶᠢ ᠡᠷᠬᠡᠪᠰᠢ ᠰᠠᠶᠢᠲᠤᠷ | ᠬᠡᠷᠡᠭᠯᠡᠨ᠂ ᠠᠵᠠ ᠲᠣᠬᠢᠶᠠᠯ ᠢ ᠡᠵᠡᠮᠳᠡᠬᠦ ᠠᠴᠠ ᠪᠢᠰᠢ᠂ ᠬᠦᠯᠢᠶᠡᠨ ᠲᠦᠰᠢᠭᠯᠡᠵᠦ ᠭᠠᠷ ᠰᠤᠩᠭᠠᠵᠤ ᠪᠣᠯᠬᠤ ᠦᠭᠡᠢ᠃ | ᠳᠠᠩ ᠴᠣᠯᠭᠤᠢ ᠪᠠᠷ ᠪᠡᠯᠡ ᠮᠥᠩᠭᠦ ᠶᠢ ᠬᠦᠯᠢᠶᠡᠨ᠂ ᠲᠥᠷᠥ ᠶᠢᠨ ᠪᠣᠳᠣᠯᠭ᠎ᠠ ᠶᠢ ᠬᠦᠯᠢᠶᠡᠬᠦ ᠡᠶᠢᠮᠦᠷᠬᠦᠦ ᠦᠵᠡᠯ | ᠰᠠᠨᠠᠭ᠎ᠠ ᠪᠠᠷ ᠵᠣᠬᠢᠴᠠᠩᠭᠤᠢ ᠪᠠᠷ ᠬᠥᠭᠵᠢᠭᠦᠯᠬᠦ ᠭᠡᠪᠡᠯ᠂ ᠠᠰᠠᠭᠤᠳᠠᠯ ᠢ ᠰᠢᠢᠳᠪᠦᠷᠢᠯᠡᠬᠦ ᠶᠢᠨ ᠠᠷᠭ᠎ᠠ ᠦᠭᠡᠢ ᠪᠠᠶᠢᠳᠠᠭ᠃ | ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠳᠤ ᠡᠷᠬᠡᠪᠰᠢ ᠭᠠᠳᠠᠭᠠᠳᠤ ᠰᠢᠯᠲᠠᠭᠠᠨ ᠪᠠ ᠳᠣᠲᠣᠭᠠᠳᠤ | ᠰᠢᠯᠲᠠᠭᠠᠨ ᠠᠴᠠ ᠰᠢᠢᠳᠪᠦᠷᠢᠯᠡᠬᠦ ᠬᠡᠷᠡᠭᠲᠡᠢ᠂ ᠭᠠᠳᠠᠭᠠᠳᠤ ᠰᠢᠯᠲᠠᠭᠠᠨ ᠨᠢ ᠳᠠᠷᠤᠢ ᠲᠥᠪ ᠤᠨ ᠳᠡᠮᠵᠢᠯᠭᠡ᠂ ᠣᠷᠣᠨ | ᠪᠦᠰᠡ ᠶᠢᠨ ᠬᠠᠷᠢᠯᠴᠠᠨ ᠬᠠᠪᠰᠤᠷᠤᠯᠴᠠᠬᠤ ᠪᠠ ᠵᠣᠬᠢᠴᠠᠭᠤᠯᠬᠤ ᠶᠠᠪᠤᠳᠠᠯ ᠪᠣᠯᠣᠨ᠎ᠠ᠃ ᠬᠥᠭᠵᠢᠭᠡᠳᠦᠢ ᠭᠠᠵᠠᠷ ᠣᠷᠣᠨ | ᠡᠷᠬᠡᠪᠰᠢ ᠠᠵᠠ ᠳᠣᠬᠢᠶᠠᠯ ᠢ ᠡᠵᠡᠮᠳᠡᠨ᠂ ᠬᠥᠭᠵᠢᠯᠲᠡ ᠶᠢᠨ ᠢᠲᠡᠭᠡᠯ ᠵᠣᠷᠢᠭ ᠢ ᠪᠣᠢ ᠪᠣᠯᠭᠠᠵᠤ᠂ ᠬᠦᠯᠢᠶᠡᠨ | ᠲᠦᠰᠢᠭᠯᠡᠵᠦ ᠭᠠᠷ ᠰᠤᠩᠭᠠᠵᠤ ᠪᠣᠯᠬᠤ ᠦᠭᠡᠢ᠃ ᠪᠣᠳᠠᠲᠠᠢ ᠪᠠᠷ ᠳᠣᠣᠷᠠᠬᠢ ᠬᠡᠳᠦᠨ ᠲᠠᠯ᠎ᠠ ᠠᠴᠠ ᠭᠠᠷᠳᠠᠨ ᠬᠢᠬᠦ | ᠬᠡᠷᠡᠭᠲᠡᠢ᠃ ᠨᠢᠭᠡ ᠳᠤ᠂ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ ᠮᠠᠨ ᠤ | ᠣᠷᠣᠨ ᠤ ᠵᠡᠭᠦᠨ ᠬᠡᠰᠡᠭ ᠣᠷᠣᠨ ᠪᠠ ᠵᠡᠭᠦᠨ ᠬᠤᠶᠢᠲᠤ ᠣᠷᠣᠨ ᠨᠢ ᠠᠳᠠᠯᠢᠬᠠᠨ ᠪᠠᠶᠢᠵᠤ᠂ ᠶᠡᠷᠦ ᠶᠢᠨ ᠦᠭᠡᠨ ᠳᠤ | ︽ᠪᠡᠯᠡ ᠣᠷᠣᠭᠤᠯᠬᠤ ᠳᠤ ᠱᠠᠨᠠᠭ᠎ᠠ ᠪᠣᠭᠤᠮᠲᠠ ᠶᠢ ᠳᠠᠪᠠᠭ᠋ᠤ ᠦᠭᠡᠢ︾ ᠭᠡᠵᠦ ᠪᠠᠶᠢᠳᠠᠭ᠃ ᠡᠨᠡ ᠪᠣᠯ ᠳᠠᠷᠤᠢ ᠪᠡᠯᠡ | ᠣᠷᠣᠭᠤᠯᠤᠯᠲᠠ ᠶᠢᠨ ᠣᠷᠴᠢᠨ ᠨᠥᠬᠦᠴᠡᠯ ᠤᠨ ᠨᠡᠶᠢᠭᠡᠮ ᠤᠨ ᠬᠦᠰᠡᠯ ᠡᠷᠡᠮᠡᠯᠵᠡᠯ ᠨᠢ ᠥᠨᠳᠥᠷ ᠪᠢᠰᠢ ᠪᠠᠶᠢᠬᠤ ᠶᠢ | ᠬᠠᠷᠠᠭᠤᠯᠵᠤ ᠪᠠᠶᠢᠨ᠎ᠠ᠃ ᠪᠢᠳᠡ ᠲᠥᠪ ᠤᠨ ᠲᠥᠷᠥ ᠶᠢᠨ ᠪᠣᠳᠣᠯᠭ᠎ᠠ ᠶᠢ ᠬᠡᠷᠡᠭᠰᠡᠬᠦ ᠦᠭᠡᠢ᠂ ᠭᠠᠵᠠᠷ ᠣᠷᠣᠨ ᠤ ᠡᠬᠢ | ᠪᠠᠶᠠᠯᠢᠭ ᠢ ᠬᠡᠷᠡᠭᠰᠡᠬᠦ ᠦᠭᠡᠢ᠂ ᠪᠡᠯᠡ ᠮᠥᠩᠭᠦ ᠶᠢ ᠬᠡᠷᠡᠭᠰᠡᠬᠦ ᠦᠭᠡᠢ ᠴᠤ ᠬᠤᠳᠠᠯᠳᠤᠭᠠᠯᠠᠨ ᠡᠵᠡᠩᠨᠡᠬᠦ ᠣᠷᠴᠢᠨ | ᠨᠥᠬᠦᠴᠡᠯ ᠢ ᠰᠠᠶᠢᠵᠢᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠨ ᠰᠠᠶᠢᠵᠢᠷᠠᠭᠤᠯᠵᠤ᠂ ᠪᠡᠯᠡ | ᠣᠷᠣᠭᠤᠯᠤᠯᠲᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠤ ᠪᠣᠯᠣᠨ᠎ᠠ᠃ ᠬᠤᠳᠠᠯᠳᠤᠭᠠᠯᠠᠨ ᠡᠵᠡᠩᠨᠡᠬᠦ ᠣᠷᠴᠢᠨ | ᠨᠥᠬᠦᠴᠡᠯ ᠢ ᠰᠠᠶᠢᠵᠢᠷᠠᠭᠤᠯᠬᠤ ᠳᠤ᠂ ᠬᠠᠮᠤᠭ ᠤᠨ ᠴᠢᠬᠤᠯᠠ ᠨᠢ ᠳᠠᠷᠤᠢ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ | ᠪᠣᠯᠣᠨ᠎ᠠ᠃ ᠡᠩ ᠲᠡᠷᠢᠭᠦᠨ ᠳᠤ ᠵᠠᠰᠠᠭ ᠤᠨ ᠣᠷᠳᠣᠨ ᠠᠴᠠ ᠠᠵᠤ ᠠᠬᠤᠶᠢᠯᠠᠯ᠂ ᠨᠡᠶᠢᠭᠡᠮ ᠤᠨ ᠬᠠᠤᠯᠢ ᠶᠢᠨ | ᠡᠷᠬᠡᠲᠡᠨ᠂ ᠪᠠᠶᠢᠭᠠᠯᠢᠯᠢᠭ ᠬᠥᠮᠥᠨ ᠪᠠ ᠨᠡᠶᠢᠭᠡᠮ ᠳᠤ ᠦᠢᠯᠡᠴᠢᠯᠡᠵᠦ᠂ ᠦᠷ᠎ᠡ ᠠᠰᠢᠭ ᠰᠠᠶᠢᠲᠠᠢ᠂ ᠡᠷᠬᠡ ᠲᠡᠭᠰᠢ᠂ | ᠬᠢᠯᠪᠠᠷ ᠳᠥᠭᠦᠮ ᠪᠠᠶᠢᠯᠭᠠᠬᠤ ᠬᠡᠷᠡᠭᠲᠡᠢ᠃ ᠳᠥᠭᠦᠮ ᠢᠶᠠᠷ ᠬᠡᠯᠡᠪᠡᠯ᠂ ᠬᠡᠷᠪᠡ ᠨᠢᠭᠡ ᠭᠠᠵᠠᠷ ᠣᠷᠣᠨ ᠳᠤ᠂ ᠠᠵᠤ | ᠠᠬᠤᠶᠢᠯᠠᠯ ᠤᠨ ᠬᠠᠤᠯᠢ ᠶᠢᠨ ᠡᠷᠬᠡᠲᠡᠨ ᠴᠤ ᠭᠡᠰᠡᠨ᠂ ᠪᠠᠶᠢᠭᠠᠯᠢᠯᠢᠭ ᠬᠥᠮᠥᠨ ᠴᠤ ᠭᠡᠰᠡᠨ᠂ ᠵᠠᠰᠠᠭ ᠤᠨ ᠣᠷᠳᠣᠨ ᠳᠤ | ᠣᠴᠢᠵᠤ ᠠᠵᠢᠯ ᠬᠡᠷᠡᠭ ᠭᠦᠢᠴᠡᠳᠬᠡᠬᠦ ᠳᠤ᠂ ᠬᠥᠮᠥᠨ ᠢ ᠭᠤᠶᠤᠬᠤ ᠦᠭᠡᠢ ᠪᠠᠶᠢᠬᠤ ᠶᠢ ᠪᠡᠶᠡᠯᠡᠭᠦᠯᠪᠡᠯ᠂ ᠮᠠᠨ ᠤ | ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠤᠨ ᠦᠨᠳᠦᠰᠦᠨ ᠠᠰᠠᠭᠤᠳᠠᠯ ᠢ ᠳᠠᠷᠤᠢ ᠰᠢᠢᠳᠪᠦᠷᠢᠯᠡᠴᠢᠬᠡᠭᠰᠡᠨ | ᠶᠠᠪᠤᠳᠠᠯ ᠪᠣᠯᠣᠨ᠎ᠠ᠃ ᠬᠤᠴᠣᠷᠤᠩᠭᠤᠢ ᠭᠠᠵᠠᠷ ᠣᠷᠣᠨ ᠤ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠨᠢ | ᠣᠯᠠᠩᠬᠢ ᠳᠤ ᠪᠠᠨ ᠠᠵᠢᠯ ᠬᠡᠷᠡᠭ ᠭᠦᠢᠴᠡᠳᠬᠡᠬᠦ ᠳᠤ ᠬᠥᠮᠥᠨ ᠡᠷᠢᠵᠦ᠂ ᠬᠥᠮᠥᠨ ᠡᠷᠢᠬᠦ ᠦᠭᠡᠢ ᠪᠣᠯ ᠠᠵᠢᠯ ᠬᠡᠷᠡᠭ | ᠭᠦᠢᠴᠡᠳᠬᠡᠵᠦ ᠳᠡᠶᠢᠯᠬᠦ ᠦᠭᠡᠢ᠂ ᠬᠥᠮᠥᠨ ᠡᠷᠢᠵᠦ ᠠᠵᠢᠯ ᠶᠠᠪᠤᠳᠠᠯ ᠭᠦᠢᠴᠡᠳᠬᠡᠭᠰᠡᠭᠡᠷ ᠳᠠᠷᠤᠢ ᠶᠣᠰᠣ | ᠳᠦᠷᠢᠮ ᠢᠶᠠᠷ ᠭᠦᠢᠴᠡᠳᠬᠡᠬᠦ ᠳᠤ ᠪᠡᠷᠬᠡᠲᠡᠢ ᠪᠣᠯᠳᠠᠭ᠃ ᠪᠢᠳᠡ ᠵᠠᠷᠢᠮ ᠬᠥᠭᠵᠢᠭᠰᠡᠨ ᠭᠠᠵᠠᠷ ᠣᠷᠣᠨ᠂ ᠪᠡᠯᠡ | ᠣᠷᠣᠭᠤᠯᠤᠯᠲᠠ ᠶᠢᠨ ᠣᠷᠴᠢᠨ ᠨᠥᠬᠦᠴᠡᠯ ᠢᠶᠠᠷ ᠰᠠᠶᠢᠨ ᠭᠠᠵᠠᠷ ᠣᠷᠣᠨ ᠳᠤ ᠣᠴᠢᠵᠤ ᠰᠢᠯᠭᠠᠨ ᠪᠠᠶᠢᠴᠠᠭᠠᠳ | ᠬᠤᠶᠠᠷ ᠲᠠᠯ᠎ᠠ ᠶᠢᠨ ᠲᠥᠷᠥᠭᠳᠡᠯ ᠣᠯᠵᠠᠢ᠃ ᠨᠢᠭᠡᠳᠦᠭᠡᠷ ᠲᠤ ᠡᠨᠡ ᠬᠦ ᠭᠠᠵᠠᠷ ᠣᠷᠣᠨ ᠳᠤ ᠠᠵᠢᠯ ᠬᠡᠷᠡᠭ | ᠭᠦᠢᠴᠡᠳᠬᠡᠬᠦ ᠳᠤ ᠬᠥᠮᠥᠨ ᠡᠷᠢᠬᠦ ᠴᠢᠬᠤᠯᠠ ᠦᠭᠡᠢ᠂ ᠬᠤᠶᠠᠳᠤᠭᠠᠷ ᠲᠤ ᠬᠡᠷᠪᠡ ᠱᠠᠭᠠᠷᠳᠠᠯᠭ᠎ᠠ ᠳᠤ ᠨᠡᠶᠢᠴᠡᠬᠦ ᠦᠭᠡᠢ | ᠪᠣᠯ ᠬᠥᠮᠥᠨ ᠡᠷᠢᠭᠰᠡᠨ ᠴᠤ ᠬᠡᠷᠡᠭ ᠦᠭᠡᠢ᠃ ᠡᠶᠢᠮᠦᠷᠬᠦᠦ ᠣᠷᠴᠢᠨ ᠨᠥᠬᠦᠴᠡᠯ ᠳᠣᠣᠷ᠎ᠠ᠂ ᠪᠡᠯᠡ | ᠣᠷᠣᠭᠤᠯᠤᠭᠴᠢᠳ ᠯᠠᠪᠲᠠᠢ ᠬᠠᠨᠤᠮᠵᠢᠲᠠᠢ ᠪᠠᠶᠢᠳᠠᠭ᠃ ᠡᠨᠡ ᠲᠠᠯ᠎ᠠ ᠪᠠᠷ᠂ ᠪᠢᠳᠡ ᠮᠥᠨ ᠶᠡᠭᠡ ᠬᠡᠮᠵᠢᠶᠡᠨ ᠤ ᠠᠵᠢᠯ | ᠬᠢᠬᠦ ᠴᠢᠬᠤᠯᠠᠲᠠᠢ ᠪᠠᠶᠢᠵᠤ᠂ ᠭᠤᠣᠯ ᠴᠢᠬᠤᠯᠠ ᠠᠭᠤᠯᠭ᠎ᠠ ᠨᠢ ᠦᠷ᠎ᠡ ᠪᠦᠲᠦᠮᠵᠢ ᠰᠠᠶᠢᠲᠠᠢ᠂ ᠡᠷᠬᠡ ᠲᠡᠭᠰᠢ᠂ | ᠬᠠᠤᠯᠢ ᠴᠠᠭᠠᠵᠠ ᠶᠢ ᠵᠢᠷᠤᠮᠯᠠᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠶᠠᠷ ᠲᠤ᠂ ᠡᠬᠢ ᠪᠠᠶᠠᠯᠢᠭ ᠤᠨ ᠰᠤᠷᠪᠤᠯᠵᠢ ᠳᠤ ᠲᠦᠰᠢᠭᠯᠡᠨ ᠪᠣᠬᠢᠷᠲᠤᠯ ᠦᠭᠡᠢ ᠠᠵᠤ ᠦᠢᠯᠡᠰ ᠢ ᠶᠡᠭᠡ | ᠬᠦᠴᠦᠨ ᠢᠶᠠᠷ ᠬᠥᠭᠵᠢᠭᠦᠯᠬᠦ ᠬᠡᠷᠡᠭᠲᠡᠢ᠃ ᠮᠠᠨ ᠤ ᠣᠷᠣᠨ ᠤ ᠵᠡᠭᠦᠨ ᠬᠡᠰᠡᠭ ᠣᠷᠣᠨ ᠤ ᠲᠠᠯ᠎ᠠ ᠨᠤᠲᠤᠭ᠂ ᠣᠢ | ᠰᠢᠭᠤᠢ᠂ ᠤᠰᠤᠨ ᠤ ᠡᠬᠢ ᠪᠠᠶᠠᠯᠢᠭ᠂ ᠭᠠᠵᠠᠷ ᠰᠢᠷᠣᠢ ᠶᠢᠨ ᠶᠡᠬᠡᠩᠬᠢ ᠬᠡᠰᠡᠭ ᠨᠢ ᠪᠣᠬᠢᠷᠲᠤᠯ ᠦᠭᠡᠢ ᠣᠷᠴᠢᠨ | ᠲᠣᠭᠤᠷᠢᠨ ᠤ ᠬᠠᠮᠠᠭᠠᠯᠠᠯᠲᠠ ᠰᠠᠶᠢᠲᠠᠢ ᠪᠠᠶᠢᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠰᠠᠭᠤᠷᠢᠨ ᠭᠠᠵᠠᠷ ᠢ ᠪᠠᠶᠢᠭᠤᠯᠵᠤ ᠪᠣᠯᠣᠨ᠎ᠠ᠃ ᠡᠨᠡ ᠵᠢᠯ ᠤᠨ ᠲᠠᠷᠢᠭᠰᠠᠨ 1000 ᠭᠠᠷᠤᠢ | ᠲᠦᠮᠡᠨ ᠮᠦ ᠰᠢᠷ᠎ᠠ ᠪᠤᠷᠴᠠᠭ ᠶᠢ ᠪᠠᠭᠲᠠᠭᠠᠭᠰᠠᠨ ᠲᠤᠲᠤᠷᠭ᠎ᠠ᠂ ᠪᠦᠳᠦᠭᠦᠯᠢᠭ ᠠᠮᠤ᠂ ᠡᠷᠳᠡᠨᠢ ᠰᠢᠰᠢ ᠨᠢ ᠪᠦᠷ | ᠮᠠᠨ ᠤ ᠳᠠᠪᠠᠭᠤᠯᠢᠭ ᠠᠵᠤ ᠦᠢᠯᠡᠰ ᠪᠠᠶᠢᠵᠤ᠂ ᠰᠢᠯᠢ ᠶᠢᠨ ᠭᠤᠣᠯ ᠠᠶᠢᠮᠠᠭ ᠤᠨ ᠬᠤᠨᠢᠨ ᠮᠢᠬ᠎ᠠ ᠶᠢ ᠪᠠᠭᠲᠠᠭᠠᠭᠰᠠᠨ | ᠦᠬᠡᠷ᠂ ᠬᠤᠨᠢ ᠵᠡᠷᠭᠡ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠨᠢ᠂ ᠪᠦᠬᠦ | ᠤᠯᠤᠰ ᠲᠤ ᠴᠤ ᠵᠣᠬᠢᠬᠤ ᠨᠡᠷ᠎ᠡ ᠠᠯᠳᠠᠷ ᠲᠠᠢ ᠪᠠᠶᠢᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭ ᠢ ᠰᠠᠶᠢᠲᠤᠷ ᠡᠭᠦᠳᠦᠨ᠂ ᠪᠠᠷᠢᠮᠵᠢᠶᠠᠵᠢᠭᠤᠯᠤᠨ ᠦᠢᠯᠡᠳᠪᠦᠷᠢᠯᠡᠵᠦ᠂ | ᠨᠡᠮᠡᠯᠲᠡ ᠥᠷᠲᠡᠭ ᠰᠠᠶᠢᠲᠠᠢ᠂ ᠶᠠᠰᠤ ᠴᠢᠨᠠᠷ ᠪᠠ ᠨᠡᠷᠡᠲᠦ ᠲᠡᠮᠳᠡᠭ ᠨᠢ ᠨᠢᠭᠡᠳᠦᠯᠲᠡᠢ ᠪᠠᠶᠢᠬᠤ ᠶᠢ ᠦᠨᠡᠨ ᠬᠦ | ᠭᠦᠢᠴᠡᠳᠬᠡᠬᠦ ᠬᠡᠷᠡᠭᠲᠡᠢ᠃ ᠡᠭᠦᠨ ᠠᠴᠠ ᠭᠠᠳᠠᠨ᠎ᠠ᠂ ᠮᠠᠨ ᠤ ᠵᠡᠭᠦᠨ ᠬᠡᠰᠡᠭ ᠣᠷᠣᠨ ᠤ ᠵᠢᠭᠤᠯᠴᠢᠯᠠᠯ ᠤᠨ ᠡᠬᠢ | ᠪᠠᠶᠠᠯᠢᠭ ᠡᠯᠪᠡᠭ ᠪᠠᠶᠢᠵᠤ᠂ ᠥᠪᠡᠷ ᠤᠨ ᠭᠡᠰᠡᠨ ᠥᠪᠡᠷᠮᠢᠴᠡ ᠣᠨᠴᠠᠯᠢᠭ ᠲᠠᠢ ᠪᠠᠶᠢᠳᠠᠭ᠂ ᠵᠢᠱᠢᠶᠡᠯᠡᠪᠡᠯ ᠮᠣᠩᠭᠤᠯ | ᠬᠢᠲᠠᠳ ᠡᠮ ᠡᠮᠨᠡᠯᠭᠡ ᠨᠢ᠂ ᠵᠡᠭᠦᠨ ᠬᠤᠶᠢᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠡᠮᠴᠢᠯᠡᠭᠡ ᠶᠢᠨ | ᠪᠠᠶᠢᠭᠤᠯᠤᠮᠵᠢ᠂ ᠬᠢᠲᠠᠳ ᠮᠣᠩᠭᠤᠯ ᠡᠮ ᠤᠨ ᠲᠠᠷᠢᠮᠠᠯ ᠤᠨ ᠰᠠᠭᠤᠷᠢᠨ ᠭᠠᠵᠠᠷ ᠲᠤ ᠲᠦᠰᠢᠭᠯᠡᠵᠦ᠂ | ᠬᠠᠮᠲᠤᠷᠠᠯᠴᠠᠭ᠎ᠠ ᠪᠠᠨ ᠴᠢᠩᠭᠠᠳᠬᠠᠵᠤ ᠪᠣᠯᠣᠨ᠎ᠠ᠃ ᠪᠠᠰᠠ ᠰᠦ ᠰᠠᠭᠠᠯᠢ ᠶᠢᠨ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠲᠠᠯ᠎ᠠ ᠪᠠᠷ᠂ ᠡᠮᠦᠨ᠎ᠡ ᠬᠡᠰᠡᠭ ᠬᠤᠭᠤᠴᠠᠭᠠᠨ ᠳᠤ ᠬᠥᠯᠥᠨ ᠪᠣᠶᠢᠷ ᠲᠤ ᠰᠦ ᠰᠠᠭᠠᠯᠢ ᠶᠢᠨ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠶᠡᠭᠡ ᠬᠤᠷᠠᠯ ᠢ ᠬᠤᠷᠠᠯᠳᠤᠭᠤᠯᠪᠠ᠂ ᠢᠷᠡᠭᠡᠳᠦᠢ ᠶᠢᠨ ᠰᠦ ᠰᠠᠭᠠᠯᠢ ᠶᠢᠨ | ᠦᠢᠯᠡᠰ ᠤᠨ ᠬᠥᠭᠵᠢᠯᠲᠡ ᠮᠠᠨᠳᠤᠯᠲᠠ ᠨᠢ ᠴᠤ ᠨᠢᠭᠡᠨ ᠨᠡᠯᠢᠶᠡᠳ ᠰᠠᠶᠢᠨ ᠡᠬᠢ ᠪᠠᠶᠠᠯᠢᠭ ᠪᠣᠯᠬᠤ ᠶᠤᠮ᠃ | ᠶᠡᠷᠦᠩᠬᠡᠶᠢᠯᠡᠪᠡᠯ ᠵᠡᠭᠦᠨ ᠬᠡᠰᠡᠭ ᠣᠷᠣᠨ ᠤ ᠪᠣᠬᠢᠷᠲᠤᠯ ᠦᠭᠡᠢ ᠬᠥᠭᠵᠢᠯᠲᠡ ᠶᠢᠨ ᠳᠠᠯᠳᠠ ᠬᠦᠴᠦᠨ ᠨᠢ ᠮᠠᠰᠢ ᠶᠡᠭᠡ | ᠪᠠᠶᠢᠳᠠᠭ᠃ | ᠭᠤᠷᠪᠠ ᠳᠤ᠂ ᠭᠠᠵᠠᠷ ᠣᠷᠣᠨ ᠤ ᠬᠥᠭᠵᠢᠯᠲᠡ ᠶᠢᠨ ᠵᠥᠷᠢᠶ᠎ᠡ ᠶᠢ ᠴᠢᠷᠮᠠᠶᠢᠨ ᠪᠠᠭᠠᠰᠬᠠᠬᠤ ᠬᠡᠷᠡᠭᠲᠡᠢ᠃ ᠵᠡᠭᠦᠨ | ᠬᠡᠰᠡᠭ ᠣᠷᠣᠨ ᠨᠢ ᠣᠷᠣᠨ ᠪᠦᠰᠡ ᠠᠴᠠ ᠠᠪᠴᠤ ᠦᠵᠡᠪᠡᠯ᠂ ᠵᠡᠭᠦᠨ ᠬᠤᠶᠢᠲᠤ ᠣᠷᠣᠨ ᠲᠠᠢ ᠬᠠᠷᠢᠴᠠᠭᠤᠯᠪᠠᠯ | ᠣᠷᠣᠨ ᠪᠠᠶᠢᠷᠢ ᠨᠢ ᠵᠢᠭᠠᠬᠠᠨ ᠵᠥᠷᠢᠶ᠎ᠡ ᠲᠠᠢ᠃ ᠭᠡᠲᠡᠯ᠎ᠡ ᠵᠡᠭᠦᠨ ᠬᠡᠰᠡᠭ ᠣᠷᠣᠨ ᠨᠢ ᠵᠡᠭᠦᠨ ᠲᠠᠯ᠎ᠠ ᠪᠠᠷ ᠢᠶᠠᠨ ᠵᠡᠭᠦᠨ | ᠬᠤᠶᠢᠲᠤ ᠶᠢᠨ ᠭᠤᠷᠪᠠᠨ ᠮᠤᠵᠢ ᠪᠠᠷ ᠲᠦᠰᠢᠭ ᠪᠣᠯᠭᠠᠨ᠂ ᠪᠠᠷᠠᠭᠤᠨ ᠲᠠᠯ᠎ᠠ ᠪᠠᠷ ᠪᠠᠨ ᠮᠣᠩᠭᠤᠯ᠂ ᠣᠷᠣᠰ ᠲᠡᠶᠢᠰᠢ | ᠨᠡᠭᠡᠭᠡᠯᠲᠡ ᠬᠢᠵᠦ᠂ ᠣᠷᠣᠨ ᠪᠠᠶᠢᠷᠢ ᠨᠢ ᠨᠡᠯᠢᠶᠡᠳ ᠳᠠᠪᠠᠭᠤᠯᠢᠭ ᠪᠠᠶᠢᠳᠠᠭ᠃ ᠣᠷᠣᠰ ᠮᠣᠩᠭᠤᠯ ᠲᠡᠶᠢᠰᠢ ᠬᠢᠯᠢ ᠶᠢᠨ | ᠪᠣᠭᠤᠮᠲᠠ ᠶᠢᠨ ᠠᠵᠤ ᠠᠬᠤᠢ᠂ ᠲᠠᠪᠴᠠᠩ ᠤᠨ ᠠᠵᠤ ᠠᠬᠤᠢ ᠬᠢᠵᠦ᠂ ᠡᠨᠡ ᠬᠦ ᠬᠡᠰᠡᠭ ᠳᠠᠯᠳᠠ ᠬᠦᠴᠦᠨ ᠨᠢ | ᠨᠡᠯᠢᠶᠡᠳ ᠶᠡᠭᠡ ᠪᠠᠶᠢᠳᠠᠭ᠃ ᠵᠢᠱᠢᠶᠡᠯᠡᠪᠡᠯ ᠮᠠᠨᠵᠤᠤᠷ ᠢᠶᠠᠷ ᠠᠪᠴᠤ ᠬᠡᠯᠡᠪᠡᠯ᠂ ᠵᠢᠯ ᠪᠦᠷᠢ ᠶᠢᠨ ᠭᠠᠳᠠᠭᠠᠳᠤ ᠠᠴᠠ | ᠣᠷᠣᠭᠤᠯᠬᠤ ᠮᠣᠳᠣᠨ ᠮᠠᠲ᠋ᠧᠷᠢᠶᠠᠯ ᠤᠨ ᠬᠡᠮᠵᠢᠶ᠎ᠡ ᠨᠢ ᠪᠦᠬᠦ ᠤᠯᠤᠰ ᠤᠨ ᠳᠣᠯᠣᠭᠠᠨ ᠤ ᠨᠢᠭᠡ ᠶᠢ ᠡᠵᠡᠯᠡᠵᠦ ᠪᠠᠶᠢᠨ᠎ᠠ᠃ | ᠮᠣᠳᠣᠨ ᠮᠠᠲ᠋ᠧᠷᠢᠶᠠᠯ ᠨᠢ ᠣᠷᠣᠵᠤ ᠢᠷᠡᠭᠰᠡᠨ ᠤ ᠳᠠᠷᠠᠭ᠎ᠠ᠂ ᠵᠠᠷᠢᠮ ᠢ ᠨᠢ ᠪᠣᠯᠪᠠᠰᠤᠷᠠᠭᠤᠯᠤᠭᠰᠠᠨ ᠦᠭᠡᠢ᠂ ᠵᠠᠷᠢᠮ ᠢ | ᠨᠢ ᠪᠦᠳᠦᠭᠦᠯᠢᠭ ᠪᠣᠯᠪᠠᠰᠤᠷᠠᠭᠤᠯᠵᠤ᠂ ᠦᠨᠳᠦᠰᠦᠨ ᠳᠤ ᠪᠠᠨ ᠪᠦᠷ ᠭᠠᠳᠠᠷ ᠣᠷᠣᠨ ᠲᠡᠶᠢᠰᠢ ᠲᠡᠭᠡᠭᠡᠪᠦᠷᠢᠯᠡᠵᠦ | ᠪᠠᠶᠢᠨ᠎ᠠ᠃ ᠮᠠᠨ ᠤ ᠭᠠᠳᠠᠭᠠᠳᠤ ᠠᠴᠠ ᠣᠷᠣᠭᠤᠯᠵᠤ ᠪᠠᠶᠢᠭ᠎ᠠ ᠬᠡᠮᠵᠢᠶ᠎ᠡ ᠨᠢ ᠮᠠᠰᠢ ᠶᠡᠭᠡ ᠪᠣᠯᠪᠠᠴᠤ᠂ | ᠰᠠᠭᠤᠷᠢᠯᠠᠭᠤᠯᠤᠨ ᠪᠣᠯᠪᠠᠰᠤᠷᠠᠭᠤᠯᠵᠤ᠂ ᠭᠦᠨᠵᠡᠭᠡᠢ ᠪᠣᠯᠪᠠᠰᠤᠷᠠᠭᠤᠯᠤᠭᠰᠠᠨ ᠪᠦᠲᠦᠭᠡᠭᠳᠡᠬᠦᠨ ᠤ ᠥᠷᠲᠡᠭ ᠢ | ᠠᠭᠤᠳᠠᠯᠬᠤ ᠲᠠᠯ᠎ᠠ ᠪᠠᠷ ᠲᠡᠳᠦᠢ ᠰᠠᠶᠢᠨ ᠪᠢᠰᠢ ᠪᠠᠶᠢᠳᠠᠭ᠃ ᠶᠡᠷᠦᠩᠬᠡᠢ ᠱᠦᠵᠢ ᠥᠪᠥᠷ ᠮᠣᠩᠭᠤᠯ ᠤᠨ ᠬᠢᠯᠢ ᠶᠢᠨ | ᠪᠣᠭᠤᠮᠲᠠ ᠳᠤ ᠱᠠᠭᠠᠷᠳᠠᠯᠭ᠎ᠠ ᠳᠤᠷᠠᠳᠴᠤ᠂ ᠭᠤᠣᠯᠳᠠᠭᠤ ︽ᠠᠷᠢᠬᠢ ᠮᠢᠬ᠎ᠠ ᠭᠡᠳᠡᠰᠦ ᠪᠠᠷ ᠥᠩᠭᠡᠷᠡᠬᠦ︾ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠡᠢ᠃ ᠡᠭᠦᠨ ᠠᠴᠠ ᠭᠠᠳᠠᠨ᠎ᠠ ᠪᠠᠰᠠ ᠵᠡᠭᠦᠨ ᠬᠡᠰᠡᠭ ᠣᠷᠣᠨ ᠤ ᠰᠠᠭᠤᠷᠢ | ᠪᠡᠯᠡᠳᠬᠡᠮᠵᠢ ᠶᠢᠨ ᠲᠠᠯ᠎ᠠ ᠪᠠᠷ᠂ ᠣᠶᠢᠷ᠎ᠠ ᠶᠢᠨ ᠬᠡᠳᠦᠨ ᠵᠢᠯ ᠤᠨ ᠵᠡᠭᠦᠨ ᠪᠠᠷᠠᠭᠤᠨ ᠬᠡᠰᠡᠭ ᠣᠷᠣᠨ ᠤ ᠬᠠᠮᠤᠭ ᠤᠨ | ᠶᠡᠭᠡ ᠵᠥᠷᠢᠶ᠎ᠡ ᠶᠢᠨ ᠳᠣᠲᠣᠷᠠᠬᠢ ᠨᠢᠭᠡ ᠬᠡᠰᠡᠭ ᠨᠢ ᠳᠠᠷᠤᠢ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠢᠯᠡᠷᠡᠵᠦ ᠪᠠᠶᠢᠨ᠎ᠠ᠃ | ᠥᠩᠭᠡᠷᠡᠭᠰᠡᠨ ᠳᠤ ᠵᠡᠭᠦᠨ ᠬᠡᠰᠡᠭ ᠣᠷᠣᠨ ᠤ ᠰᠠᠭᠤᠷᠢ ᠪᠡᠯᠡᠳᠬᠡᠮᠵᠢ ᠨᠢ ᠪᠠᠷᠠᠭᠤᠨ ᠬᠡᠰᠡᠭ ᠣᠷᠣᠨ ᠠᠴᠠ ᠰᠠᠶᠢᠨ | ᠪᠠᠶᠢᠭᠰᠠᠨ ᠪᠣᠯᠪᠠᠴᠤ᠂ ᠣᠳᠣᠬᠠᠨ ᠳᠤ ᠪᠠᠨ ᠵᠡᠭᠦᠨ ᠬᠡᠰᠡᠭ ᠣᠷᠣᠨ ᠤ ᠰᠠᠭᠤᠷᠢ ᠪᠡᠯᠡᠳᠬᠡᠮᠵᠢ ᠶᠢ ᠵᠠᠮ | ᠬᠠᠷᠢᠯᠴᠠᠭ᠎ᠠ ᠪᠠᠷ ᠵᠢᠱᠢᠶ᠎ᠡ ᠪᠣᠯᠭᠠᠪᠠᠯ᠂ ᠨᠢᠭᠡᠨᠲᠡ ᠪᠠᠷᠠᠭᠤᠨ ᠬᠡᠰᠡᠭ ᠣᠷᠣᠨ ᠠᠴᠠ ᠬᠤᠴᠣᠷᠪᠠ᠃ ᠵᠡᠭᠦᠨ ᠬᠡᠰᠡᠭ | ᠣᠷᠣᠨ ᠡᠩ ᠲᠡᠷᠢᠭᠦᠨ ᠳᠤ ᠵᠡᠭᠦᠨ ᠬᠤᠶᠢᠲᠤ ᠣᠷᠣᠨ ᠤ ᠵᠠᠮ ᠬᠠᠷᠢᠯᠴᠠᠭᠠᠨ ᠤ ᠰᠢᠰᠲ᠋ᠧᠮᠵᠢ ᠲᠠᠢ ᠠᠭᠤᠰᠤᠯᠴᠠᠬᠤ | ᠬᠡᠷᠡᠭᠲᠡᠢ᠃ ᠵᠡᠭᠦᠨ ᠬᠤᠶᠢᠲᠤ ᠣᠷᠣᠨ ᠤ ᠳᠡᠭᠡᠳᠦ ᠬᠤᠷᠳᠤ ᠶᠢᠨ ᠲᠡᠮᠦᠷ ᠵᠠᠮ ᠢᠶᠠᠷ ᠵᠢᠱᠢᠶᠡᠯᠡᠪᠡᠯ᠂ ᠪᠡᠭᠡᠵᠢᠩ ᠠᠴᠠ | ᠱᠧᠨᠶᠠᠩ᠂ ᠬᠠᠷᠪᠢᠨ ᠬᠦᠷᠲᠡᠯ᠎ᠡ ᠨᠢᠭᠡᠨᠲᠡ ᠲᠡᠷᠭᠡ ᠨᠡᠪᠲᠡᠷᠡᠵᠦ᠂ ᠬᠠᠷᠪᠢᠨ ᠠᠴᠠ ᠴᠢᠴᠢᠬᠠᠷ᠂ ᠮᠦ ᠳ᠋ᠠᠨ ᠵᠢᠶᠠᠩ | ᠬᠦᠷᠲᠡᠯ᠎ᠡ ᠪᠠᠰᠠ ᠨᠢᠭᠡᠨᠲᠡ ᠲᠡᠷᠭᠡ ᠨᠡᠪᠲᠡᠷᠡᠪᠡ᠃ ᠭᠡᠲᠡᠯ᠎ᠡ ᠮᠠᠨ ᠤ ᠣᠷᠣᠨ ᠤ ᠵᠡᠭᠦᠨ ᠬᠡᠰᠡᠭ ᠣᠷᠣᠨ ᠨᠢ ᠮᠥᠨ | ᠪᠦᠷᠢᠮᠦᠰᠦᠨ ᠠᠭᠤᠰᠤᠯᠴᠠᠭ᠎ᠠ ᠦᠭᠡᠢ ᠪᠠᠶᠢᠨ᠎ᠠ᠂ ᠵᠢᠱᠢᠶᠡᠯᠡᠭᠡᠳ ᠬᠡᠯᠡᠪᠡᠯ ᠪᠠᠷᠠᠭᠤᠨᠰᠢ ᠪᠠᠨ ᠮᠠᠨᠵᠤᠤᠷ ᠤᠨ ᠱᠤᠭᠤᠮ | ᠨᠢ ᠨᠡᠶᠢᠳᠡᠮ ᠳᠤ ᠪᠠᠨ ᠨᠡᠪᠲᠡᠷᠡᠭᠡᠳᠦᠢ ᠪᠠᠶᠢᠵᠤ᠂ ᠤᠯᠠᠭᠠᠨᠬᠠᠳᠠ᠂ ᠲᠦᠩᠯᠢᠶᠣᠣ ᠠᠴᠠ ᠤᠯᠠᠭᠠᠨᠬᠤᠲᠠ᠂ ᠷᠠᠰᠢᠶᠠᠨ᠂ | ᠬᠠᠶᠢᠯᠠᠷ ᠬᠦᠷᠬᠦ ᠡᠶᠢᠮᠦᠷᠬᠦᠦ ᠰᠢᠵᠢᠷ ᠠᠯᠲᠠᠨ ᠵᠢᠭᠤᠯᠴᠢᠯᠠᠯ ᠤᠨ ᠱᠤᠭᠤᠮ ᠨᠢ ᠴᠤ ᠨᠡᠶᠢᠳᠡᠮ ᠳᠤ ᠪᠠᠨ ᠨᠡᠪᠲᠡᠷᠡᠭᠡᠳᠦᠢ | ᠪᠠᠶᠢᠨ᠎ᠠ᠃ ᠪᠤᠰᠤᠳ ᠪᠡᠯᠡᠳᠬᠡᠮᠵᠢ ᠶᠢᠨ ᠲᠠᠯ᠎ᠠ ᠪᠠᠷ᠂ ᠵᠢᠱᠢᠶᠡᠯᠡᠪᠡᠯ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ | ᠵᠠᠮ᠂ ᠣᠶᠢᠲᠤ ᠣᠷᠣᠨ ᠤ ᠵᠠᠰᠠᠮᠠᠯ ᠵᠠᠮ᠂ ᠵᠢᠭᠤᠯᠴᠢᠯᠠᠯ ᠤᠨ ᠣᠷᠣᠨ ᠤ ᠵᠠᠰᠠᠮᠠᠯ ᠵᠠᠮ᠂ 4G ᠰᠦᠯᠵᠢᠶ᠎ᠡ ᠵᠡᠷᠭᠡ ᠨᠢ | ᠮᠥᠨ ᠴᠤ ᠮᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠨ᠎ᠠ᠃ ᠪᠠᠰᠠ ᠨᠢᠭᠡᠨ ᠬᠢᠬᠦ ᠴᠢᠬᠤᠯᠠᠲᠠᠢ ᠠᠵᠢᠯ ᠪᠣᠯ ᠳᠠᠷᠤᠢ | ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠃ ᠵᠡᠭᠦᠨ ᠬᠡᠰᠡᠭ ᠣᠷᠣᠨ ᠤ ᠬᠢᠯᠢ ᠶᠢᠨ ᠱᠤᠭᠤᠮ ᠨᠡᠯᠢᠶᠡᠳ | ᠤᠷᠲᠤ ᠪᠠᠶᠢᠵᠤ᠂ ᠬᠢᠯᠢ ᠬᠢᠵᠠᠭᠠᠷ ᠤᠨ ᠭᠠᠵᠠᠷ ᠣᠷᠣᠨ᠂ ᠴᠥᠭᠡᠨ ᠲᠣᠭᠠᠲᠤ ᠦᠨᠳᠦᠰᠦᠲᠡᠨ᠂ ᠶᠠᠳᠠᠭᠤ ᠬᠦᠴᠢᠷᠲᠡᠢ | ᠬᠥᠮᠥᠨ ᠠᠮᠠ ᠳᠤ ᠴᠢᠭᠯᠡᠭᠦᠯᠦᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠳᠤ ᠪᠦᠷ ᠲᠥᠷᠥ ᠶᠢᠨ ᠪᠣᠳᠣᠯᠭ᠎ᠠ | ᠪᠠᠶᠢᠳᠠᠭ᠂ ᠪᠢᠳᠡ ᠡᠳᠡᠭᠡᠷ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ᠂ ᠡᠭᠦᠨ ᠤ ᠳᠡᠭᠡᠷ᠎ᠡ ᠳᠠᠬᠢᠨ ᠣᠷᠴᠢᠨ | ᠲᠣᠭᠤᠷᠢᠨ᠂ ᠪᠣᠬᠢᠷᠲᠤᠯ ᠦᠭᠡᠢ ᠬᠥᠭᠵᠢᠯᠲᠡ ᠶᠢ ᠨᠡᠮᠡᠵᠦ᠂ ᠪᠠᠰᠠ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠡᠮᠡᠨ᠂ | ᠣᠷᠴᠢᠨ ᠲᠣᠭᠤᠷᠢᠨ ᠤ ᠬᠤᠳᠠᠯᠳᠤᠭᠠᠯᠠᠨ ᠡᠵᠡᠩᠨᠡᠬᠦ ᠵᠥᠭᠡᠯᠡᠨ ᠣᠷᠴᠢᠨ ᠨᠥᠬᠦᠴᠡᠯ ᠢ ᠨᠡᠮᠡᠪᠡᠯ᠂ ᠵᠡᠭᠦᠨ ᠬᠡᠰᠡᠭ | ᠣᠷᠣᠨ ᠤ ᠬᠥᠭᠵᠢᠯᠲᠡ ᠮᠠᠨᠳᠤᠯᠲᠠ ᠪᠠ ᠪᠠᠷᠠᠭᠤᠨ ᠬᠡᠰᠡᠭ ᠣᠷᠣᠨ ᠤ ᠵᠣᠬᠢᠴᠠᠩᠭᠤᠢ ᠬᠥᠭᠵᠢᠯᠲᠡ ᠨᠢ ᠰᠠᠶᠢᠵᠢᠷᠠᠬᠤ | ᠪᠣᠯᠣᠯᠴᠠᠭ᠎ᠠ ᠲᠠᠢ᠃ | ᠬᠥᠲᠥᠯᠥᠭᠴᠢ᠄ | ᠭᠤᠤ ᠱᠢ ᠴᠢᠨ ᠡᠷᠬᠢᠯᠡᠭᠴᠢ ᠶᠢᠨ ᠰᠤᠷᠪᠤᠯᠵᠢᠯᠠᠭ᠎ᠠ ᠶᠢᠨ ᠲᠠᠰᠤᠭ ᠲᠤ ᠰᠠᠭᠠᠲᠠᠭᠰᠠᠨ ᠳᠤ ᠪᠠᠶᠠᠷᠯᠠᠯ᠎ᠠ᠂ | ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠰᠣᠨᠣᠰᠤᠭᠰᠠᠨ ᠪᠠ ᠦᠵᠡᠭᠰᠡᠨ ᠳᠤ ᠪᠠᠶᠠᠷᠯᠠᠯ᠎ᠠ᠂ | ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠭᠤᠤ ᠱᠢ ᠴᠢᠨ᠄ | ᠪᠠᠶᠠᠷᠲᠠᠢ︕ | | |