ᠲᠡᠦᠭᠡ ᠶᠢᠨ ᠠᠶᠠᠨ ᠰᠦᠷ ᠲᠠᠯᠠᠶᠢᠴᠢᠲᠠᠢ ᠶᠠᠪᠤᠭᠳᠠᠵᠦ᠂ ᠴᠠᠭ ᠦᠶ᠎ᠠ ᠶᠢᠨ ᠶᠡᠭᠡ ᠤᠷᠤᠰᠬᠠᠯ ᠤᠶᠢᠯᠤᠨ | ᠳᠠᠪᠠᠯᠭᠠᠯᠠᠨ᠎ᠠ᠃ | 1978 ᠤᠨ ᠳᠤ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ | ᠪᠦᠬᠦᠳᠠ ᠬᠤᠷᠠᠯ ᠢᠶᠠᠷ ᠬᠦᠰᠢᠶ᠎ᠠ ᠳᠡᠮᠳᠡᠭ ᠢᠶᠠᠨ ᠪᠤᠯᠭᠠᠵᠦ᠂ ᠳᠤᠮᠳᠠᠳᠤ ᠤᠯᠤᠰ ᠦᠭᠡᠷᠡᠴᠢᠯᠡᠯᠳᠠ ᠨᠡᠭᠡᠭᠡᠯᠳᠠ ᠶᠢᠨ | ᠠᠭᠤᠤ ᠶᠡᠭᠡ ᠠᠶᠠᠯᠠᠯ ᠢᠶᠠᠨ ᠡᠬᠢᠯᠡᠬᠦᠯᠪᠡ᠃ ᠬᠠᠪᠤᠷ ᠤᠨ ᠠᠶᠤᠩᠭ᠎ᠠ ᠡᠭᠡ ᠭᠠᠵᠠᠷ ᠢ ᠳᠠᠭᠤᠳᠠᠨ ᠰᠡᠷᠢᠭᠡᠬᠦ ᠮᠡᠳᠦ ᠪᠠᠷ | ᠮᠠᠨ ᠤ ᠨᠠᠮ ᠠᠷᠠᠳ ᠲᠦᠮᠡᠨ ᠢ ᠳᠠᠭᠠᠭᠤᠯᠤᠨ ᠬᠢᠭᠰᠡᠨ ᠡᠨᠡ ᠬᠦ ︽ᠰᠢᠨ᠎ᠠ ᠠᠭᠤᠤ ᠶᠡᠭᠡ ᠬᠤᠪᠢᠰᠬᠠᠯ︾ ᠨᠢ ᠨᠢᠭᠡ | ᠤᠯᠤᠰ ᠤᠨ ᠬᠦᠭᠵᠢᠯ ᠴᠡᠴᠡᠭᠯᠡᠯ ᠤᠨᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠵᠦ᠂ ᠨᠢᠭᠡ ᠦᠨᠳᠦᠰᠦᠳᠡᠨ ᠤ | ᠠᠮᠢᠵᠢᠷᠠᠯ ᠤᠨ ᠬᠦᠴᠦ ᠪᠠᠷ ᠪᠢᠯᠬᠠᠭᠰᠠᠨ ᠰᠡᠷᠬᠦᠨ ᠮᠠᠨᠳᠤᠯᠳᠠ ᠶᠢᠨ ᠲᠦᠷᠰᠦ ᠪᠠᠶᠢᠳᠠᠯ ᠢ ᠬᠦᠭᠵᠢᠭᠡᠵᠦ᠂ ᠳᠤᠮᠳᠠᠳᠤ | ᠤᠯᠤᠰ ᠢ ᠬᠦᠨᠵᠡᠭᠡᠢ ᠬᠤᠪᠢᠷᠠᠭᠤᠯᠤᠭᠰᠠᠨ ᠢᠶᠠᠷ ᠪᠠᠷᠠᠬᠤ ᠦᠭᠡᠢ ᠳᠡᠯᠡᠬᠡᠢ ᠳ᠋ᠠᠬᠢᠨ ᠢ ᠴᠦ ᠬᠦᠨᠵᠡᠭᠡᠢ ᠨᠦᠯᠦᠭᠡᠯᠡᠵᠡᠢ᠃ | 40 ᠵᠢᠯ ᠤᠨ ᠲᠤᠷᠰᠢ᠂ ︽ᠦᠨᠡᠨ ᠶᠤᠰᠤᠨ ᠤ ᠪᠠᠷᠢᠮᠵᠢᠶᠠᠨ ᠤ ᠲᠤᠬᠠᠢ ᠶᠡᠭᠡ ᠶᠠᠷᠢᠯᠴᠠᠭ᠎ᠠ︾ ᠠᠴᠠ ᠡᠬᠢᠯᠡᠨ | ᠦᠭᠡᠷᠡᠴᠢᠯᠡᠯᠳᠠ ᠨᠡᠭᠡᠭᠡᠯᠳᠠ ᠨᠢ ᠳᠤᠮᠳᠠᠳᠤ ᠶᠢᠨ ᠡᠭᠡ ᠭᠠᠵᠠᠷ ᠲᠤ ᠢᠮᠠᠬᠳᠠ ᠳᠠᠭᠤᠷᠢᠰᠬᠤ ᠴᠠᠭ ᠦᠶ᠎ᠠ ᠶᠢᠨ ᠤᠷᠢᠶ᠎ᠠ | ᠪᠤᠯᠤᠭᠰᠠᠭᠠᠷ ᠢᠷᠡᠪᠠ᠃ ᠬᠦᠳᠡᠭᠡ ᠲᠤᠰᠬᠤᠨ ᠠᠴᠠ ᠬᠤᠲᠠ ᠳᠤ ᠬᠦᠷᠳᠡᠯ᠎ᠠ᠂ ᠲᠤᠷᠰᠢᠯᠳᠠ ᠶᠢᠨ ᠴᠡᠭ ᠠᠴᠠ | ᠳᠦᠬᠡᠮᠡᠯᠵᠢᠬᠦᠯᠦᠭᠰᠡᠨ ᠬᠦᠷᠳᠡᠯ᠎ᠠ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠠᠴᠠ | ᠦᠭᠡᠷᠡᠴᠢᠯᠡᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠬᠦᠷᠳᠡᠯ᠎ᠠ᠂ ᠦᠭᠡᠷᠡᠴᠢᠯᠡᠯᠳᠠ ᠶᠢᠨ ᠵᠤᠷᠢᠭ | ᠰᠠᠨᠠᠭ᠎ᠠ ᠶᠢ ᠤᠬᠰᠠᠭ᠎ᠠ ᠨᠢᠭᠡᠳᠠᠢ ᠤᠯᠠᠮᠵᠢᠯᠠᠵᠠᠢ︔ ᠳᠠᠯᠠᠢ ᠳᠠᠭᠠᠤ ᠤᠷᠤᠨ ᠠᠴᠠ ᠳᠤᠳᠤᠭᠠᠳᠦ ᠬᠠᠭᠤᠷᠠᠢ ᠬᠦᠷᠳᠡᠯ᠎ᠠ᠂ | ︽ᠤᠯᠤᠰ ᠤᠨ ᠡᠬᠦᠳᠡ ᠪᠠᠨ ᠨᠡᠭᠡᠭᠡᠭᠰᠡᠨ︾ ᠠᠴᠠ ︽ᠪᠦᠬᠦ ᠲᠠᠯ᠎ᠠ ᠪᠠᠷ ᠨᠡᠭᠡᠭᠡᠯᠳᠠ ᠬᠢᠭᠰᠡᠨ︾ ᠬᠦᠷᠳᠡᠯ᠎ᠠ᠂ | ᠳᠡᠯᠡᠭᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠲᠠ ᠳᠤ ᠤᠷᠤᠭᠰᠠᠨ ᠠᠴᠠ ︽ᠨᠢᠭᠡ ᠪᠦᠰᠡ ᠨᠢᠭᠡ ᠵᠠᠮ︾ ᠢ | ᠬᠠᠮᠳᠤ ᠪᠠᠷ ᠪᠦᠳᠦᠭᠡᠨ ᠪᠠᠶᠢᠭᠤᠯᠤᠭᠰᠠᠨ ᠬᠦᠷᠳᠡᠯ᠎ᠠ᠂ ᠨᠡᠭᠡᠭᠡᠯᠳᠠ ᠶᠢᠨ ᠠᠯᠬᠤᠭ᠎ᠠ ᠵᠤᠭᠰᠤᠰᠢ ᠦᠭᠡᠢ | ᠦᠷᠭᠦᠯᠵᠢᠯᠡᠵᠠᠢ᠃ ᠡᠳᠦᠭᠡ ︽ᠨᠡᠶᠢᠭᠡᠮ ᠵᠢᠷᠤᠮ ᠤᠨ ᠳᠤᠮᠳᠠᠳᠤ ᠤᠯᠤᠰ ᠬᠠᠮᠢᠭᠠᠰᠢ ᠪᠠᠨ ᠶᠠᠪᠤᠬᠤ ᠪᠤᠢ︾ ᠭᠡᠬᠦ | ᠠᠰᠠᠭᠤᠯᠳᠠ ᠶᠢ ᠬᠠᠷᠢᠭᠤᠯᠬᠤ ᠶᠢ ᠬᠦᠰᠡᠵᠦ ᠪᠠᠶᠢᠭᠰᠠᠨ ᠲᠦᠷᠦ ᠪᠠᠷᠢᠬᠴᠢ ᠨᠠᠮ ᠤᠳᠤᠬᠢᠴᠢᠯᠠᠯᠳᠠ ᠳᠤ ᠬᠦᠷᠬᠦ | ᠳᠤᠮᠳᠠᠳᠤ ᠤᠯᠤᠰ ᠤᠨ ᠵᠠᠮ ᠢ ᠠᠮᠵᠢᠯᠳᠠ ᠲᠠᠢ ᠨᠡᠭᠡᠭᠡᠪᠠ︔ ᠡᠨᠡ ᠬᠦ ᠦᠩᠭᠡᠷᠡᠭᠰᠡᠨ ᠳᠤ ︽ᠪᠦᠮᠪᠦᠷᠴᠡᠭ ᠤᠨ | ᠬᠠᠷᠢᠶ᠎ᠠ ᠠᠴᠠ ᠬᠠᠰᠤᠬᠳᠠᠬᠤ ᠠᠶᠤᠯ︾ ᠳᠤ ᠲᠤᠯᠭᠠᠷᠠᠵᠦ ᠪᠠᠶᠢᠭᠰᠠᠨ ᠤᠯᠤᠰ᠂ ᠤᠳᠤ ᠨᠢᠭᠡᠨᠳᠡ ᠳᠡᠯᠡᠭᠡᠢ ᠶᠢᠨ | ᠬᠤᠶᠠᠳᠤᠭᠠᠷ ᠲᠤᠮᠤ ᠠᠵᠤ ᠠᠬᠤᠢ ᠶᠢᠨ ᠴᠤᠬᠴᠠ ᠪᠤᠯᠤᠬᠰᠠᠨ ᠦᠰᠦᠷᠦᠯᠳᠠ ᠶᠢ ᠪᠡᠶᠡᠯᠡᠬᠦᠯᠪᠡ︔ ᠡᠨᠡ ᠬᠦ ᠤᠷᠴᠢᠨ | ᠦᠶ᠎ᠠ ᠠᠴᠠ ᠨᠠᠭᠠᠰᠢ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠬᠦᠰᠡᠯ ᠵᠤᠷᠢᠯᠳᠠ ᠶᠢ ᠡᠪᠤᠷᠯᠡᠭᠰᠡᠨ | ᠦᠨᠳᠦᠰᠦᠳᠡᠨ ︽ᠴᠠᠭ ᠦᠶ᠎ᠡ ᠶᠢ ᠳᠠᠭᠠᠵᠦ ᠠᠮᠵᠢᠬᠤ︾ ᠠᠴᠠ ︽ᠴᠠᠭ ᠦᠶ᠎ᠠ ᠶᠢ ᠳᠠᠭᠠᠭᠤᠯᠬᠤ︾ ᠠᠭᠤᠤ ᠶᠡᠭᠡ | ᠲᠠᠪᠠᠯᠳᠠ ᠶᠢ ᠡᠴᠦᠰ ᠲᠤ ᠪᠠᠨ ᠪᠡᠶᠡᠯᠡᠬᠦᠯᠵᠡᠢ᠃ | ᠶᠠᠭ ᠡᠶᠢᠮᠦ ᠪᠠᠶᠢᠭᠰᠠᠨ ᠠᠴᠠ ᠶᠡᠷᠦᠩᠭᠡᠢ ᠱᠦᠵᠢ ᠰᠢ ᠶᠢᠨ ᠫᠢᠩ᠂ ᠦᠭᠡᠷᠡᠴᠢᠯᠡᠯᠳᠠ ᠨᠡᠭᠡᠭᠡᠯᠳᠠ ᠪᠤᠯ ︽ | ᠵᠠᠩᠬᠢᠯᠠᠭ᠎ᠠ ᠶᠢᠨ ᠰᠤᠩᠭᠤᠯᠳᠠ︾᠂ ︽ᠠᠮᠢᠵᠢᠷᠠᠯ ᠤᠨ ᠬᠦᠴᠦᠨ ᠤ ᠡᠬᠢ ᠪᠤᠯᠠᠭ︾᠂ ︽ᠴᠢᠬᠤᠯᠠ ᠡᠷᠳᠡᠨᠢ︾ | ᠮᠦᠨ᠂ ︽ᠵᠦᠪ ᠵᠠᠮ︾᠂ ︽ᠤᠯᠤᠰ ᠢᠶᠠᠨ ᠬᠦᠴᠦᠷᠭᠡᠭᠵᠢᠬᠦᠯᠬᠦ ᠵᠠᠮ︾᠂ ︽ᠠᠷᠠᠳ ᠢ ᠪᠠᠶᠠᠵᠢᠭᠤᠯᠬᠤ ᠵᠠᠮ︾ | ᠮᠦᠨ ᠭᠡᠵᠦ ᠬᠦᠨᠵᠡᠭᠡᠢ ᠵᠢᠭᠠᠵᠦ ᠭᠠᠷᠭᠠᠭᠰᠠᠨ ᠶᠤᠮ᠃ ᠶᠠᠭ ᠡᠶᠢᠮᠦ ᠪᠠᠶᠢᠭᠰᠠᠨ ᠠᠴᠠ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ᠂ | ᠤᠷᠢᠳ ᠡᠮᠦᠨ᠎ᠠ ᠪᠠᠶᠢᠭ᠎ᠠ ᠦᠭᠡᠢ ᠡᠷᠴᠢᠮ ᠢᠶᠠᠷ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | 1600 ᠭᠠᠷᠤᠢ ᠦᠭᠡᠷᠡᠴᠢᠯᠡᠯᠳᠡ ᠶᠢᠨ ᠲᠦᠰᠦᠯ ᠲᠤᠭᠳᠠᠭᠠᠨ᠂ ᠲᠡᠤᠬᠡᠳᠤ ᠴᠢᠨᠠᠷᠳᠠᠢ ᠬᠤᠪᠢᠰᠤᠯᠳᠠ ᠪᠤᠯᠤᠨ | ᠠᠮᠵᠢᠯᠳᠠ ᠶᠢ ᠦᠷᠭᠡᠨ ᠠᠭᠤᠳᠠᠮ ᠡᠬᠡ ᠭᠠᠵᠠᠷ ᠲᠤ ᠪᠢᠴᠢᠭᠯᠡᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠢ ᠰᠢᠨ᠎ᠠ ᠴᠠᠭ ᠦᠶ᠎ᠡ ᠳᠤ ᠤᠷᠤᠭᠤᠯᠪᠠ᠃ ︽ᠦᠭᠡᠷᠡᠴᠢᠯᠡᠯᠳᠡ ᠨᠡᠬᠡᠬᠡᠯᠳᠡ ᠬᠢᠭᠰᠡᠨ ᠦᠭᠡᠢ ᠪᠤᠯ ᠳᠤᠮᠳᠠᠳᠤ | ᠤᠯᠤᠰ ᠤᠨ ᠦᠨᠦᠳᠦᠷ ᠪᠠᠶᠢᠵᠤ ᠴᠢᠳᠠᠬᠤ ᠦᠭᠡᠢ᠂ ᠲᠡᠷᠡᠴᠢᠯᠡᠨ ᠳᠤᠮᠳᠠᠳᠤ ᠤᠯᠤᠰ ᠤᠨ ᠮᠠᠷᠭᠠᠰᠢ ᠴᠦ ᠪᠠᠶᠢᠵᠤ | ᠴᠢᠳᠠᠬᠤ ᠦᠭᠡᠢ ᠶᠤᠮ︾᠃ ᠦᠨᠦᠳᠦᠷ᠂ ᠦᠭᠡᠷᠡᠴᠢᠯᠡᠯᠳᠡ ᠨᠡᠬᠡᠬᠡᠯᠳᠡ ᠨᠢ ᠮᠦᠨ ᠬᠦ ᠤᠳᠤ ᠦᠶ᠎ᠠ ᠶᠢᠨ ᠳᠤᠮᠳᠠᠳᠤ | ᠤᠯᠤᠰ ᠤᠨ ᠬᠠᠮᠤᠭ ᠤᠨ ᠢᠯᠡ ᠳᠤᠳᠤ ᠤᠨᠴᠠᠯᠢᠭ ᠪᠤᠯᠤᠨ᠎ᠠ᠂ ᠮᠠᠨ ᠤ ᠨᠠᠮ ᠤᠨ ᠰᠢᠨ᠎ᠠ ᠲᠡᠤᠬᠡᠨ ᠴᠠᠭ ᠦᠶ᠎ᠠ ᠶᠢᠨ | ᠬᠠᠮᠤᠭ ᠤᠨ ᠢᠯᠡ ᠳᠤᠳᠤ ᠲᠤᠭ ᠲᠡᠮᠳᠡᠭ ᠪᠤᠯᠤᠨ᠎ᠠ︔ ︽ᠦᠭᠡᠷᠡᠴᠢᠯᠡᠯᠳᠡ ᠨᠡᠬᠡᠬᠡᠯᠳᠡ ᠶᠢ ᠡᠴᠦᠰ ᠲᠤ ᠨᠢ | ᠳᠤᠯᠳᠠᠯ᠎ᠠ ᠶᠠᠪᠤᠭᠳᠠᠭᠤᠯᠤᠨ᠎ᠠ︾᠂ ᠡᠨᠡ ᠪᠤᠯ ᠮᠦᠨ ᠬᠦ ᠲᠦᠭ ᠲᠦᠮᠡᠨ ᠳᠤᠮᠳᠠᠳᠤ ᠶᠢᠨ ᠠᠷᠠᠳ ᠲᠦᠮᠡᠨ ᠤ | ᠬᠠᠮᠳᠦ ᠶᠢᠨ ᠰᠡᠳᠬᠢᠯ ᠤᠨ ᠳᠠᠭᠤᠨ ᠪᠤᠯᠤᠨ᠎ᠠ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ | ᠮᠠᠨᠳᠤᠯᠳᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠠᠷᠭ᠎ᠠ ᠪᠤᠯᠤᠨ᠎ᠠ᠃ | ᠲᠡᠤᠬᠡ ᠠᠴᠠ ᠪᠢᠳᠡᠨ ᠳᠤ ᠦᠭᠭᠦᠭᠰᠡᠨ ᠬᠠᠮᠤᠭ ᠤᠨ ᠰᠠᠶᠢᠨ ᠵᠦᠢᠯ ᠪᠤᠯ ᠳᠠᠷᠤᠢ ᠲᠡᠭᠦᠨ ᠤ ᠬᠦᠭᠵᠢᠭᠡᠭᠰᠡᠨ | ᠤᠷᠬᠢᠯᠤᠮ᠎ᠠ ᠬᠠᠯᠠᠭᠤᠨ ᠤᠷᠮ᠎ᠠ ᠵᠤᠷᠢᠭ ᠶᠤᠮ᠃ ᠦᠨᠦᠳᠦᠷ᠂ ᠪᠢᠳᠡ ᠡᠨᠡ ᠬᠦ ᠤᠷᠭᠢᠯᠤᠮ᠎ᠠ ᠬᠠᠯᠠᠭᠤᠨ ᠤᠨ | ᠰᠠᠷ᠎ᠠ ᠶᠢ ᠡᠷᠭᠢᠴᠡᠭᠦᠯᠵᠤ ᠪᠠᠶᠢᠬᠤ ᠨᠢ ᠲᠡᠤᠬᠡᠨ ᠲᠤᠷᠰᠢᠯᠭ᠎ᠠ ᠪᠠᠨ ᠳ᠋ᠦᠩᠨᠡᠨ᠂ ᠲᠡᠤᠬᠡ ᠶᠢᠨ ᠵᠢᠮ᠎ᠠ ᠶᠤᠰᠤ ᠶᠢ | ᠡᠵᠡᠮᠳᠡᠬᠦ ᠶᠢᠨ ᠲᠦᠯᠦᠭᠡ ᠪᠦᠭᠡᠳ ᠨᠡᠩ ᠴᠤ ᠵᠠᠮ ᠨᠡᠬᠡᠬᠡᠨ ᠤᠷᠤᠭᠰᠢᠯᠠᠬᠤ ᠡᠷᠴᠢ ᠵᠤᠷᠢᠭ ᠪᠠ ᠬᠦᠴᠦᠨ | ᠴᠢᠳᠠᠯ ᠢᠶᠠᠨ ᠴᠢᠩᠭᠠᠯᠠᠵᠤ᠂ ᠨᠡᠩ ᠦᠨᠳᠦᠷ ᠭᠠᠷᠤᠭ᠎ᠠ᠂ ᠨᠡᠩ ᠦᠨᠳᠦᠷ ᠳᠡᠰ ᠳᠠᠪᠬᠤᠷᠭ᠎ᠠ᠂ ᠨᠡᠩ ᠦᠨᠳᠦᠷ | ᠬᠠᠷᠠᠯᠳᠠ ᠠᠴᠠ ᠦᠭᠡᠷᠡᠴᠢᠯᠡᠯᠳᠡ ᠨᠡᠬᠡᠬᠡᠯᠳᠡ ᠶᠢ ᠠᠬᠢᠭᠤᠯᠬᠤ ᠶᠢᠨ ᠲᠦᠯᠦᠭᠡ ᠶᠤᠮ᠃ 40 ᠵᠢᠯ ᠤᠨ | ᠦᠭᠡᠷᠡᠴᠢᠯᠡᠯᠳᠡ ᠨᠡᠬᠡᠬᠡᠯᠳᠡ᠂ ᠪᠢᠳᠡᠡ ᠳᠤ ᠠᠯᠢ ᠤᠯᠠᠨ ᠡᠷᠬᠢᠮ ᠨᠠᠨᠳᠢᠨ ᠰᠡᠩᠭᠡᠷᠡᠭᠦᠯᠦᠯ ᠦᠭᠴᠠᠢ᠂ ᠡᠭᠦᠨ ᠳᠤ | ᠬᠠᠮᠤᠭ ᠤᠨ ᠴᠢᠬᠤᠯᠠ ᠨᠢᠭᠡ ᠵᠦᠢᠯ ᠪᠤᠯ ᠨᠢᠭᠡ ᠤᠯᠤᠰ᠂ ᠨᠢᠭᠡ ᠦᠨᠳᠦᠰᠦᠳᠡᠨ ᠰᠡᠷᠭᠦᠨ ᠮᠠᠨᠳᠤᠬᠤ ᠳᠤ ᠡᠷᠬᠡᠪᠰᠢ | ᠲᠡᠤᠬᠡ ᠶᠢᠨ ᠤᠷᠤᠭᠰᠢᠯᠠᠯᠳᠠ ᠶᠢᠨ ᠯᠤᠭᠢᠭ ᠳᠤᠮᠳᠠ ᠤᠷᠤᠭᠰᠢᠯᠠᠵᠤ᠂ ᠴᠠᠭ ᠦᠶ᠎ᠠ ᠶᠢᠨ ᠬᠦᠭᠵᠢᠯᠳᠡ ᠶᠢᠨ | ᠤᠷᠤᠰᠬᠠᠯ ᠳᠤᠮᠳᠠ ᠬᠦᠭᠵᠢᠬᠦ ᠬᠡᠷᠡᠭᠳᠠᠢ ᠭᠡᠬᠦ ᠪᠤᠯᠤᠨ᠎ᠠ᠃ ᠦᠨᠦᠳᠦᠷ᠂ ᠠᠭᠤᠤ ᠶᠡᠭᠡ ᠠᠮᠵᠢᠯᠲᠠ ᠶᠢ ᠭᠦᠢᠴᠡᠳ | ᠲᠠᠨᠢᠵᠤ᠂ ᠡᠷᠬᠢᠮ ᠨᠠᠨᠳᠢᠨ ᠰᠡᠩᠭᠡᠷᠡᠭᠦᠯᠦᠯ ᠢ ᠭᠦᠨᠵᠡᠭᠡᠢ ᠡᠵᠡᠮᠳᠡᠨ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ | ︽ᠳᠦᠷᠪᠡᠨ ᠢᠳᠡᠭᠡᠯ︾ ᠢᠶᠠᠨ ᠪᠠᠳᠤᠳᠬᠠᠵᠤ᠂ ᠦᠭᠡᠷᠡᠴᠢᠯᠡᠯᠳᠡ ᠨᠡᠬᠡᠬᠡᠯᠳᠡ ᠶᠢᠨ ᠲᠤᠭ ᠢᠶᠠᠨ ᠨᠡᠩ ᠦᠨᠳᠦᠷ ᠨᠠᠩ | ᠯᠠᠪᠳᠠᠭᠤᠨ ᠮᠠᠨᠳᠤᠭᠤᠯᠬᠤ ᠨᠢ ᠨᠠᠮ ᠪᠠ ᠠᠷᠠᠳ ᠲᠦᠮᠡᠨ ᠤ ᠰᠢᠷᠭᠠᠭᠤ ᠰᠦᠪᠡᠭᠴᠢᠯᠡᠯ ᠪᠤᠯᠤᠨ ᠦᠢᠯᠡᠳᠦᠯᠭᠡ ᠶᠢᠨ | ᠲᠤᠬᠠᠢ ᠬᠠᠮᠤᠭ ᠤᠨ ᠰᠠᠶᠢᠨ ᠪᠡᠯᠭᠡᠯᠡᠯ ᠪᠤᠯᠬᠤ ᠪᠦᠭᠡᠳ ᠨᠡᠩ ᠴᠤ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ | ᠪᠤᠯᠬᠤ ᠶᠤᠮ᠃ | ᠦᠬᠡᠷᠡᠴᠢᠯᠡᠯᠳᠡ ᠨᠡᠬᠡᠬᠡᠯᠳᠡ ᠶᠢᠨ ᠳᠤᠬ ᠢ ᠨᠡᠩ ᠦᠨᠳᠦᠷ ᠨᠡᠩ ᠯᠠᠪᠳᠠᠭᠤᠨ ᠮᠠᠨᠳᠤᠭᠤᠯᠬᠤ ᠳᠤ ᠡᠷᠬᠡᠪᠰᠢ | ᠳᠡᠤᠬᠡ ᠶᠢᠨ ᠤᠷᠤᠬᠰᠢᠯᠠᠯᠳᠠ ᠶᠢᠨ ᠯᠤᠬᠢᠬ ᠳᠤᠮᠳᠠ ᠤᠷᠤᠬᠰᠢᠯᠠᠵᠦ᠂ ᠳᠤᠮᠳᠠᠳᠤ ᠤᠯᠤᠰ ᠤᠨ ᠠᠷᠠᠳ ᠳᠦᠮᠡᠨ ᠤ | ᠬᠦᠭᠵᠢᠶᠡ ᠬᠡᠰᠡᠨ᠂ ᠰᠢᠨ᠎ᠠ ᠶᠢ ᠡᠬᠦᠳᠦᠶ᠎ᠡ ᠬᠡᠰᠡᠨ᠂ ᠰᠠᠶᠢᠨ ᠰᠠᠶᠢᠬᠠᠨ ᠠᠮᠢᠳᠤᠷᠠᠶ᠎ᠠ ᠬᠡᠰᠡᠨ ᠳᠡᠤᠬᠡᠨ ᠱᠠᠭᠠᠷᠳᠠᠯᠭ᠎ᠠ | ᠳᠤ ᠵᠤᠬᠢᠴᠠᠬᠤ ᠬᠡᠷᠡᠭᠳᠡᠢ᠃ ᠦᠢᠯᠡᠳᠪᠤᠷᠢᠯᠡᠯ ᠤᠨ ᠬᠦᠴᠤᠨ ᠢ ᠴᠢᠯᠦᠬᠡᠯᠡᠵᠤ ᠬᠦᠭᠵᠢᠬᠦᠯᠬᠦ ᠪᠤᠯ ᠦᠬᠡᠷᠡᠴᠢᠯᠡᠯᠳᠡ | ᠨᠡᠬᠡᠬᠡᠯᠳᠡ ᠶᠢᠨ ᠵᠤᠷᠢᠯᠳᠠ ᠪᠠ ᠬᠠᠷᠠᠯᠳᠠ ᠮᠦᠨ᠂ ᠪᠠᠰᠠ ᠴᠤ ᠨᠡᠶᠢᠭᠡᠮ ᠤᠨ ᠭᠤᠤᠯ ᠵᠦᠷᠢᠴᠡᠯ ᠢ ᠰᠢᠢᠳᠪᠤᠷᠢᠯᠡᠬᠦ | ᠦᠨᠳᠦᠰᠦᠨ ᠠᠷᠭ᠎ᠠ ᠪᠠᠷᠢᠯ ᠪᠤᠯᠬᠤ ᠶᠤᠮ᠃ 40 ᠵᠢᠯ ᠤᠨ ᠳᠤᠷᠰᠢ᠂ ᠳᠡᠬᠡᠳᠦ ᠬᠡᠮᠵᠢᠶ᠎ᠠ ᠪᠠᠷ ᠳᠦᠪᠯᠡᠷᠡᠭᠦᠯᠦᠭᠰᠡᠨ | ᠳᠦᠯᠦᠪᠯᠡᠬᠡᠳᠦ ᠠᠵᠦ ᠠᠬᠤᠢ ᠶᠢᠨ ᠪᠠᠶᠢᠭᠤᠯᠤᠮᠵᠢ ᠠᠴᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠡᠶᠢᠭᠡᠮ ᠵᠢᠷᠤᠮ | ᠤᠨ ᠵᠠᠬ᠎ᠠ ᠳᠡᠯᠬᠡᠬᠦᠷ ᠤᠨ ᠠᠵᠦ ᠠᠬᠤᠢ ᠶᠢᠨ ᠪᠠᠶᠢᠭᠤᠯᠤᠮᠵᠢ ᠪᠤᠯᠤᠭᠰᠠᠨ ᠬᠦᠷᠳᠡᠯ᠎ᠠ᠂ ᠦᠬᠡᠷᠡᠴᠢᠯᠡᠯᠳᠡ | ᠨᠡᠬᠡᠬᠡᠯᠳᠡ ᠨᠢ ᠪᠠᠶᠢᠭᠤᠯᠤᠮᠵᠢ ᠶᠢᠨ ᠯᠤᠳᠤ ᠶᠡᠭᠡ ᠬᠤᠪᠢᠰᠦᠯᠳᠠ ᠪᠠᠷ ᠦᠢᠯᠡᠳᠪᠤᠷᠢᠯᠡᠯ ᠤᠨ ᠬᠦᠴᠦᠨ ᠤ ᠳᠤᠳᠤᠷᠠᠬᠢ | ᠬᠠᠮᠤᠬ ᠠᠴᠠ ᠬᠦᠭᠵᠢᠶᠡᠨᠳᠡᠢ ᠬᠦᠴᠦᠨ ᠵᠦᠢᠯ ᠢ ᠬᠦᠭᠵᠢᠬᠡᠵᠦ᠂ ᠳᠦᠭ ᠳᠦᠮᠡᠨ ᠠᠷᠠᠳ ᠳᠦᠮᠡᠨ ᠤ ᠳᠤᠮᠳᠠ | ᠬᠠᠳᠠᠭᠠᠯᠠᠬᠳᠠᠵᠦ ᠪᠠᠶᠢᠭᠰᠠᠨ ᠯᠤᠳᠤ ᠶᠡᠭᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠳᠠᠨ ᠤ ᠪᠤᠰᠴᠤ ᠵᠤᠬᠰᠤᠭᠰᠠᠨ᠂ ᠪᠠᠶᠠᠵᠢᠨ ᠴᠢᠨᠡᠬᠡᠯᠢᠭᠵᠢᠭᠰᠡᠨ ᠠᠴᠠ ᠬᠦᠴᠦᠷᠭᠡᠭᠵᠢᠭᠰᠡᠨ ᠬᠦᠷᠳᠡᠯᠡᠬᠢ | ᠠᠭᠤᠤ ᠶᠡᠭᠡ ᠦᠰᠦᠷᠦᠯᠳᠠ ᠶᠢ ᠤᠬᠳᠤᠨ ᠠᠪᠴᠢᠷᠠᠵᠠᠢ᠃ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ | ᠰᠢᠨ᠎ᠠ ᠴᠠᠬ ᠦᠶ᠎ᠠ ᠳᠤ ᠤᠷᠤᠵᠦ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠨᠢᠬᠡᠨᠳᠡ ᠠᠷᠠᠳ ᠳᠦᠮᠡᠨ | ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠤᠯᠤᠨ | ᠳᠡᠩᠴᠡᠬᠦᠷᠢ ᠦᠬᠡᠢ ᠬᠦᠢᠴᠡᠳ ᠦᠭᠡᠢ ᠬᠦᠭᠵᠢᠯᠳᠡ ᠶᠢᠨ ᠬᠤᠭᠤᠷᠤᠨᠳᠤᠬᠢ ᠵᠦᠷᠢᠴᠡᠯ ᠪᠤᠯᠵᠦ ᠤᠯᠠᠷᠢᠨ ᠬᠤᠪᠢᠷᠠᠪᠠ᠃ | ᠡᠬᠦᠨ ᠤ ᠬᠠᠮᠳᠤ᠂ ᠮᠠᠨ ᠤ ᠤᠯᠤᠰ ᠮᠦᠨ ᠬᠦ ᠨᠡᠶᠢᠭᠡᠮ ᠵᠢᠷᠤᠮ ᠤᠨ ᠠᠩᠬᠠᠨ ᠤ ᠱᠠᠳᠤᠨ ᠳᠤ ᠤᠷᠤᠰᠢᠵᠦ ᠪᠠᠶᠢᠭ᠎ᠠ | ᠪᠦᠭᠡᠳ ᠤᠷᠳᠤ ᠬᠤᠭᠤᠴᠠᠭ᠎ᠠ ᠪᠠᠷ ᠤᠷᠤᠰᠢᠬᠤ ᠤᠯᠤᠰ ᠤᠨ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠮᠠᠨ ᠤ | ᠤᠯᠤᠰ ᠪᠤᠯ ᠳᠡᠯᠡᠬᠡᠢ ᠶᠢᠨ ᠬᠠᠮᠤᠬ ᠤᠨ ᠲᠤᠮᠤ ᠬᠦᠭᠵᠢᠵᠦ ᠪᠠᠶᠢᠭ᠎ᠠ ᠤᠯᠤᠰ ᠪᠤᠯᠬᠤ ᠳᠡᠯᠡᠬᠡᠢ ᠳᠡᠭᠡᠷᠡᠬᠢ ᠪᠠᠶᠢᠷᠢ | ᠰᠠᠭᠤᠷᠢ ᠬᠤᠪᠢᠷᠠᠭ᠎ᠠ ᠦᠭᠡᠢ᠃ ᠡᠶᠢᠮᠦᠷᠬᠦᠦ ︽ᠬᠤᠪᠢᠷᠠᠬᠰᠠᠨ︾ ᠪᠠ ︽ᠬᠤᠪᠢᠷᠠᠭ᠎ᠠ ᠦᠭᠡᠢ︾ ᠨᠢ ᠪᠦᠷ ᠮᠠᠨ ᠤ | ᠬᠠᠮᠤᠬ ᠤᠨ ᠦᠨᠳᠦᠰᠦᠨ ᠬᠠᠮᠤᠬ ᠤᠨ ᠪᠠᠴᠢᠮ ᠳᠤᠯᠭᠠᠮ ᠡᠬᠦᠷᠬᠡ ᠪᠤᠯ ᠮᠦᠨ ᠬᠦ ᠦᠢᠯᠡᠳᠪᠤᠷᠢᠯᠡᠯ ᠤᠨ ᠬᠦᠴᠦᠨ ᠢ | ᠤᠯᠠᠮ ᠨᠢᠭᠡ ᠠᠯᠬᠤᠮ ᠴᠢᠯᠦᠬᠡᠯᠡᠨ ᠬᠦᠭᠵᠢᠬᠦᠯᠵᠤ᠂ ᠨᠡᠩ ᠡᠷᠡᠰ ᠪᠠᠳᠤ ᠢᠳᠡᠬᠡᠯ ᠵᠤᠷᠢᠬ᠂ ᠨᠡᠩ ᠢᠳᠡ ᠬᠦᠴᠦ ᠲᠠᠢ | ᠠᠷᠭ᠎ᠠ ᠬᠡᠮᠵᠢᠶ᠎ᠠ ᠪᠠᠷ ᠦᠬᠡᠷᠡᠴᠢᠯᠡᠯᠳᠡ ᠨᠡᠬᠡᠬᠡᠯᠳᠡ ᠶᠢ ᠳᠠᠰᠤᠷᠠᠯᠳᠠ ᠦᠬᠡᠢ ᠠᠬᠢᠭᠤᠯᠤᠨ ᠭᠦᠨᠵᠡᠭᠡᠶᠢᠷᠡᠭᠦᠯᠬᠦ ᠳᠤ ᠪᠤᠢ | ᠭᠡᠳᠡᠭ ᠢ ᠳᠤᠭᠳᠠᠭᠠᠪᠠ᠃ | ᠦᠬᠡᠷᠡᠴᠢᠯᠡᠯᠳᠡ ᠨᠡᠬᠡᠬᠡᠯᠳᠡ ᠶᠢᠨ ᠳᠤᠬ ᠢ ᠨᠡᠩ ᠦᠨᠳᠦᠷ ᠨᠡᠩ ᠯᠠᠪᠳᠠᠭᠤᠨ ᠮᠠᠨᠳᠤᠭᠤᠯᠬᠤ ᠳᠤ ᠡᠷᠬᠡᠪᠰᠢ | ᠴᠠᠬ ᠦᠶ᠎ᠠ ᠶᠢᠨ ᠬᠦᠭᠵᠢᠯᠳᠡ ᠶᠢᠨ ᠤᠷᠤᠰᠬᠠᠯ ᠳᠤᠮᠳᠠ ᠬᠦᠭᠵᠢᠵᠦ᠂ ᠳᠡᠯᠡᠬᠡᠢ ᠶᠢᠨ ᠡᠯ᠎ᠠ ᠤᠯᠤᠰ ᠤᠨ ᠠᠷᠠᠳ | ᠳᠦᠮᠡᠨ ᠤ ᠬᠦᠭᠵᠢᠶᠡ ᠬᠡᠰᠡᠨ᠂ ᠬᠠᠮᠳᠤᠷᠠᠯᠴᠠᠶᠠ ᠬᠡᠰᠡᠨ᠂ ᠡᠩᠬᠡ ᠲᠠᠶᠢᠪᠤᠩ ᠠᠮᠢᠳᠤᠷᠠᠶ᠎ᠠ ᠬᠡᠰᠡᠨ ᠴᠠᠬ ᠦᠶ᠎ᠠ ᠶᠢᠨ | ᠤᠷᠤᠰᠬᠠᠯ ᠳᠤ ᠵᠤᠬᠢᠴᠠᠬᠤ ᠬᠡᠷᠡᠭᠳᠡᠢ᠃ ︽ᠨᠡᠬᠡᠬᠡᠯᠳᠡ ᠬᠢᠪᠡᠯ ᠦᠭᠡᠳᠡᠯᠡᠨ ᠳᠠᠪᠰᠢᠵᠤ᠂ ᠪᠢᠳᠡᠬᠦᠮᠵᠢᠯᠡᠨ ᠳᠦᠭᠵᠢᠪᠡᠯ | ᠯᠠᠪᠳᠠᠢ ᠬᠤᠴᠤᠷᠤᠨ᠎ᠠ︾ ᠃ 40 ᠵᠢᠯ ᠤᠨ ᠲᠤᠷᠰᠢ᠂ ᠤᠯᠤᠰ ᠤᠨ ᠡᠭᠦᠳᠠ ᠪᠠᠨ ᠨᠡᠭᠡᠭᠡᠵᠤ ᠪᠦᠳᠤᠭᠡᠨ | ᠪᠠᠶᠢᠭᠤᠯᠤᠯᠲᠠ ᠬᠢᠭᠰᠡᠨ ᠠᠴᠠ ᠲᠤᠮᠳᠠᠳᠤ ᠤᠯᠤᠰ ᠲᠦᠭᠵᠢᠮᠡᠯ ᠬᠠᠭᠠᠰ ᠲᠦᠭᠵᠢᠮᠠᠯ ᠪᠠᠶᠢᠳᠠᠯ ᠠᠴᠠ ᠪᠠᠨ ᠪᠦᠬᠦ | ᠲᠠᠯ᠎ᠠ ᠪᠠᠷ ᠨᠡᠭᠡᠭᠡᠯᠳᠠ ᠬᠢᠭᠰᠡᠨ ᠠᠭᠤᠤ ᠶᠡᠭᠡ ᠲᠡᠤᠭᠡᠳᠦ ᠡᠷᠬᠢᠯᠳᠠ ᠶᠢ ᠪᠡᠶᠡᠯᠡᠭᠦᠯᠵᠤ᠂ ᠲᠡᠯᠡᠭᠡᠢ ᠲᠡᠭᠡᠷᠡᠬᠢ ᠬᠠᠮᠤᠭ | ᠤᠨ ᠶᠡᠭᠡ ᠪᠠᠷᠠᠭᠠᠨ ᠤ ᠠᠷᠠᠯᠵᠢᠶᠠᠨ ᠤ ᠤᠯᠤᠰ᠂ ᠬᠠᠮᠤᠭ ᠤᠨ ᠶᠡᠭᠡ ᠵᠢᠭᠤᠯᠴᠢᠯᠠᠯ ᠤᠨ ᠵᠠᠬ᠎ᠠ ᠲᠡᠯᠭᠡᠭᠦᠷ᠂ 130 | ᠭᠠᠷᠤᠢ ᠤᠯᠤᠰ ᠤᠨ ᠴᠢᠬᠤᠯᠠ ᠠᠷᠠᠯᠵᠢᠶᠠᠨ ᠤ ᠬᠠᠨᠢᠳᠠᠨ ᠪᠤᠯᠪᠠ᠃ ᠤᠶᠢᠷ᠎ᠠ ᠶᠢᠨ ᠵᠢᠯ ᠠᠴᠠ ᠨᠠᠭᠠᠰᠢ᠂ ᠲᠡᠯᠡᠭᠡᠢ | ᠳᠡᠭᠡᠷ᠎ᠠ ᠬᠠᠮᠠᠭᠠᠯᠠᠬᠤ ᠦᠵᠡᠯ᠂ ᠭᠠᠭᠴᠠ ᠳᠠᠯᠠᠳᠦ ᠦᠵᠡᠯ ᠲᠤᠯᠤᠭᠠᠢ ᠦᠨᠳᠡᠶᠢᠵᠦ᠂ ᠳᠡᠯᠡᠬᠡᠶᠢᠵᠢᠯᠲᠡ ᠶᠢ ᠰᠦᠷᠬᠦ | ᠦᠵᠡᠯ ᠰᠠᠨᠠᠭᠠᠨ ᠤ ᠤᠷᠤᠰᠬᠠᠯ ᠪᠤᠢ ᠪᠤᠯᠪᠠ᠂ ᠡᠶᠢᠨ ᠬᠦ ᠪᠠᠶᠢᠳᠠᠯ ᠳᠤ ᠲᠤᠯᠭᠠᠷᠠᠬᠤ ᠳᠤᠳᠤᠮ ᠠᠵᠤ ᠠᠬᠤᠢ ᠶᠢᠨ | ᠳᠡᠯᠡᠬᠡᠶᠢᠵᠢᠯᠲᠡ ᠪᠤᠯ ᠰᠦᠷᠴᠤ ᠪᠤᠯᠤᠰᠢ ᠦᠭᠡᠢ ᠲᠡᠤᠭᠡ ᠶᠢᠨ ᠶᠡᠭᠡ ᠬᠠᠨᠳᠤᠰᠢ᠂ ᠨᠡᠭᠡᠭᠡᠯᠳᠠ ᠪᠤᠯ ᠤᠯᠤᠰ ᠤᠨ | ᠬᠦᠭᠵᠢᠨ ᠴᠡᠴᠡᠭᠯᠡᠵᠦ ᠪᠠᠶᠠᠵᠢᠨ ᠭᠦᠴᠤᠷᠭᠡᠭᠵᠢᠭᠦ ᠶᠢᠨ ᠦᠨᠳᠤᠰᠤᠨ ᠭᠠᠷᠬᠤ ᠵᠠᠮ ᠮᠦᠨ ᠭᠡᠳᠡᠭ ᠢ ᠤᠯᠠᠮ | ᠳᠤᠳᠤᠷᠬᠠᠢ ᠤᠯᠵᠤ ᠬᠠᠷᠠᠬᠤ ᠭᠡᠷᠡᠭᠳᠠᠢ᠃ ︽ᠲᠤᠮᠳᠠᠳᠤ ᠤᠯᠤᠰ ᠨᠡᠭᠡᠭᠡᠯᠳᠠ ᠬᠢᠬᠦ ᠡᠭᠦᠳᠠ ᠪᠠᠨ ᠡᠭᠦᠷᠢᠳᠠ ᠬᠠᠭᠠᠬᠤ | ᠦᠭᠡᠢ ᠪᠦᠭᠡᠳ ᠶᠠᠪᠤᠬᠤ ᠳᠤᠳᠤᠮ ᠶᠡᠭᠡ ᠨᠡᠭᠡᠭᠡᠬᠦ ᠪᠤᠯᠤᠨ᠎ᠠ︕︾ ᠨᠡᠩ ᠦᠨᠳᠤᠷ ᠲᠦᠪᠰᠢᠨ ᠪᠦᠬᠦᠢ ᠨᠡᠭᠡᠭᠡᠯᠳᠠ | ᠬᠢᠬᠦ ᠪᠠᠨ ᠵᠤᠭᠰᠤᠯᠲᠠ ᠦᠭᠡᠢ ᠠᠬᠢᠭᠤᠯᠵᠤ᠂ ᠨᠡᠬᠡᠬᠡᠯᠳᠡᠳᠤ ᠬᠡᠯᠪᠡᠷᠢ ᠶᠢᠨ ᠲᠡᠯᠡᠭᠡᠢ ᠶᠢᠨ ᠠᠵᠤ ᠠᠬᠤᠢ ᠶᠢ ᠪᠦᠳᠦᠭᠡᠨ | ᠪᠠᠶᠢᠭᠤᠯᠬᠤ ᠶᠢ ᠵᠤᠭᠰᠤᠩᠬᠢᠷᠠᠭᠤᠯᠬᠤ ᠦᠭᠡᠢ᠂ ᠭᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ | ᠴᠤᠭᠴᠠ ᠶᠢᠨ ᠪᠠᠶᠢᠭᠤᠯᠤᠯᠲᠠ ᠶᠢ ᠵᠤᠭᠰᠤᠩᠬᠢᠷᠠᠭᠤᠯᠬᠤ ᠦᠭᠡᠢ ᠶᠢ ᠪᠠᠷᠢᠮᠳᠠᠯᠠᠪᠠᠯ ᠰᠠᠶ᠋ᠢ ᠲᠤᠮᠳᠠᠳᠤ ᠤᠯᠤᠰ ᠤᠨ | ᠭᠦᠭᠵᠢᠯᠳᠠ ᠶᠢᠨ ᠭᠦᠳᠡᠯᠭᠡᠭᠦ ᠭᠦᠴᠤᠨ ᠢ ᠨᠡᠩ ᠭᠦᠢᠴᠡᠳ᠂ ᠠᠷᠠᠳ ᠲᠦᠮᠡᠨ ᠤ ᠭᠦᠷᠳᠡᠮᠵᠢ ᠶᠢᠨ ᠲᠦᠷᠦᠭᠳᠡᠯ ᠢ | ᠨᠡᠩ ᠴᠢᠩᠭ᠎ᠠ᠂ ᠲᠡᠯᠡᠭᠡᠢ ᠳ᠋ᠠᠬᠢᠨ ᠯᠤᠭ᠎ᠠ ᠶᠢᠨ ᠰᠤᠯᠢᠯᠴᠠᠭ᠎ᠠ ᠶᠢ ᠨᠡᠩ ᠭᠦᠨᠵᠡᠭᠡᠢ ᠪᠤᠯᠭᠠᠵᠤ᠂ ᠢᠮᠠᠬᠳᠠ ᠲᠡᠯᠡᠭᠡᠢ ᠶᠢᠨ | ᠡᠩᠭᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠭᠦ ᠪᠦᠮᠪᠤᠷᠴᠡᠭ ᠤᠨ ᠬᠦᠭᠵᠢᠯᠲᠡ ᠳᠤ ᠬᠤᠪᠢ ᠨᠡᠮᠡᠷᠢ | ᠦᠵᠡᠬᠦᠯᠦᠭᠴᠢ᠂ ᠤᠯᠠᠨ ᠤᠯᠤᠰ ᠤᠨ ᠡᠮᠬᠢ ᠲᠢᠭᠯᠢᠮ ᠤᠨ ᠬᠠᠮᠠᠭᠠᠯᠠᠭᠴᠢ ᠪᠤᠯᠵᠤ ᠴᠢᠳᠠᠨ᠎ᠠ᠃ | ︽ᠠᠯᠢᠪᠠ ᠠᠭᠤᠤ ᠶᠡᠭᠡ ᠠᠮᠵᠢᠯᠳᠠ ᠨᠢ ᠪᠦᠷ ᠦᠷᠭᠦᠯᠵᠢᠯᠡᠨ ᠲᠡᠮᠡᠴᠡᠭᠰᠡᠨ ᠤ ᠦᠷ᠎ᠠ ᠳ᠋ᠦᠩ ᠮᠦᠨ᠂ | ᠠᠯᠢᠪᠠ ᠠᠭᠤᠤ ᠶᠡᠭᠡ ᠠᠵᠢᠯ ᠦᠢᠯᠡᠰ ᠨᠢ ᠪᠦᠷ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠬᠡᠬᠦ ᠲᠤᠮᠳᠠ | ᠠᠬᠢᠭᠤᠯᠬᠤ ᠶᠢ ᠱᠠᠭᠠᠷᠳᠠᠨ᠎ᠠ︾᠃ 40 ᠵᠢᠯ ᠳᠤ ᠲᠦᠮᠡᠨ ᠤᠯᠠᠨ ᠢᠶᠠᠷ ᠢᠶᠠᠨ ᠲᠡᠮᠦᠷ ᠮᠡᠳᠦ ᠪᠠᠳᠤ ᠪᠠᠬᠢ ᠬᠡᠷᠡᠮ ᠢ | ᠴᠤᠬᠴᠠᠯᠠᠵᠤ᠂ 40 ᠵᠢᠯ ᠡᠷᠡᠮᠡᠬᠡᠶᠢᠯᠡᠨ ᠳᠠᠪᠰᠢᠵᠤ᠂ 40 ᠵᠢᠯ ᠤᠷᠢᠨ ᠰᠠᠯᠬᠢ ᠦᠭᠭᠢᠶᠡᠮᠦᠷ ᠬᠤᠷ᠎ᠠ ᠶᠢᠨ ᠰᠢᠮ᠎ᠡ ᠶᠢ | ᠬᠦᠷᠳᠡᠪᠡ᠃ ᠡᠨᠡ ᠭᠡᠰᠡᠭ ᠲᠡᠤᠭᠡ ᠶᠢᠨ ᠲᠤᠬᠠᠢ ᠬᠠᠮᠤᠭ ᠤᠨ ᠰᠠᠶᠢᠨ ᠲᠤᠷᠠᠳᠬᠠᠯ ᠪᠤᠯ ᠰᠢᠨ᠎ᠠ ᠭᠡᠷᠡᠯ ᠰᠠᠴᠤᠷᠠᠩᠭᠤᠢ | ᠲᠡᠤᠭᠡ ᠶᠢ ᠪᠢᠴᠢᠭᠯᠡᠬᠦ ᠶᠠᠪᠤᠳᠠᠯ ᠪᠤᠯᠤᠨ᠎ᠠ︔ ᠦᠭᠡᠷᠡᠴᠢᠯᠠᠯᠳᠠ ᠨᠡᠭᠡᠭᠡᠯᠳᠠ ᠳᠠᠬᠢ ᠬᠠᠮᠤᠭ ᠤᠨ ᠶᠡᠭᠡ ᠬᠦᠨᠳᠦᠳᠭᠡᠯ | ᠪᠤᠯ ᠨᠡᠩ ᠶᠡᠭᠡ ᠰᠢᠨ᠎ᠠ ᠭᠠᠶᠢᠬᠠᠮᠰᠢᠭ ᠢ ᠡᠭᠦᠳᠬᠦ ᠶᠠᠪᠤᠳᠠᠯ ᠪᠤᠯᠤᠨ᠎ᠠ᠃ ᠰᠢ ᠶᠢᠨ ᠫᠢᠡᠭ ᠤᠨ ᠰᠢᠨ᠎ᠠ ᠴᠠᠬ | ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ | ᠳᠤᠤᠷ᠎ᠠ᠂ ᠤᠭ ᠰᠠᠨᠠᠭ᠎ᠠ ᠪᠠᠨ ᠦᠯᠦ ᠮᠠᠷᠲᠠᠨ ᠦᠷᠭᠦᠯᠵᠢᠯᠡᠨ ᠤᠷᠤᠭᠰᠢᠯᠠᠪᠠᠯ᠂ ᠲᠤᠮᠳᠠᠳᠤ ᠤᠯᠤᠰ ᠤᠨ | ᠦᠭᠡᠷᠡᠴᠢᠯᠡᠯᠳᠠ ᠨᠡᠭᠡᠭᠡᠯᠳᠠ ᠯᠠᠪᠳᠠᠢ ᠠᠮᠵᠢᠯᠳᠠ ᠤᠯᠵᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ | ᠮᠠᠨᠳᠤᠯᠲᠠ ᠦᠭᠡᠷᠡᠴᠢᠯᠠᠯᠳᠠ ᠨᠡᠭᠡᠭᠡᠯᠳᠠ ᠶᠢᠨ ᠠᠬᠢᠴᠠ ᠳᠤᠮᠳᠠ ᠪᠡᠶᠡᠯᠡᠭᠳᠡᠬᠦ ᠨᠢ ᠯᠠᠪᠲᠠᠢ︕ |