ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠢᠶᠠᠷ ᠬᠥᠭᠵᠢᠬᠦ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ
ᠨᠡᠶᠢᠲᠡᠯᠡᠭᠰᠡᠨ ᠴᠠᠭ᠄
2018/12/13
ᠡᠮᠦᠨᠡᠬᠢ ᠦᠭᠡ            ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠶᠢᠨ ᠥᠭᠡᠷᠡᠴᠢᠯᠡᠯᠲᠡ ᠬᠥᠭᠵᠢᠯᠲᠡ ᠶᠢ ᠳᠡᠮᠵᠢᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠳᠤ ᠨᠡᠩ ᠰᠠᠶᠢᠨ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠦᠭᠡᠢ ᠪᠣᠢ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠣᠨ ᠠᠴᠠ ᠲᠦᠷᠭᠡᠬᠡᠨ ᠬᠥᠳᠡᠯᠦᠯᠴᠡᠵᠦ᠂ ᠲᠡᠷᠡ ᠳᠠᠷᠤᠢ ᠳᠤ ᠨᠢ ᠭᠦᠨᠵᠡᠭᠡᠢ ᠪᠠᠶᠢᠴᠠᠭᠠᠯᠲᠠ ᠰᠤᠳᠤᠯᠤᠯᠲᠠ ᠬᠢᠵᠦ᠂ ᠥᠷᠭᠡᠨ ᠳᠡᠯᠭᠡᠷ ᠢᠶᠠᠷ ᠰᠠᠨᠠᠯ ᠬᠤᠷᠢᠶᠠᠨ᠂ ᠰᠢᠨ᠎ᠡ ᠴᠠᠭ ᠤᠨ ᠪᠠᠶᠢᠳᠠᠯ ᠲᠠᠢ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠪᠠ ᠴᠢᠨᠠᠷᠯᠢᠭ ᠢᠶᠠᠷ ᠬᠥᠭᠵᠢᠭᠦᠯᠬᠦ ᠱᠠᠭᠠᠷᠳᠠᠯᠭ᠎ᠠ ᠲᠠᠢ ᠬᠠᠷᠢᠴᠠᠭᠤᠯᠵᠤ ᠪᠠᠶᠢᠭᠠᠳ᠂ ︽ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠢᠶᠠᠷ ᠬᠥᠭᠵᠢᠬᠦ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃      ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ      ︽ᠠᠷᠭ᠎ᠠ ᠬᠡᠮᠵᠢᠶ᠎ᠡ ᠨᠦᠭᠦᠳ︾ ᠨᠢ ᠵᠢᠷᠭᠤᠭᠠᠨ ᠬᠡᠰᠡᠭ ᠨᠡᠶᠢᠲᠡ 26 ᠵᠦᠢᠯ ᠢ ᠪᠠᠭᠲᠠᠭᠠᠨ᠎ᠠ      ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ      ᠠᠵᠤ ᠠᠬᠤᠶᠢᠯᠠᠯᠲᠠᠳ ᠤᠨ ᠲᠤᠰ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠠᠵᠤ ᠠᠬᠤᠶᠢᠯᠠᠯᠲᠠᠳ ᠤᠨ ᠠᠮᠤᠷ ᠲᠦᠪᠰᠢᠨ ᠤ ᠲᠥᠷᠥᠭᠳᠡᠯ ᠢ ᠨᠢ ᠴᠢᠩᠭᠠᠷᠠᠭᠤᠯᠤᠨ᠎ᠠ      ᠡᠷᠬᠡ ᠲᠡᠭᠰᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠣᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ      ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷ ᠪᠡᠯᠡ ᠲᠣᠬᠢᠷᠠᠭᠤᠯᠬᠤ ᠦᠨ᠎ᠡ ᠨᠢ ᠥᠨᠳᠥᠷ ᠠᠰᠠᠭᠤᠳᠠᠯ ᠢ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ      ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ      ᠳᠣᠲᠣᠨᠣ ᠴᠡᠪᠡᠷ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ      ᠨᠢᠭᠡ᠂ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ      ︵ᠨᠢᠭᠡ︶ ᠭᠠᠶᠢᠯᠢ ᠬᠥᠩᠭᠡᠯᠡᠬᠦ ᠡᠷᠴᠢᠮ ᠢ ᠴᠢᠩᠭᠠᠷᠠᠭᠤᠯᠤᠨ᠎ᠠ       ● ᠥᠪᠡᠷᠲᠡᠭᠡᠨ ᠵᠠᠰᠠᠬᠤ ᠣᠷᠣᠨ ᠤ ᠡᠷᠬᠡ ᠶᠢᠨ ᠬᠢᠵᠠᠭᠠᠷ ᠤᠨ ᠬᠡᠪᠴᠢᠶᠡᠨ ᠳᠤ᠂ ᠭᠠᠶᠢᠯᠢ ᠬᠥᠩᠭᠡᠯᠡᠬᠦ ᠪᠠ ᠭᠠᠶᠢᠯᠢ ᠠᠴᠠ ᠬᠡᠯᠲᠦᠷᠢᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔       ● ᠵᠢᠯ ᠤᠨ ᠲᠤᠰᠢᠶᠠᠪᠠᠰᠤ ᠵᠣᠬᠢᠬᠤ ᠭᠠᠶᠢᠯᠢ ᠶᠢᠨ ᠣᠯᠵᠠᠪᠤᠷᠢ ᠶᠢᠨ ᠲᠤᠭ᠎ᠠ ᠨᠢ 100 ᠲᠦᠮᠡᠨ ᠲᠥᠭᠦᠷᠢᠭ ︵100 ᠲᠦᠮᠡᠨ ᠲᠥᠭᠦᠷᠢᠭ ᠢ ᠪᠠᠭᠲᠠᠭᠠᠨ᠎ᠠ︶ ᠠᠴᠠ ᠪᠠᠭ᠎ᠠ ᠵᠢᠵᠢᠭ ᠪᠢᠴᠢᠯ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠶᠠᠯᠴᠠᠨ ᠡᠳ᠋ᠯᠡᠬᠦ ᠬᠡᠰᠡᠭ ᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ︔       ● ᠰᠠᠷ᠎ᠠ ᠶᠢᠨ ᠪᠣᠷᠣᠯᠠᠭᠤᠯᠭ᠎ᠠ ᠶᠢᠨ ᠲᠤᠭ᠎ᠠ ᠨᠢ 3 ᠲᠦᠮᠡᠨ ᠲᠥᠭᠦᠷᠢᠭ ︵ᠤᠯᠠᠷᠢᠯ ᠢᠶᠠᠷ ᠭᠠᠶᠢᠯᠢ ᠲᠤᠰᠢᠶᠠᠪᠠᠯ 9 ᠲᠦᠮᠡᠨ ᠲᠥᠭᠦᠷᠢᠭ︶ ᠢ ᠬᠡᠲᠦᠷᠡᠬᠦ ᠦᠭᠡᠢ ᠵᠢᠵᠢᠭ ᠬᠡᠪᠴᠢᠶᠡᠨ ᠤ ᠭᠠᠶᠢᠯᠢ ᠲᠤᠰᠢᠶᠠᠭᠴᠢᠳ ᠠᠴᠠ ᠭᠡᠷ ᠬᠥᠷᠥᠩᠭᠡ ᠶᠢᠨ ᠭᠠᠶᠢᠯᠢ ᠪᠠ ᠬᠤᠲᠠ ᠬᠥᠳᠡᠭᠡ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ︔       ● ᠭᠡᠷ ᠬᠥᠷᠥᠩᠭᠡ ᠶᠢᠨ ᠭᠠᠶᠢᠯᠢ ᠶᠢ ᠦᠨ᠎ᠡ ᠪᠠᠷ ᠪᠣᠳᠣᠨ ᠲᠠᠲᠠᠪᠤᠷᠢᠯᠠᠬᠤ ᠳᠤ ᠬᠠᠰᠤᠨ ᠬᠥᠩᠭᠡᠯᠡᠬᠦ ᠬᠡᠮᠵᠢᠶ᠎ᠡ ᠶᠢ 10% ᠠᠴᠠ 30% ᠪᠣᠯᠭᠠᠨ ᠲᠣᠬᠢᠷᠠᠭᠤᠯᠤᠨ᠎ᠠ︔       ● ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠡᠯ᠎ᠡ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠴᠢᠮ ᠳᠡᠭᠡᠷ᠎ᠡ ᠪᠠᠨ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ 80% ᠶᠣᠰᠣᠭᠠᠷ ᠬᠤᠲᠠ ᠬᠥᠳᠡᠭᠡ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ᠲᠣᠬᠢᠷᠠᠭᠤᠯᠤᠨ᠎ᠠ︔       ● ᠠᠵᠢᠯᠯᠠᠭᠤᠯᠤᠨ ᠡᠵᠡᠩᠨᠡᠬᠦ ᠲᠡᠷᠭᠡ ᠬᠦᠰᠡᠭᠡ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠬᠦᠰᠡᠭᠡ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ 50% ᠶᠣᠰᠣᠭᠠᠷ ᠲᠠᠲᠠᠪᠤᠷᠢᠯᠠᠨ ᠬᠤᠷᠢᠶᠠᠨ᠎ᠠ︔       ● ᠲᠡᠮᠳᠡᠭᠲᠦ ᠶᠢᠨ ᠭᠠᠶᠢᠯᠢ ᠶᠢᠨ ᠬᠠᠷᠭᠤᠭᠤᠯᠤᠨ ᠲᠣᠭᠲᠠᠭᠠᠵᠤ ᠲᠠᠲᠠᠪᠤᠷᠢᠯᠠᠨ ᠬᠤᠷᠢᠶᠠᠬᠤ ᠠᠷᠭ᠎ᠠ ᠬᠡᠯᠪᠡᠷᠢ ᠶᠢ ᠬᠡᠷᠡᠭᠵᠢᠭᠦᠯᠦᠭᠰᠡᠨ ᠪᠣᠯ᠂ ᠲᠡᠮᠳᠡᠭᠲᠦ ᠶᠢᠨ ᠭᠠᠶᠢᠯᠢ ᠶᠢᠨ ᠬᠠᠷᠭᠤᠭᠤᠯᠤᠨ ᠲᠣᠭᠲᠠᠭᠠᠵᠤ ᠲᠠᠲᠠᠪᠤᠷᠢᠯᠠᠨ ᠬᠤᠷᠢᠶᠠᠬᠤ ᠶᠢᠨ ᠭᠠᠶᠢᠯᠢ ᠪᠣᠳᠣᠬᠤ ᠮᠥᠩᠭᠦᠨ ᠤ ᠲᠤᠭ᠎ᠠ ᠶᠢᠨ ᠬᠠᠷᠢᠴᠠᠯ ᠢ 70% ᠪᠣᠯᠲᠠᠯ᠎ᠠ ᠪᠠᠭᠤᠷᠠᠭᠤᠯᠵᠤ᠂ ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠤᠳᠠᠯᠳᠤᠨ ᠪᠣᠷᠣᠯᠠᠭᠤᠯᠬᠤ ᠮᠥᠩᠭᠦᠨ ᠤ ᠲᠤᠭ᠎ᠠ ᠶᠢᠨ ᠬᠠᠷᠭᠤᠭᠤᠯᠤᠨ ᠲᠣᠭᠲᠠᠭᠠᠬᠤ ᠬᠠᠷᠢᠴᠠᠯ ᠢ 50% ᠪᠣᠯᠲᠠᠯ᠎ᠠ ᠪᠠᠭᠤᠷᠠᠭᠤᠯᠤᠨ᠎ᠠ᠃      ︵ᠬᠤᠶᠠᠷ︶ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠢ ᠪᠠᠭᠤᠷᠠᠭᠤᠯᠤᠨ᠎ᠠ       ● ᠮᠤᠵᠢ ᠠᠴᠠ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠠᠵᠢᠯ ᠦᠢᠯᠡᠰ ᠠᠴᠠ ᠴᠢᠨᠠᠷᠲᠠᠢ ᠬᠤᠷᠢᠶᠠᠬᠤ ᠰᠦᠢᠳᠬᠡᠯ ᠢ ᠨᠢᠭᠡ ᠴᠤ ᠮᠥᠩᠭᠦ ᠬᠤᠷᠢᠶᠠᠬᠤ ᠦᠭᠡᠢ ᠶᠢ ᠪᠡᠶᠡᠯᠡᠭᠦᠯᠦᠨ᠎ᠡ︔       ● ᠣᠨᠴᠠ ᠲᠥᠷᠥᠯ ᠤᠨ ᠲᠥᠬᠦᠭᠡᠷᠦᠮᠵᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠳᠤ ᠬᠤᠷᠢᠶᠠᠬᠤ ᠰᠦᠢᠳᠬᠡᠯ ᠤᠨ ᠪᠠᠷᠢᠮᠵᠢᠶ᠎ᠠ ᠶᠢ ᠳᠤᠮᠳᠠᠴᠢ ᠪᠠᠷ 30% ᠪᠠᠷ ᠪᠠᠭᠤᠷᠠᠭᠤᠯᠤᠨ᠎ᠠ︔       ● ᠭᠠᠵᠠᠷ ᠰᠢᠷᠣᠢ ᠶᠢᠨ ᠠᠷᠠᠯᠵᠢᠶᠠᠨ ᠤ ᠦᠢᠯᠡᠴᠢᠯᠡᠭᠡ ᠠᠴᠠ ᠬᠤᠷᠢᠶᠠᠬᠤ ᠰᠦᠢᠳᠬᠡᠯ ᠵᠡᠷᠭᠡ ᠡᠵᠡᠩᠨᠡᠯᠲᠡ ᠶᠢᠨ ᠦᠢᠯᠡᠴᠢᠯᠡᠭᠡ ᠶᠢᠨ ᠴᠢᠨᠠᠷᠲᠠᠢ ᠰᠦᠢᠳᠬᠡᠯ ᠢ ᠬᠦᠴᠦᠨ ᠦᠭᠡᠢ ᠪᠣᠯᠭᠠᠨ᠎ᠠ᠃      ︵ᠭᠤᠷᠪᠠ︶ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ       ● ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠦᠢᠯᠡᠰ ᠤᠨ ᠬᠡᠷᠡᠭᠯᠡᠬᠦ ᠴᠠᠬᠢᠯᠭᠠᠨ ᠤ ᠦᠨ᠎ᠡ ᠶᠢ ᠦᠷᠭᠦᠯᠵᠢᠯᠡᠨ ᠪᠠᠭᠤᠷᠠᠭᠤᠯᠵᠤ᠂ ᠴᠠᠬᠢᠯᠭᠠᠨ ᠭᠦᠶᠦᠳᠡᠯ ᠬᠦᠯᠢᠶᠡᠬᠦ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ  ᠨᠢ 315 ᠺᠢᠯᠣᠸᠣᠯᠲ ᠠᠮᠫᠧᠷ ︵ᠺᠢᠯᠣᠸᠠᠲ︶ ᠵᠢᠴᠢ ᠳᠡᠭᠡᠭᠰᠢᠬᠢ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠬᠦᠴᠦᠨ ᠤ ᠬᠡᠷᠡᠭᠯᠡᠭᠴᠢ ᠠᠴᠠ ᠲᠣᠮᠣ ᠠᠵᠤ ᠦᠢᠯᠡᠳᠪᠦᠷᠢ ᠶᠢᠨ ᠴᠠᠬᠢᠯᠭᠠᠨ ᠤ ᠦᠨ᠎ᠡ ᠶᠢ ᠰᠣᠩᠭᠤᠨ ᠬᠡᠷᠡᠭᠵᠢᠭᠦᠯᠵᠦ ᠪᠣᠯᠣᠨ᠎ᠠ︔       ●ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠲᠣᠣᠷ ᠤᠨ ᠲᠣᠮᠣ ᠠᠵᠤ ᠦᠢᠯᠡᠳᠪᠦᠷᠢ ᠶᠢᠨ ᠭᠠᠷᠴᠠᠭ ᠤᠨ ᠴᠠᠬᠢᠯᠭᠠᠨ ᠤ ᠦᠨ᠎ᠡ ᠶᠢ ᠬᠦᠴᠦᠨ ᠦᠭᠡᠢ ᠪᠣᠯᠭᠠᠵᠤ᠂ ᠲᠣᠮᠣ ᠠᠵᠤ ᠦᠢᠯᠡᠳᠪᠦᠷᠢ ᠶᠢᠨ ᠬᠡᠷᠡᠭᠯᠡᠬᠦ ᠴᠠᠬᠢᠯᠭᠠᠨ ᠤ ᠲᠣᠩᠭᠤᠷᠤᠤ ᠱᠠᠲᠤᠯᠢᠭ ᠢᠶᠠᠷ ᠳᠠᠮᠵᠢᠭᠤᠯᠤᠨ ᠲᠦᠭᠡᠭᠡᠬᠦ ᠴᠠᠬᠢᠯᠭᠠᠨ ᠤ ᠦᠨ᠎ᠡ ᠶᠢᠨ ᠲᠣᠭᠲᠠᠴᠠ ᠶᠢ ᠬᠡᠷᠡᠭᠯᠡᠨ᠎ᠡ᠃        ︵ᠳᠥᠷᠪᠡ︶ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ      ● ᠪᠠᠷᠠᠭ᠎ᠠ ᠲᠡᠭᠡᠭᠡᠪᠦᠷᠢᠯᠡᠬᠦ ᠲᠡᠷᠭᠡ ᠬᠦᠰᠡᠭᠡ ᠶᠢᠨ ᠶᠡᠷᠦᠩᠬᠡᠶᠢᠯᠡᠭᠰᠡᠨ ᠰᠢᠨᠵᠢ ᠴᠢᠳᠠᠮᠵᠢ ᠶᠢ ᠪᠠᠶᠢᠴᠠᠭᠠᠨ ᠰᠢᠨᠵᠢᠬᠦ᠂ ᠠᠮᠤᠷ ᠲᠦᠪᠰᠢᠨ ᠮᠡᠷᠭᠡᠵᠢᠯ ᠢ ᠪᠠᠶᠢᠴᠠᠭᠠᠨ ᠰᠢᠨᠵᠢᠬᠦ ᠪᠠ ᠰᠡᠭᠦᠯ ᠤᠨ ᠬᠡᠢ ᠶᠢ ᠪᠠᠶᠢᠴᠠᠭᠠᠨ ᠰᠢᠨᠵᠢᠬᠦ ︽ᠭᠤᠷᠪᠠ ᠶᠢ ᠪᠠᠶᠢᠴᠠᠭᠠᠬᠤ ᠶᠢ ᠨᠢᠭᠡ ᠪᠣᠯᠭᠠᠬᠤ︾ ᠶᠢ ᠬᠡᠷᠡᠭᠵᠢᠭᠦᠯᠦᠨ᠎ᠡ︔      ● ᠰᠢᠤᠳᠠᠨ ᠤ ᠡᠩ ᠤᠨ ᠦᠢᠯᠡᠴᠢᠯᠡᠭᠡ ᠶᠢᠨ ᠲᠡᠷᠭᠡ ᠬᠦᠰᠡᠭᠡ ᠳᠤ ᠬᠠᠭᠠᠰ ᠢᠶᠠᠷ ᠪᠠᠭᠤᠷᠠᠭᠤᠯᠤᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔      ● ᠲᠣᠮᠣ ᠬᠡᠯᠪᠡᠷᠢ ᠶᠢᠨ ᠡᠳ᠋ ᠪᠠᠷᠠᠭ᠎ᠠ ᠪᠤᠶᠤ ᠦᠢᠯᠡᠳᠬᠦᠨ ᠲᠡᠭᠡᠭᠡᠪᠦᠷᠢᠯᠡᠨ ᠬᠦᠷᠭᠡᠬᠦ ᠲᠡᠷᠭᠡ ᠬᠦᠰᠡᠭᠡ ᠳᠤ᠂ ᠥᠪᠡᠷᠲᠡᠭᠡᠨ ᠵᠠᠰᠠᠬᠤ ᠣᠷᠣᠨ ᠤ ᠬᠢᠯᠢ ᠳᠤ ᠰᠠᠭᠠᠳ ᠦᠭᠡᠢ ᠪᠠᠷ ᠲᠡᠭᠡᠭᠡᠪᠦᠷᠢᠯᠡᠨ ᠬᠦᠷᠭᠡᠬᠦ ᠵᠠᠮ ᠢ ᠨᠡᠭᠡᠭᠡᠵᠦ ᠥᠭᠭᠦᠨ᠎ᠡ᠃      ● ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠤ ᠹᠦᠨ᠋ᠲ ᠥᠩᠭᠡᠷᠡᠬᠦ ᠰᠦᠢᠳᠬᠡᠯ ᠢ ᠬᠦᠴᠦᠨ ᠦᠭᠡᠢ ᠪᠣᠯᠭᠠᠨ᠂ ᠬᠢᠯᠢ ᠶᠢᠨ ᠪᠣᠭᠤᠮᠲᠠ ᠶᠢᠨ ᠴᠢᠩᠭᠡᠯᠢᠭ ᠠᠴᠠ ᠬᠤᠷᠢᠶᠠᠬᠤ ᠰᠦᠢᠳᠬᠡᠯ ᠤᠨ ᠲᠥᠷᠥᠯ ᠵᠦᠢᠯ ᠢ ᠢᠯᠭᠠᠨ ᠴᠡᠪᠡᠷᠯᠡᠵᠦ᠂ ᠮᠠᠨᠵᠤᠤᠷ᠂ ᠡᠷᠢᠶᠡᠨ ᠬᠤᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠪᠦᠬᠦ ᠡᠭᠡᠯᠵᠢ ᠶᠢᠨ ᠭᠠᠯᠲᠤ ᠲᠡᠷᠭᠡ ᠶᠢᠨ ᠬᠢᠯᠢ ᠶᠢᠨ ᠪᠣᠭᠤᠮᠲᠠ ᠶᠢᠨ ᠪᠡᠯᠡᠳᠬᠡᠮᠵᠢ ᠠᠴᠠ ᠬᠠᠮᠠᠭᠠᠯᠠᠯᠲᠠ ᠶᠢᠨ ᠰᠦᠢᠳᠬᠡᠯ ᠬᠤᠷᠢᠶᠠᠬᠤ ᠠᠴᠠ ᠬᠡᠯᠲᠦᠷᠢᠭᠦᠯᠦᠨ᠎ᠡ᠃      ︵ᠲᠠᠪᠤ︶ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ      ● ᠠᠵᠤ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠨᠢᠭᠡᠴᠢ ᠰᠦᠢᠳᠬᠡᠯ ᠲᠤᠰᠢᠶᠠᠬᠤ ᠬᠠᠷᠢᠴᠠᠯ᠂ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠪᠠ ᠠᠵᠢᠯ ᠠᠴᠠ ᠪᠣᠯᠣᠭᠰᠠᠨ ᠰᠢᠷᠬᠠᠲᠤᠯ ᠤᠨ ᠰᠦᠢᠳᠬᠡᠯ ᠤᠨ ᠨᠣᠷᠮ᠎ᠡ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠤᠬᠠᠢ ᠤᠯᠤᠰ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠤ ᠬᠢᠵᠠᠭᠠᠷ ᠢ ᠤᠷᠲᠤᠳᠬᠠᠬᠤ ᠪᠠᠷ ᠢᠳᠡᠪᠬᠢᠲᠡᠢ ᠴᠢᠷᠮᠠᠶᠢᠵᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠦᠨᠡᠨ ᠪᠣᠳᠠᠲᠠᠢ ᠳᠠᠷᠤᠭᠠᠰᠤ ᠶᠢ ᠮᠥᠨ ᠴᠢᠨᠠᠷ ᠠᠴᠠ ᠪᠠᠭᠤᠷᠠᠭᠤᠯᠬᠤ ᠶᠢ ᠪᠠᠲᠤᠯᠠᠨ᠎ᠠ︔      ● ᠨᠥᠬᠦᠴᠡᠯ ᠳᠤ ᠨᠡᠶᠢᠴᠡᠭᠰᠡᠨ ᠬᠦᠴᠢᠷᠳᠡᠯ ᠲᠠᠢ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠤᠳᠠᠭᠠᠰᠢᠷᠠᠭᠤᠯᠤᠨ ᠲᠤᠰᠢᠶᠠᠬᠤ ᠪᠠ ᠤᠷᠲᠤᠳᠬᠠᠨ ᠲᠤᠰᠢᠶᠠᠬᠤ ᠭᠠᠷᠳᠠᠮ ᠢ ᠲᠣᠭᠲᠠᠭᠠᠯ ᠶᠣᠰᠣᠭᠠᠷ ᠭᠦᠢᠴᠡᠳᠬᠡᠬᠦ ᠳᠤ᠂ ᠤᠳᠠᠭᠠᠰᠢᠷᠠᠭᠤᠯᠤᠨ ᠲᠤᠰᠢᠶᠠᠬᠤ ᠪᠠ ᠤᠷᠲᠤᠳᠬᠠᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠠᠭᠰᠠᠨ ᠮᠥᠩᠭᠦ ᠬᠤᠷᠢᠶᠠᠬᠤ ᠠᠴᠠ ᠬᠡᠯᠲᠦᠷᠢᠭᠦᠯᠦᠨ᠎ᠡ᠃      ︵ᠵᠢᠷᠭᠤᠭ᠎ᠠ︶ ᠠᠵᠤ ᠠᠬᠤᠶᠢᠯᠠᠯ ᠤᠨ ᠵᠠᠭᠤᠴᠢ ᠦᠢᠯᠡᠴᠢᠯᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ      ● ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠠᠪᠤᠴᠠ ᠳᠤ ᠨᠠᠶᠢᠳᠠᠵᠤ ᠥᠷᠨᠢᠭᠦᠯᠦᠭᠰᠡᠨ ᠮᠡᠷᠭᠡᠵᠢᠯ ᠤᠨ ᠴᠢᠨᠠᠷᠲᠠᠢ ᠦᠢᠯᠡᠴᠢᠯᠡᠭᠡ ᠶᠢᠨ ᠠᠵᠢᠯᠯᠠᠭ᠎ᠠ ᠳᠤ᠂ ᠡᠷᠬᠡᠪᠰᠢ ᠥᠷᠢᠰᠦᠯᠳᠦᠭᠦᠯᠬᠦ ᠠᠷᠭ᠎ᠠ ᠬᠡᠯᠪᠡᠷᠢ ᠪᠠᠷ ᠳᠠᠮᠵᠢᠭᠤᠯᠤᠨ ᠦᠢᠯᠡᠴᠢᠯᠡᠭᠡ ᠶᠢᠨ ᠪᠠᠶᠢᠭᠤᠯᠤᠮᠵᠢ ᠶᠢ ᠰᠣᠩᠭᠤᠵᠤ᠂ ᠦᠢᠯᠡᠴᠢᠯᠡᠭᠡ ᠶᠢᠨ ᠰᠦᠢᠳᠬᠡᠯ ᠢ ᠨᠢ ᠰᠠᠯᠠᠭ᠎ᠠ ᠮᠥᠴᠢᠷ ᠠᠴᠠ ᠣᠯᠭᠤᠨ ᠥᠭᠬᠦ ᠶᠢᠨ ᠬᠠᠮᠲᠤ ᠰᠠᠯᠠᠭ᠎ᠠ ᠮᠥᠴᠢᠷ ᠤᠨ ᠲᠥᠰᠥᠪ ᠲᠤ ᠣᠷᠣᠭᠤᠯᠬᠤ ᠬᠡᠷᠡᠭᠲᠡᠢ᠃      ︵ᠳᠣᠯᠤᠭ᠎ᠠ︶ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ     ● ᠠᠩᠬ᠎ᠠ ᠤᠳᠠᠭ᠎ᠠ ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 10 — 30 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠦᠢᠳᠬᠡᠯ ᠤᠨ ᠨᠥᠬᠦᠪᠦᠷᠢ ᠣᠯᠭᠤᠨ᠎ᠠ︔     ● ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠪᠯᠡᠯ ᠤᠨ ᠫᠠᠶᠢᠰᠠ ᠡᠯᠭᠦᠭᠰᠡᠨ ᠠᠵᠤ ᠠᠬᠤᠶᠢᠯᠠᠯ ᠳᠤ 20 ᠲᠦᠮᠡᠨ ᠲᠥᠭᠦᠷᠢᠭ ᠤᠨ ᠳᠠᠷᠠᠭᠠᠬᠢ ᠨᠥᠬᠦᠪᠦᠷᠢ ᠶᠢᠨ ᠳᠡᠮᠵᠢᠯᠭᠡ ᠣᠯᠭᠤᠨ᠎ᠠ︔     ● ᠬᠤᠪᠢᠴᠠᠭᠠᠨ ᠤ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠫᠠᠶᠢᠰᠠ ᠡᠯᠭᠦᠭᠰᠡᠨ ᠠᠵᠤ ᠠᠬᠤᠶᠢᠯᠠᠯ ᠳᠤ᠂ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠶᠢ ᠡᠭᠦᠳᠬᠦ ᠰᠠᠭᠤᠷᠢ ᠮᠥᠩᠭᠦ ᠲᠠᠢ ᠬᠠᠮᠵᠢᠯᠴᠠᠨ ᠰᠢᠯᠢᠳᠡᠭ ᠢ ᠨᠢ ᠰᠣᠩᠭᠤᠵᠤ ᠪᠠᠶᠢᠭᠠᠳ 300 ᠲᠦᠮᠡᠨ ᠲᠥᠭᠦᠷᠢᠭ ᠠᠴᠠ ᠳᠡᠭᠡᠭᠰᠢᠬᠢ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠣᠯᠭᠤᠨ᠎ᠠ︔     ● ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠲᠦᠮᠡᠨ ᠤ ᠠᠳᠠᠯ ᠦᠢᠯᠡᠰ ᠪᠣᠰᠬᠠᠬᠤ ᠣᠷᠣᠨ ᠵᠠᠢ ᠵᠡᠷᠭᠡ ᠰᠢᠨ᠎ᠡ ᠶᠢ ᠡᠭᠦᠳᠬᠦ ᠠᠴᠢᠶᠠᠯᠠᠭᠴᠢ ᠳᠤ᠂ ᠣᠨ ᠤ ᠠᠵᠢᠯ ᠤᠨ ᠠᠮᠵᠢᠯᠲᠠ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠰᠢᠯᠢᠳᠡᠭ ᠢ ᠨᠢ ᠰᠣᠩᠭᠤᠵᠤ ᠪᠠᠶᠢᠭᠠᠳ 20 — 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      ︵ᠨᠠᠢᠮᠠ︶ ᠨᠡᠷᠡᠲᠦ ᠲᠡᠮᠳᠡᠭᠲᠦ ᠡᠭᠦᠳᠦᠨ ᠪᠠᠶᠢᠭᠤᠯᠬᠤ ᠪᠠ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ      ● ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ᠂ ᠳᠤᠮᠳᠠᠳᠤ ᠤᠯᠤᠰ ᠤᠨ ᠲᠤᠰᠬᠠᠢ ᠠᠰᠢᠭ ᠤᠨ ᠱᠠᠩᠨᠠᠯ᠂ ᠳᠤᠮᠳᠠᠳᠤ ᠤᠯᠤᠰ ᠤᠨ ᠬᠡᠪᠯᠡᠯ ᠤᠨ ᠡᠷᠬᠡ ᠶᠢᠨ ᠠᠯᠲᠠᠨ ᠮᠧᠳᠠᠯ᠂ ᠳᠤᠮᠳᠠᠳᠤ ᠤᠯᠤᠰ ᠤᠨ ᠲᠠᠸᠠᠷ ᠤᠨ ᠲᠡᠮᠳᠡᠭ ᠤᠨ ᠠᠯᠲᠠᠨ ᠮᠧᠳᠠᠯ᠂ ᠦᠢᠯᠡᠳᠬᠡᠯ ᠤᠨ ᠦᠢᠯᠡᠰ ᠤᠨ ᠳᠠᠩ ᠲᠥᠷᠥᠯ ᠤᠨ ᠮᠠᠩᠯᠠᠶᠢᠯᠠᠭᠴᠢ᠂ ᠪᠣᠬᠢᠷᠲᠤᠯ ᠦᠭᠡᠢ ᠦᠢᠯᠡᠳᠪᠦᠷᠢ ᠵᠡᠷᠭᠡ ᠶᠢ ᠬᠦᠷᠲᠡᠭᠰᠡᠨ ᠠᠵᠤ ᠠᠬᠤᠶᠢᠯᠠᠯ ᠨᠢ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠳᠤ ᠣᠷᠣᠯᠴᠠᠬᠤ ᠦᠶ᠎ᠡ ᠳᠤ᠂ ᠵᠣᠬᠢᠰᠲᠠᠢ ᠪᠠᠷ ᠮᠡᠷᠭᠡᠵᠢᠯ ᠤᠨ ᠬᠤᠪᠢ ᠨᠡᠮᠡᠵᠦ ᠥᠭᠭᠦᠨ᠎ᠡ︔     ● ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠳᠤ ᠲᠤᠰᠠᠯᠠᠨ ᠳᠡᠮᠵᠢᠬᠦ ᠦᠢᠯᠡᠴᠢᠯᠡᠭᠡ ᠶᠢᠨ ᠰᠢᠰᠲ᠋ᠧᠮᠵᠢ ᠶᠢᠨ ᠲᠠᠪᠴᠠᠩ ᠢ ᠪᠠᠶᠢᠭᠤᠯᠤᠨ᠎ᠠ᠃      ᠬᠤᠶᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷ ᠪᠡᠯᠡ ᠲᠣᠬᠢᠷᠠᠭᠤᠯᠬᠤ ᠦᠨ᠎ᠡ ᠨᠢ ᠥᠨᠳᠥᠷ ᠠᠰᠠᠭᠤᠳᠠᠯ ᠢ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ      ︵ᠶᠢᠰᠦ︶ ᠭᠦᠢᠯᠭᠡᠭᠡᠨ ᠤ ᠴᠢᠨᠠᠷᠲᠠᠢ ᠬᠦᠴᠢᠷᠳᠡᠯ ᠳᠤ ᠲᠤᠯᠭᠠᠷᠠᠭᠰᠠᠨ ᠢ ᠲᠠᠶᠢᠯᠤᠨ ᠰᠢᠢᠳᠪᠦᠷᠢᠯᠡᠨ᠎ᠡ      ● 100 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠶᠢ ᠪᠠᠶᠢᠭᠤᠯᠵᠤ᠂ ᠠᠵᠤ ᠠᠬᠤᠶᠢᠯᠠᠯ ᠳᠤ ᠳᠠᠮᠵᠢᠨ ᠥᠩᠭᠡᠷᠡᠬᠦ ᠪᠡᠯᠡ ᠮᠥᠩᠭᠦ ᠬᠠᠩᠭᠠᠨ᠎ᠠ︔      ● 100 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠬᠦᠴᠢᠷᠳᠡᠯ ᠢ ᠲᠠᠶᠢᠯᠵᠤ ᠬᠥᠭᠵᠢᠭᠦᠯᠬᠦ ᠰᠠᠭᠤᠷᠢ ᠮᠥᠩᠭᠦ ᠶᠢ ᠪᠠᠶᠢᠭᠤᠯᠵᠤ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠰᠲ᠋ᠣᠺ ᠤᠨ ᠳᠠᠨᠵᠢᠯᠠᠭ᠎ᠠ ᠪᠠ ᠠᠵᠤ ᠠᠬᠤᠶᠢᠯᠠᠯ ᠤᠨ ᠥᠭᠴᠡᠭᠡᠨ ᠤ ᠲᠡᠮᠳᠡᠭᠲᠦ ᠶᠢᠨ ᠬᠤᠭᠤᠴᠠᠭ᠎ᠠ ᠨᠢ ᠲᠤᠯᠵᠤ ᠪᠡᠯᠡᠨ ᠵᠣᠭᠤᠰ ᠲᠥᠯᠥᠬᠦ ᠬᠦᠴᠢᠷᠳᠡᠯ ᠢ ᠲᠠᠶᠢᠯᠤᠨ ᠰᠢᠢᠳᠪᠦᠷᠢᠯᠡᠨ᠎ᠡ︔      ● ᠠᠵᠤ ᠠᠬᠤᠶᠢᠯᠠᠯ ᠤᠨ ᠬᠦᠴᠢᠷᠳᠡᠯ ᠢ ᠲᠠᠶᠢᠯᠤᠨ ᠬᠥᠭᠵᠢᠭᠦᠯᠬᠦ ᠰᠠᠭᠤᠷᠢ ᠮᠥᠩᠭᠦᠨ ᠳᠤ ᠣᠷᠣᠯᠴᠠᠭᠰᠠᠨ ᠨᠡᠶᠢᠭᠡᠮ ᠤᠨ ᠡᠯ᠎ᠡ ᠲᠥᠷᠥᠯ ᠤᠨ ᠡᠳ᠋ ᠬᠥᠷᠥᠩᠭᠡ ᠳᠤ᠂ ᠪᠡᠯᠡ ᠮᠥᠩᠭᠦ ᠶᠢᠨ ᠪᠣᠳᠠᠲᠠᠢ ᠪᠠᠷ ᠬᠡᠷᠡᠭᠯᠡᠭᠰᠡᠨ ᠲᠣᠭᠠᠨ ᠤ 0.5%  ᠪᠠᠷ ᠱᠠᠩᠨᠠᠯ ᠣᠯᠭᠤᠵᠤ᠂ ᠳᠠᠩ ᠭᠠᠭᠴᠠ ᠲᠥᠷᠥᠯ ᠳᠤ 50 ᠲᠦᠮᠡᠨ ᠲᠥᠭᠦᠷᠢᠭ ᠢ ᠬᠡᠲᠦᠷᠡᠭᠦᠯᠬᠦ ᠦᠭᠡᠢ᠃      ︵ᠠᠷᠪᠠ︶ ᠪᠡᠯᠡ ᠲᠣᠬᠢᠷᠠᠭᠤᠯᠬᠤ ᠳᠤ ᠳᠠᠭᠠᠭᠠᠯᠲᠠ ᠬᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ      ● ᠥᠪᠡᠷᠲᠡᠭᠡᠨ ᠵᠠᠰᠠᠬᠤ ᠣᠷᠣᠨ ᠤ ᠳᠡᠰ ᠤᠨ ᠪᠡᠯᠡ ᠲᠣᠬᠢᠷᠠᠭᠤᠯᠬᠤ ᠳᠤ ᠳᠠᠭᠠᠭᠠᠯᠲᠠ ᠬᠢᠬᠦ ᠪᠠᠶᠢᠭᠤᠯᠤᠮᠵᠢ ᠶᠢ ᠨᠡᠶᠢᠯᠡᠭᠦᠯᠦᠨ ᠨᠢᠭᠡᠳᠬᠡᠵᠦ᠂ ᠬᠡᠪᠴᠢᠶ᠎ᠡ ᠨᠢ 50 ᠳ᠋ᠦᠩᠰᠢᠭᠤᠷ ᠲᠥᠭᠦᠷᠢᠭ ᠤᠨ ᠥᠪᠡᠷᠲᠡᠭᠡᠨ ᠵᠠᠰᠠᠬᠤ ᠣᠷᠣᠨ ᠤ ᠳᠠᠬᠢᠨ ᠳᠠᠭᠠᠭᠠᠯᠲᠠ ᠬᠢᠬᠦ ᠪᠦᠯᠦᠭᠯᠡᠯ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠭᠰᠡᠨ ᠪᠡᠯᠡ ᠲᠣᠬᠢᠷᠠᠭᠤᠯᠬᠤ ᠳᠤ ᠳᠠᠭᠠᠭᠠᠯᠲᠠ ᠬᠢᠬᠦ ᠰᠢᠰᠲ᠋ᠧᠮᠵᠢ ᠶᠢ ᠪᠠᠶᠢᠭᠤᠯᠤᠨ᠂ ᠳᠠᠭᠠᠭᠠᠯᠲᠠ ᠬᠢᠬᠦ ᠬᠡᠪᠴᠢᠶ᠎ᠡ ᠶᠢ ᠨᠢ 300 ᠳ᠋ᠦᠩᠰᠢᠭᠤᠷ ᠲᠥᠭᠦᠷᠢᠭ ᠪᠣᠯᠭᠠᠬᠤ ᠶᠢ ᠴᠢᠷᠮᠠᠶᠢᠨ ᠪᠡᠶᠡᠯᠡᠭᠦᠯᠦᠨ᠎ᠡ︔      ● ᠤᠯᠤᠰ ᠤᠨ ᠥᠮᠴᠢᠯᠡᠯᠲᠦ ᠪᠡᠯᠡ ᠲᠣᠬᠢᠷᠠᠭᠤᠯᠬᠤ ᠳᠤ ᠳᠠᠭᠠᠭᠠᠯᠲᠠ ᠬᠢᠬᠦ ᠪᠠᠶᠢᠭᠤᠯᠤᠮᠵᠢ ᠶᠢ ᠰᠢᠯᠭᠠᠨ ᠬᠢᠨᠠᠬᠤ ᠵᠢᠴᠢ ᠡᠭᠦᠷᠭᠡ ᠪᠠᠨ ᠴᠢᠷᠮᠠᠶᠢᠨ ᠪᠡᠶᠡᠯᠡᠭᠦᠯᠦᠭᠰᠡᠨ ᠪᠣᠯ ᠬᠠᠷᠢᠭᠤᠴᠠᠯᠭ᠎ᠠ ᠬᠠᠷᠢᠭᠤᠴᠠᠬᠤ ᠠᠴᠠ ᠬᠡᠯᠲᠦᠷᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠦᠷ᠎ᠡ ᠠᠰᠢᠭ᠂ ᠤᠷᠲᠤ ᠬᠤᠭᠤᠴᠠᠭᠠᠨ ᠤ ᠦᠷ᠎ᠡ ᠠᠰᠢᠭ ᠢ ᠰᠢᠯᠭᠠᠨ ᠬᠢᠨᠠᠬᠤ ᠶᠢᠨ ᠴᠢᠬᠤᠯᠠ ᠬᠡᠮᠵᠢᠶ᠎ᠡ ᠶᠢ ᠴᠢᠩᠭᠠᠷᠠᠭᠤᠯᠵᠤ᠂ ᠠᠰᠢᠭ ᠬᠤᠨᠵᠢᠪᠤᠷᠢ ᠶᠢᠨ ᠴᠢᠨᠠᠷᠲᠠᠢ ᠰᠢᠯᠭᠠᠯᠲᠠ ᠬᠢᠨᠠᠯᠲᠠ ᠶᠢᠨ ᠱᠠᠭᠠᠷᠳᠠᠯᠭ᠎ᠠ ᠶᠢ ᠪᠠᠭᠤᠷᠠᠭᠤᠯᠤᠨ᠎ᠠ᠃      ︵ᠠᠷᠪᠠᠨ ᠨᠢᠭᠡ︶ ᠪᠡᠯᠡ ᠲᠣᠬᠢᠷᠠᠭᠤᠯᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ● ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ︽ᠵᠣᠷᠢᠭᠲᠠᠢ ᠪᠠᠷ ᠵᠢᠭᠡᠯᠡᠯᠭᠡ ᠵᠢᠭᠡᠯᠡᠬᠦ᠂ ᠳᠤᠷᠠᠲᠠᠶ᠎ᠠ ᠵᠢᠭᠡᠯᠡᠯᠭᠡ ᠵᠢᠭᠡᠯᠡᠬᠦ᠂ ᠵᠢᠭᠡᠯᠡᠯᠭᠡ ᠵᠢᠭᠡᠯᠡᠵᠦ ᠳᠡᠶᠢᠯᠬᠦ︾ ᠤᠷᠲᠤ ᠬᠤᠭᠤᠴᠠᠭᠠᠨ ᠤ ᠲᠣᠭᠲᠠᠴᠠ ᠶᠢ ᠪᠠᠶᠢᠭᠤᠯᠵᠤ᠂ ᠪᠦᠲᠦᠭᠡᠭᠳᠡᠬᠦᠨ ᠪᠠ ᠦᠢᠯᠡᠴᠢᠯᠡᠭᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠲᠠᠢ᠂ ᠠᠯᠤᠰ ᠢᠷᠡᠭᠡᠳᠦᠢ ᠲᠠᠢ᠂ ᠮᠡᠷᠭᠡᠵᠢᠯ ᠤᠨ ᠲᠠᠯ᠎ᠠ ᠪᠠᠷ ᠥᠷᠢᠰᠦᠯᠳᠦᠬᠦ ᠬᠦᠴᠦᠨ ᠲᠠᠢ ᠴᠢᠨᠠᠷ ᠰᠢᠯᠢᠳᠡᠭ ᠠᠵᠤ ᠠᠬᠤᠶᠢᠯᠠᠯ ᠳᠤ ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠪᠠ ᠢᠲᠡᠭᠡᠮᠵᠢ ᠶᠢᠨ ᠵᠢᠭᠡᠯᠡᠯᠭᠡ ᠶᠢ ᠢᠯᠡᠭᠦᠬᠡᠨ ᠣᠯᠭᠤᠵᠤ᠂ ᠬᠦᠦ ᠨᠣᠷᠮ᠎ᠠ ᠶᠢᠨ ᠲᠠᠯ᠎ᠠ ᠪᠠᠷ ᠬᠠᠷᠠᠭᠠᠯᠵᠠᠯ ᠣᠯᠭᠤᠨ᠎ᠠ᠃      ︵ᠠᠷᠪᠠᠨ ᠬᠤᠶᠠᠷ︶ ᠢᠲᠡᠭᠡᠮᠵᠢᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠨ᠎ᠡ      ● ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠡᠵᠡᠯᠡᠬᠦ ᠬᠠᠷᠢᠴᠠᠯ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠲᠣᠮᠣ ᠬᠡᠯᠪᠡᠷᠢ ᠶᠢᠨ ᠪᠠᠩᠬᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠠᠬᠢ ᠵᠢᠭᠡᠯᠡᠯᠭᠡ ᠶᠢ 1/3 ᠠᠴᠠ ᠳᠣᠣᠷ᠎ᠠ ᠪᠠᠶᠢᠯᠭᠠᠬᠤ ᠦᠭᠡᠢ᠂ ᠳᠤᠮᠳᠠ ᠵᠢᠵᠢᠭ ᠬᠡᠯᠪᠡᠷᠢ ᠶᠢᠨ ᠪᠠᠩᠬᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠠᠬᠢ ᠵᠢᠭᠡᠯᠡᠯᠭᠡ ᠶᠢ 2/3 ᠠᠴᠠ ᠳᠣᠣᠷ᠎ᠠ ᠪᠠᠶᠢᠯᠭᠠᠬᠤ ᠦᠭᠡᠢ ᠶᠢ ᠴᠢᠷᠮᠠᠶᠢᠨ ᠪᠡᠶᠡᠯᠡᠭᠦᠯᠵᠦ᠂ ᠭᠤᠷᠪᠠᠨ ᠵᠢᠯ ᠤᠨ ᠳᠠᠷᠠᠭ᠎ᠠ᠂ ᠰᠢᠨ᠎ᠡ ᠪᠠᠷ ᠨᠡᠮᠡᠭᠳᠡᠭᠰᠡᠨ ᠺᠣᠮᠫᠠᠨᠢ ᠶᠢᠨ ᠲᠥᠷᠥᠯ ᠤᠨ ᠵᠢᠭᠡᠯᠡᠯᠭᠡ ᠳᠠᠬᠢ ᠪᠠᠩᠬᠢ ᠶᠢᠨ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠠᠬᠢ ᠵᠢᠭᠡᠯᠡᠯᠭᠡ ᠶᠢᠨ ᠡᠵᠡᠯᠡᠬᠦ ᠬᠠᠷᠢᠴᠠᠯ ᠢ 50% ᠠᠴᠠ ᠳᠣᠣᠷ᠎ᠠ ᠪᠠᠶᠢᠯᠭᠠᠬᠤ ᠦᠭᠡᠢ ᠪᠠᠷ ᠴᠢᠷᠮᠠᠶᠢᠨ᠎ᠠ᠃      ︵ᠠᠷᠪᠠᠨ ᠭᠤᠷᠪᠠ︶ ᠰᠢᠭᠤᠳ ᠪᠡᠯᠡ ᠲᠣᠬᠢᠷᠠᠭᠤᠯᠬᠤ ᠶᠢ ᠥᠷᠭᠡᠳᠬᠡᠨ᠎ᠡ      ● ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠴᠡᠭᠡᠨ ᠤ ᠲᠡᠮᠳᠡᠭᠲᠦ ᠪᠠᠷ ᠪᠡᠯᠡ ᠲᠣᠬᠢᠷᠠᠭᠤᠯᠬᠤ ᠶᠢ ᠳᠡᠮᠵᠢᠬᠦ ᠪᠠᠭᠠᠵᠢ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠪᠠᠶᠢᠭᠤᠯᠤᠨ᠂ ᠥᠭᠴᠡᠭᠡᠨ ᠤ ᠲᠡᠮᠳᠡᠭᠲᠦ ᠲᠠᠷᠬᠠᠭᠠᠬᠤ ᠠᠵᠤ ᠠᠬᠤᠶᠢᠯᠠᠯ ᠳᠤ ᠲᠦᠭᠰᠢᠭᠦᠷᠢ ᠶᠢᠨ ᠠᠯᠭᠤᠷᠯᠠᠭᠤᠯᠤᠯ ᠬᠠᠩᠭᠠᠭᠰᠠᠨ ᠪᠠᠶᠢᠭᠤᠯᠤᠮᠵᠢ ᠳᠤ ᠠᠯᠭᠤᠷᠯᠠᠭᠤᠯᠬᠤ ᠪᠠᠭᠠᠵᠢ ᠶᠢᠨ ᠰᠦᠢᠳᠬᠡᠯ ᠤᠨ ᠲᠣᠭᠠᠨ ᠤ 10% ᠪᠠᠷ ᠨᠥᠬᠦᠪᠦᠷᠢ ᠣᠯᠭᠤᠵᠤ᠂ ᠳᠠᠩ ᠭᠠᠭᠴᠠ ᠲᠥᠷᠥᠯ ᠳᠤ 50 ᠲᠦᠮᠡᠨ ᠲᠥᠭᠦᠷᠢᠭ ᠢ ᠬᠡᠲᠦᠷᠡᠭᠦᠯᠬᠦ ᠦᠭᠡᠢ᠃      ︵ᠠᠷᠪᠠᠨ ᠳᠥᠷᠪᠡ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠳᠤ ᠦᠨᠡᠯᠡᠯᠲᠡ ᠬᠢᠬᠦ ᠶᠢ ᠲᠡᠭᠦᠯᠳᠡᠷᠵᠢᠭᠦᠯᠦᠨ᠎ᠡ      ● ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠲᠤᠰᠢᠶᠠᠯ ᠢᠶᠠᠨ ᠭᠦᠢᠴᠡᠳᠬᠡᠭᠰᠡᠨ ᠳᠤ ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠬᠦ ᠠᠷᠭ᠎ᠠ ᠬᠢᠭᠡᠳ ᠪᠠᠷᠢᠮᠵᠢᠶ᠎ᠠ ᠶᠢ ᠪᠠᠶᠢᠭᠤᠯᠵᠤ᠂ ᠠᠰᠢᠭ ᠣᠯᠵᠠᠪᠤᠷᠢ ᠶᠢᠨ ᠭᠦᠢᠴᠡᠳᠬᠡᠯ ᠲᠣᠭᠠᠨ ᠤ ᠰᠢᠯᠭᠠᠯᠲᠠ ᠬᠢᠨᠠᠯᠲᠠ ᠶᠢᠨ ᠪᠠᠷᠢᠮᠵᠢᠶ᠎ᠠ ᠶᠢᠨ ᠴᠢᠬᠤᠯᠠ ᠬᠡᠮᠵᠢᠶ᠎ᠡ ᠶᠢ ᠪᠠᠭᠤᠷᠠᠭᠤᠯᠵᠤ᠂ ᠵᠢᠭᠡᠯᠡᠯᠭᠡ ᠵᠢᠭᠡᠯᠡᠭᠰᠡᠨ ᠡᠷᠦᠬᠡ ᠶᠢᠨ ᠲᠣᠭᠠᠨ ᠤ ᠰᠢᠯᠭᠠᠯᠲᠠ ᠬᠢᠨᠠᠯᠲᠠ ᠶᠢᠨ ᠴᠢᠬᠤᠯᠠ ᠬᠡᠮᠵᠢᠶ᠎ᠡ ᠶᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠭᠰᠡᠨ ᠠᠵᠢᠯ ᠤᠨ ᠠᠮᠵᠢᠯᠲᠠ ᠪᠦᠲᠦᠮᠵᠢ ᠶᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠨ ᠤ ᠰᠢᠯᠭᠠᠨ ᠦᠨᠡᠯᠡᠵᠦ ᠱᠠᠩᠨᠠᠨ ᠬᠥᠬᠢᠭᠦᠯᠬᠦ ᠭᠦᠢᠴᠡᠳᠬᠡᠯ ᠲᠣᠭᠠᠨ ᠤ ᠰᠢᠰᠲ᠋ᠧᠮᠵᠢ ᠳᠤ ᠣᠷᠣᠭᠤᠯᠤᠨ᠎ᠠ᠃      ᠭᠤᠷᠪᠠ᠂ ᠡᠷᠬᠡ ᠲᠡᠭᠰᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠣᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ      ︵ᠠᠷᠪᠠᠨ ᠲᠠᠪᠤ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠤᠯᠠᠮ ᠨᠢᠭᠡ ᠠᠯᠬᠤᠮ ᠠᠭᠤᠵᠢᠭᠤ ᠲᠠᠯᠪᠢᠨ᠎ᠠ      ● ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ︽ᠥᠯᠥ ᠴᠠᠭᠠᠵᠠᠯᠠᠭᠰᠠᠨ ᠪᠣᠯ ᠳᠠᠷᠤᠢ ᠣᠷᠣᠭᠤᠯᠬᠤ︾ ᠶᠢ ᠨᠡᠶᠢᠳᠡᠮ ᠳᠤ ᠨᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔      ● ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠲᠤᠰᠬᠠᠢ ᠵᠦᠢᠯ ᠤᠨ ᠪᠡᠯᠡ ᠮᠥᠩᠭᠦ ᠶᠢᠨ ᠨᠥᠬᠦᠪᠦᠷᠢ᠂ ᠴᠢᠳᠠᠪᠤᠷᠢᠲᠠᠨ ᠣᠷᠣᠭᠤᠯᠤᠨ ᠠᠪᠴᠢᠷᠠᠵᠤ ᠬᠥᠮᠥᠵᠢᠭᠦᠯᠬᠦ ᠵᠡᠷᠭᠡ ᠲᠠᠯ᠎ᠠ ᠪᠠᠷ ᠠᠳᠠᠯᠢᠬᠠᠨ ᠬᠠᠷᠠᠭᠠᠯᠵᠠᠯ ᠦᠵᠡᠭᠦᠯᠬᠦ ᠶᠢ ᠨᠠᠶᠢᠳᠠᠪᠤᠷᠢᠵᠢᠭᠤᠯᠤᠨ᠎ᠠ︔      ● ᠠᠷᠠᠳ ᠤᠨ ᠳᠤᠮᠳᠠᠬᠢ ᠡᠳ᠋ ᠬᠥᠷᠥᠩᠭᠡ ᠳᠤ ᠲᠠᠨᠢᠯᠴᠠᠭᠤᠯᠤᠨ ᠳᠡᠪᠢᠰᠦᠭᠦᠯᠬᠦ ᠲᠥᠷᠥᠯ ᠵᠦᠢᠯ ᠤᠨ ᠨᠠᠷᠢᠨ ᠬᠠᠭᠤᠳᠠᠰᠤ ᠶᠢ ᠬᠡᠪ ᠤᠨ ᠪᠠᠶᠢᠳᠠᠯ ᠢᠶᠠᠷ ᠨᠡᠶᠢᠲᠡᠯᠡᠵᠦ᠂ ᠠᠷᠠᠳ ᠠᠴᠠ ᠡᠵᠡᠩᠨᠡᠭᠰᠡᠨ ᠡᠳ᠋ ᠬᠥᠷᠥᠩᠭᠡ ᠶᠢᠨ ᠰᠢᠨ᠎ᠡ ᠡᠨᠧᠷᠭᠢ᠂ ᠳᠡᠭᠡᠳᠦ ᠦᠵᠦᠭᠦᠷ ᠤᠨ ᠲᠣᠨᠤᠭ ᠲᠥᠬᠦᠭᠡᠷᠦᠮᠵᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠲᠤ ᠣᠷᠣᠬᠤ ᠶᠢ ᠵᠣᠷᠢᠭᠵᠢᠭᠤᠯᠤᠨ᠎ᠠ︔       ● ᠠᠷᠠᠳ ᠠᠴᠠ ᠡᠵᠡᠩᠨᠡᠭᠰᠡᠨ ᠡᠳ᠋ ᠬᠥᠷᠥᠩᠭᠡ ᠶᠢᠨ ᠬᠠᠮᠢᠶ᠎ᠠ ᠪᠦᠬᠦᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠬᠠᠪᠢᠴᠠᠭ᠎ᠠ ᠣᠷᠣᠬᠤ ᠶᠢ ᠳᠡᠮᠵᠢᠨ᠎ᠠ᠃      ︵ᠠᠷᠪᠠᠨ ᠵᠢᠷᠭᠤᠭ᠎ᠠ︶ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠨ᠎ᠠ      ● ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠬᠡᠮᠵᠢᠶ᠎ᠡ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠪᠠᠶᠢᠴᠠᠭᠠᠵᠤ᠂ ᠵᠠᠬ᠎ᠠ ᠳᠡᠯᠭᠡᠭᠦᠷ ᠢ ᠨᠢᠭᠡᠳᠦᠭᠦᠯᠬᠦ ᠪᠠ ᠡᠷᠬᠡ ᠲᠡᠭᠰᠢ ᠪᠠᠷ ᠥᠷᠢᠰᠦᠯᠳᠦᠬᠦ ᠶᠢ ᠬᠠᠷᠰᠢᠯᠠᠨ ᠨᠥᠯᠥᠭᠡᠯᠡᠵᠦ ᠪᠠᠶᠢᠭ᠎ᠠ ᠦᠯᠡᠳᠡᠭᠡᠯ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠮᠬᠢ ᠵᠢᠷᠤᠮ ᠲᠠᠢ ᠪᠠᠷ ᠬᠦᠴᠦᠨ ᠦᠭᠡᠢ ᠪᠣᠯᠭᠠᠨ᠎ᠠ᠃      ︵ᠠᠷᠪᠠᠨ ᠳᠣᠯᠤᠭ᠎ᠠ︶ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ      ● ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠦᠷᠢᠮ ᠢᠶᠠᠨ ᠥᠭᠡᠷᠡᠴᠢᠯᠡᠵᠦ ᠳᠠᠬᠢᠨ ᠵᠣᠬᠢᠶᠠᠨ ᠪᠠᠶᠢᠭᠤᠯᠬᠤ᠂ ᠪᠡᠯᠡ ᠨᠡᠶᠢᠯᠡᠭᠦᠯᠵᠦ ᠡᠵᠡᠩᠨᠡᠬᠦ᠂ ᠰᠲ᠋ᠣᠺ ᠤᠨ ᠡᠷᠬᠡ ᠶᠢᠨ ᠣᠯᠠᠨ ᠲᠠᠯ᠎ᠠ ᠶᠢᠨ ᠥᠭᠡᠷᠡᠴᠢᠯᠡᠯᠲᠡ ᠬᠢᠬᠦ ᠪᠠ ᠰᠲ᠋ᠣᠺ ᠡᠵᠡᠮᠳᠡᠵᠦ ᠵᠠᠬ᠎ᠠ ᠳᠡᠯᠭᠡᠭᠦᠷ ᠲᠤ ᠭᠠᠷᠤᠭᠰᠠᠨ ᠤᠯᠤᠰ ᠤᠨ ᠥᠮᠴᠢᠯᠡᠯᠲᠦ ᠺᠣᠮᠫᠠᠨᠢ ᠶᠢᠨ ᠬᠥᠷᠥᠩᠭᠡ ᠪᠠᠨ ᠨᠡᠮᠡᠭᠳᠡᠭᠦᠯᠦᠨ ᠰᠲ᠋ᠣᠺ ᠢᠶᠠᠨ ᠥᠷᠭᠡᠳᠬᠡᠬᠦ ᠳᠤ ᠣᠷᠣᠯᠴᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠯᠲᠡ᠂ ᠰᠠᠶᠢᠨ ᠳᠤᠷ᠎ᠠ ᠶᠢᠨ ᠴᠢᠨᠠᠷ᠂ ᠢᠯᠡ ᠴᠢᠨᠠᠷ ᠪᠠ ᠵᠢᠷᠤᠮᠵᠢᠯ ᠴᠢᠨᠠᠷ ᠲᠠᠢ ᠵᠠᠷᠴᠢᠮ ᠤᠨ ᠰᠠᠭᠤᠷᠢᠨ ᠳᠡᠭᠡᠷ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠲᠠᠢ ᠬᠤᠯᠢᠮᠠᠭ ᠥᠮᠴᠢᠯᠡᠯ ᠤᠨ ᠳᠦᠷᠢᠮ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠬᠤ ᠶᠢ ᠳᠡᠮᠵᠢᠨ᠎ᠡ᠃      ᠳᠥᠷᠪᠡ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ      ︵ᠠᠷᠪᠠᠨ ᠨᠠᠢᠮᠠ︶ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠳᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠎ᠠ      ● ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠰᠢᠮᠳᠠᠭᠤᠯᠤᠨ ᠪᠠᠶᠢᠴᠠᠭᠠᠬᠤ ᠪᠤᠶᠤ ᠭᠤᠷᠪᠠᠳᠠᠭᠴᠢ ᠲᠠᠯ᠎ᠠ ᠶᠢᠨ ᠦᠨᠡᠯᠡᠯᠲᠡ ᠵᠢᠱᠢᠯᠲᠡ ᠬᠢᠬᠦ ᠶᠢ ᠥᠷᠨᠢᠭᠦᠯᠦᠨ᠎ᠡ᠃ ᠬᠠᠤᠯᠢ ᠴᠠᠭᠠᠵᠠ ᠳᠦᠷᠢᠮ ᠲᠣᠭᠲᠠᠭᠠᠯ ᠪᠠ ᠤᠯᠤᠰ ᠤᠨ ᠲᠥᠷᠥ ᠶᠢᠨ ᠪᠣᠳᠣᠯᠭ᠎ᠠ ᠶᠣᠰᠣᠭᠠᠷ ᠲᠣᠭᠲᠠᠭᠠᠭᠰᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠠᠮᠠᠯᠳᠠᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠤᠭ᠎ᠠ ᠦᠭᠡᠢ᠂ ᠨᠠᠶᠢᠳᠠᠪᠤᠷᠢᠵᠢᠭᠤᠯᠤᠭᠰᠠᠨ ᠨᠢ ᠭᠦᠢᠴᠡᠳ ᠦᠭᠡᠢ ᠪᠠᠶᠢᠳᠠᠯ ᠳᠤ ᠴᠢᠭᠯᠡᠭᠦᠯᠦᠨ᠂ ᠡᠮᠬᠢᠯᠡᠨ ᠳᠢᠭᠯᠡᠬᠦ ᠪᠠ ᠬᠠᠮᠲᠤᠷᠠᠭᠤᠯᠵᠤ ᠪᠠᠶᠢᠭᠠᠳ ᠠᠰᠠᠭᠤᠳᠠᠯ ᠤᠨ ᠨᠠᠷᠢᠨ ᠬᠠᠭᠤᠳᠠᠰᠤ ᠶᠢ ᠪᠦᠷᠢᠯᠳᠦᠭᠦᠯᠵᠦ᠂ ᠠᠮᠠᠯᠠᠯᠲᠠ ᠪᠠᠨ ᠢᠳᠡᠪᠬᠢᠲᠡᠢ ᠭᠦᠢᠴᠡᠳᠬᠡᠨ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠵᠦ ᠬᠦᠴᠦᠨ ᠦᠭᠡᠢ ᠪᠣᠯᠭᠠᠨ᠎ᠠ᠃      ︵ᠠᠷᠪᠠ ᠶᠢᠰᠦ︶ ᠠᠵᠤ ᠠᠬᠤᠶᠢᠯᠠᠯ ᠳᠤ ᠬᠤᠯᠪᠣᠭᠳᠠᠭᠰᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠎ᠠ      ● ᠬᠠᠤᠯᠢ ᠬᠡᠷᠡᠭᠵᠢᠭᠦᠯᠬᠦ ᠡᠷᠬᠡ ᠴᠢᠯᠦᠭᠡᠨ ᠤ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ︽ᠨᠢᠭᠡ ᠯᠡ ᠪᠠᠷᠢᠮᠵᠢᠶ᠎ᠠ ᠱᠤᠭᠤᠮ ᠢᠶᠠᠷ ᠲᠠᠰᠤᠯᠬᠤ︾ ᠶᠢ ᠴᠢᠩᠭ᠎ᠠ ᠴᠠᠭᠠᠵᠠᠯᠠᠨ᠎ᠠ᠃ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠬᠡᠷᠡᠭᠯᠡᠨ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠳᠤ ᠭᠠᠷ ᠳᠦᠷᠦᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠭᠠᠳᠠᠨ᠎ᠠ᠂ ᠠᠵᠤ ᠠᠬᠤᠶᠢᠯᠠᠯ ᠳᠤ ᠴᠠᠬᠢᠯᠭᠠᠨ ᠢ ᠨᠢ ᠵᠣᠭᠰᠣᠭᠠᠬᠤ᠂ ᠰᠢᠲᠠᠮᠠᠬᠠᠢ ᠬᠡᠢ ᠶᠢ ᠨᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠶᠢ ᠳᠤᠷ᠎ᠠ ᠪᠠᠷ ᠠᠪᠬᠤ ᠶᠢ ᠬᠢᠵᠠᠭᠠᠷᠯᠠᠵᠤ᠂ ᠠᠳᠠᠯᠢᠬᠠᠨ ᠠᠵᠢᠯ ᠲᠥᠷᠥᠯ ᠤᠨ ᠭᠠᠭᠴᠠ ᠠᠵᠤ ᠠᠬᠤᠶᠢᠯᠠᠯ ᠳᠤ ᠣᠷᠴᠢᠨ ᠲᠣᠭᠤᠷᠢᠨ ᠤ ᠬᠠᠮᠠᠭᠠᠯᠠᠯᠲᠠ ᠪᠠ ᠠᠮᠤᠷ ᠲᠦᠪᠰᠢᠨ ᠵᠡᠷᠭᠡ ᠠᠰᠠᠭᠤᠳᠠᠯ ᠪᠠᠶᠢᠬᠤ ᠠᠴᠠ ᠪᠣᠯᠵᠤ ᠪᠦᠬᠦ ᠠᠵᠢᠯ ᠲᠥᠷᠥᠯ ᠤᠨ ᠬᠢᠨ ᠢ ᠬᠠᠭᠠᠯᠭᠠᠨ ᠵᠣᠭᠰᠣᠭᠠᠵᠤ ᠴᠡᠭᠴᠡᠯᠡᠨ ᠥᠭᠡᠷᠡᠴᠢᠯᠡᠬᠦ ᠳᠥᠭᠦᠮ ᠬᠢᠯᠪᠠᠷ ᠢᠶᠠᠷ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃      ᠲᠠᠪᠤ᠂ ᠳᠣᠲᠣᠨᠣ ᠴᠡᠪᠡᠷ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ      ︵ᠬᠤᠷᠢ︶ ᠭᠤᠮᠣᠳᠠᠯ ᠲᠣᠭᠠᠴᠢᠵᠤ ᠲᠤᠰᠬᠠᠭᠰᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ      ● ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠤᠰᠬᠠᠶᠢᠯᠠᠨ ᠦᠢᠯᠡᠴᠢᠯᠡᠬᠦ ᠠᠵᠢᠯ ᠤᠨ ᠪᠠᠶᠢᠭᠤᠯᠤᠮᠵᠢ ᠪᠠ ᠦᠢᠯᠡᠴᠢᠯᠡᠭᠡ ᠶᠢᠨ ᠲᠠᠪᠴᠠᠩ ᠢ ᠪᠠᠶᠢᠭᠤᠯᠤᠨ᠂ ᠠᠵᠤ ᠠᠬᠤᠶᠢᠯᠠᠯ ᠤᠨ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠲᠦᠷᠭᠡᠨ ᠢᠶᠠᠷ ᠰᠢᠨ᠎ᠡ ᠶᠢ ᠡᠭᠦᠳᠦᠨ ᠬᠥᠭᠵᠢᠬᠦ ᠶᠢ ᠬᠠᠪᠰᠤᠷᠤᠨ ᠠᠬᠢᠭᠤᠯᠤᠨ᠎ᠠ︔      ● ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠠᠴᠠ ᠵᠥᠷᠢᠴᠡᠨ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ᠠᠯᠪᠠ ᠬᠤᠳᠠᠯᠳᠤᠭᠠᠴᠢᠨ ᠰᠦᠯᠪᠡᠭᠡᠯᠳᠡᠨ᠂ ᠠᠯᠪᠠᠨ ᠲᠤᠰᠢᠶᠠᠯᠲᠠᠨ ᠤ ᠥᠯᠥ ᠦᠢᠯᠡᠳᠬᠦᠢ᠂ ᠢᠳᠡᠬᠦ ᠠᠪᠬᠤ ᠭᠠᠴᠢᠭᠠᠬᠤ ᠬᠢᠬᠠᠬᠤ ᠵᠡᠷᠭᠡ ᠠᠰᠠᠭᠤᠳᠠᠯ ᠤᠨ ᠰᠦᠪᠡᠭᠴᠢ ᠳᠤ ᠬᠤᠯᠪᠣᠭᠳᠠᠵᠤ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠪᠣᠯ ᠤᠷᠢᠳ ᠢᠶᠠᠷ ᠭᠦᠢᠴᠡᠳᠬᠡᠨ᠂ ᠵᠠᠭᠤᠨ ᠤ ᠵᠠᠭᠤ ᠪᠠᠷ ᠬᠢᠨᠠᠨ ᠪᠠᠶᠢᠴᠠᠭᠠᠵᠤ᠂ ᠲᠤᠶᠢᠯ ᠤᠨ ᠣᠨᠣᠪᠴᠢᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠵᠠᠷᠯᠠᠨ ᠨᠡᠶᠢᠲᠡᠯᠡᠨ᠎ᠡ᠃      ︵ᠬᠤᠷᠢᠨ ᠨᠢᠭᠡ︶ ᠦᠢᠯᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ      ● ᠠᠵᠤ ᠠᠬᠤᠶᠢᠯᠠᠯᠲᠠᠨ ᠤ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠬᠤ ᠳᠦᠷᠢᠮ ᠢ ᠪᠠᠶᠢᠭᠤᠯᠤᠨ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠪᠦᠬᠦᠨ ᠢ ᠲᠣᠭᠲᠠᠭᠠᠬᠤ ᠳᠤ ᠠᠵᠤ ᠠᠬᠤᠶᠢᠯᠠᠯᠲᠠᠨ ᠤ ᠲᠥᠯᠥᠭᠡᠯᠡᠭᠴᠢ ᠶᠢᠨ ᠰᠠᠨᠠᠯ ᠢ ᠬᠤᠷᠢᠶᠠᠬᠤ ᠬᠡᠷᠡᠭᠲᠡᠢ︔      ● ᠵᠠᠰᠠᠭ ᠪᠠᠩᠬᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠣᠯᠭᠠᠯᠳᠤᠭᠤᠯᠬᠤ ᠲᠠᠪᠴᠠᠩ ᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠣᠬᠢᠷᠠᠭᠤᠯᠤᠯᠲᠠ ᠶᠢ ᠵᠣᠯᠭᠠᠯᠳᠤᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔      ● ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠠᠬᠢᠭᠤᠯᠤᠨ᠂ ᠠᠵᠤ ᠠᠬᠤᠶᠢᠯᠠᠯ ᠤᠨ ᠪᠡᠯᠡ ᠣᠷᠣᠭᠤᠯᠬᠤ ᠲᠥᠷᠥᠯ ᠵᠦᠢᠯ ᠤᠨ ᠬᠢᠨᠠᠯᠲᠠ ᠵᠥᠪᠰᠢᠶᠡᠷᠡᠯ ᠢ ᠵᠠᠰᠠᠭ ᠵᠠᠬᠢᠷᠭᠠᠨ ᠤ ᠦᠢᠯᠡᠴᠢᠯᠡᠭᠡ ᠶᠢᠨ ᠲᠥᠪ ᠤᠨ ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ ᠶᠢ ᠪᠡᠶᠡᠯᠡᠭᠦᠯᠵᠦ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠣᠷᠣᠯᠠᠨ ᠭᠦᠢᠴᠡᠳᠬᠡᠬᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠦᠨᠡᠯᠡᠵᠦ ᠳᠡᠶᠢᠯᠬᠦ ᠪᠠ ᠠᠮᠤᠷ ᠲᠦᠪᠰᠢᠨ ᠢᠶᠠᠷ ᠦᠨᠡᠯᠡᠬᠦ ᠵᠡᠷᠭᠡ ᠬᠢᠨᠠᠨ ᠵᠥᠪᠰᠢᠶᠡᠷᠡᠬᠦ ᠶᠠᠪᠤᠴᠠ ᠳᠠᠬᠢ ᠭᠤᠭᠴᠤᠭ᠎ᠠ ᠶᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠦᠨ᠎ᠡ᠃      ︵ᠬᠤᠷᠢᠨ ᠬᠤᠶᠠᠷ︶  ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠨ᠎ᠠ      ● ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠥᠭᠵᠢᠭᠦᠯᠬᠦ ᠬᠤᠷᠠᠯ ᠢ ᠲᠣᠭᠲᠠᠮᠠᠯ ᠬᠤᠭᠤᠴᠠᠭ᠎ᠠ  ᠲᠠᠢ ᠪᠠᠷ ᠬᠤᠷᠠᠯᠳᠤᠭᠤᠯᠤᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠰᠤᠳᠤᠯᠤᠨ ᠲᠣᠭᠲᠠᠭᠠᠬᠤ ᠪᠠ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯᠲᠠᠨ ᠢ ᠰᠢᠯᠭᠠᠷᠠᠭᠤᠯᠤᠨ ᠰᠣᠩᠭᠤᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠦᠨ᠎ᠡ︔      ● ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯ ᠪᠠ ᠠᠵᠤ ᠠᠬᠤᠶᠢᠯᠠᠯᠲᠠᠨ ᠢ ᠤᠬᠠᠭᠤᠯᠬᠤ ᠬᠤᠯᠪᠣᠭᠳᠠᠯ ᠪᠦᠬᠦᠢ ᠠᠵᠢᠯ ᠢ ᠪᠦᠬᠦ ᠣᠷᠣᠨ ᠤ ᠣᠨ ᠤ ᠤᠬᠠᠭᠤᠯᠭ᠎ᠠ ᠶᠢᠨ ᠠᠵᠢᠯ ᠤᠨ ᠲᠥᠯᠥᠪᠯᠡᠭᠡ ᠳᠤ ᠣᠷᠣᠭᠤᠯᠵᠤ᠂ ᠭᠤᠣᠯ ᠪᠣᠯᠬᠤ ᠵᠠᠭᠤᠴᠢᠯᠠᠭᠤᠷ ᠲᠤ ᠲᠤᠰᠬᠠᠢ ᠬᠡᠪᠯᠡᠯ᠂ ᠲᠤᠰᠬᠠᠢ ᠰᠡᠳᠦᠪ ᠪᠠ ᠲᠤᠰᠬᠠᠢ ᠪᠣᠯᠣᠩ ᠨᠡᠭᠡᠭᠡᠨ ᠲᠣᠬᠢᠷᠠᠭᠤᠯᠵᠤ ᠪᠠᠶᠢᠭᠠᠳ ᠤᠬᠠᠭᠤᠯᠤᠨ ᠮᠡᠳᠡᠭᠡᠯᠡᠨ᠎ᠡ᠃      ︵ᠬᠤᠷᠢᠨ ᠭᠤᠷᠪᠠ︶ ᠰᠢᠯᠭᠠᠨ ᠬᠢᠨᠠᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ      ● ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠲᠣᠭᠠᠯᠠᠨ ᠪᠦᠷᠢᠳᠬᠡᠵᠦ ᠬᠢᠨᠠᠨ ᠰᠢᠯᠭᠠᠬᠤ ᠰᠢᠰᠲ᠋ᠧᠮᠵᠢ ᠪᠠ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠳᠦᠷᠢᠮ ᠢ ᠪᠦᠷᠢᠨᠰᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠦᠨᠡᠯᠡᠯᠲᠡ ᠬᠢᠬᠦ ᠶᠢ ᠲᠣᠭᠲᠠᠮᠠᠯ ᠬᠤᠭᠤᠴᠠᠭ᠎ᠠ ᠲᠠᠢ ᠪᠠᠨ ᠥᠷᠨᠢᠭᠦᠯᠵᠦ᠂ ᠦᠨᠡᠯᠡᠯᠲᠡ ᠬᠢᠭᠰᠡᠨ ᠦᠷ᠎ᠡ ᠳ᠋ᠦᠩ ᠢᠶᠠᠷ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠣᠳᠠᠲᠠᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠴᠢᠬᠤᠯᠠ ᠠᠭᠤᠯᠭ᠎ᠠ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠢ ᠤᠷᠢᠨ ᠲᠤᠰᠬᠠᠢ ᠬᠢᠨᠠᠯᠲᠠ ᠲᠠᠯᠪᠢᠭᠴᠢ ᠪᠣᠯᠭᠠᠵᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡ ᠶᠢᠨ ᠪᠠᠶᠢᠳᠠᠯ ᠳᠤ ᠵᠥᠪᠯᠡᠨ ᠲᠣᠭᠲᠠᠭᠠᠯᠲᠠ ᠬᠢᠯᠭᠡᠨ᠎ᠡ᠃      ᠵᠢᠷᠭᠤᠭ᠎ᠠ᠂ ᠠᠵᠤ ᠠᠬᠤᠶᠢᠯᠠᠯᠲᠠᠳ ᠤᠨ ᠲᠤᠰ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠠᠵᠤ ᠠᠬᠤᠶᠢᠯᠠᠯᠲᠠᠳ ᠤᠨ ᠠᠮᠤᠷ ᠲᠦᠪᠰᠢᠨ ᠤ ᠲᠥᠷᠥᠭᠳᠡᠯ ᠢ ᠴᠢᠩᠭᠠᠷᠠᠭᠤᠯᠤᠨ᠎ᠠ      ︵ᠬᠤᠷᠢᠨ ᠳᠥᠷᠪᠡ︶ ᠵᠠᠰᠠᠭ ᠤᠨ ᠣᠷᠳᠣᠨ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠤ ᠵᠣᠭᠤᠰ ᠢ ᠢᠯᠭᠠᠨ ᠲᠥᠯᠥᠪᠦᠷᠢᠯᠡᠨ᠎ᠡ      ● ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠤ ᠳᠠᠩᠰᠠᠨ ᠤ ᠵᠣᠭᠤᠰ ᠥᠷᠢᠲᠦᠬᠦ ᠶᠢ ᠡᠷᠡᠰ ᠬᠤᠷᠢᠭᠯᠠᠨ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠤᠨ ᠵᠥᠪᠯᠡᠯᠴᠡᠵᠦ᠂ ᠥᠷᠢᠲᠦᠵᠦ ᠪᠠᠶᠢᠭ᠎ᠠ ᠳᠠᠩᠰᠠᠨ ᠤ ᠵᠣᠭᠤᠰ ᠢ ᠡᠮᠬᠢᠯᠡᠨ ᠳᠢᠭᠯᠡᠵᠦ᠂ ᠡᠬᠡ ᠳᠠᠩᠰᠠ ᠶᠢ ᠪᠠᠶᠢᠭᠤᠯᠤᠨ᠂ ᠲᠣᠭᠲᠠᠭᠰᠠᠨ ᠬᠤᠭᠤᠴᠠᠭᠠᠨ ᠳᠤ ᠪᠤᠴᠠᠭᠠᠨ ᠲᠥᠯᠥᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠥᠷᠢᠲᠦᠵᠦ ᠪᠠᠶᠢᠭ᠎ᠠ ᠵᠣᠭᠤᠰ ᠢᠶᠠᠨ ︽ᠴᠠᠭ ᠲᠣᠭᠲᠠᠭᠠᠨ ᠢᠯᠭᠠᠨ ᠲᠥᠯᠥᠪᠦᠷᠢᠯᠡᠵᠦ︾᠂ ᠰᠢᠨ᠎ᠡ ᠪᠠᠷ ᠵᠣᠭᠤᠰ ᠥᠷᠢᠲᠦᠬᠦ ᠦᠵᠡᠭᠳᠡᠯ ᠡᠭᠦᠰᠬᠦ ᠶᠢ ᠴᠢᠩᠭ᠎ᠠ ᠴᠠᠭᠠᠵᠠᠯᠠᠨ᠎ᠠ᠃      ● ᠵᠠᠰᠠᠭ ᠤᠨ ᠣᠷᠳᠣᠨ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠴᠡᠭᠡᠨ ᠤ ᠡᠷᠬᠡ ᠪᠠ ᠥᠭᠴᠡᠭᠡᠨ ᠤ ᠶᠠᠪᠤᠳᠠᠯ ᠤᠨ ᠵᠢᠭᠤᠷᠠᠯᠳᠤᠭᠠᠨ ᠢ ᠨᠢᠭᠡᠨᠲᠡ ᠬᠠᠤᠯᠢ ᠶᠣᠰᠣᠭᠠᠷ ᠮᠠᠭᠠᠳᠯᠠᠨ ᠲᠣᠭᠲᠠᠭᠠᠭᠰᠠᠨ ᠪᠤᠶᠤ ᠬᠤᠶᠠᠷ ᠲᠠᠯ᠎ᠠ ᠪᠠᠷ ᠢᠶᠠᠨ ᠳᠠᠩᠰᠠ ᠬᠠᠷᠭᠤᠭᠤᠯᠬᠤ ᠪᠠᠷ ᠳᠠᠮᠵᠢᠨ ᠨᠤᠲᠠᠯᠠᠭᠰᠠᠨ ᠪᠣᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠠᠬᠢ ᠥᠭᠴᠡᠭᠡ ᠪᠠᠨ ᠴᠠᠭ ᠲᠤᠬᠠᠢ ᠳᠤ ᠨᠢ ᠲᠥᠯᠥᠪᠦᠷᠢᠯᠡᠬᠦ ᠬᠡᠷᠡᠭᠲᠡᠢ᠃      ︵ᠬᠤᠷᠢᠨ ᠲᠠᠪᠤ︶ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ      ● ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠠᠵᠤ ᠠᠬᠤᠢ ᠶᠢᠨ ᠮᠠᠷᠭᠤᠯᠳᠤᠭᠠᠨ ᠢ ᠪᠠᠶᠢᠴᠠᠭᠠᠨ ᠰᠢᠢᠳᠪᠦᠷᠢᠯᠡᠬᠦ ᠪᠠᠷ ᠰᠢᠯᠲᠠᠭ ᠪᠣᠯᠭᠠᠨ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠭᠠᠷ ᠳᠦᠷᠦᠬᠦ ᠪᠠ ᠬᠠᠷᠰᠢᠯᠠᠬᠤ ᠶᠢ ᠴᠢᠩᠭ᠎ᠠ ᠴᠠᠭᠠᠵᠠᠯᠠᠨ᠎ᠠ︔      ● ᠬᠡᠷᠡᠭ ᠲᠤ ᠬᠤᠯᠪᠣᠭᠳᠠᠭᠰᠠᠨ ᠡᠳ᠋ ᠬᠥᠷᠥᠩᠭᠡ ᠶᠢ ᠰᠢᠢᠳᠪᠦᠷᠢᠯᠡᠬᠦ ᠶᠢ ᠵᠢᠷᠤᠮᠵᠢᠭᠤᠯᠤᠨ᠂ ᠬᠠᠤᠯᠢ ᠠᠴᠠ ᠵᠥᠷᠢᠴᠡᠵᠦ ᠪᠠᠶᠢᠭᠠᠳ ᠣᠯᠣᠭᠰᠠᠨ ᠠᠰᠢᠭ ᠬᠤᠨᠵᠢᠪᠤᠷᠢ ᠪᠠ ᠬᠠᠤᠯᠢ ᠶᠣᠰᠣᠨ ᠤ ᠡᠳ᠋ ᠬᠥᠷᠥᠩᠭᠡ᠂ ᠬᠤᠪᠢ ᠬᠥᠮᠥᠨ ᠤ ᠡᠳ᠋ ᠬᠥᠷᠥᠩᠭᠡ ᠪᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠳ᠋ ᠬᠥᠷᠥᠩᠭᠡ᠂ ᠬᠡᠷᠡᠭ ᠲᠤ ᠬᠤᠯᠪᠣᠭᠳᠠᠭᠰᠠᠨ ᠬᠥᠮᠥᠨ ᠤ ᠬᠤᠪᠢ ᠶᠢᠨ ᠡᠳ᠋ ᠬᠥᠷᠥᠩᠭᠡ ᠪᠠ ᠭᠡᠷ ᠪᠦᠯᠢ ᠶᠢᠨ ᠭᠡᠰᠢᠭᠦᠳ ᠤᠨ ᠡᠳ᠋ ᠬᠥᠷᠥᠩᠭᠡ ᠶᠢ ᠴᠢᠩᠭ᠎ᠠ ᠢᠯᠭᠠᠨ ᠰᠠᠯᠭᠠᠵᠤ᠂ ᠬᠡᠷᠡᠭ ᠲᠤ ᠥᠯᠥ ᠬᠤᠯᠪᠣᠭᠳᠠᠭᠰᠠᠨ ᠡᠳ᠋ ᠵᠣᠭᠤᠰ᠂ ᠳᠠᠩᠰᠠᠨ ᠤ ᠡᠷᠦᠬᠡ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠮᠠᠲ᠋ᠧᠷᠢᠶᠠᠯ ᠵᠡᠷᠭᠡ ᠶᠢ ᠪᠠᠶᠢᠴᠠᠭᠠᠨ ᠪᠢᠲᠡᠭᠦᠮᠵᠢᠯᠡᠬᠦ᠂ ᠬᠤᠷᠢᠶᠠᠨ ᠠᠪᠬᠤ ᠪᠠ ᠴᠡᠪᠳᠡᠭᠯᠡᠵᠦ ᠪᠣᠯᠬᠤ ᠦᠭᠡᠢ︔      ● ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠪᠠᠶᠢᠴᠠᠭᠠᠨ ᠭᠡᠷᠡᠴᠢ ᠠᠪᠬᠤ ᠳᠤ ᠰᠠᠨᠠᠭᠠᠴᠢᠯᠠᠭ᠎ᠠ ᠠᠴᠠ ᠬᠠᠮᠵᠢᠯᠴᠠᠨ᠂ ᠨᠡᠶᠢᠭᠡᠮ ᠤᠨ ᠠᠶᠤᠯ ᠲᠦᠭᠰᠢᠭᠦᠷᠢᠲᠦ ᠴᠢᠨᠠᠷ ᠦᠭᠡᠢ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠨᠥᠬᠦᠴᠡᠯ ᠳᠤ ᠨᠡᠶᠢᠴᠡᠵᠦ ᠪᠠᠶᠢᠪᠠᠯ᠂ ᠪᠦᠬᠦᠨ ᠳᠤ ᠨᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠦᠭᠡᠢ︔      ● ᠡᠯ᠎ᠡ ᠵᠦᠢᠯ ᠤᠨ ᠬᠠᠷ᠎ᠠ ᠬᠤᠣᠷᠲᠠᠢ ᠬᠦᠴᠦᠨ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢᠨ ᠡᠮᠬᠢ ᠵᠢᠷᠤᠮ ᠢ ᠬᠠᠮᠠᠭᠠᠯᠠᠨ᠎ᠠ᠃      ︵ᠬᠤᠷᠢᠨ ᠵᠢᠷᠭᠤᠭ᠎ᠠ︶ ᠠᠵᠤ ᠠᠬᠤᠶᠢᠯᠠᠯ ᠳᠤ ᠬᠤᠯᠪᠣᠭᠳᠠᠭᠰᠠᠨ ᠬᠢᠯᠢᠰ ᠬᠤᠳᠠᠯ ᠪᠤᠷᠤᠭᠤ ᠬᠡᠷᠡᠭ ᠢ ᠵᠠᠰᠠᠨ ᠵᠠᠯᠠᠷᠠᠭᠤᠯᠬᠤ ᠡᠷᠴᠢᠮ ᠢ ᠴᠢᠩᠭᠠᠷᠠᠭᠤᠯᠤᠨ᠎ᠠ      ● ᠨᠡᠶᠢᠭᠡᠮ ᠤᠨ ᠲᠤᠰᠬᠠᠯ ᠢᠶᠠᠷ ᠴᠢᠩᠭ᠎ᠠ ᠪᠠᠶᠢᠭ᠎ᠠ ᠠᠵᠤ ᠠᠬᠤᠶᠢᠯᠠᠯ ᠳᠤ ᠬᠤᠯᠪᠣᠭᠳᠠᠭᠰᠠᠨ ᠥᠮᠴᠢᠯᠡᠬᠦ ᠡᠷᠬᠡ ᠶᠢᠨ ᠮᠠᠷᠭᠤᠯᠳᠤᠭᠠᠨ ᠤ ᠬᠡᠷᠡᠭ ᠢ ᠬᠢᠨᠠᠮᠠᠭᠠᠢ ᠢᠯᠭᠠᠨ ᠲᠣᠳᠣᠯᠠᠵᠤ᠂ ᠦᠨᠡᠨ ᠬᠦ ᠬᠢᠯᠢᠰ ᠬᠤᠳᠠᠯ ᠪᠤᠷᠤᠭᠤ ᠬᠡᠷᠡᠭ ᠲᠤ ᠬᠠᠷᠢᠶᠠᠯᠠᠭᠳᠠᠪᠠᠯ᠂ ᠡᠷᠡᠰ ᠰᠢᠭᠤᠷᠬᠠᠢ ᠪᠠᠷ ᠵᠠᠰᠠᠨ ᠵᠠᠯᠠᠷᠠᠭᠤᠯᠤᠨ᠎ᠠ︔      ● ᠬᠠᠤᠯᠢ ᠠᠴᠠ ᠵᠥᠷᠢᠴᠡᠨ ᠬᠡᠷᠡᠭ ᠪᠣᠯᠭᠠᠨ ᠪᠠᠶᠢᠴᠠᠭᠠᠭᠰᠠᠨ ᠪᠠ ᠬᠠᠤᠯᠢ ᠠᠴᠠ ᠵᠥᠷᠢᠴᠡᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠭᠰᠡᠨ ᠪᠣᠯ ᠬᠠᠤᠯᠢ ᠶᠣᠰᠣᠭᠠᠷ ᠴᠠᠭ ᠲᠤᠬᠠᠢ ᠳᠤ ᠨᠢ ᠵᠠᠰᠠᠨ ᠵᠠᠯᠠᠷᠠᠭᠤᠯᠬᠤ ᠶᠢᠨ ᠬᠠᠮᠲᠤ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ