2018 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠤ ᠬᠠᠮᠲᠤ ᠴᠢᠬᠤᠯᠠ | ᠶᠠᠷᠢᠶ᠎ᠠ ᠲᠠᠯᠪᠢᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠲᠤᠷᠰᠢᠬᠢ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠮᠠᠨ ᠤ ᠤᠯᠤᠰ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠶᠡᠭᠡ ᠬᠤᠪᠢ ᠨᠡᠮᠡᠷᠢ ᠶᠢ | ᠳᠡᠭᠡᠳᠦ ᠬᠡᠮᠵᠢᠶ᠎ᠡ ᠪᠠᠷ ᠦᠨᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠬᠤᠯᠠ ᠪᠠᠶᠢᠷᠢ ᠰᠠᠭᠤᠷᠢ ᠪᠠ | ᠦᠢᠯᠡᠳᠦᠯ ᠢ ᠭᠦᠢᠴᠡᠳ ᠨᠤᠲᠠᠯᠠᠵᠤ᠂ ᠣᠳᠣᠬᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠭᠦᠨᠵᠡᠭᠡᠢ ᠵᠠᠳᠠᠯᠤᠨ᠂ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠶᠡᠭᠡ ᠬᠦᠴᠦᠨ ᠢᠶᠠᠷ ᠳᠡᠮᠵᠢᠬᠦ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠲᠣᠳᠣᠷᠬᠠᠢ ᠳᠤᠷᠠᠳᠤᠨ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠠᠯᠤᠰ ᠢ | ᠬᠠᠷᠠᠵᠤ ᠬᠤᠯᠠ ᠶᠢ ᠪᠠᠷᠠᠯᠠᠨ᠂ ᠪᠦᠬᠦ ᠲᠠᠯ᠎ᠠ ᠶᠢ ᠶᠡᠷᠦᠩᠬᠡᠶᠢᠯᠡᠨ ᠬᠠᠮᠤᠷᠴᠤ᠂ ᠦᠵᠡᠯ ᠰᠠᠨᠠᠭ᠎ᠠ ᠨᠢ ᠭᠦᠨᠵᠡᠭᠡᠢ᠂ | ᠠᠭᠤᠯᠭ᠎ᠠ ᠨᠢ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠠᠵᠢᠯ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠲᠣᠳᠣᠷᠬᠠᠶᠢᠯᠠᠵᠤ᠂ ᠦᠨᠳᠦᠰᠦᠨ ᠵᠢᠷᠤᠮᠯᠠᠯ ᠬᠠᠩᠭᠠᠭᠰᠠᠨ ᠢᠶᠠᠷ | ᠪᠠᠷᠠᠬᠤ ᠦᠭᠡᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ︽ᠰᠠᠶᠢᠵᠢᠷᠠᠭᠤᠯᠤᠭᠴᠢ︾ ᠣᠯᠭᠤᠨ᠂ ︽ | ᠲᠠᠶᠢᠪᠤᠰᠢᠷᠠᠭᠤᠯᠤᠭᠴᠢ︾ ᠬᠠᠩᠭᠠᠪᠠ᠃ ᠪᠢᠳᠡ ᠦᠨᠡᠨ ᠰᠡᠳᠬᠢᠯ ᠠᠴᠠ ᠪᠠᠨ ᠣᠶᠢᠯᠭᠠᠵᠤ᠂ ᠴᠢᠳᠠᠯ ᠤᠨ | ᠴᠢᠨᠡᠭᠡ ᠪᠠᠷ ᠢᠶᠠᠨ ᠲᠤᠭᠤᠰᠢᠯᠠᠭᠤᠯᠤᠨ᠂ ᠣᠶᠣᠨ ᠬᠦᠴᠦᠨ ᠢᠶᠠᠨ ᠰᠢᠪᠬᠠᠵᠤ ᠨᠠᠶᠢᠳᠠᠪᠤᠷᠢᠵᠢᠭᠤᠯᠬᠤ ᠬᠡᠷᠡᠭᠲᠡᠢ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠮᠠᠨ ᠤ ᠣᠷᠣᠨ ᠳᠠᠬᠢ ᠪᠠᠶᠢᠷᠢ ᠰᠠᠭᠤᠷᠢ ᠨᠢ ᠲᠤᠶᠢᠯ ᠤᠨ | ᠴᠢᠬᠤᠯᠠ ᠪᠠᠶᠢᠳᠠᠭ᠃ ᠣᠳᠣᠬᠠᠨ ᠳᠤ᠂ ᠪᠦᠬᠦ ᠣᠷᠣᠨ ᠤ 60% ᠳᠡᠭᠡᠭᠰᠢᠬᠢ GDP᠂ 70% ᠣᠷᠴᠢᠮ ᠤᠨ | ᠭᠠᠶᠢᠯᠢ ᠲᠠᠲᠠᠪᠤᠷᠢ᠂ ᠬᠤᠲᠠ ᠬᠥᠳᠡᠭᠡ ᠶᠢᠨ 60% ᠣᠷᠴᠢᠮ ᠤᠨ ᠠᠵᠢᠯ ᠣᠯᠭᠤᠯᠲᠠ ᠨᠢ ᠪᠦᠷ ᠠᠷᠠᠳ ᠠᠴᠠ | ᠡᠵᠡᠩᠨᠡᠭᠰᠡᠨ ᠠᠵᠤ ᠠᠬᠤᠢ ᠠᠴᠠ ᠢᠷᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠪᠦᠬᠦ ᠣᠷᠣᠨ ᠤ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ 97% ᠶᠢ ᠡᠵᠡᠯᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ | ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ | ᠥᠭᠦᠯᠡᠯᠲᠡ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠭᠠᠨ ᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠦᠷᠭᠡᠨ ᠢᠶᠠᠷ ᠬᠥᠳᠡᠯᠦᠯᠴᠡᠪᠡ᠃ | 11 ᠳ᠋ᠦ᠋ᠭᠡᠷ ᠰᠠᠷ᠎ᠠ ᠳᠤ᠂ ᠱᠦᠵᠢ ᠯᠢ ᠵᠢᠢ ᠡᠾᠧᠩ᠂ ᠲᠡᠷᠢᠭᠦᠯᠡᠭᠴᠢ ᠪᠦ᠋ ᠰᠢᠶᠤᠤ ᠯᠢᠨ ᠲᠤᠰ ᠲᠤᠰ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠤ ᠬᠦᠷᠴᠦ ᠪᠠᠶᠢᠴᠠᠭᠠᠯᠲᠠ ᠰᠤᠳᠤᠯᠤᠯᠲᠠ ᠬᠢᠵᠦ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯᠲᠠᠳ ᠲᠠᠢ ᠶᠠᠷᠢᠯᠴᠠᠭ᠎ᠠ ᠬᠢᠭᠰᠡᠨ ᠤ ᠬᠠᠮᠲᠤ ᠰᠠᠨᠠᠯ ᠰᠠᠨᠠᠭᠤᠯᠭ᠎ᠠ ᠶᠢ ᠨᠢ ᠰᠣᠨᠣᠰᠪᠠ᠃ ᠣᠶᠢᠷ᠎ᠠ ᠶᠢᠨ | ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠠᠵᠢᠯ ᠤᠨ ᠲᠤᠰᠬᠠᠢ ᠪᠠᠭ ᠪᠠᠶᠢᠭᠤᠯᠤᠨ᠂ ᠡᠯ᠎ᠡ ᠠᠶᠢᠮᠠᠭ | ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠡᠯᠲᠡᠰ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠪᠠ ᠬᠠᠮᠢᠶ᠎ᠠ | ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯᠲᠠᠨ ᠤ ᠲᠥᠯᠥᠭᠡᠯᠡᠭᠴᠢ ᠵᠡᠷᠭᠡ ᠶᠢᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠠᠨᠠᠯ ᠬᠤᠷᠢᠶᠠᠬᠤ ᠶᠠᠷᠢᠯᠴᠠᠭᠠᠨ ᠤ ᠬᠤᠷᠠᠯ ᠢ 10 ᠭᠠᠷᠤᠢ ᠤᠳᠠᠭ᠎ᠠ | ᠬᠤᠷᠠᠯᠳᠤᠭᠤᠯᠤᠨ᠂ 500 ᠭᠠᠷᠤᠢ ᠵᠤᠷᠪᠤᠰ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ᠂ ᠠᠬ᠎ᠠ ᠳᠡᠭᠦᠦ | ᠮᠤᠵᠢ ᠣᠷᠣᠨ ᠤ ᠪᠦᠲᠦᠮᠵᠢᠲᠡᠢ ᠬᠢᠳᠡᠯ ᠢ ᠰᠤᠷᠤᠯᠴᠠᠨ ᠯᠠᠪᠯᠠᠯᠲᠠ ᠪᠣᠯᠭᠠᠭᠰᠠᠨ ᠰᠠᠭᠤᠷᠢᠨ ᠳᠡᠭᠡᠷ᠎ᠡ᠂ ︽ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠢᠶᠠᠷ ᠬᠥᠭᠵᠢᠬᠦ ᠶᠢ ᠠᠬᠢᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠲᠣᠭᠲᠠᠭᠠᠪᠠ᠃ ︽ | ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠬᠤ ᠤᠯᠤᠰ ᠲᠥᠷᠥ ᠶᠢᠨ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢ ᠢᠯᠡᠷᠡᠭᠦᠯᠦᠨ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠢᠶᠠᠷ ᠬᠥᠭᠵᠢᠬᠦ ᠶᠢ ᠵᠣᠷᠢᠭᠵᠢᠭᠤᠯᠬᠤ᠂ ᠳᠡᠮᠵᠢᠬᠦ ᠪᠠ ᠠᠬᠢᠭᠤᠯᠬᠤ ᠡᠷᠡᠰ | ᠵᠣᠷᠢᠭ ᠪᠠ ᠢᠲᠡᠭᠡᠯ ᠵᠣᠷᠢᠭ ᠢ ᠢᠯᠡᠷᠡᠭᠦᠯᠵᠡᠢ᠃ | ︽ᠠᠷᠭ᠎ᠠ ᠬᠡᠮᠵᠢᠶ᠎ᠡ ᠨᠦᠭᠦᠳ︾ ᠳᠤ ᠨᠡᠶᠢᠲᠡ ᠵᠢᠷᠭᠤᠭᠠᠨ ᠲᠠᠯ᠎ᠠ᠂ 26 ᠵᠦᠢᠯ ᠤᠨ ᠠᠷᠭ᠎ᠠ ᠬᠡᠮᠵᠢᠶ᠎ᠡ | ᠪᠠᠭᠲᠠᠵᠤ᠂ ᠲᠥᠷᠥ ᠶᠢᠨ ᠪᠣᠳᠣᠯᠭ᠎ᠠ ᠶᠢᠨ ᠳᠠᠪᠬᠤᠷᠭ᠎ᠠ ᠠᠴᠠ ᠵᠢᠷᠤᠭ ᠲᠥᠯᠥᠪᠯᠡᠭᠡ ᠬᠢᠭᠰᠡᠨ ᠢᠶᠠᠷ ᠪᠠᠷᠠᠬᠤ ᠦᠭᠡᠢ᠂ | ᠨᠠᠶᠢᠳᠠᠪᠤᠷᠢᠵᠢᠭᠤᠯᠬᠤ ᠳᠠᠪᠬᠤᠷᠭ᠎ᠠ ᠠᠴᠠ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠢᠭᠯᠡᠯᠲᠦ ᠴᠢᠨᠠᠷ᠂ | ᠬᠡᠷᠡᠭᠵᠢᠭᠦᠯᠬᠦᠶᠢᠴᠡ ᠴᠢᠨᠠᠷ ᠨᠢ ᠨᠡᠯᠢᠶᠡᠳ ᠴᠢᠩᠭ᠎ᠠ᠂ ᠬᠦᠨᠳᠦᠴᠡ ᠨᠢ ᠨᠡᠯᠢᠶᠡᠳ ᠥᠨᠳᠥᠷ ᠪᠠᠶᠢᠵᠤ᠂ ᠮᠠᠨ ᠤ | ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠢᠶᠠᠷ ᠬᠥᠭᠵᠢᠬᠦ ᠶᠢ ᠠᠬᠢᠭᠤᠯᠬᠤ ᠳᠤ ᠴᠢᠩᠭ᠎ᠠ | ᠬᠦᠴᠦᠨ ᠪᠦᠬᠦᠢ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠ ᠨᠠᠶᠢᠳᠠᠪᠤᠷᠢᠵᠢᠭᠤᠯᠬᠤ ᠪᠠᠲᠤᠯᠠᠭ᠎ᠠ ᠬᠠᠩᠭᠠᠬᠤ | ᠨᠢ ᠵᠠᠶᠢᠯᠠᠰᠢ ᠦᠭᠡᠢ᠃ ︽ᠠᠷᠭ᠎ᠠ ᠬᠡᠮᠵᠢᠶ᠎ᠡ ᠨᠦᠭᠦᠳ︾ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ | ᠳᠣᠣᠷᠠᠬᠢ ᠳᠣᠯᠣᠭᠠᠨ ᠲᠠᠯ᠎ᠠ ᠠᠴᠠ ᠭᠤᠣᠯᠳᠠᠯᠭ᠎ᠠ ᠲᠠᠢ ᠡᠵᠡᠮᠳᠡᠬᠦ ᠬᠡᠷᠡᠭᠲᠡᠢ᠄ | ᠨᠢᠭᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠬᠠᠷᠢᠴᠠᠭᠤᠯᠵᠤ᠂ | ᠲᠥᠷᠥ ᠶᠢᠨ ᠪᠣᠳᠣᠯᠭ᠎ᠠ ᠶᠢᠨ ᠲᠥᠰᠥᠪ ᠢ ᠪᠠᠶᠢᠷᠢᠰᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠭᠠᠨ ᠤ | ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠶᠡᠭᠡ ᠬᠦᠴᠦᠨ ᠢᠶᠠᠷ ᠳᠡᠮᠵᠢᠬᠦ︾ ᠪᠠᠷ ᠨᠢᠭᠡᠳᠦᠯᠲᠡᠢ ᠤᠳᠤᠷᠢᠳᠤᠭᠤᠯᠵᠤ᠂ ᠵᠢᠷᠭᠤᠭᠠᠨ ᠲᠠᠯ᠎ᠠ ᠶᠢᠨ | ᠵᠢᠭᠠᠪᠤᠷᠢ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠲᠤᠬᠠᠶᠢᠯᠠᠪᠠᠯ ᠠᠵᠤ ᠠᠬᠤᠶᠢᠯᠠᠯ ᠤᠨ ᠭᠠᠶᠢᠯᠢ ᠶᠢᠨ | ᠰᠦᠢᠳᠬᠡᠯ ᠤᠨ ᠳᠠᠷᠤᠭᠠᠰᠤ ᠶᠢ ᠬᠥᠩᠭᠡᠯᠡᠬᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠳᠤ ᠬᠦᠴᠢᠷ ᠪᠡᠯᠡ ᠲᠣᠬᠢᠷᠠᠭᠤᠯᠬᠤ ᠦᠨ᠎ᠡ ᠨᠢ ᠥᠨᠳᠥᠷ ᠠᠰᠠᠭᠤᠳᠠᠯ ᠢ ᠰᠢᠢᠳᠪᠦᠷᠢᠯᠡᠬᠦ᠂ ᠡᠷᠬᠡ | ᠲᠡᠭᠰᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠣᠢ ᠪᠣᠯᠭᠠᠬᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠠᠷᠭ᠎ᠠ ᠬᠡᠯᠪᠡᠷᠢ ᠶᠢ ᠲᠡᠭᠦᠯᠳᠡᠷᠵᠢᠭᠦᠯᠬᠦ᠂ ᠳᠣᠲᠣᠨᠣ ᠴᠡᠪᠡᠷ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ | ᠬᠠᠷᠢᠴᠠᠭ᠎ᠠ ᠶᠢ ᠪᠠᠶᠢᠭᠤᠯᠬᠤ᠂ ᠠᠵᠤ ᠠᠬᠤᠶᠢᠯᠠᠯᠲᠠᠳ ᠤᠨ ᠲᠤᠰ ᠪᠡᠶ᠎ᠡ ᠪᠠ ᠡᠳ᠋ ᠬᠥᠷᠥᠩᠭᠡ ᠶᠢᠨ ᠠᠮᠤᠷ | ᠲᠦᠪᠰᠢᠨ ᠢ ᠬᠠᠮᠠᠭᠠᠯᠠᠬᠤ ᠵᠡᠷᠭᠡ᠃ ︽ᠠᠷᠭ᠎ᠠ ᠬᠡᠮᠵᠢᠶ᠎ᠡ ᠨᠦᠭᠦᠳ︾ ᠨᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠬᠤ ᠶᠢᠨ ᠲᠣᠭᠤᠷᠢᠨ ᠳᠤ | ᠴᠢᠩᠭ᠎ᠠ ᠨᠢᠭᠲᠠᠷᠠᠨ᠂ ᠶᠡᠷᠦᠩᠬᠡᠢ ᠱᠦᠵᠢ ᠰᠢ ᠶᠢᠨ ᠫᠢᠩ ᠤᠨ ᠵᠢᠷᠭᠤᠭᠠᠨ ᠵᠦᠢᠯ ᠤᠨ ᠱᠠᠭᠠᠷᠳᠠᠯᠭ᠎ᠠ ᠶᠢᠨ | ᠪᠠᠶᠢᠷᠢᠰᠢᠭᠤᠯᠤᠯᠲᠠ ᠶᠣᠰᠣᠭᠠᠷ᠂ ᠶᠡᠷᠦᠩᠬᠡᠢ ᠱᠦᠵᠢ ᠰᠢ ᠶᠢᠨ ᠫᠢᠩ ᠤᠨ ᠵᠢᠷᠭᠤᠭᠠᠨ ᠵᠦᠢᠯ ᠤᠨ ᠱᠠᠭᠠᠷᠳᠠᠯᠭ᠎ᠠ ᠶᠢᠨ | ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠲᠠᠢ ᠬᠠᠷᠢᠴᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠪᠣᠳᠠᠲᠠᠢ ᠶᠢ ᠡᠷᠬᠢᠮᠯᠡᠭᠰᠡᠨ ᠠᠷᠭ᠎ᠠ | ᠬᠡᠮᠵᠢᠶ᠎ᠡ ᠶᠢ ᠴᠢᠬᠤᠯᠠᠴᠢᠯᠠᠨ ᠳᠤᠷᠠᠳᠴᠠᠢ᠃ | ᠬᠤᠶᠠᠷ᠂ ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠳᠤ ᠠᠩᠬᠠᠷᠤᠭᠤᠯᠤᠨ ᠲᠥᠪᠯᠡᠷᠡᠭᠦᠯᠵᠦ᠂ ᠲᠠᠯ᠎ᠠ | ᠪᠦᠬᠦᠨ ᠢ ᠬᠠᠮᠤᠷᠬᠤ ᠶᠢ ᠬᠥᠭᠡᠭᠡᠴᠡᠯᠳᠦᠭᠰᠡᠨ ᠦᠭᠡᠢ | ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠤ ᠪᠠᠨ᠂ ︽ᠣᠳᠣᠬᠠᠨ ᠤ ᠠᠷᠠᠳ ᠠᠴᠠ ᠡᠵᠡᠩᠨᠡᠭᠰᠡᠨ ᠠᠵᠤ | ᠠᠬᠤᠢ ᠳᠤ ᠲᠤᠯᠭᠠᠷᠠᠭᠰᠠᠨ ᠵᠠᠷᠢᠮ ᠬᠦᠴᠢᠷᠳᠡᠯ ᠨᠢ ᠦᠨᠡᠨ ᠪᠣᠳᠠᠲᠠᠢ ᠪᠠᠷ ᠣᠷᠣᠰᠢᠨ᠂ ᠴᠢᠨᠠᠭᠰᠢᠯᠠᠭᠠᠳ ᠮᠠᠰᠢ | ᠬᠦᠨᠳᠦ ᠨᠣᠴᠢᠲᠠᠢ ᠪᠠᠶᠢᠵᠤ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ᠃ ᠡᠭᠦᠨ ᠤ | ᠬᠠᠮᠲᠤ᠂ ᠡᠳᠡᠭᠡᠷ ᠬᠦᠴᠢᠷᠳᠡᠯ ᠨᠢ ᠬᠥᠭᠵᠢᠯᠲᠡ ᠶᠢᠨ ᠳᠤᠮᠳᠠᠬᠢ ᠬᠦᠴᠢᠷᠳᠡᠯ᠂ ᠤᠷᠤᠭᠰᠢᠯᠠᠯᠲᠠ ᠶᠢᠨ ᠳᠤᠮᠳᠠᠬᠢ | ᠠᠰᠠᠭᠤᠳᠠᠯ᠂ ᠥᠰᠦᠯᠲᠡ ᠶᠢᠨ ᠳᠤᠮᠳᠠᠬᠢ ᠵᠣᠪᠠᠭᠤᠷᠢ ᠪᠣᠯᠬᠤᠷ᠂ ᠡᠷᠬᠡᠪᠰᠢ ᠬᠥᠭᠵᠢᠯᠲᠡ ᠶᠢᠨ ᠳᠤᠮᠳᠠ | ᠰᠢᠢᠳᠪᠦᠷᠢᠯᠡᠬᠦ ᠶᠢ ᠲᠠᠨᠢᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ ᠠᠴᠠ | ᠲᠡᠦᠬᠡᠨ ᠠᠴᠠ ᠠᠪᠤᠭᠠᠳ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠢᠳ ᠬᠤᠵᠢᠳ ︽ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠢ ᠶᠢ | ᠲᠦᠷᠭᠡᠳᠬᠡᠨ ᠬᠥᠭᠵᠢᠭᠦᠯᠬᠦ ᠶᠢ ᠵᠣᠷᠢᠭᠵᠢᠭᠤᠯᠬᠤ ᠪᠠ ᠳᠡᠮᠵᠢᠬᠦ ᠲᠣᠭᠲᠠᠭᠠᠯ ᠤᠳ︾ ︽ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠥᠯ︾ ︽ᠮᠥᠩᠭᠦᠨ ᠭᠦᠢᠯᠭᠡᠭᠡᠨ ᠤ ᠵᠢᠵᠢᠭ | ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠦᠢᠯᠡᠴᠢᠯᠡᠨ ᠳᠡᠮᠵᠢᠬᠦ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠲᠤᠬᠠᠢ ᠵᠢᠯᠣᠭᠤᠳᠬᠤ ᠰᠠᠨᠠᠯ︾ ︽ᠠᠵᠤ ᠠᠬᠤᠶᠢᠯᠠᠯᠲᠠᠳ ᠤᠨ ᠡᠷᠡᠭᠦᠯ ᠢᠶᠠᠷ ᠬᠥᠭᠵᠢᠨ | ᠪᠤᠵᠠᠭᠠᠶᠢᠷᠠᠬᠤ ᠣᠷᠴᠢᠨ ᠨᠥᠬᠦᠴᠡᠯ ᠢ ᠪᠣᠢ ᠪᠣᠯᠭᠠᠨ ᠰᠢᠯᠢᠳᠡᠭ ᠠᠵᠤ ᠠᠬᠤᠶᠢᠯᠠᠯᠲᠠᠳ ᠤᠨ ᠵᠣᠷᠢᠭ ᠰᠠᠨᠠᠭ᠎ᠠ ᠶᠢ | ᠪᠠᠳᠠᠷᠠᠭᠤᠯᠵᠤ ᠠᠵᠤ ᠠᠬᠤᠶᠢᠯᠠᠯᠲᠠᠳ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠲᠤᠬᠠᠢ ᠬᠡᠷᠡᠭᠵᠢᠭᠦᠯᠬᠦ | ᠰᠠᠨᠠᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ︽ᠠᠷᠭ᠎ᠠ | ᠬᠡᠮᠵᠢᠶ᠎ᠡ ᠨᠦᠭᠦᠳ︾ ᠲᠤ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠲᠥᠪᠯᠡᠷᠡᠯ | ᠲᠦᠭᠵᠢᠷᠡᠯ ᠡᠮᠵᠢᠭ ᠠᠰᠠᠭᠤᠳᠠᠯ ᠳᠤ ᠴᠢᠭᠯᠡᠭᠦᠯᠦᠨ᠂ ᠥᠩᠭᠡᠷᠡᠭᠰᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠬᠦ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠳᠡᠮᠵᠢᠯᠭᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠵᠦ᠂ | ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠯᠤᠭ᠎ᠠ ᠡᠮᠦᠨ᠎ᠡ ᠬᠤᠶᠢᠨᠠᠬᠢ ᠶᠢ ᠨᠢ ᠵᠣᠯᠭᠠᠯᠳᠤᠭᠤᠯᠤᠨ᠂ ᠨᠡᠩ | ᠪᠣᠰᠤᠭ᠎ᠠ ᠴᠣᠭᠴᠠᠵᠢᠭᠤᠯᠤᠭᠰᠠᠨ᠂ ᠨᠡᠩ ᠬᠦᠨᠳᠦᠴᠡ ᠲᠠᠢ᠂ ᠨᠡᠩ ᠪᠠᠶᠠᠯᠢᠭ ᠴᠠᠭ ᠦᠶᠡᠴᠢ ᠴᠢᠨᠠᠷᠲᠠᠢ᠂ ᠨᠡᠩ | ᠬᠡᠷᠡᠭᠵᠢᠭᠦᠯᠬᠦᠶᠢᠴᠡ ᠴᠢᠨᠠᠷᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠥᠬᠦᠷᠵᠢᠭᠦᠯᠦᠨ ᠪᠦᠷᠢᠯᠳᠦᠭᠦᠯᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠡᠩ ᠦᠨᠡᠨ ᠪᠣᠳᠠᠲᠠᠢ ᠬᠦᠷᠲᠡᠭᠡᠮᠵᠢᠲᠦ ᠲᠥᠷᠥᠭᠳᠡᠯ ᠣᠯᠭᠤᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠴᠢᠷᠳᠡᠯ ᠪᠠ ᠠᠰᠠᠭᠤᠳᠠᠯ ᠢ ᠬᠥᠭᠵᠢᠭᠦᠯᠦᠨ | ᠤᠷᠤᠭᠰᠢᠯᠠᠭᠤᠯᠬᠤ ᠳᠤᠮᠳᠠ ᠰᠢᠢᠳᠪᠦᠷᠢᠯᠡᠬᠦ ᠪᠠᠷ ᠴᠢᠷᠮᠠᠶᠢᠨ᠎ᠠ᠃ | ᠭᠤᠷᠪᠠ᠂ ᠣᠷᠣᠨ ᠨᠤᠲᠤᠭ ᠤᠨ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠪᠠ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠠᠩᠬᠠᠷᠤᠭᠤᠯᠤᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠳᠤ | ᠲᠤᠶᠢᠯ ᠤᠨ ᠣᠨᠣᠪᠴᠢᠲᠠᠢ ᠪᠠᠷ ᠰᠢᠨ᠎ᠡ ᠶᠢ ᠡᠭᠦᠳᠦᠨ᠎ᠡ | ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠤ ᠪᠠᠨ᠂ ︽ᠠᠷᠠᠳ ᠠᠴᠠ ᠡᠵᠡᠩᠨᠡᠭᠰᠡᠨ ᠠᠵᠤ ᠠᠬᠤᠢ ᠳᠤ | ᠨᠡᠩ ᠰᠠᠶᠢᠲᠤᠷ ᠬᠥᠭᠵᠢᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠪᠣᠢ ᠪᠣᠯᠭᠠᠵᠤ᠂ ᠠᠷᠠᠳ ᠠᠴᠠ ᠡᠵᠡᠩᠨᠡᠭᠰᠡᠨ | ᠠᠵᠤ ᠠᠬᠤᠢ ᠶᠢ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠬᠡᠷᠡᠭᠲᠡᠢ︾ ᠭᠡᠵᠦ ᠵᠢᠭᠠᠵᠤ | ᠭᠠᠷᠭᠠᠪᠠ᠃ ︽ᠠᠷᠭ᠎ᠠ ᠬᠡᠮᠵᠢᠶ᠎ᠡ ᠨᠦᠭᠦᠳ︾ ᠨᠢ ᠥᠪᠡᠷᠲᠡᠭᠡᠨ ᠵᠠᠰᠠᠬᠤ ᠣᠷᠣᠨ ᠤ ᠡᠷᠬᠡ ᠶᠢᠨ ᠬᠢᠵᠠᠭᠠᠷ ᠤᠨ | ᠬᠡᠪᠴᠢᠶᠡᠨ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠠᠷ ᠤᠳᠤᠷᠢᠳᠤᠮᠵᠢ | ᠪᠣᠯᠭᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠭᠰᠠᠨ ᠲᠣᠪᠣᠶᠢᠮ᠎ᠠ ᠭᠤᠣᠯᠳᠠᠯᠭ᠎ᠠ ᠲᠠᠢ | ᠬᠦᠴᠢᠷᠳᠡᠯ ᠲᠠᠢ ᠠᠰᠠᠭᠤᠳᠠᠯ᠂ ᠣᠨᠴᠠᠭᠠᠶᠢᠯᠠᠨ ᠭᠠᠶᠢᠯᠢ ᠰᠦᠢᠳᠬᠡᠯ ᠤᠨ ᠳᠠᠷᠤᠭᠠᠰᠤ᠂ ᠪᠡᠯᠡ ᠲᠣᠬᠢᠷᠠᠭᠤᠯᠬᠤ ᠳᠤ | ᠬᠦᠴᠢᠷᠲᠡᠢ ᠪᠡᠯᠡ ᠲᠣᠬᠢᠷᠠᠭᠤᠯᠬᠤ ᠦᠨ᠎ᠡ ᠨᠢ ᠥᠨᠳᠥᠷ ᠵᠡᠷᠭᠡ ᠠᠰᠠᠭᠤᠳᠠᠯ ᠢᠶᠠᠷ ᠰᠢᠪᠲᠤᠯᠤᠯᠲᠠ ᠪᠣᠯᠭᠠᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠠᠩᠭᠠᠨ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠬᠦᠴᠦᠨ ᠪᠦᠬᠦᠢ ᠭᠦᠨᠴᠡ ᠪᠦᠬᠦᠢ ᠬᠠᠶᠢᠷ᠎ᠠ ᠬᠠᠯᠠᠮᠵᠢ | ᠪᠦᠬᠦᠢ ᠰᠢᠨ᠎ᠡ ᠠᠷᠭ᠎ᠠ ᠬᠡᠮᠵᠢᠶ᠎ᠡ᠂ ᠰᠢᠨ᠎ᠡ ᠠᠷᠭᠠᠴᠠᠭᠠᠬᠤ ᠪᠣᠳᠣᠯᠭ᠎ᠠ᠂ ᠰᠢᠨ᠎ᠡ ᠠᠷᠭ᠎ᠠ ᠪᠣᠳᠣᠯᠭ᠎ᠠ ᠶᠢ ᠰᠤᠳᠤᠯᠤᠨ | ᠲᠣᠭᠲᠠᠭᠠᠨ᠎ᠠ᠃ | ᠭᠠᠶᠢᠯᠢ ᠰᠦᠢᠳᠬᠡᠯ ᠤᠨ ᠳᠠᠷᠤᠭᠠᠰᠤ ᠬᠦᠨᠳᠦ ᠪᠠᠶᠢᠭ᠎ᠠ ᠠᠰᠠᠭᠤᠳᠠᠯ ᠳᠤ ᠴᠢᠭᠯᠡᠭᠦᠯᠪᠡ᠃ ︽ᠠᠷᠭ᠎ᠠ | ᠬᠡᠮᠵᠢᠶ᠎ᠡ ᠨᠦᠭᠦᠳ︾ ᠲᠤ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠬᠤ ᠬᠠᠮᠤᠭ ᠤᠨ ᠰᠢᠨ᠎ᠡ ᠠᠷᠭ᠎ᠠ | ᠬᠡᠮᠵᠢᠶ᠎ᠡ ᠶᠢ ᠳᠤᠷᠠᠳᠴᠠᠢ᠃ ᠭᠠᠶᠢᠯᠢ ᠶᠢ ᠬᠥᠩᠭᠡᠯᠡᠬᠦ ᠲᠠᠯ᠎ᠠ ᠪᠠᠷ᠄ ᠵᠢᠵᠢᠭ ᠬᠡᠯᠪᠡᠷᠢ ᠪᠢᠴᠢᠯ ᠠᠰᠢᠭ ᠤᠨ ᠠᠵᠤ | ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠲᠤᠬᠠᠢ ᠣᠷᠣᠨ ᠨᠤᠲᠤᠭ ᠤᠨ ᠬᠤᠪᠢᠶᠠᠯᠴᠠᠨ ᠡᠳ᠋ᠯᠡᠬᠦ ᠬᠡᠰᠡᠭ᠂ | ᠵᠢᠵᠢᠭ ᠬᠡᠪᠴᠢᠶᠡᠨ ᠤ ᠭᠠᠶᠢᠯᠢ ᠲᠤᠰᠢᠶᠠᠭᠴᠢ ᠶᠢᠨ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ | ᠰᠢᠷᠣᠢ ᠶᠢᠨ ᠬᠡᠷᠡᠭᠯᠡᠭᠡᠨ ᠤ ᠭᠠᠶᠢᠯᠢ ᠵᠡᠷᠭᠡ ᠲᠠᠯ᠎ᠠ ᠪᠠᠷ᠂ ᠲᠣᠳᠣᠷᠬᠠᠢ ᠭᠠᠶᠢᠯᠢ ᠬᠥᠩᠭᠡᠯᠡᠬᠦ ᠪᠣᠳᠠᠲᠠᠢ ᠲᠣᠭᠲᠠᠭᠠᠯ | ᠭᠠᠷᠭᠠᠪᠠ᠃ ᠰᠦᠢᠳᠬᠡᠯ ᠢ ᠪᠠᠭᠤᠷᠠᠭᠤᠯᠬᠤ ᠲᠠᠯ᠎ᠠ ᠪᠠᠷ᠄ ︽ᠠᠷᠭ᠎ᠠ ᠬᠡᠮᠵᠢᠶ᠎ᠡ ᠨᠦᠭᠦᠳ︾ ᠲᠤ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ᠂ ᠡᠨᠧᠷᠭᠢ ᠬᠡᠷᠡᠭᠯᠡᠬᠦ ᠥᠪᠡᠷ ᠤᠨ ᠥᠷᠲᠡᠭ ᠵᠡᠷᠭᠡ ᠶᠢ ᠪᠠᠭᠤᠷᠠᠭᠤᠯᠬᠤ ᠠᠯᠢ ᠣᠯᠠᠨ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠡᠮᠵᠢᠨ ᠪᠣᠳᠣᠭᠰᠠᠨ ᠢᠶᠠᠷ᠂ ᠶᠡᠷᠦᠩᠬᠡᠢ ᠲᠤᠭ᠎ᠠ ᠬᠡᠮᠵᠢᠶ᠎ᠡ ᠠᠴᠠ | ᠠᠪᠴᠤ ᠬᠡᠯᠡᠪᠡᠯ᠂ ᠳᠡᠭᠡᠷ᠎ᠡ ᠶᠠᠷᠢᠭᠰᠠᠨ ᠬᠠᠮᠤᠭ ᠤᠨ ᠰᠢᠨ᠎ᠡ ᠠᠷᠭ᠎ᠠ ᠬᠡᠮᠵᠢᠶ᠎ᠡ ᠳᠤ ᠵᠢᠯ ᠪᠦᠷᠢ ᠪᠠᠷᠤᠭ 70 | ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ ᠰᠦᠢᠳᠬᠡᠯ ᠶᠢ ᠪᠠᠭᠤᠷᠠᠭᠤᠯᠬᠤ ᠶᠢ ᠪᠡᠶᠡᠯᠡᠭᠦᠯᠵᠦ ᠪᠣᠯᠣᠨ᠎ᠠ᠃ | ᠬᠠᠮᠤᠷᠬᠤ ᠬᠡᠪᠴᠢᠶ᠎ᠡ ᠠᠴᠠ ᠠᠪᠴᠤ ᠦᠵᠡᠪᠡᠯ᠂ 11.3 ᠲᠦᠮᠡᠨ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠪᠠᠷᠤᠭ ᠵᠠᠭᠤᠨ ᠲᠦᠮᠡᠨ | ᠡᠷᠦᠬᠡ ᠡᠯ᠎ᠡ ᠲᠥᠷᠥᠯ ᠤᠨ ᠲᠣᠮᠣ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠳᠤ ᠪᠦᠬᠦᠯᠢ ᠴᠣᠭᠴᠠ ᠪᠠᠷ ᠨᠢ | ᠠᠰᠢᠭ ᠬᠦᠷᠲᠡᠭᠡᠬᠦ ᠪᠣᠯᠣᠨ᠎ᠠ᠃ | ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠦᠨ᠎ᠡ ᠨᠢ ᠥᠨᠳᠥᠷ ᠠᠰᠠᠭᠤᠳᠠᠯ ᠳᠤ | ᠴᠢᠭᠯᠡᠭᠦᠯᠪᠡ᠃ ︽ᠠᠷᠭ᠎ᠠ ᠬᠡᠮᠵᠢᠶ᠎ᠡ ᠨᠦᠭᠦᠳ︾ ᠲᠤ᠂ ᠥᠪᠡᠷᠲᠡᠭᠡᠨ ᠵᠠᠰᠠᠬᠤ ᠣᠷᠣᠨ ᠠᠴᠠ ︽ᠦᠨᠡᠨ ᠪᠣᠳᠠᠲᠠᠢ | ᠡᠳ᠋ ᠮᠥᠩᠭᠦ︾ ᠭᠠᠷᠭᠠᠵᠤ᠂ 100 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠭᠦᠢᠯᠭᠡᠭᠡᠨ ᠤ ᠴᠢᠨᠠᠷᠲᠠᠢ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ 100 ᠳ᠋ᠦᠩᠰᠢᠭᠤᠷ ᠲᠥᠭᠦᠷᠢᠭ ᠤᠨ ᠠᠵᠤ | ᠠᠬᠤᠶᠢᠯᠠᠯ ᠤᠨ ᠬᠦᠴᠢᠷᠳᠡᠯ ᠢ ᠲᠠᠶᠢᠯᠤᠨ ᠬᠥᠭᠵᠢᠭᠦᠯᠬᠦ ᠰᠠᠭᠤᠷᠢ ᠮᠥᠩᠭᠦ ᠲᠣᠬᠢᠷᠠᠭᠤᠯᠵᠤ᠂ ᠥᠪᠡᠷᠲᠡᠭᠡᠨ ᠵᠠᠰᠠᠬᠤ | ᠣᠷᠣᠨ ᠤ ᠬᠥᠷᠥᠩᠭᠡ ᠮᠥᠩᠭᠦ ᠨᠢ 50 ᠳ᠋ᠦᠩᠰᠢᠭᠤᠷ ᠲᠥᠭᠦᠷᠢᠭ ᠤᠨ ᠳᠠᠬᠢᠨ ᠳᠠᠭᠠᠭᠠᠯᠲᠠ ᠬᠢᠬᠦ ᠪᠦᠯᠦᠭᠯᠡᠯ ᠢ | ᠵᠣᠬᠢᠶᠠᠨ ᠪᠠᠶᠢᠭᠤᠯᠵᠤ᠂ ᠳᠠᠭᠠᠭᠠᠯᠲᠠ ᠬᠢᠬᠦ ᠬᠡᠪᠴᠢᠶ᠎ᠡ ᠶᠢ ᠨᠢ 300 ᠳ᠋ᠦᠩᠰᠢᠭᠤᠷ ᠲᠥᠭᠦᠷᠢᠭ ᠪᠣᠯᠭᠠᠬᠤ ᠶᠢ | ᠴᠢᠷᠮᠠᠶᠢᠨ ᠪᠡᠶᠡᠯᠡᠭᠦᠯᠵᠦ᠂ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ᠂ ᠠᠵᠢᠯ ᠣᠯᠭᠤᠬᠤ ᠲᠣᠮᠣ | ᠡᠷᠦᠬᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠶᠢᠨ ᠪᠡᠯᠡ ᠲᠣᠬᠢᠷᠠᠭᠤᠯᠬᠤ ᠬᠦᠴᠢᠷᠳᠡᠯ ᠢ ᠬᠦᠴᠦᠯᠡᠨ ᠰᠢᠢᠳᠪᠦᠷᠢᠯᠡᠨ᠎ᠡ ᠭᠡᠵᠦ ᠲᠣᠳᠣᠷᠬᠠᠶᠢᠯᠠᠪᠠ᠃ | ︽ᠠᠷᠭ᠎ᠠ ᠬᠡᠮᠵᠢᠶ᠎ᠡ ᠨᠦᠭᠦᠳ︾ ᠲᠤ ᠬᠦᠴᠢᠷᠳᠡᠯ ᠢ ᠲᠠᠶᠢᠯᠤᠨ ᠬᠥᠭᠵᠢᠭᠦᠯᠬᠦ ᠰᠠᠭᠤᠷᠢ ᠮᠥᠩᠭᠦ ᠳᠤ ᠣᠷᠣᠯᠴᠠᠭᠰᠠᠨ | ᠨᠡᠶᠢᠭᠡᠮ ᠤᠨ ᠡᠯ᠎ᠡ ᠲᠥᠷᠥᠯ ᠤᠨ ᠡᠳ᠋ ᠬᠥᠷᠥᠩᠭᠡ᠂ ᠥᠭᠴᠡᠭᠡᠨ ᠤ ᠲᠡᠮᠳᠡᠭᠲᠦ ᠲᠠᠷᠠᠭᠠᠬᠤ ᠠᠵᠤ ᠠᠬᠤᠶᠢᠯᠠᠯ ᠳᠤ | ᠲᠦᠭᠰᠢᠭᠦᠷᠢ ᠶᠢᠨ ᠠᠯᠭᠤᠷᠯᠠᠭᠤᠯᠤᠯ ᠬᠠᠩᠭᠠᠭᠰᠠᠨ ᠪᠠᠶᠢᠭᠤᠯᠤᠮᠵᠢ ᠶᠢᠨ ᠲᠤᠬᠠᠢ᠂ ᠪᠣᠳᠠᠲᠠᠢ ᠱᠠᠩᠨᠠᠨ ᠬᠥᠬᠢᠭᠦᠯᠬᠦ | ᠠᠷᠭ᠎ᠠ ᠶᠢ ᠳᠤᠷᠠᠳᠤᠨ ᠭᠠᠷᠭᠠᠪᠠ᠃ ︽ᠠᠷᠭ᠎ᠠ ᠬᠡᠮᠵᠢᠶ᠎ᠡ ᠨᠦᠭᠦᠳ︾ ᠲᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠬᠡ ᠮᠥᠩᠭᠦ ᠶᠢ ᠨᠢ ᠪᠤᠴᠠᠭᠠᠬᠤ ᠦᠭᠡᠢ ᠪᠠᠷ ᠵᠢᠭᠡᠯᠡᠯᠭᠡ ᠪᠠᠨ ᠦᠷᠭᠦᠯᠵᠢᠯᠡᠭᠦᠯᠬᠦ ᠶᠢᠨ ᠬᠠᠮᠢᠶᠠᠷᠬᠤ | ᠠᠷᠭ᠎ᠠ ᠵᠢᠴᠢ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠨᠡᠷᠡᠰ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ | ᠬᠥᠷᠥᠩᠭᠡ ᠮᠥᠩᠭᠦ ᠶᠢ ᠬᠥᠳᠡᠯᠦᠩᠭᠦᠢ ᠪᠠᠷ ᠨᠥᠬᠦᠪᠦᠷᠢᠯᠡᠬᠦ ᠵᠡᠷᠭᠡ ᠠᠯᠢ ᠣᠯᠠᠨ ᠤᠷᠲᠤ ᠬᠤᠭᠤᠴᠠᠭᠠᠨ ᠤ | ᠲᠣᠭᠲᠠᠴᠠ ᠶᠢ ᠪᠠᠶᠢᠭᠤᠯᠬᠤ ᠪᠠᠷ ᠳᠤᠷᠠᠳᠤᠭᠰᠠᠨ ᠤ ᠬᠠᠮᠲᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠢᠲᠡᠭᠡᠮᠵᠢᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ᠂ ᠰᠢᠭᠤᠳ ᠪᠡᠯᠡ ᠲᠣᠬᠢᠷᠠᠭᠤᠯᠬᠤ ᠦᠢᠯᠡᠳᠦᠯ ᠴᠢᠳᠠᠮᠵᠢ ᠶᠢ ᠨᠢ | ᠥᠷᠭᠡᠳᠬᠡᠬᠦ ᠲᠤᠬᠠᠢ ᠪᠣᠳᠠᠲᠠᠢ ᠬᠠᠷᠠᠯᠲᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ | ᠳᠥᠷᠪᠡ᠂ ᠡᠷᠬᠡ ᠲᠡᠭᠰᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠣᠢ ᠪᠣᠯᠭᠠᠬᠤ ᠳᠤ ᠠᠩᠬᠠᠷᠤᠭᠤᠯᠤᠨ | ᠲᠥᠪᠯᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ | ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠤ ᠪᠠᠨ ︽ᠡᠯ᠎ᠡ ᠵᠦᠢᠯ ᠤᠨ ︿ᠡᠪᠬᠡᠳᠡᠭ ᠡᠭᠦᠳᠡ﹀ ︿ᠰᠢᠯᠤᠨ | ᠡᠭᠦᠳᠡ﹀ ︿ᠢᠯᠠᠭᠤᠭᠰᠠᠨ ᠡᠭᠦᠳᠡ﹀ ᠶᠢ ᠡᠪᠳᠡᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ | ᠵᠥᠪᠰᠢᠶᠡᠷᠡᠯ ᠢ ᠬᠢᠨᠠᠨ ᠵᠥᠪᠰᠢᠶᠡᠷᠡᠬᠦ᠂ ᠡᠵᠡᠩᠨᠡᠨ ᠠᠵᠢᠯᠯᠠᠭᠤᠯᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ | ᠴᠡᠷᠢᠭ ᠠᠷᠠᠳ ᠢ ᠠᠭᠤᠰᠤᠯᠴᠠᠭᠤᠯᠬᠤ ᠵᠡᠷᠭᠡ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠡᠷᠬᠡ | ᠲᠡᠭᠰᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠣᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠥᠭᠵᠢᠯᠲᠡ ᠳᠤ ᠵᠠᠬ᠎ᠠ ᠳᠡᠯᠭᠡᠭᠦᠷ ᠤᠨ ᠭᠦᠢᠴᠡᠳ ᠣᠷᠣᠨ ᠵᠠᠢ ᠶᠢ ᠡᠭᠦᠳᠴᠦ ᠥᠭᠬᠦ ᠬᠡᠷᠡᠭᠲᠡᠢ︾ | ᠭᠡᠵᠦ ᠵᠢᠭᠠᠵᠤ ᠭᠠᠷᠭᠠᠪᠠ᠃ ︽ᠠᠷᠭ᠎ᠠ ᠬᠡᠮᠵᠢᠶ᠎ᠡ ᠨᠦᠭᠦᠳ︾ ᠲᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ | ᠲᠠᠯ᠎ᠠ ᠪᠠᠷ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠠᠯᠳᠠᠭᠳᠠᠯ ᠲᠠᠢ ᠵᠦᠢᠯᠡᠰ ᠤᠨ ᠨᠠᠷᠢᠨ | ᠬᠠᠭᠤᠳᠠᠰᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠥᠯᠥ ᠬᠢᠵᠠᠭᠠᠷᠯᠠᠭᠰᠠᠨ ᠪᠣᠯ ᠳᠠᠷᠤᠢ ᠣᠷᠣᠭᠤᠯᠬᠤ︾ ᠶᠢ | ᠨᠡᠶᠢᠳᠡᠮ ᠳᠤ ᠨᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠪᠡᠯᠡ ᠣᠷᠣᠭᠤᠯᠬᠤ ᠪᠠ ᠪᠡᠯᠡ ᠲᠣᠬᠢᠷᠠᠭᠤᠯᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠲᠤᠰᠬᠠᠢ ᠵᠦᠢᠯ ᠤᠨ | ᠪᠡᠯᠡ ᠮᠥᠩᠭᠦ ᠶᠢᠨ ᠨᠥᠬᠦᠪᠦᠷᠢ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠠᠳᠠᠯᠢᠬᠠᠨ | ᠬᠠᠷᠠᠭᠠᠯᠵᠠᠯ ᠬᠦᠷᠲᠡᠭᠡᠬᠦ ᠶᠢ ᠪᠠᠲᠤᠯᠠᠨ᠎ᠠ︔ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠶᠢ ᠪᠦᠬᠦ | ᠲᠠᠯ᠎ᠠ ᠪᠠᠷ ᠬᠡᠷᠡᠭᠵᠢᠭᠦᠯᠦᠨ᠂ ᠬᠡᠮᠵᠢᠶ᠎ᠡ ᠶᠢ ᠨᠢ ᠨᠡᠮᠡᠭᠳᠡᠭᠦᠯᠦᠭᠰᠡᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠᠷ | ᠪᠠᠷᠠᠬᠤ ᠦᠭᠡᠢ᠂ ᠬᠦᠴᠦᠨ ᠦᠭᠡᠢ ᠪᠣᠯᠭᠠᠭᠰᠠᠨ ᠦᠯᠡᠳᠡᠭᠡᠯ ᠪᠢᠴᠢᠭ ᠮᠠᠲ᠋ᠧᠷᠢᠶᠠᠯ ᠢ ᠢᠯᠭᠠᠨ ᠴᠡᠪᠡᠷᠯᠡᠵᠦ᠂ | ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠤᠨ ᠥᠷᠢᠰᠦᠯᠳᠦᠬᠦ ᠶᠢ ᠬᠢᠵᠠᠭᠠᠷᠯᠠᠬᠤ ᠪᠠ ᠭᠠᠭᠴᠠᠭᠠᠷ ᠡᠵᠡᠮᠰᠢᠬᠦ | ᠦᠢᠯᠡ ᠠᠵᠢᠯᠯᠠᠭ᠎ᠠ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ︔ ᠪᠡᠯᠡ | ᠣᠷᠣᠭᠤᠯᠬᠤ ᠬᠦᠷᠢᠶ᠎ᠡ ᠴᠠᠷᠠᠭᠠᠨ ᠤ ᠲᠠᠯ᠎ᠠ ᠪᠠᠷ᠂ ᠠᠷᠠᠳ ᠠᠴᠠ ᠡᠵᠡᠩᠨᠡᠭᠰᠡᠨ ᠡᠳ᠋ ᠬᠥᠷᠥᠩᠭᠡ ᠶᠢᠨ ᠰᠢᠨ᠎ᠡ ᠪᠠᠷ | ᠮᠠᠨᠳᠤᠭᠰᠠᠨ ᠠᠵᠤ ᠦᠢᠯᠡᠰ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠵᠤ | ᠠᠵᠢᠯᠯᠠᠭᠤᠯᠤᠭᠰᠠᠨ ᠲᠥᠷᠥᠯ ᠵᠦᠢᠯ ᠳᠤ ᠣᠷᠣᠵᠤ᠂ ᠬᠠᠮᠢᠶ᠎ᠠ ᠪᠦᠬᠦᠢ ᠠᠵᠤ ᠦᠢᠯᠡᠰ᠂ ᠰᠠᠭᠤᠷᠢ | ᠲᠥᠬᠦᠭᠡᠷᠦᠮᠵᠢ ᠶᠢᠨ ᠪᠡᠯᠡᠳᠬᠡᠮᠵᠢ ᠵᠡᠷᠭᠡ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠰᠲ᠋ᠣᠺ ᠣᠷᠣᠬᠤ ᠶᠢ | ᠵᠣᠷᠢᠭᠵᠢᠭᠤᠯᠤᠨ᠎ᠠ︔ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠲᠠᠯ᠎ᠠ ᠪᠠᠷ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠪᠡᠯᠡ ᠭᠠᠷᠭᠠᠵᠤ ᠰᠲ᠋ᠣᠺ ᠣᠷᠣᠬᠤ ᠵᠡᠷᠭᠡ ᠣᠯᠠᠨ ᠵᠦᠢᠯ ᠤᠨ ᠠᠷᠭ᠎ᠠ | ᠬᠡᠯᠪᠡᠷᠢ ᠪᠠᠷ ᠳᠠᠮᠵᠢᠭᠤᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠳᠤ ᠣᠷᠣᠯᠴᠠᠬᠤ ᠶᠢ | ᠵᠣᠷᠢᠭᠵᠢᠭᠤᠯᠤᠨ᠂ ᠠᠷᠠᠳ ᠤᠨ ᠳᠤᠮᠳᠠᠬᠢ ᠡᠳ᠋ ᠬᠥᠷᠥᠩᠭᠡ ᠶᠢᠨ ᠬᠤᠯᠢᠮᠠᠭ ᠥᠮᠴᠢᠯᠡᠯᠲᠦ ᠠᠵᠤ ᠠᠬᠤᠶᠢᠯᠠᠯ ᠳᠠᠬᠢ | ᠬᠠᠷᠢᠴᠠᠯ ᠢ ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠪᠠ᠃ ᠳᠡᠭᠡᠷ᠎ᠡ ᠶᠠᠷᠢᠭᠰᠠᠨ ᠠᠷᠭ᠎ᠠ ᠬᠡᠮᠵᠢᠶ᠎ᠡ ᠪᠠᠷ | ᠳᠠᠮᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠡᠷᠬᠡ ᠲᠡᠭᠰᠢ ᠪᠠᠷ ᠥᠷᠢᠰᠦᠯᠳᠦᠬᠦ ᠣᠷᠴᠢᠨ | ᠨᠥᠬᠦᠴᠡᠯ ᠢ ᠪᠣᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠵᠠᠬ᠎ᠠ | ᠳᠡᠯᠭᠡᠭᠦᠷ ᠤᠨ ᠭᠦᠢᠴᠡᠳ ᠣᠷᠣᠨ ᠵᠠᠢ ᠶᠢ ᠡᠭᠦᠳᠴᠦ ᠥᠭᠭᠦᠨ᠎ᠡ᠃ | ᠲᠠᠪᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠠᠷᠭ᠎ᠠ ᠬᠡᠯᠪᠡᠷᠢ ᠶᠢ ᠲᠡᠭᠦᠯᠳᠡᠷᠵᠢᠭᠦᠯᠬᠦ ᠳᠤ ᠠᠩᠬᠠᠷᠤᠨ | ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ | ᠣᠯᠬᠤ ᠶᠢ ᠪᠠᠲᠤᠯᠠᠨ᠎ᠠ | ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠤ ᠪᠠᠨ ︽ᠶᠠᠮᠠᠷᠪᠠ ᠨᠢᠭᠡ ᠵᠦᠢᠯ ᠤᠨ ᠲᠥᠷᠥ ᠶᠢᠨ | ᠪᠣᠳᠣᠯᠭ᠎ᠠ ᠶᠢ ᠨᠡᠶᠢᠲᠡᠯᠡᠬᠦ ᠳᠤ᠂ ᠠᠩᠬᠠᠨ ᠤ ᠵᠣᠷᠢᠯᠲᠠ ᠨᠢ ᠬᠡᠳᠦᠢ ᠰᠠᠶᠢᠨ ᠪᠣᠯᠪᠠᠴᠤ᠂ ᠡᠭᠦᠰᠴᠦ ᠮᠡᠳᠡᠬᠦ ᠨᠠᠵᠠᠭᠠᠢ | ᠨᠥᠯᠥᠭᠡ ᠶᠢ ᠨᠢ ᠪᠣᠳᠣᠯᠬᠢᠯᠠᠨ᠂ ᠦᠨᠡᠨ ᠪᠣᠳᠠᠲᠠᠢ ᠪᠠᠷ ᠬᠡᠷᠡᠭᠵᠢᠭᠦᠯᠬᠦ ᠬᠢᠭᠡᠳ ᠲᠥᠷᠥ ᠶᠢᠨ ᠪᠣᠳᠣᠯᠭ᠎ᠠ ᠶᠢᠨ | ᠠᠩᠬᠠᠨ ᠤ ᠵᠣᠷᠢᠯᠲᠠ ᠶᠢᠨ ᠬᠤᠭᠤᠷᠣᠨᠳᠤᠬᠢ ᠢᠯᠭᠠᠭ᠎ᠠ ᠵᠣᠷᠢᠶ᠎ᠠ ᠶᠢ ᠪᠣᠳᠣᠯᠬᠢᠯᠠᠵᠤ᠂ ᠪᠤᠰᠤᠳ ᠲᠥᠷᠥ ᠶᠢᠨ | ᠪᠣᠳᠣᠯᠭ᠎ᠠ ᠲᠠᠢ ᠳᠠᠪᠬᠤᠷᠳᠠᠭᠰᠠᠨ ᠦᠷ᠎ᠡ ᠨᠥᠯᠥᠭᠡ ᠪᠠᠶᠢᠬᠤ ᠡᠰᠡᠬᠦ ᠶᠢ ᠪᠣᠳᠣᠯᠬᠢᠯᠠᠵᠤ᠂ ᠲᠥᠷᠥ ᠶᠢᠨ ᠪᠣᠳᠣᠯᠭ᠎ᠠ ᠶᠢᠨ | ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ︽ᠠᠷᠭ᠎ᠠ | ᠬᠡᠮᠵᠢᠶ᠎ᠡ ᠨᠦᠭᠦᠳ︾ ᠲᠤ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ᠂ ᠪᠣᠳᠠᠲᠤ ᠦᠷ᠎ᠡ ᠪᠦᠲᠦᠮᠵᠢ | ᠣᠯᠬᠤ ᠪᠠᠷ ᠭᠤᠣᠯᠳᠠᠯᠭ᠎ᠠ ᠪᠠ ᠵᠠᠩᠭᠢᠯᠠᠭ᠎ᠠ ᠪᠣᠯᠭᠠᠬᠤ ᠶᠢ ᠪᠠᠷᠢᠮᠲᠠᠯᠠᠨ᠂ ᠠᠵᠤ ᠠᠬᠤᠶᠢᠯᠠᠯ ᠳᠤ ᠬᠤᠯᠪᠣᠭᠳᠠᠭᠰᠠᠨ | ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠳᠤ ᠬᠢᠨᠠᠯᠲᠠ ᠲᠠᠯᠪᠢᠬᠤ ᠡᠷᠴᠢᠮ ᠢ | ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ ᠪᠠ | ᠭᠤᠷᠪᠠᠳᠠᠭᠴᠢ ᠲᠠᠯ᠎ᠠ ᠠᠴᠠ ᠦᠨᠡᠯᠡᠨ ᠵᠢᠱᠢᠬᠦ ᠶᠢ ᠥᠷᠨᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ | ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠵᠦᠢᠯ ᠳᠠᠷᠠᠭᠠᠯᠠᠨ ᠪᠠᠶᠢᠴᠠᠭᠠᠨ ᠨᠠᠶᠢᠳᠠᠪᠤᠷᠢᠵᠢᠭᠤᠯᠵᠤ᠂ ᠥᠯᠥ | ᠨᠠᠶᠢᠳᠠᠪᠤᠷᠢᠵᠢᠭᠤᠯᠤᠭᠰᠠᠨ ᠲᠥᠷᠥ ᠶᠢᠨ ᠪᠣᠳᠣᠯᠭ᠎ᠠ ᠶᠢ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠵᠦ᠂ | ᠣᠨᠴᠠᠭᠠᠶᠢᠯᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ | ᠦᠭᠡᠢ ᠵᠡᠷᠭᠡ ᠵᠦᠢᠯᠡᠰ ᠲᠤ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠬᠦ ᠪᠠ ᠬᠠᠰᠤᠵᠤ ᠬᠦᠴᠦᠨ ᠦᠭᠡᠢ | ᠪᠣᠯᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ︽ᠠᠷᠭ᠎ᠠ ᠬᠡᠮᠵᠢᠶ᠎ᠡ ᠨᠦᠭᠦᠳ︾ ᠲᠤ ᠠᠵᠤ ᠠᠬᠤᠶᠢᠯᠠᠯ ᠳᠤ | ᠬᠤᠯᠪᠣᠭᠳᠠᠭᠰᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠡᠷᠬᠡ | ᠴᠢᠯᠦᠭᠡᠨ ᠤ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ︽ᠨᠢᠭᠡ | ᠯᠡ ᠪᠠᠷᠢᠮᠵᠢᠶ᠎ᠠ ᠱᠤᠭᠤᠮ ᠢᠶᠠᠷ ᠲᠠᠰᠤᠯᠬᠤ︾ ᠶᠢ ᠴᠢᠩᠭ᠎ᠠ ᠴᠠᠭᠠᠵᠠᠯᠠᠨ᠂ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ | ᠬᠡᠷᠡᠭᠯᠡᠨ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠳᠤ ᠭᠠᠷ ᠳᠦᠷᠦᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠭᠠᠳᠠᠨ᠎ᠠ᠂ ᠠᠵᠤ | ᠠᠬᠤᠶᠢᠯᠠᠯ ᠳᠤ ᠴᠠᠬᠢᠯᠭᠠᠨ ᠢ ᠨᠢ ᠵᠣᠭᠰᠣᠭᠠᠬᠤ᠂ ᠰᠢᠲᠠᠮᠠᠬᠠᠢ ᠬᠡᠢ ᠶᠢ ᠨᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠶᠢ | ᠳᠤᠷ᠎ᠠ ᠪᠠᠷ ᠢᠶᠠᠨ ᠠᠪᠴᠤ ᠪᠣᠯᠬᠤ ᠦᠭᠡᠢ᠂ ᠠᠳᠠᠯᠢᠬᠠᠨ ᠠᠵᠢᠯ ᠲᠥᠷᠥᠯ ᠤᠨ ᠭᠠᠭᠴᠠ ᠠᠵᠤ ᠠᠬᠤᠶᠢᠯᠠᠯ ᠳᠤ | ᠣᠷᠴᠢᠨ ᠲᠣᠭᠤᠷᠢᠨ ᠤ ᠬᠠᠮᠠᠭᠠᠯᠠᠯᠲᠠ ᠪᠠ ᠠᠮᠤᠷ ᠲᠦᠪᠰᠢᠨ ᠵᠡᠷᠭᠡ ᠲᠠᠯ᠎ᠠ ᠶᠢᠨ ᠠᠰᠠᠭᠤᠳᠠᠯ ᠣᠷᠣᠰᠢᠵᠤ | ᠪᠠᠶᠢᠬᠤ ᠠᠴᠠ ᠪᠣᠯᠵᠤ ᠪᠦᠬᠦ ᠠᠵᠢᠯ ᠲᠥᠷᠥᠯ ᠢ ᠪᠦᠬᠦᠨ ᠢ ᠬᠠᠭᠠᠯᠭᠠᠨ ᠵᠣᠭᠰᠣᠭᠠᠵᠤ ᠴᠡᠭᠴᠡᠯᠡᠨ ᠥᠭᠡᠷᠡᠴᠢᠯᠡᠬᠦ | ᠳᠥᠭᠦᠮ ᠬᠢᠯᠪᠠᠷ ᠢᠶᠠᠷ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠷᠢᠮ ᠺᠠᠳ᠋ᠷ ᠤᠨ ᠥᠯᠥ | ᠦᠢᠯᠡᠳᠬᠦᠢ᠂ ᠳᠤᠷ᠎ᠠ ᠪᠠᠷ ᠦᠢᠯᠡᠳᠬᠦᠢ᠂ ᠠᠰᠢᠭ ᠣᠯᠭᠤᠬᠤ ᠦᠭᠡᠢ ᠪᠣᠯ ᠠᠵᠢᠯ ᠶᠠᠪᠤᠳᠠᠯ ᠭᠦᠢᠴᠡᠳᠬᠡᠬᠦ ᠦᠭᠡᠢ | ᠠᠷᠬᠠᠭ ᠭᠡᠮ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠃ | ᠵᠢᠷᠭᠤᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠠᠩᠬᠠᠷᠤᠭᠤᠯᠤᠨ | ᠲᠥᠪᠯᠡᠷᠡᠭᠦᠯᠵᠦ᠂ ᠳᠣᠲᠣᠨᠣ ᠴᠡᠪᠡᠷ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠤ ᠪᠠᠨ ︽ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠠᠴᠠ ᠳᠣᠲᠣᠨᠣ ᠴᠡᠪᠡᠷ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ | ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ᠪᠠᠷ ᠨᠢᠭᠡ ᠵᠦᠢᠯ ᠤᠨ ᠴᠢᠬᠤᠯᠠ ᠡᠭᠦᠷᠭᠡ ᠪᠣᠯᠭᠠᠵᠤ᠂ ᠨᠡᠩ ᠣᠯᠠᠨ ᠴᠠᠭ ᠪᠠ ᠣᠶᠣᠨ | ᠬᠦᠴᠦᠨ ᠢᠶᠠᠨ ᠵᠠᠷᠤᠴᠠᠭᠤᠯᠵᠤ ᠪᠠᠶᠢᠭᠠᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠤᠵᠠᠭᠠᠶᠢᠷᠠᠯᠲᠠ ᠶᠢ ᠬᠠᠯᠠᠮᠵᠢᠯᠠᠨ ᠬᠠᠷᠠᠭᠠᠯᠵᠠᠵᠤ᠂ ᠵᠥᠪᠬᠡᠨ | ᠤᠷᠢᠶ᠎ᠠ ᠲᠡᠳᠦᠢ ᠪᠣᠯᠭᠠᠵᠤ ᠪᠣᠯᠬᠤ ᠦᠭᠡᠢ︾ ᠭᠡᠵᠦ ᠵᠢᠭᠠᠵᠤ ᠭᠠᠷᠭᠠᠪᠠ᠃ ᠵᠠᠰᠠᠭ ᠬᠤᠳᠠᠯᠳᠤᠭᠠᠴᠢᠨ ᠤ ᠬᠠᠷᠢᠴᠠᠭ᠎ᠠ | ᠪᠣᠯ ᠬᠠᠷᠢᠯᠴᠠᠨ ᠲᠦᠰᠢᠭᠯᠡᠯᠴᠡᠨ ᠣᠷᠣᠰᠢᠬᠤ ᠨᠢᠭᠲᠠ ᠬᠠᠷᠢᠴᠠᠭ᠎ᠠ ᠪᠣᠯᠣᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠬᠦᠴᠢᠷᠳᠡᠯ ᠳᠤ ᠲᠤᠯᠭᠠᠷᠠᠬᠤ ᠦᠶ᠎ᠡ ᠳᠤ᠂ ᠴᠢᠨᠠᠷᠯᠢᠭ ᠢᠶᠠᠷ ᠬᠥᠭᠵᠢᠬᠦ ᠶᠢ ᠪᠡᠶᠡᠯᠡᠭᠦᠯᠬᠦ ᠪᠠᠷ ᠴᠢᠷᠮᠠᠶᠢᠬᠤ | ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠢᠳᠡᠪᠬᠢᠲᠡᠢ ᠪᠠᠷ ᠡᠭᠦᠷᠭᠡ ᠪᠠᠨ ᠭᠦᠢᠴᠡᠳᠬᠡᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠨᠡᠩ ᠣᠯᠠᠨ ᠴᠠᠭ ᠪᠠ | ᠣᠷᠣᠨ ᠬᠦᠴᠦᠨ ᠵᠠᠷᠤᠴᠠᠭᠤᠯᠵᠤ ᠪᠠᠶᠢᠭᠠᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠤᠵᠠᠭᠠᠶᠢᠷᠠᠯᠲᠠ ᠶᠢ ᠬᠠᠯᠠᠮᠵᠢᠯᠠᠨ ᠬᠠᠷᠠᠭᠠᠯᠵᠠᠬᠤ ᠬᠡᠷᠡᠭᠲᠡᠢ᠃ ︽ | ᠠᠷᠭ᠎ᠠ ᠬᠡᠮᠵᠢᠶ᠎ᠡ ᠨᠦᠭᠦᠳ︾ ᠲᠤ ᠭᠤᠮᠣᠳᠠᠯ ᠢᠶᠠᠨ ᠲᠣᠭᠠᠴᠢᠵᠤ ᠪᠠᠶᠢᠳᠠᠯ ᠢᠶᠠᠨ ᠲᠤᠰᠬᠠᠭᠰᠠᠨ ᠢ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ | ᠰᠢᠶᠠᠨ ᠳᠥᠷᠪᠡᠨ ᠱᠠᠲᠤᠨ ᠤ ᠪᠠᠭ ᠤᠨ ᠤᠳᠤᠷᠢᠳᠤᠯᠭ᠎ᠠ ᠠᠴᠠ ᠴᠡᠭ ᠲᠣᠭᠲᠠᠭᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ᠶᠢᠨ ᠵᠣᠬᠢᠶᠠᠨ ᠪᠠᠶᠢᠭᠤᠯᠤᠯᠲᠠ ᠲᠠᠢ ᠬᠠᠷᠢᠯᠴᠠᠬᠤ ᠠᠵᠢᠯ ᠤᠨ | ᠳᠦᠷᠢᠮ ᠢ ᠬᠡᠷᠡᠭᠵᠢᠭᠦᠯᠵᠦ᠂ ᠵᠢᠯ ᠪᠦᠷᠢ ᠠᠳᠠᠭ ᠲᠤ ᠪᠠᠨ ᠨᠢᠭᠡ ᠤᠳᠠᠭ᠎ᠠ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠶᠠᠷᠢᠯᠴᠠᠭᠠᠨ ᠤ ᠬᠤᠷᠠᠯ ᠢ ᠬᠤᠷᠠᠯᠳᠤᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ | ᠲᠤᠰᠬᠠᠶᠢᠯᠠᠨ ᠦᠢᠯᠡᠴᠢᠯᠡᠬᠦ ᠠᠵᠢᠯ ᠤᠨ ᠪᠠᠶᠢᠭᠤᠯᠤᠮᠵᠢ ᠪᠠ ᠦᠢᠯᠡᠴᠢᠯᠡᠬᠦ ᠲᠠᠪᠴᠠᠩ ᠢ ᠪᠠᠶᠢᠭᠤᠯᠵᠤ᠂ ᠬᠡᠰᠡᠭ | ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠨᠢᠷᠤᠭᠤᠪᠴᠢ ᠠᠵᠤ ᠠᠬᠤᠶᠢᠯᠠᠯ ᠢ ᠰᠣᠩᠭᠤᠨ | ︽ᠨᠢᠭᠡ ᠨᠢᠭᠡ ᠪᠠᠷ ᠳᠠᠭᠠᠭᠠᠨ ᠠᠪᠴᠤ︾ ᠬᠠᠪᠰᠤᠷᠤᠨ ᠳᠡᠮᠵᠢᠬᠦ ᠪᠠ ᠵᠦᠭ ᠴᠢᠭᠯᠡᠯ ᠳᠤ ᠨᠢ ᠳᠠᠭᠠᠷᠠᠭᠤᠯᠤᠨ | ᠦᠢᠯᠡᠴᠢᠯᠡᠬᠦ ᠠᠵᠤ ᠠᠬᠤᠶᠢᠯᠠᠯ ᠤᠨ ᠠᠬᠠᠯᠠᠬᠤ ᠦᠢᠯᠡᠴᠢᠯᠡᠭᠴᠢ ᠶᠢᠨ ᠳᠦᠷᠢᠮ ᠢ ᠪᠠᠶᠢᠭᠤᠯᠬᠤ ᠬᠡᠷᠡᠭᠲᠡᠢ ᠭᠡᠵᠦ | ᠱᠠᠭᠠᠷᠳᠠᠪᠠ᠃ ︽ᠠᠷᠭ᠎ᠠ ᠬᠡᠮᠵᠢᠶ᠎ᠡ ᠨᠦᠭᠦᠳ︾ ᠲᠤ ᠦᠢᠯᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ | ᠰᠠᠨᠠᠭᠠᠴᠢᠯᠠᠭ᠎ᠠ ᠠᠴᠠ ᠪᠠᠨ ᠡᠭᠦᠳᠡᠨ ᠳᠤ ᠨᠢ ᠬᠦᠷᠴᠦ ᠦᠢᠯᠡᠴᠢᠯᠡᠵᠦ᠂ ᠠᠵᠤ ᠠᠬᠤᠶᠢᠯᠠᠯᠲᠠᠳ ᠤᠨ ᠠᠵᠤ | ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠬᠤ ᠳᠦᠷᠢᠮ ᠢ | ᠪᠠᠶᠢᠭᠤᠯᠤᠨ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠣᠯᠭᠠᠯᠳᠤᠭᠤᠯᠬᠤ | ᠲᠠᠪᠴᠠᠩ ᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠤᠨ ᠬᠢᠯᠢ ᠶᠢᠨ ᠳᠣᠲᠣᠨ᠎ᠠ ᠭᠠᠳᠠᠨᠠᠬᠢ | ᠴᠢᠬᠤᠯᠠ ᠶᠡᠭᠡ ᠠᠵᠤ ᠠᠬᠤᠢ ᠠᠷᠠᠯᠵᠢᠶᠠᠨ ᠤ ᠵᠥᠪᠳᠡᠯᠴᠡᠬᠦ ᠠᠵᠢᠯᠯᠠᠭ᠎ᠠ ᠳᠤ ᠣᠷᠣᠯᠴᠠᠬᠤ ᠲᠣᠬᠢᠶᠠᠯ ᠢ ᠡᠭᠦᠳᠬᠦ | ᠬᠡᠷᠡᠭᠲᠡᠢ᠃ ᠠᠵᠤ ᠠᠬᠤᠶᠢᠯᠠᠯ ᠤᠨ ᠪᠡᠯᠡ ᠣᠷᠣᠭᠤᠯᠬᠤ ᠲᠥᠷᠥᠯ ᠵᠦᠢᠯ ᠤᠨ ᠬᠢᠨᠠᠯᠲᠠ ᠵᠥᠪᠰᠢᠶᠡᠷᠡᠯ ᠢ ᠵᠠᠰᠠᠭ | ᠵᠠᠬᠢᠷᠭᠠᠨ ᠤ ᠦᠢᠯᠡᠴᠢᠯᠡᠭᠡ ᠶᠢᠨ ᠲᠥᠪ ᠤᠨ ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ ᠶᠢ | ᠪᠡᠶᠡᠯᠡᠭᠦᠯᠦᠨ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠣᠷᠣᠯᠠᠨ ᠭᠦᠢᠴᠡᠳᠬᠡᠬᠦ᠂ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠶᠢ ᠦᠨᠡᠯᠡᠵᠦ ᠳᠡᠶᠢᠯᠬᠦ ᠠᠮᠤᠷ ᠲᠦᠪᠰᠢᠨ ᠢᠶᠠᠷ ᠦᠨᠡᠯᠡᠬᠦ ᠵᠡᠷᠭᠡ ᠬᠢᠨᠠᠨ ᠵᠥᠪᠰᠢᠶᠡᠷᠡᠬᠦ | ᠳᠤᠮᠳᠠᠬᠢ ᠭᠤᠭᠴᠤᠭ᠎ᠠ ᠶᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠣᠷᠣᠯᠠᠨ ᠭᠦᠢᠴᠡᠳᠬᠡᠬᠦ ᠳᠦᠷᠢᠮ ᠢ | ᠬᠡᠷᠡᠭᠵᠢᠭᠦᠯᠬᠦ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠤᠨ ᠢᠳᠡᠪᠬᠢᠵᠢᠯ ᠢ ᠵᠥᠪ | ᠴᠢᠭᠯᠡᠯ ᠢᠶᠠᠷ ᠤᠷᠮᠠᠰᠢᠭᠤᠯᠤᠨ ᠳᠠᠶᠢᠴᠢᠯᠠᠬᠤ ᠶᠢ ᠴᠢᠩᠭᠠᠳᠬᠠᠬᠤ ᠪᠠᠷ ᠳᠠᠮᠵᠢᠭᠤᠯᠵᠤ᠂ ᠰᠢᠯᠭᠠᠨ ᠬᠢᠨᠠᠵᠤ ᠬᠢᠨᠠᠯᠲᠠ | ᠲᠠᠯᠪᠢᠬᠤ ᠶᠢ ᠴᠢᠩᠭᠠᠷᠠᠭᠤᠯᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠠᠯᠠᠭ᠎ᠠ | ᠮᠥᠴᠢᠷ ᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠪᠠᠷ ᠳᠠᠮᠵᠢᠭᠤᠯᠵᠤ᠂ ᠡᠰᠡᠷᠭᠦ ᠡᠰᠡᠷᠭᠦ ᠪᠠᠨ ᠤᠷᠤᠭᠰᠢᠯᠠᠨ᠂ | ᠪᠦᠲᠦᠮᠵᠢᠲᠡᠢ ᠪᠠᠷ ᠬᠠᠷᠢᠯᠴᠠᠨ ᠦᠢᠯᠡᠳᠦᠯᠴᠡᠵᠦ᠂ ᠳᠣᠲᠣᠨᠣ ᠴᠡᠪᠡᠷ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ | ᠬᠠᠷᠢᠴᠠᠭ᠎ᠠ ᠶᠢ ᠦᠨᠡᠨ ᠬᠦ ᠪᠠᠶᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ | ᠳᠣᠯᠤᠭ᠎ᠠ᠂ ᠠᠵᠤ ᠠᠬᠤᠶᠢᠯᠠᠯᠲᠠᠳ ᠤᠨ ᠲᠤᠰ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ | ᠭᠤᠣᠯᠳᠠᠭᠤᠯᠤᠨ ᠠᠩᠬᠠᠷᠴᠤ᠂ ᠠᠵᠤ ᠠᠬᠤᠶᠢᠯᠠᠯᠲᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠤᠯᠠᠨ᠎ᠠ | ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠤ ᠪᠠᠨ ︽ᠲᠣᠭᠲᠠᠭᠤᠨ ᠢᠶᠠᠷ ᠵᠢᠱᠢᠯᠲᠡ ᠬᠢᠵᠦ᠂ ᠠᠵᠤ | ᠠᠬᠤᠶᠢᠯᠠᠯᠲᠠᠳ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠳᠤ᠂ ᠠᠮᠤᠷ ᠲᠦᠪᠰᠢᠨ ᠪᠣᠯ ᠦᠨᠳᠦᠰᠦᠨ ᠪᠠᠲᠤᠯᠠᠭ᠎ᠠ | ᠪᠣᠯᠣᠨ᠎ᠠ︾ ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯᠲᠠᠳ ᠤᠨ ᠲᠤᠰ ᠪᠡᠶ᠎ᠡ ᠪᠠ ᠡᠳ᠋ ᠬᠥᠷᠥᠩᠭᠡ ᠶᠢᠨ ᠠᠮᠤᠷ | ᠲᠦᠪᠰᠢᠨ ᠤ ᠲᠥᠷᠥᠭᠳᠡᠯ ᠪᠣᠯ ᠳᠠᠷᠤᠢ ᠢᠷᠡᠭᠡᠳᠦᠢ ᠶᠢᠨ ᠬᠥᠭᠵᠢᠯᠲᠡ ᠵᠢᠱᠢᠯᠲᠡ ᠪᠠ ᠢᠲᠡᠭᠡᠯ ᠵᠣᠷᠢᠭ ᠪᠠᠶᠢᠵᠤ᠂ | ᠠᠵᠤ ᠠᠬᠤᠶᠢᠯᠠᠯ ᠤᠨ ᠦᠷᠭᠦᠯᠵᠢᠯᠡᠨ᠂ ᠲᠣᠭᠲᠠᠭᠤᠨ ᠢᠶᠠᠷ᠂ ᠡᠷᠡᠭᠦᠯ ᠢᠶᠠᠷ ᠬᠥᠭᠵᠢᠬᠦ ᠳᠤ ᠠᠰᠢᠭᠲᠠᠢ ᠪᠠᠶᠢᠳᠠᠭ᠃ ︽ | ᠠᠷᠭ᠎ᠠ ᠬᠡᠮᠵᠢᠶ᠎ᠡ ᠨᠦᠭᠦᠳ︾ ᠲᠤ ᠵᠠᠰᠠᠭ ᠤᠨ ᠣᠷᠳᠣᠨ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠤ ᠵᠣᠭᠤᠰ ᠢᠶᠠᠨ ᠪᠦᠬᠦᠨ ᠢ | ᠲᠥᠯᠥᠵᠦ᠂ ᠥᠷᠢᠲᠦᠵᠦ ᠪᠠᠶᠢᠭ᠎ᠠ ᠵᠣᠭᠤᠰ ᠢ ︽ᠴᠠᠭ ᠲᠣᠭᠲᠠᠭᠠᠨ ᠲᠥᠯᠥᠨ ᠳᠠᠭᠤᠰᠬᠠᠵᠤ︾᠂ ᠰᠢᠨ᠎ᠡ ᠥᠷᠢ | ᠡᠭᠦᠰᠬᠦ ᠶᠢ ᠴᠢᠩᠭ᠎ᠠ ᠴᠠᠭᠠᠵᠠᠯᠠᠬᠤ ᠬᠡᠷᠡᠭᠲᠡᠢ︔ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠠᠵᠤ ᠠᠬᠤᠢ ᠶᠢᠨ | ᠮᠠᠷᠭᠤᠯᠳᠤᠭᠠᠨ ᠢ ᠪᠠᠶᠢᠴᠠᠭᠠᠨ ᠰᠢᠢᠳᠪᠦᠷᠢᠯᠡᠬᠦ ᠨᠡᠷ᠎ᠡ ᠪᠠᠷ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠳᠤ ᠰᠢᠭᠤᠳ ᠭᠠᠷ ᠳᠦᠷᠦᠬᠦ ᠪᠠ ᠨᠥᠯᠥᠭᠡᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ︔ | ᠡᠳ᠋ ᠬᠥᠷᠥᠩᠭᠡ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠶᠢ ᠵᠢᠷᠤᠮᠵᠢᠭᠤᠯᠤᠨ᠂ ᠬᠡᠷᠡᠭ ᠲᠤ ᠥᠯᠥ | ᠬᠤᠯᠪᠣᠭᠳᠠᠭᠰᠠᠨ ᠵᠣᠭᠤᠰ ᠪᠣᠳᠠᠰ᠂ ᠳᠠᠩᠰᠠᠨ ᠤ ᠡᠷᠦᠬᠡ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠮᠠᠲ᠋ᠧᠷᠢᠶᠠᠯ ᠵᠡᠷᠭᠡ ᠳᠤ᠂ ᠪᠠᠶᠢᠴᠠᠭᠠᠨ ᠪᠢᠲᠡᠭᠦᠮᠵᠢᠯᠡᠬᠦ᠂ ᠦᠯᠡᠳᠡᠭᠡᠨ ᠠᠪᠬᠤ ᠪᠠ ᠴᠡᠪᠳᠡᠭᠯᠡᠵᠦ | ᠪᠣᠯᠬᠤ ᠦᠭᠡᠢ᠂ ᠬᠠᠤᠯᠢ ᠶᠣᠰᠣᠭᠠᠷ ᠵᠠᠷᠯᠢᠭᠳᠠᠨ ᠬᠠᠭᠠᠯᠭᠠᠬᠤ ᠴᠢᠬᠤᠯᠠᠲᠠᠢ ᠠᠵᠤ ᠠᠬᠤᠶᠢᠯᠠᠯ ᠠᠴᠠ ᠭᠠᠳᠠᠨ᠎ᠠ᠂ | ᠨᠥᠬᠦᠴᠡᠯ ᠨᠢ ᠵᠥᠪᠰᠢᠶᠡᠷᠡᠬᠦ ᠪᠠᠶᠢᠳᠠᠯ ᠳᠣᠣᠷ᠎ᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠳᠤ ᠴᠢᠬᠤᠯᠠᠲᠠᠢ | ᠭᠦᠢᠯᠭᠡᠭᠡᠨ ᠤ ᠪᠡᠯᠡ ᠮᠥᠩᠭᠦ ᠪᠠ ᠬᠠᠷᠢᠯᠴᠠᠭᠠᠨ ᠤ ᠳᠠᠩᠰᠠᠨ ᠡᠷᠦᠬᠡ ᠶᠢ ᠨᠢ ᠤᠷᠢᠳᠴᠢᠯᠠᠨ ᠦᠯᠡᠳᠡᠭᠡᠵᠦ᠂ ᠠᠵᠤ | ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠠᠬᠢ ᠠᠰᠢᠭ ᠦᠭᠡᠢ ᠨᠥᠯᠥᠭᠡ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ᠶᠢᠨ ᠪᠠᠶᠢᠴᠠᠭᠠᠯᠲᠠ ᠬᠢᠵᠦ ᠭᠡᠷᠡᠴᠢ ᠠᠪᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ ᠳᠡᠶᠢᠯᠬᠦ᠂ | ᠨᠡᠶᠢᠭᠡᠮ ᠤᠨ ᠠᠶᠤᠯ ᠲᠦᠭᠰᠢᠭᠦᠷᠢᠲᠦ ᠴᠢᠨᠠᠷ ᠦᠭᠡᠢ᠂ ᠬᠠᠤᠯᠢ ᠴᠠᠭᠠᠵᠠ ᠳᠦᠷᠢᠮ ᠲᠣᠭᠲᠠᠭᠠᠯ ᠤᠨ ᠨᠥᠬᠦᠴᠡᠯ ᠳᠤ | ᠨᠡᠶᠢᠴᠡᠭᠰᠡᠨ ᠪᠣᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠦᠭᠡᠢ︔ ᠠᠵᠤ | ᠠᠬᠤᠶᠢᠯᠠᠯ ᠳᠤ ᠬᠤᠯᠪᠣᠭᠳᠠᠭᠰᠠᠨ ᠬᠢᠯᠢᠰ ᠬᠤᠳᠠᠯ ᠪᠤᠷᠤᠭᠤ ᠬᠡᠷᠡᠭ ᠢ ᠵᠠᠰᠠᠨ ᠵᠠᠯᠠᠷᠠᠭᠤᠯᠬᠤ ᠡᠷᠴᠢᠮ ᠢ | ᠴᠢᠩᠭᠠᠷᠠᠭᠤᠯᠤᠨ᠂ ᠬᠥᠭᠵᠢᠯᠲᠡ ᠶᠢᠨ ᠬᠠᠷᠠᠴᠠ ᠪᠠᠷ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ | ᠵᠢᠷᠤᠮᠵᠢᠯ ᠪᠤᠰᠤ ᠠᠰᠠᠭᠤᠳᠠᠯ ᠳᠤ ᠪᠤᠰᠤᠳᠴᠢ ᠪᠠᠷ ᠬᠠᠨᠳᠤᠬᠤ ᠪᠠ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ | ᠭᠡᠵᠦ ᠲᠣᠳᠣᠷᠬᠠᠢ ᠳᠤᠷᠠᠳᠴᠠᠢ᠃ | ᠣᠳᠣᠬᠠᠨ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠪᠣᠯ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠤᠯᠤᠰ ᠲᠥᠷᠥ ᠶᠢᠨ | ᠴᠢᠬᠤᠯᠠ ᠡᠭᠦᠷᠭᠡ ᠪᠠ ᠤᠯᠤᠰ ᠲᠥᠷᠥ ᠶᠢᠨ ᠴᠢᠬᠤᠯᠠ ᠶᠡᠭᠡ ᠬᠠᠷᠢᠭᠤᠴᠠᠯᠭ᠎ᠠ ᠪᠠᠶᠢᠵᠤ᠂ ᠡᠷᠬᠡᠪᠰᠢ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ︽ᠳᠥᠷᠪᠡᠨ ᠵᠦᠢᠯ ᠤᠨ ᠦᠵᠡᠯ ᠤᠬᠠᠮᠰᠠᠷ︾ ᠢ ᠯᠠᠪᠳᠠᠭᠤᠨ | ᠪᠠᠲᠤᠲᠠᠢ ᠪᠣᠢ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ | ᠳᠠᠷᠤᠶᠢᠬᠠᠨ ᠬᠥᠳᠡᠯᠦᠯᠴᠡᠵᠦ᠂ ᠨᠠᠶᠢᠳᠠᠪᠤᠷᠢᠵᠢᠭᠤᠯᠬᠤ ᠲᠥᠰᠥᠯ ᠢ ᠲᠦᠷᠭᠡᠬᠡᠨ ᠲᠣᠭᠲᠠᠭᠠᠵᠤ᠂ ︽ᠠᠷᠭ᠎ᠠ | ᠬᠡᠮᠵᠢᠶ᠎ᠡ ᠨᠦᠭᠦᠳ︾ ᠤᠨ ᠲᠥᠬᠦᠷ ᠨᠠᠷᠢᠨ ᠳᠦᠷᠢᠮ ᠪᠠ ᠬᠡᠷᠡᠭᠵᠢᠭᠦᠯᠬᠦ ᠠᠷᠭ᠎ᠠ ᠶᠢ ᠨᠢᠭᠡᠳ ᠨᠢᠭᠡ ᠪᠠᠷ | ᠲᠣᠳᠣᠷᠬᠠᠶᠢᠯᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠤ ᠦᠷ᠎ᠡ ᠪᠦᠲᠦᠮᠵᠢ | ᠣᠯᠬᠤ ᠶᠢ ᠬᠠᠮᠤᠭ ᠤᠨ ᠲᠦᠷᠭᠡᠨ ᠢᠶᠠᠷ ᠠᠬᠢᠭᠤᠯᠤᠨ᠂ ᠬᠠᠮᠤᠭ ᠤᠨ ᠰᠢᠯᠢᠳᠡᠭ ᠦᠷ᠎ᠡ ᠪᠦᠲᠦᠮᠵᠢ ᠪᠠᠷ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠥᠪᠥᠷ ᠮᠣᠩᠭᠤᠯ ᠣᠷᠣᠨ ᠳᠤ ᠨᠠᠷᠢᠯᠢᠭ | ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ | ᠪᠠᠶᠢᠭᠤᠯᠵᠤ᠂ ᠳᠤᠮᠳᠠᠳᠤ ᠤᠯᠤᠰ ᠤᠨ ᠠᠭᠤᠤ ᠶᠡᠭᠡ ᠬᠦᠰᠡᠯ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠢᠨ | ᠲᠥᠯᠥᠭᠡ ᠰᠢᠨ᠎ᠡ ᠬᠤᠪᠢ ᠨᠡᠮᠡᠷᠢ ᠪᠠᠨ ᠬᠠᠨᠳᠢᠪᠯᠠᠬᠤ ᠬᠡᠷᠡᠭᠲᠡᠢ᠃ ︵ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ | ᠵᠢᠶᠦ᠋ᠨ︶ |