ᠣᠳᠤᠬᠠᠨ ᠳᠤ᠂ ᠮᠠᠨ ᠤ ᠣᠷᠣᠨ ᠠᠲᠠᠷ ᠬᠠᠭᠠᠯᠪᠤᠷᠢᠯᠠᠯᠲᠠ ᠶᠢᠨ ︽ᠭᠤᠷᠪᠠᠨ ᠵᠢᠯ ᠤᠨ ᠬᠤᠶᠠᠷ︾ ᠡᠭᠦᠷᠭᠡ᠂ | ᠥᠭᠡᠷ᠎ᠡ ᠪᠠᠷ ᠬᠡᠯᠡᠪᠡᠯ 3 ᠵᠢᠯ ᠳᠤ ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠶ ᠬᠡᠷᠡᠭᠯᠡᠬᠦ ᠡᠷᠬᠡ ᠶᠢ ᠨᠤᠲᠠᠯᠠᠨ | ᠳᠡᠩᠰᠡᠯᠡᠵᠦ ᠦᠨᠡᠮᠯᠡᠯ ᠣᠯᠭᠤᠬᠤ ᠡᠭᠦᠷᠭᠡ ᠪᠣᠯᠤᠨ 3 ᠵᠢᠯ ᠳᠤ ᠠᠲᠠᠷ ᠬᠠᠭᠠᠯᠪᠤᠷᠢᠯᠠᠯᠲᠠ ᠶᠢᠨ ᠤᠯᠤᠰ ᠤᠨ | ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠷᠬᠢᠯᠡᠬᠦ ᠨᠡᠶᠢᠭᠡᠮ ᠤᠨ ᠡᠭᠦᠷᠭᠡ ᠴᠢᠳᠠᠪᠤᠷᠢ ᠶᠢᠨ | ᠥᠭᠡᠷᠡᠴᠢᠯᠡᠯᠲᠡ ᠦᠨᠳᠦᠰᠦᠨ ᠳᠤ ᠪᠠᠨ ᠪᠡᠶᠡᠯᠡᠭᠳᠡᠪᠡ᠃ | 2015 ᠣᠨ ᠤ 11 ᠳ᠋ᠦ᠋ᠭᠡᠷ ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ︽ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠤᠯᠠᠮ ᠨᠢᠭᠡ ᠠᠯᠬᠤᠮ | ᠳᠥᠯᠭᠢᠨ ᠠᠬᠢᠭᠤᠯᠬᠤ ᠲᠤᠬᠠᠶ ᠰᠠᠨᠠᠯ︾ ᠢ ᠨᠡᠶᠢᠲᠡᠯᠡᠵᠦ᠂ 2016 ᠤᠨ ᠠᠴᠠ 2018 ᠤᠨ ᠪᠤᠯᠲᠠᠯ᠎ᠠ ᠠᠲᠠᠷ | ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠶ ᠬᠡᠷᠡᠭᠯᠡᠬᠦ ᠡᠷᠬᠡ ᠶᠢ ᠨᠤᠲᠠᠯᠠᠨ ᠳᠡᠩᠰᠡᠯᠡᠵᠦ | ᠦᠨᠡᠮᠯᠡᠯ ᠣᠯᠭᠤᠬᠤ ᠪᠠ ᠤᠯᠤᠰ ᠤᠨ ᠥᠮᠴᠢᠯᠡᠯ ᠤᠨ ᠲᠠᠷᠢᠶᠠᠯᠠᠩ ᠤᠨ ᠲᠠᠯᠠᠪᠠᠢ ᠶᠢᠨ ᠡᠷᠬᠢᠯᠡᠬᠦ ᠨᠡᠶᠢᠭᠡᠮ ᠤᠨ ᠡᠭᠦᠷᠭᠡ | ᠴᠢᠳᠠᠪᠦᠷᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ ᠭᠡᠵᠦ ᠲᠤᠳᠤᠷᠬᠠᠢ ᠱᠠᠭᠠᠷᠳᠠᠵᠠᠢ᠃ ᠮᠠᠨ ᠤ | ᠣᠷᠣᠨ ᠪᠣᠯ ᠪᠦᠬᠦ ᠤᠯᠤᠰ ᠲᠤ ᠬᠠᠮᠤᠭ ᠤᠨ ᠡᠷᠲᠡ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢᠨ | ᠬᠡᠷᠡᠭᠵᠢᠭᠦᠯᠬᠦ ᠰᠠᠨᠠᠯ ᠢ ᠨᠡᠶᠢᠲᠡᠯᠡᠭᠰᠡᠨ 3 ᠮᠤᠵᠢ ᠣᠷᠣᠨ ᠤ ᠨᠢᠭᠡ ᠨᠢ ᠪᠣᠯᠤᠨ᠎ᠠ᠃ 2016 ᠣᠨ ᠳᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠠᠲᠠᠷ ᠬᠠᠭᠠᠯᠪᠤᠷᠢᠯᠠᠯᠲᠠ ᠶᠢᠨ | ᠥᠭᠡᠷᠡᠴᠢᠯᠡᠯᠲᠡ ᠬᠥᠭᠵᠢᠭᠦᠯᠦᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ | ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠧᠯᠸᠢᠰ ᠳ᠋ᠢᠶᠠᠩᠬᠤᠸᠠ ᠬᠤᠷᠠᠯ ᠬᠢᠵᠦ᠂ | ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠠᠬᠢᠭᠤᠯᠬᠤ ᠲᠤᠬᠠᠢ ᠳᠠᠶᠢᠴᠢᠯᠠᠯᠲᠠ | ᠪᠠᠶᠢᠷᠢᠯᠠᠭᠤᠯᠤᠯᠲᠠ ᠬᠢᠭᠰᠡᠨ ᠪᠦᠭᠡᠳ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ | ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠪᠠ᠃ | ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠶ ᠬᠡᠷᠡᠭᠯᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ | ᠣᠯᠭᠤᠬᠤ ᠡᠭᠦᠷᠭᠡ ᠬᠦᠨᠳᠦ᠂ ᠡᠷᠬᠡ ᠶᠢ ᠨᠤᠲᠠᠯᠠᠬᠤ ᠲᠠᠯᠠᠪᠠᠢ ᠨᠢ ᠶᠡᠭᠡ ᠪᠠᠶᠢᠬᠤ ᠪᠤᠲᠠᠲᠠᠢ ᠪᠠᠶᠢᠳᠠᠯ ᠳᠤ | ᠴᠢᠭᠯᠡᠭᠦᠯᠦᠨ᠂ ᠮᠠᠨ ᠤ ᠣᠷᠣᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠲᠦᠷᠭᠡᠳᠬᠡᠨ ᠠᠬᠢᠭᠤᠯᠵᠤ᠂ ᠰᠠᠭᠤᠭ᠎ᠠ ᠴᠢᠭ᠋ ᠢ ᠰᠢᠮᠳᠠᠭᠤᠯᠤᠨ | ᠭᠦᠢᠴᠡᠳᠬᠡᠯᠭᠡᠵᠦ᠂ ᠲᠤᠬᠢᠷᠠᠭᠤᠯᠤᠯᠲᠠ ᠪᠠᠨ ᠴᠢᠩᠭᠠᠳᠬᠠᠪᠠ᠃ ᠦᠨᠦ ᠪᠤᠯᠬᠤ ᠳᠤ᠂ ᠥᠪᠥᠷ ᠮᠣᠩᠭᠤᠯ ᠤᠨ ᠠᠲᠠᠷ | ᠬᠠᠭᠠᠯᠪᠤᠷᠢᠯᠠᠯᠲᠠ ᠶᠢᠨ ᠭᠠᠵᠠᠷ ᠰᠢᠷᠣᠶ ᠶᠢᠨ ᠡᠷᠬᠡ ᠬᠠᠷᠢᠶ᠎ᠠ ᠶᠢ ᠨᠤᠲᠠᠯᠠᠨ ᠪᠠᠶᠢᠴᠠᠭᠠᠯᠲᠠ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠲᠠᠩᠰᠠᠯᠠᠨ ᠦᠨᠡᠮᠯᠡᠯ ᠤᠯᠭᠤᠭᠰᠠᠨ ᠨᠣᠷᠮ᠎ᠠ 90% ᠠᠴᠠ ᠳᠡᠭᠡᠭᠰᠢ ᠳᠤ ᠬᠦᠷᠪᠡ᠃ 11 ᠳ᠋ᠦ᠋ᠭᠡᠷ | ᠰᠠᠷ᠎ᠠ ᠶᠢᠨ ᠡᠬᠢ ᠪᠠᠷ᠂ ᠪᠦᠬᠦ ᠣᠷᠣᠨ ᠤ ᠠᠲᠠᠷ ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯᠲᠦ ᠲᠠᠷᠢᠶᠠᠯᠠᠩ | ᠮᠠᠯᠵᠢᠯ ᠤᠨ ᠲᠠᠯᠠᠪᠠᠶ ᠶᠢᠨ ᠡᠭᠦᠷᠭᠡᠯᠡᠵᠦ ᠪᠥᠬᠦᠶ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ᠂ ᠰᠠᠭᠤᠷᠢ | ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ ᠪᠣᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠲᠦᠯᠦᠪᠯᠡᠭᠡᠲᠦ ᠦᠷᠡᠵᠢᠯ ᠤᠨ ᠬᠠᠮᠢᠶᠠᠷᠤᠯᠲᠠ᠂ ᠬᠠᠤᠯᠢ ᠴᠠᠭᠠᠵᠠ᠂ | ᠠᠷᠠᠳ ᠤᠨ ᠶᠠᠪᠤᠳᠠᠯ᠂ ᠠᠷᠠᠳ ᠤᠨ ᠵᠡᠪᠰᠡᠭᠲᠦ ᠬᠦᠴᠦ᠂ ᠷᠠᠳᠢᠣ᠋ ᠲᠧᠯᠸᠢᠰ᠂ ᠪᠡᠶ᠎ᠡ ᠶᠢᠨ ᠲᠠᠮᠢᠷ᠂ ᠨᠡᠶᠢᠭᠡᠮ | ᠲᠣᠭᠤᠷᠢᠭ ᠤᠨ ᠬᠠᠮᠢᠶᠠᠷᠤᠯᠲᠠ ᠵᠡᠷᠭᠡ ᠡᠭᠦᠷᠭᠡ ᠴᠢᠳᠠᠪᠤᠷᠢ ᠶᠢ ᠴᠥᠮ ᠣᠷᠣᠨ ᠨᠤᠲᠤᠭ ᠤᠨ ᠬᠠᠮᠢᠶᠠᠷᠤᠯᠲᠠ ᠳᠤ | ᠤᠷᠤᠭᠤᠯᠵᠤ᠂ ᠮᠠᠨ ᠤ ᠣᠷᠣᠨ ᠤ ᠠᠲᠠᠷ ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯᠲᠦ ᠲᠠᠷᠢᠶᠠᠯᠠᠩ | ᠮᠠᠯᠵᠢᠯ ᠤᠨ ᠲᠠᠯᠠᠪᠠᠶ ᠶᠢᠨ ᠡᠷᠬᠢᠯᠡᠬᠦ ᠨᠡᠶᠢᠭᠡᠮ ᠤᠨ ᠡᠭᠦᠷᠭᠡ ᠴᠢᠳᠠᠪᠤᠷᠢ ᠶᠢᠨ ᠥᠭᠡᠷᠡᠴᠢᠯᠡᠯᠲᠡ ᠶᠢᠨ ᠡᠭᠦᠷᠭᠡ ᠶᠢ | ᠦᠨᠳᠦᠰᠦᠨ ᠳᠤ ᠪᠠᠨ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠮᠠᠨ ᠤ ᠣᠷᠣᠨ ᠠᠲᠠᠷ ᠬᠠᠭᠠᠯᠪᠤᠷᠢᠯᠠᠯᠲᠠ ᠶᠢᠨ | ᠤᠷᠤᠨ ᠢ ᠪᠦᠯᠦᠭᠵᠢᠭᠦᠯᠬᠦ᠂ ᠲᠠᠷᠢᠶᠠᠯᠠᠩ ᠮᠠᠯᠵᠢᠯ ᠤᠨ ᠲᠠᠯᠠᠪᠠᠢ ᠶᠢ ᠠᠵᠤ ᠠᠬᠤᠶᠢᠯᠠᠯᠴᠢᠯᠠᠬᠤ ᠥᠭᠡᠷᠡᠴᠢᠯᠡᠯᠲᠡ ᠶᠢ | ᠲᠦᠷᠦᠯ ᠬᠤᠪᠢᠶᠠᠨ ᠠᠬᠢᠭᠤᠯᠬᠤ ᠠᠵᠢᠯ ᠴᠤ ᠪᠦᠲᠦᠮᠵᠢᠲᠡᠶ ᠠᠬᠢᠪᠠ᠃ ᠬᠥᠯᠥᠨ ᠪᠤᠶᠢᠷ ᠤᠨ ᠠᠳᠠᠷ | ᠬᠠᠭᠠᠯᠪᠤᠷᠢᠯᠠᠯᠲᠠ ᠶᠢᠨ ᠪᠦᠯᠦᠭᠯᠡᠯ ᠦᠷᠬᠦᠯᠵᠢᠯᠡᠨ ᠪᠦᠯᠦᠭᠯᠡᠯᠵᠢᠯᠳᠡ ᠶᠢ ᠲᠦᠯᠬᠢᠨ ᠠᠬᠢᠭᠤᠯᠬᠤ ᠪᠠᠷ ᠤᠳᠤᠷᠢᠳᠤᠮᠵᠢ | ᠪᠤᠯᠭᠠᠵᠤ᠂ ᠠᠳᠠᠷ ᠬᠠᠭᠠᠯᠪᠤᠷᠢᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠡᠵᠡᠩᠨᠡᠯᠲᠡ ᠶᠢᠨ | ᠲᠣᠭᠲᠠᠴᠠ ᠶᠢᠨ ᠥᠭᠡᠷᠡᠴᠢᠯᠡᠯᠲᠡ ᠶᠢ ᠥᠷᠨᠢᠭᠦᠯᠵᠦ᠂ ᠪᠦᠯᠦᠭᠯᠡᠯ ᠤᠨ ᠬᠠᠮᠢᠶᠠᠷᠤᠯᠲᠠ ᠡᠵᠡᠩᠨᠡᠯᠲᠡ ᠪᠠ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠲᠡᠭᠰᠢᠷᠡᠯ | ᠬᠠᠮᠢᠶᠠᠷᠤᠯᠲᠠ ᠶᠢ ᠪᠡᠶᠡᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ | ᠪᠦᠯᠦᠭᠯᠡᠯ ᠢ ᠪᠦᠲᠦᠭᠡᠨ ᠪᠠᠶᠢᠭᠤᠯᠵᠠᠢ᠃ ᠬᠢᠩᠭᠠᠨ ᠠᠶᠢᠮᠠᠭ ᠭᠤᠯᠳᠤ ᠴᠢᠭᠯᠡᠯ ᠤᠨ ᠨᠢᠭᠡ ᠴᠣᠭᠴᠠᠵᠢᠭᠤᠯᠬᠤ | ᠬᠠᠮᠢᠶᠠᠷᠤᠯᠲᠠ ᠶᠢᠨ ᠪᠠᠶᠢᠭᠤᠯᠤᠯ ᠢ ᠲᠦᠯᠬᠢᠨ ᠠᠬᠢᠭᠤᠯᠵᠤ᠂ ᠬᠢᠩᠭᠠᠨ ᠤ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ | ᠺᠣᠮᠫᠠᠨᠢ ᠵᠤᠬᠢᠶᠠᠨ ᠪᠠᠶᠢᠭᠤᠯᠪᠠ᠃ ᠪᠤᠭᠤᠲᠤ ᠬᠤᠳᠠ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠢ | ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠤ᠂ ᠪᠤᠭᠤᠲᠤ ᠶᠢᠨ ᠲᠠᠷᠢᠶᠠᠯᠠᠩ ᠤᠨ ᠠᠲᠠᠷ | ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢ ᠵᠤᠬᠢᠶᠠᠨ ᠪᠠᠶᠢᠭᠤᠯᠪᠠ᠃ |