| | ᠰᠤᠷᠪᠤᠯᠵᠢᠯᠠᠭᠰᠠᠨ ᠴᠠᠭ᠄ | 2018 ᠣᠨ ᠤ 11 ᠳ᠋ᠦ᠋ᠭᠡᠷ ᠰᠠᠷ᠎ᠠ ᠶᠢᠨ 28 ᠤ ᠡᠳᠦᠷ ᠤᠨ 10 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠬᠦᠸᠧ ᠱᠣᠣ ᠬᠤᠸᠠ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠬᠦᠸᠧ ᠱᠣᠣ | ᠬᠤᠸᠠ ᠶᠢ ᠤᠷᠢᠵᠤ᠂ ᠬᠢᠨᠠᠯᠲᠠ ᠪᠣᠳᠣᠯᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ | ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠣᠯᠣᠯ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ | ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ | ᠬᠤᠷᠢᠶ᠎ᠠ ᠶᠢᠨ ᠱᠦᠵᠢ ᠬᠦᠸᠧ ᠱᠣᠣ ᠬᠤᠸᠠ ᠶᠢ ᠤᠷᠢᠵᠤ᠂ ᠬᠢᠨᠠᠯᠲᠠ ᠪᠣᠳᠣᠯᠲᠠ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠦᠵᠡᠭᠦᠯᠦᠭᠰᠡᠨ ᠴᠢᠬᠤᠯᠠ | ᠦᠢᠯᠡᠳᠦᠯ ᠤᠨ ᠲᠤᠬᠠᠢ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠣᠯᠣᠯ᠎ᠠ᠃ ᠭᠦᠸᠧ ᠲᠢᠩᠬᠢᠮ ᠤᠨ ᠳᠠᠷᠤᠭ᠎ᠠ ᠶᠢ | ᠪᠠᠶᠠᠷᠯᠠᠨ ᠤᠭᠲᠤᠵᠤ ᠪᠠᠶᠢᠨ᠎ᠠ᠃ | ᠭᠦᠸᠧ ᠱᠤᠤ ᠬᠤᠸᠠ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ | ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ | ᠮᠠᠰᠢ ᠣᠯᠠᠨ ᠰᠦᠯᠵᠢᠶᠡᠨ ᠤ ᠠᠨᠳᠠ ᠬᠢᠨᠠᠯᠲᠠ ᠪᠣᠳᠣᠯᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠶᠠᠭᠠᠬᠢᠵᠤ ᠦᠢᠯᠡᠳᠦᠯ ᠦᠵᠡᠭᠦᠯᠬᠦ | ᠲᠤᠬᠠᠢ ᠲᠡᠳᠦᠢ ᠣᠶᠢᠯᠠᠭᠠᠬᠤ ᠦᠭᠡᠢ ᠪᠠᠶᠢᠵᠤ ᠮᠡᠳᠡᠨ᠎ᠡ᠃ ᠲᠡᠭᠡᠪᠡᠯ ᠣᠶᠢᠷ᠎ᠠ ᠶᠢᠨ ᠵᠢᠯ ᠤᠳ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠢ ᠲᠠ ᠲᠠᠨᠢᠯᠴᠠᠭᠤᠯᠤᠭᠠᠳ ᠥᠭᠭᠦᠨ᠎ᠡ ᠦᠦ︖ | ᠭᠦᠸᠧ ᠱᠤᠤ ᠬᠤᠸᠠ᠄ | ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ | ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠬᠢᠭᠰᠡᠨ ︽ᠥᠪᠥᠷ ᠮᠣᠩᠭᠤᠯ ᠵᠣᠷᠢᠭᠲᠠᠢ ᠪᠠᠷ ᠤᠷᠢᠳ ᠢᠶᠠᠷ | ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ | ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ︾᠂ ︽ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠤᠨ | ᠡᠨᠡ ᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠪᠠᠷ | ᠴᠢᠷᠮᠠᠶᠢᠬᠤ ᠬᠡᠷᠡᠭᠲᠡᠢ︾ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠬᠢᠨᠠᠨ ᠪᠣᠳᠣᠬᠤ ᠵᠠᠬᠢᠷᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2014 ᠣᠨ ᠠᠴᠠ ᠡᠬᠢᠯᠡᠨ᠂ ᠮᠠᠨ ᠤ ᠲᠢᠩᠬᠢᠮ ᠨᠢ ᠬᠢᠨᠠᠨ ᠪᠣᠳᠣᠬᠤ | ᠵᠠᠬᠢᠷᠭ᠎ᠠ ᠠᠴᠠ ᠲᠣᠭᠲᠠᠭᠠᠭᠰᠠᠨ ᠪᠦᠬᠦ ᠤᠯᠤᠰ ᠤᠨ 5 ᠬᠢᠨᠠᠨ ᠪᠣᠳᠣᠬᠤ ᠲᠤᠷᠰᠢᠯᠲᠠ ᠶᠢᠨ ᠴᠡᠭ ᠤᠨ ᠨᠢᠭᠡᠴᠢ ᠶᠢᠨ | ᠨᠢᠭᠡ ᠪᠣᠯᠣᠭᠰᠠᠨ ᠤ ᠬᠤᠪᠢ ᠳᠤ᠂ ᠨᠢᠭᠡᠨᠲᠡ ᠳᠠᠪᠠᠭᠤᠯᠢᠭ ᠬᠥᠮᠥᠨ ᠤ ᠬᠦᠴᠦᠨ ᠤ ᠡᠬᠢ ᠪᠠᠶᠠᠯᠢᠭ ᠪᠠ | ᠬᠦᠴᠦᠨ ᠢᠶᠠᠨ ᠲᠥᠪᠯᠡᠷᠡᠭᠦᠯᠦᠨ ᠬᠢᠨᠠᠨ ᠪᠣᠳᠣᠬᠤ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠦᠭᠰᠡᠨ ᠤ ᠬᠠᠮᠲᠤ᠂ | ᠬᠢᠨᠠᠨ ᠪᠣᠳᠣᠬᠤ ᠣᠨᠣᠯ ᠤᠨ ᠰᠤᠳᠤᠯᠭᠠᠨ᠂ ᠲᠤᠷᠰᠢᠯᠭ᠎ᠠ ᠶᠢᠨ ᠳ᠋ᠦᠩᠨᠡᠯᠲᠡ ᠪᠠ ᠳᠦᠷᠢᠮ ᠤᠨ ᠪᠠᠶᠢᠭᠤᠯᠤᠯᠲᠠ ᠶᠢ | ᠴᠢᠬᠤᠯᠠᠴᠢᠯᠠᠵᠤ᠂ ᠬᠢᠨᠠᠯᠲᠠ ᠪᠣᠳᠣᠯᠲᠠ ᠶᠢᠨ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠳᠤᠮᠳᠠᠬᠢ | ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠪᠠ᠃ ᠬᠤᠶᠠᠷ ᠲᠤ᠂ ᠰᠢᠨᠵᠢᠯᠡᠬᠦ ᠤᠬᠠᠭᠠᠨᠴᠢ ᠪᠠᠷ ᠤᠬᠠᠭᠠᠯᠠᠨ | ᠲᠥᠯᠥᠪᠯᠡᠵᠦ᠂ ᠲᠤᠷᠰᠢᠯᠲᠠ ᠶᠢᠨ ᠴᠡᠭ ᠤᠨ ᠠᠵᠢᠯ ᠢ ᠲᠣᠭᠲᠠᠭᠤᠨ ᠢᠶᠠᠷ ᠠᠬᠢᠭᠤᠯᠪᠠ᠃ ᠡᠳᠦᠭᠡ ᠪᠣᠯᠲᠠᠯ᠎ᠠ᠂ ᠮᠠᠨ ᠤ | ᠲᠢᠩᠬᠢᠮ ᠨᠢᠭᠡᠨᠲᠡ ᠲᠤᠰᠬᠠᠢ ᠣᠷᠣᠨ ᠤ ᠱᠠᠲᠤᠨ ᠤ 5 ᠬᠤᠲᠠ᠂ ᠳᠡᠳ᠋ ᠲᠤᠰᠬᠠᠢ ᠣᠷᠣᠨ ᠤ ᠱᠠᠲᠤᠨ ᠤ 4 ᠬᠤᠲᠠ | ᠪᠠ 2 ᠰᠢᠶᠠᠨ ᠤ ᠳᠡᠰ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠳ ᠤᠨ ᠲᠤᠰᠢᠶᠠᠯ ᠤᠨ | ᠬᠤᠭᠤᠴᠠᠭᠠᠨ ᠳᠤ ᠪᠠᠨ ᠨᠤᠲᠤᠭ ᠪᠡᠯᠴᠢᠭᠡᠷ᠂ ᠭᠠᠵᠠᠷ ᠰᠢᠷᠣᠢ᠂ ᠣᠢ ᠰᠢᠭᠤᠢ᠂ ᠠᠭᠤᠷᠬᠠᠢ ᠪᠠ ᠤᠰᠤᠨ ᠤ ᠡᠬᠢ | ᠪᠠᠶᠠᠯᠢᠭ ᠤᠨ ᠡᠳ᠋ ᠬᠥᠷᠥᠩᠭᠡ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠪᠠᠶᠢᠳᠠᠯ ᠳᠤ ᠲᠤᠰ ᠲᠤᠰ | ᠵᠡᠷᠭᠡ ᠳᠤ ᠨᠢ ᠬᠢᠨᠠᠯᠲᠠ ᠪᠣᠳᠣᠯᠲᠠ ᠬᠢᠵᠦ᠂ ᠳᠠᠩ ᠭᠠᠭᠴᠠ ᠡᠬᠢ ᠪᠠᠶᠠᠯᠢᠭ ᠠᠴᠠ ᠣᠯᠠᠨ ᠵᠦᠢᠯ ᠤᠨ ᠡᠬᠢ | ᠪᠠᠶᠠᠯᠢᠭ ᠢ ᠵᠡᠷᠭᠡ ᠳᠤ ᠨᠢ ᠬᠢᠨᠠᠨ ᠪᠣᠳᠣᠬᠤ ᠲᠡᠶᠢᠰᠢ ᠶᠢᠨ ᠦᠰᠦᠷᠦᠯᠲᠡ ᠶᠢ ᠪᠡᠶᠡᠯᠡᠭᠦᠯᠪᠡ᠃ 2017 ᠣᠨ ᠤ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠣᠳᠣᠬᠤ ᠶᠠᠪᠤᠴᠠ ᠳᠤ᠂ ᠮᠠᠨ ᠤ ᠲᠢᠩᠬᠢᠮ ᠠᠴᠠ 2 | ᠬᠡᠷᠡᠭ ᠢ ᠰᠢᠯᠵᠢᠭᠦᠯᠦᠨ ᠬᠦᠷᠭᠡᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠡᠭᠡᠳᠦ ᠱᠠᠲᠤᠨ ᠤ | ᠪᠠᠶᠢᠭᠤᠯᠭ᠎ᠠ ᠳᠤ 12 ᠵᠦᠢᠯᠡᠰ ᠢ ᠰᠢᠯᠵᠢᠭᠦᠯᠦᠨ ᠲᠤᠰᠢᠶᠠᠵᠠᠢ᠃ | ᠭᠤᠷᠪᠠ ᠳᠤ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠵᠢᠯᠣᠭᠤᠳᠴᠤ | ᠪᠠᠶᠢᠭᠠᠳ ᠲᠤᠷᠰᠢᠯᠲᠠ ᠶᠢᠨ ᠴᠡᠭ ᠤᠨ ᠬᠢᠨᠠᠯᠲᠠ ᠪᠣᠳᠣᠯᠲᠠ ᠥᠷᠨᠢᠭᠦᠯᠬᠦ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠪᠠ᠃ | ᠮᠠᠨ ᠤ ᠲᠢᠩᠬᠢᠮ ᠠᠴᠠ ᠪᠦᠬᠦ ᠣᠷᠣᠨ ᠤ ᠡᠯ᠎ᠡ ᠠᠶᠢᠮᠠᠭ ᠬᠤᠲᠠ ᠶᠢ ᠰᠢᠮᠳᠠᠭᠤᠯᠤᠨ ᠨᠠᠮ ᠤᠨ ᠵᠠᠰᠠᠭ ᠤᠨ ᠭᠤᠣᠯ | ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠠ ᠳᠡᠳ᠋ ᠳᠠᠷᠤᠭ᠎ᠠ ᠪᠣᠯᠭᠠᠭᠰᠠᠨ᠂ ᠡᠯ᠎ᠡ ᠬᠠᠮᠢᠶ᠎ᠠ ᠪᠦᠬᠦᠢ | ᠨᠢᠭᠡᠴᠢ ᠶᠢᠨ ᠭᠤᠣᠯ ᠤᠳᠤᠷᠢᠳᠤᠯᠭ᠎ᠠ ᠪᠠᠷ ᠭᠡᠰᠢᠭᠦᠨ ᠪᠣᠯᠭᠠᠭᠰᠠᠨ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ | ᠪᠣᠳᠣᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠪᠦᠷᠢᠯᠳᠦᠬᠦᠨ ᠨᠢᠭᠡᠴᠢ ᠶᠢ ᠵᠣᠬᠢᠶᠠᠨ | ᠪᠠᠶᠢᠭᠤᠯᠤᠨ ᠵᠣᠬᠢᠴᠠᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ | ᠪᠣᠳᠣᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ︾ ᠳᠤ ᠲᠣᠭᠲᠠᠭᠠᠭᠰᠠᠨ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠲᠣᠭᠲᠠᠭᠠᠯ ᠢ ᠰᠤᠳᠤᠯᠤᠨ | ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠬᠢ | ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠂ ᠠᠵᠢᠯ ᠤᠨ ᠬᠠᠮᠲᠤᠷᠠᠭᠰᠠᠨ ᠬᠦᠴᠦᠨ ᠢ ᠪᠦᠷᠢᠯᠳᠦᠭᠦᠯᠵᠦ᠂ | ᠲᠤᠷᠰᠢᠯᠲᠠ ᠶᠢᠨ ᠴᠡᠭ ᠤᠨ ᠬᠢᠨᠠᠨ ᠪᠣᠳᠣᠬᠤ ᠠᠵᠢᠯ ᠢ ᠤᠷᠤᠭᠰᠢᠲᠠᠢ ᠥᠷᠨᠢᠭᠦᠯᠬᠦ ᠶᠢ ᠪᠠᠲᠤᠯᠠᠪᠠ᠃ ᠨᠢᠳᠤᠨᠤᠨ | ᠵᠢᠯ ᠳᠤ᠂ ᠪᠦᠬᠦ ᠣᠷᠣᠨ ᠤ 11 ᠠᠶᠢᠮᠠᠭ ᠬᠤᠲᠠ ᠶᠢᠨ ᠬᠢᠨᠠᠨ ᠪᠣᠳᠣᠬᠤ ᠲᠣᠪᠴᠢᠶ᠎ᠠ ᠠᠴᠠ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠲᠤᠷᠰᠢᠯᠲᠠ ᠶᠢᠨ ᠴᠡᠭ ᠤᠨ ᠬᠢᠨᠠᠯᠲᠠ ᠪᠣᠳᠣᠯᠲᠠ ᠶᠢ ᠥᠷᠨᠢᠭᠦᠯᠵᠡᠢ᠃ ᠲᠣᠭᠠᠯᠠᠨ | ᠪᠦᠷᠢᠳᠬᠡᠬᠦ ᠪᠠᠷ ᠳᠠᠮᠵᠢᠨ᠂ ᠣᠳᠣ ᠪᠣᠯᠲᠠᠯ᠎ᠠ ᠪᠦᠬᠦ ᠣᠷᠣᠨ ᠤ ᠬᠢᠨᠠᠨ ᠪᠣᠳᠣᠬᠤ ᠪᠠᠶᠢᠭᠤᠯᠭ᠎ᠠ ᠠᠴᠠ ᠲᠤᠰᠬᠠᠶᠢᠯᠠᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ | ᠦᠶ᠎ᠡ ᠶᠢᠨ ᠬᠢᠨᠠᠨ ᠪᠣᠳᠣᠬᠤ ᠠᠵᠢᠯ ᠤᠨ ᠪᠠᠶᠢᠭᠤᠯᠤᠮᠵᠢ ᠶᠢ ᠨᠡᠶᠢᠲᠡ 44 ᠲᠣᠬᠢᠷᠠᠭᠤᠯᠪᠠ᠃ ᠲᠡᠭᠦᠨ ᠤ ᠳᠣᠲᠣᠷ᠎ᠠ᠄ | ᠲᠤᠰᠬᠠᠢ ᠣᠷᠣᠨ ᠤ ᠱᠠᠲᠤᠨ ᠤ 11᠂ ᠬᠤᠰᠢᠭᠤ ᠰᠢᠶᠠᠨ ︵ᠬᠤᠲᠠ᠂ ᠲᠣᠭᠤᠷᠢᠭ︶ ᠤᠨ ᠱᠠᠲᠤᠨ ᠤ 33 ᠪᠠᠶᠢᠨ᠎ᠠ | ᠃ ᠲᠤᠰᠬᠠᠢ ᠲᠤᠰᠢᠶᠠᠯᠲᠤ ᠬᠢᠨᠠᠨ ᠪᠣᠳᠣᠬᠤ ᠠᠵᠢᠯᠲᠠᠳ 144 ᠪᠠᠶᠢᠵᠤ᠂ ᠲᠡᠭᠦᠨ ᠤ ᠳᠣᠲᠣᠷ᠎ᠠ ᠲᠤᠰᠬᠠᠢ ᠣᠷᠣᠨ ᠤ | ᠬᠤᠲᠠ ᠶᠢᠨ ᠱᠠᠲᠤᠨ ᠤ 43 ᠬᠥᠮᠥᠨ᠂ ᠬᠤᠰᠢᠭᠤ ᠰᠢᠶᠠᠨ ︵ ᠬᠤᠲᠠ᠂ ᠲᠣᠭᠤᠷᠢᠭ︶ ᠤ ᠱᠠᠲᠤᠨ ᠤ 101 | ᠬᠥᠮᠥᠨ ᠪᠠᠶᠢᠨ᠎ᠠ᠃ | ᠬᠥᠲᠥᠯᠥᠭᠴᠢ᠄ | ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ ᠪᠠᠰᠠ | ᠶᠠᠮᠠᠷ ᠶᠠᠮᠠᠷ ᠲᠤᠷᠰᠢᠯᠭ᠎ᠠ ᠪᠠ ᠬᠢᠳᠡᠯ ᠨᠢ ᠥᠷᠭᠡᠨ ᠣᠯᠠᠨ ᠰᠦᠯᠵᠢᠶᠡᠨ ᠤ ᠠᠷᠠᠳ ᠲᠠᠢ ᠬᠠᠮᠲᠤ ᠳᠤ ᠪᠠᠨ ᠬᠦᠷᠲᠡᠵᠦ | ᠪᠣᠯᠬᠤ ᠪᠣᠢ︖ | ᠭᠦᠸᠧ ᠱᠤᠤ ᠬᠤᠸᠠ᠄ | ᠨᠢᠭᠡ ᠳᠤ᠂ ᠬᠢᠨᠠᠯᠲᠠ ᠪᠣᠳᠣᠯᠲᠠ ᠶᠢᠨ ᠣᠨᠣᠯ ᠤᠨ ᠰᠤᠳᠤᠯᠭᠠᠨ ᠬᠢᠭᠡᠳ ᠬᠢᠨᠠᠨ ᠪᠣᠳᠣᠬᠤ ᠦᠢᠯᠡᠳᠦᠯᠭᠡ ᠳᠤ | ᠵᠡᠷᠭᠡ ᠳᠤ ᠨᠢ ᠰᠦᠪᠡᠭᠴᠢᠯᠡᠯᠲᠡ ᠬᠢᠪᠡ᠃ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠬᠢᠨᠠᠯᠲᠠ ᠪᠣᠳᠣᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠠᠴᠠ ᠡᠮᠦᠨ᠎ᠡ᠂ ᠮᠠᠨ ᠤ | ᠲᠢᠩᠬᠢᠮ ᠠᠴᠠ ᠭᠦᠢᠴᠡᠳ ᠪᠠᠶᠢᠴᠠᠭᠠᠨ ᠰᠤᠳᠤᠯᠤᠯᠲᠠ ᠪᠠ ᠰᠤᠳᠤᠯᠭᠠᠨ ᠬᠢᠵᠦ᠂ 2014 ᠣᠨ ᠠᠴᠠ 2015 | ᠣᠨ ᠪᠣᠯᠲᠠᠯ᠎ᠠ ᠮᠠᠨ ᠤ ᠲᠢᠩᠬᠢᠮ ᠠᠴᠠ ᠰᠡᠳᠦᠪ ᠤᠨ ᠳᠤᠭᠤᠶᠢᠯᠠᠩ ᠪᠠᠶᠢᠭᠤᠯᠵᠤ᠂ ︽ᠤᠳᠤᠷᠢᠳᠬᠤ ᠺᠠᠳ᠋ᠷᠴᠤᠳ ᠤᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ | ᠦᠶ᠎ᠡ ᠶᠢᠨ ᠬᠢᠨᠠᠯᠲᠠ ᠪᠣᠳᠣᠯᠲᠠ ᠶᠢᠨ ᠲᠥᠰᠥᠯ︾ ᠢ ᠰᠤᠳᠤᠯᠤᠨ ᠲᠣᠭᠲᠠᠭᠠᠵᠤ᠂ ᠬᠢᠨᠠᠯᠲᠠ ᠪᠣᠳᠣᠯᠲᠠ ᠶᠢᠨ | ᠬᠠᠷᠠᠯᠲᠠ᠂ ᠬᠡᠪᠴᠢᠶ᠎ᠡ᠂ ᠡᠲᠡᠭᠡᠳ᠂ ᠠᠭᠤᠯᠭ᠎ᠠ ᠪᠠ ᠮᠡᠷᠭᠡᠵᠢᠯ ᠤᠨ ᠠᠷᠭ᠎ᠠ ᠵᠡᠷᠭᠡ ᠳᠤ ᠨᠡᠯᠢᠶᠡᠳ ᠰᠢᠰᠲ᠋ᠧᠮ ᠲᠠᠢ | ᠰᠤᠳᠤᠯᠤᠯᠲᠠ ᠪᠠ ᠰᠦᠪᠡᠭᠴᠢᠯᠡᠯᠲᠡ ᠬᠢᠵᠦ᠂ ᠲᠤᠷᠰᠢᠯᠲᠠ ᠶᠢᠨ ᠴᠡᠭ ᠤᠨ ᠬᠢᠨᠠᠯᠲᠠ ᠪᠣᠳᠣᠯᠲᠠ ᠶᠢ ᠰᠠᠶᠢᠲᠤᠷ | ᠬᠢᠬᠦ ᠳᠤ ᠵᠣᠬᠢᠬᠤ ᠣᠨᠣᠯ ᠤᠨ ᠰᠠᠭᠤᠷᠢ ᠶᠢ ᠲᠠᠯᠪᠢᠭᠰᠠᠨ ᠤ ᠬᠠᠮᠲᠤ᠂ ᠬᠢᠨᠠᠨ ᠪᠣᠳᠣᠬᠤ ᠵᠠᠬᠢᠷᠭ᠎ᠠ ᠶᠢᠨ ᠭᠦᠢᠴᠡᠳ | ᠨᠤᠲᠠᠯᠠᠯᠲᠠ ᠶᠢ ᠣᠯᠪᠠ᠃ 2016 ᠣᠨ ᠳᠤ᠂ ᠮᠠᠨ ᠤ ᠲᠢᠩᠬᠢᠮ ᠠᠴᠠ ᠰᠤᠳᠤᠯᠤᠯᠲᠠ ᠪᠠᠨ ᠦᠷᠭᠦᠯᠵᠢᠯᠡᠨ | ᠭᠦᠨᠵᠡᠭᠡᠶᠢᠷᠡᠭᠦᠯᠦᠨ᠂ ᠨᠡᠩ ᠰᠢᠨᠵᠢᠯᠡᠬᠦ ᠤᠬᠠᠭᠠᠨᠴᠢ ᠴᠢᠨᠠᠷᠲᠠᠢ᠂ ᠨᠡᠩ ᠦᠨᠡᠨ ᠪᠣᠳᠠᠲᠤ ᠴᠢᠨᠠᠷᠲᠠᠢ ︽ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠰᠤᠳᠤᠯᠤᠯᠲᠠ︾ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠤᠰ ᠵᠦᠢᠯ ᠤᠨ ᠰᠤᠳᠤᠯᠤᠯᠲᠠ ᠨᠢ ᠳᠤᠮᠳᠠᠳᠤ ᠤᠯᠤᠰ ᠤᠨ ᠬᠢᠨᠠᠨ ᠪᠣᠳᠣᠬᠤ ᠨᠡᠶᠢᠭᠡᠮᠯᠢᠭ ᠬᠢᠭᠡᠳ | ᠣᠷᠣᠨ ᠨᠤᠲᠤᠭ ᠤᠨ ᠬᠢᠨᠠᠨ ᠪᠣᠳᠣᠬᠤ ᠪᠠᠶᠢᠭᠤᠯᠭ᠎ᠠ ᠶᠢᠨ ᠬᠠᠮᠲᠤᠷᠠᠭᠰᠠᠨ ᠰᠡᠳᠦᠪ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠳᠠᠯᠭ᠎ᠠ ᠲᠠᠢ ᠰᠡᠳᠦᠪ ᠤᠨ ᠳᠠᠭᠠᠭᠠᠴᠢᠯᠠᠯᠲᠠ ᠶᠢ | ᠣᠯᠪᠠ᠃ 2017 ᠣᠨ ᠳᠤ᠂ ᠮᠠᠨ ᠤ ᠲᠢᠩᠬᠢᠮ ᠤᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ︽ | ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠶᠢᠨ ᠣᠨᠣᠯ ᠬᠢᠭᠡᠳ ᠦᠢᠯᠡᠳᠦᠯᠭᠡ ᠶᠢᠨ ᠠᠩᠬᠠᠨ ᠤ | ᠬᠠᠶᠢᠯᠲᠠ︾ ᠨᠢ ᠵᠢᠩᠬᠢᠨᠢ ᠪᠠᠷ ᠬᠡᠪᠯᠡᠭᠳᠡᠵᠦ᠂ ᠮᠠᠨ ᠤ ᠣᠷᠣᠨ ᠤ ᠡᠨᠡ ᠬᠦ ᠵᠦᠢᠯ ᠤᠨ ᠠᠵᠢᠯ ᠤᠨ ᠲᠠᠯ᠎ᠠ ᠪᠠᠷ ᠬᠢ | ᠣᠨᠣᠯ ᠤᠨ ᠰᠦᠪᠡᠭᠴᠢᠯᠡᠯᠲᠡ ᠪᠠ ᠦᠢᠯᠡᠳᠦᠯᠭᠡ ᠶᠢᠨ ᠲᠤᠷᠰᠢᠯᠭ᠎ᠠ ᠶᠢ ᠨᠡᠯᠢᠶᠡᠳ ᠰᠠᠶᠢᠲᠤᠷ ᠳ᠋ᠦᠩᠨᠡᠪᠡ᠃ 2018 | ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠨᠡᠶᠢᠭᠡᠮᠯᠢᠭ ᠠᠴᠠ ᠵᠣᠬᠢᠶᠠᠨ | ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠯᠲᠠ ᠪᠣᠳᠣᠯᠲᠠ ᠳᠤ ᠦᠷᠭᠦᠯᠵᠢ ᠲᠣᠬᠢᠶᠠᠯᠳᠤᠬᠤ | ᠠᠰᠠᠭᠤᠳᠠᠯ ᠤᠨ ᠴᠢᠨᠠᠷ ᠤᠨ ᠲᠣᠭᠲᠠᠭᠠᠯᠲᠠ ᠬᠢᠭᠡᠳ ᠦᠨᠡᠯᠡᠯᠲᠡ ᠶᠢᠨ ᠵᠦᠭᠯᠡᠭᠦᠷ︾ ᠨᠢ ᠵᠢᠩᠬᠢᠨᠢ ᠪᠠᠷ | ᠬᠡᠪᠯᠡᠭᠳᠡᠭᠰᠡᠨ ᠤ ᠬᠠᠮᠲᠤ᠂ ᠪᠦᠬᠦ ᠤᠯᠤᠰ ᠲᠤ ᠲᠠᠷᠬᠠᠭᠠᠪᠠ᠃ ᠡᠨᠡ ᠵᠢᠯ᠂ ᠮᠠᠨ ᠤ ᠲᠢᠩᠬᠢᠮ ᠪᠠᠰᠠ ᠬᠢᠨᠠᠨ ᠪᠣᠳᠣᠬᠤ | ᠵᠠᠬᠢᠷᠭ᠎ᠠ᠂ ᠳᠤᠮᠳᠠᠳᠤ ᠤᠯᠤᠰ ᠤᠨ ᠬᠢᠨᠠᠨ ᠪᠣᠳᠣᠬᠤ ᠨᠡᠶᠢᠭᠡᠮᠯᠢᠭ ᠤᠨ ᠪᠦᠬᠦ ᠤᠯᠤᠰ ᠲᠤ ᠬᠠᠨᠳᠤᠭᠤᠯᠤᠭᠰᠠᠨ | ᠦᠨ᠎ᠡ ᠶᠢᠨ ᠥᠷᠢᠰᠦᠯᠳᠦᠭᠡᠨ ᠤ ᠭᠤᠣᠯᠳᠠᠯᠭ᠎ᠠ ᠲᠠᠢ ᠰᠡᠳᠦᠪ ᠪᠣᠯᠬᠤ ︽ᠤᠳᠤᠷᠢᠳᠬᠤ ᠺᠠᠳ᠋ᠷᠴᠤᠳ ᠤᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ | ᠦᠶ᠎ᠡ ᠶᠢᠨ ᠬᠢᠨᠠᠯᠲᠠ ᠪᠣᠳᠣᠯᠲᠠ ᠶᠢᠨ ᠪᠦᠬᠦ ᠰᠢᠰᠲ᠋ᠧᠮ ᠤᠨ ᠬᠢᠨ ᠤ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠠᠷᠭ᠎ᠠ | ᠵᠠᠮ ᠬᠢᠭᠡᠳ ᠠᠷᠭ᠎ᠠ ᠶᠢᠨ ᠰᠤᠳᠤᠯᠤᠯᠲᠠ︾ ᠶᠢᠨ ᠳᠠᠭᠠᠭᠠᠴᠢᠯᠠᠯᠲᠠ ᠶᠢ ᠣᠯᠵᠠᠢ᠃ | ᠬᠤᠶᠠᠷ ᠲᠤ᠂ ᠤᠳᠤᠷᠢᠳᠬᠤ ᠪᠠᠶᠢᠭᠤᠯᠤᠮᠵᠢ ᠬᠢᠭᠡᠳ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ | ᠨᠢᠭᠡᠳᠦᠯᠲᠡᠢ ᠪᠠᠷ ᠲᠥᠯᠥᠪᠵᠢᠭᠦᠯᠬᠦ ᠴᠢᠨᠠᠷ ᠢ ᠳᠡᠭᠡᠭᠰᠢᠯᠡᠭᠦᠯᠪᠡ᠃ ᠲᠥᠪ ᠤᠨ ᠬᠢᠨᠠᠨ ᠪᠣᠳᠣᠬᠤ ᠲᠤᠷᠰᠢᠯᠲᠠ ᠶᠢᠨ | ᠴᠡᠭ ᠤᠨ ᠲᠥᠰᠥᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠠᠴᠠ ︽ᠤᠳᠤᠷᠢᠳᠬᠤ ᠺᠠᠳ᠋ᠷᠴᠤᠳ ᠤᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ | ᠦᠶ᠎ᠡ ᠶᠢᠨ ᠬᠢᠨᠠᠨ ᠪᠣᠳᠣᠬᠤ ᠲᠤᠷᠰᠢᠯᠲᠠ ᠶᠢᠨ ᠴᠡᠭ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ︾ ᠢ ᠴᠠᠭ | ᠲᠤᠬᠠᠢ ᠳᠤ ᠨᠢ ᠲᠣᠭᠲᠠᠭᠠᠭᠰᠠᠨ ᠤ ᠬᠠᠮᠲᠤ᠂ 2016 ᠣᠨ ᠤ 4 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ | ᠪᠠᠲᠤᠯᠠᠭᠰᠠᠨ ᠤ ᠳᠠᠷᠠᠭ᠎ᠠ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠪᠦᠬᠦ ᠣᠷᠣᠨ ᠳᠤ ᠬᠡᠷᠡᠭᠵᠢᠭᠦᠯᠪᠡ᠃ ᠲᠤᠰ | ᠵᠢᠯ ᠤᠨ 5 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ | ᠳᠡᠪᠰᠢᠭᠦᠯᠦᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠡᠷᠢᠭᠦᠯᠡᠭᠴᠢ ᠪᠠᠷ | ᠳᠤᠭᠤᠶᠢᠯᠠᠩ ᠤᠨ ᠳᠠᠷᠤᠭ᠎ᠠ ᠪᠣᠯᠭᠠᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠪᠠ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ | ᠵᠡᠷᠭᠡ 8 ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠪᠦᠬᠦ ᠣᠷᠣᠨ ᠤ ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠯᠪᠠᠨ | ᠭᠡᠷ ᠢ ᠨᠢ ᠬᠢᠨᠠᠨ ᠪᠣᠳᠣᠬᠤ ᠲᠢᠩᠬᠢᠮ ᠳᠤ ᠲᠣᠬᠢᠷᠠᠭᠤᠯᠪᠠ᠃ 2017 ᠣᠨ ᠳᠤ᠂ ᠮᠠᠨ ᠤ ᠲᠢᠩᠬᠢᠮ ᠠᠴᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ︽ᠡᠬᠢ ᠪᠠᠶᠠᠯᠢᠭ ᠤᠨ ᠣᠷᠴᠢᠨ | ᠲᠣᠭᠤᠷᠢᠨ ᠤ ᠬᠢᠨᠠᠨ ᠪᠣᠳᠣᠬᠤ ᠬᠤᠶᠠᠳᠤᠭᠠᠷ ᠭᠠᠵᠠᠷ︾ ᠢ ᠨᠡᠮᠡᠨ ᠲᠣᠬᠢᠷᠠᠭᠤᠯᠬᠤ ᠶᠢ ᠵᠥᠪᠰᠢᠶᠡᠷᠡᠭᠦᠯᠬᠦ ᠪᠠᠷ | ᠮᠡᠳᠡᠭᠦᠯᠦᠨ ᠳᠡᠪᠰᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠳᠤ ᠮᠡᠷᠭᠡᠵᠢᠯ ᠤᠨ ᠲᠤᠯᠭᠠᠭᠤᠷᠢᠯᠠᠯ ᠪᠠ ᠲᠣᠮᠣ | ᠳ᠋ᠠᠶᠢᠲ᠋ᠠ ᠶᠢᠨ ᠦᠢᠯᠡᠴᠢᠯᠡᠭᠡ ᠶᠢᠨ ᠪᠠᠲᠤᠯᠠᠭ᠎ᠠ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ | ᠨᠡᠶᠢᠲᠡᠯᠡᠭᠰᠡᠨ ᠤ ᠳᠠᠷᠠᠭ᠎ᠠ᠂ ᠮᠠᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ ᠲᠠᠢ ᠬᠤᠯᠪᠣᠭᠠᠯᠠᠵᠤ ᠪᠠᠶᠢᠭᠠᠳ ︽︿ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ | ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶﹀ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠣᠭᠲᠠᠭᠠᠯ ᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠬᠦ ᠵᠦᠢᠯ ᠤᠨ ᠠᠵᠢᠯ ᠢ ᠦᠷᠭᠦᠯᠵᠢᠯᠡᠨ ᠯᠠᠪᠳᠠᠭᠤᠨ | ᠪᠠᠲᠤᠲᠠᠢ ᠠᠬᠢᠭᠤᠯᠬᠤ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ 2018 ᠣᠨ ᠳᠤ ᠲᠤᠰ ᠵᠦᠢᠯ ᠤᠨ | ᠥᠭᠡᠷᠡᠴᠢᠯᠡᠯᠲᠡ ᠶᠢᠨ ᠡᠭᠦᠷᠭᠡ ᠶᠢ ᠬᠡᠪᠰᠢᠵᠢᠭᠦᠯᠦᠨ ᠠᠬᠢᠭᠤᠯᠬᠤ ᠳᠤ ᠳᠦᠷᠢᠮ ᠤᠨ ᠪᠠᠲᠤᠯᠠᠭ᠎ᠠ ᠬᠠᠩᠭᠠᠵᠠᠢ᠃ | ᠭᠤᠷᠪᠠ ᠳᠤ᠂ ᠲᠣᠮᠣ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠵᠦ᠂ ᠬᠢᠨᠠᠨ ᠪᠣᠳᠣᠬᠤ ᠠᠵᠢᠯ ᠤᠨ ᠶᠠᠰᠤ ᠴᠢᠨᠠᠷ | ᠬᠢᠭᠡᠳ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠮᠠᠨ ᠤ ᠲᠢᠩᠬᠢᠮ ᠲᠤᠰᠬᠠᠶᠢᠯᠠᠨ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ ᠶᠢᠨ ᠬᠢᠨᠠᠨ ᠪᠣᠳᠣᠵᠤ ᠵᠠᠳᠠᠯᠤᠯᠲᠠ ᠬᠢᠬᠦ ᠲᠠᠪᠴᠠᠩ ᠢ ᠪᠠᠶᠢᠭᠤᠯᠵᠤ᠂ 2017 ᠣᠨ ᠳᠤ | ArcGIS ᠰᠦᠯᠵᠢᠶᠡᠨ ᠤ ᠬᠡᠪᠯᠡᠯ ᠤᠨ ᠰᠢᠰᠲ᠋ᠧᠮ ᠪᠠ 200TB ᠲᠣᠮᠣ ᠪᠠᠭᠲᠠᠭᠠᠮᠵᠢᠲᠤ ᠬᠠᠳᠠᠭᠠᠯᠠᠮᠵᠢ ᠶᠢ | ᠪᠠᠶᠢᠷᠢᠯᠠᠭᠤᠯᠵᠤ᠂ ᠲᠤᠰᠬᠠᠶᠢᠯᠠᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ | ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠲᠤᠭ᠎ᠠ ᠪᠠᠷᠢᠮᠲᠠ ᠶᠢ ᠬᠠᠳᠠᠭᠠᠯᠠᠬᠤ ᠪᠠ ᠵᠠᠳᠠᠯᠤᠨ | ᠬᠠᠷᠢᠴᠠᠭᠤᠯᠬᠤ ᠳᠤ ᠬᠡᠷᠡᠭᠯᠡᠪᠡ᠃ ᠮᠠᠨ ᠤ ᠲᠢᠩᠬᠢᠮ ᠠᠴᠠ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ | ᠲᠠᠢ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠰᠠᠨ ᠭᠠᠵᠠᠷ ᠵᠦᠢ ᠶᠢᠨ ᠳ᠋ᠠᠶᠢᠲ᠋ᠠ ᠶᠢ ᠬᠠᠮᠲᠤ ᠳᠤ ᠪᠠᠨ | ᠬᠦᠷᠲᠡᠬᠦ ᠬᠡᠯᠡᠯᠴᠡᠭᠡᠷ ᠤᠨ ᠪᠢᠴᠢᠭ ᠲᠣᠭᠲᠠᠵᠤ᠂ ᠣᠳᠣᠬᠠᠨ ᠳᠤ ᠨᠢᠭᠡᠨᠲᠡ ᠪᠦᠬᠦ ᠣᠷᠣᠨ ᠤ 2013 ᠣᠨ ᠠᠴᠠ | 2017 ᠣᠨ ᠬᠦᠷᠲᠡᠯᠡᠬᠢ ᠭᠠᠵᠠᠷ ᠰᠢᠷᠣᠢ ᠶᠢ ᠠᠰᠢᠭᠯᠠᠭᠰᠠᠨ ᠣᠳᠣᠬᠢ ᠪᠠᠶᠢᠳᠠᠯ ᠤᠨ ᠵᠢᠷᠤᠭ ᠪᠠ ᠳᠠᠭᠠᠭᠤᠯᠢ | ᠣᠳᠣᠨ ᠤ ᠠᠯᠤᠰ ᠰᠡᠷᠡᠯ ᠤᠨ ᠳᠦᠷᠰᠦ ᠶᠢᠨ ᠳ᠋ᠠᠶᠢᠲ᠋ᠠ ᠶᠢ ᠡᠮᠬᠢᠯᠡᠨ ᠴᠤᠭᠯᠠᠭᠤᠯᠵᠤ᠂ ᠳ᠋ᠠᠶᠢᠲ᠋ᠠ ᠶᠢᠨ ᠬᠡᠪᠴᠢᠶ᠎ᠡ ᠨᠢ | 10TB ᠳᠤ ᠬᠦᠷᠴᠡᠢ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠮᠠᠨ ᠤ ᠲᠢᠩᠬᠢᠮ ᠠᠴᠠ ᠳ᠋ᠠᠶᠢᠲ᠋ᠠ ᠶᠢᠨ ᠲᠥᠪ ᠢ | ᠪᠠᠶᠢᠭᠤᠯᠤᠨ ᠪᠡᠶᠡᠯᠡᠭᠦᠯᠵᠦ᠂ ᠡᠯ᠎ᠡ ᠲᠥᠷᠥᠯ ᠤᠨ ᠬᠢᠨᠠᠨ ᠪᠣᠳᠣᠭᠰᠠᠨ ᠳ᠋ᠠᠶᠢᠲ᠋ᠠ ᠶᠢᠨ ᠬᠠᠳᠠᠭᠠᠯᠠᠮᠵᠢ᠂ ᠬᠠᠮᠢᠶᠠᠷᠤᠯᠲᠠ | ᠪᠠ ᠲᠠᠷᠬᠠᠭᠠᠯᠲᠠ ᠶᠢ ᠪᠡᠶᠡᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ | ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠬᠢᠭᠡᠳ ᠬᠠᠮᠢᠶ᠎ᠠ ᠪᠦᠬᠦᠢ ᠡᠳ᠋ ᠤᠨ ᠵᠠᠰᠠᠭ᠂ | ᠡᠳ᠋ ᠤᠨ ᠶᠠᠪᠤᠳᠠᠯ ᠪᠠ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠡᠮᠬᠢᠯᠡᠨ ᠴᠤᠭᠯᠠᠭᠤᠯᠬᠤ᠂ ᠪᠠᠷᠢᠮᠵᠢᠶᠠᠵᠢᠭᠤᠯᠬᠤ ᠪᠠ | ᠬᠠᠮᠢᠶᠠᠷᠤᠨ ᠲᠠᠷᠬᠠᠭᠠᠬᠤ ᠳᠤ ᠲᠤᠯᠭᠠᠭᠤᠷᠢᠯᠠᠯ ᠬᠠᠩᠭᠠᠪᠠ᠃ ᠳ᠋ᠠᠶᠢᠲ᠋ᠠ ᠶᠢ ᠠᠰᠢᠭᠯᠠᠬᠤ ᠲᠠᠯ᠎ᠠ ᠪᠠᠷ᠂ ArcGIS | ᠵᠥᠭᠡᠯᠡᠨ ᠲᠣᠨᠤᠭ ᠤᠨ ᠪᠠᠭᠠᠵᠢ ᠶᠢᠨ ᠬᠠᠶᠢᠷᠴᠠᠭ ᠲᠤ ᠲᠦᠰᠢᠭᠯᠡᠨ᠂ ᠬᠢᠨᠠᠨ ᠪᠣᠳᠣᠬᠤ ᠶᠠᠪᠤᠴᠠ ᠳᠤ ᠬᠢᠨᠠᠯᠲᠠ | ᠪᠣᠳᠣᠯᠲᠠ ᠶᠢ ᠬᠦᠯᠢᠶᠡᠵᠦ ᠪᠠᠶᠢᠭ᠎ᠠ ᠭᠠᠵᠠᠷ ᠣᠷᠣᠨ ᠤ ᠦᠨᠳᠦᠰᠦᠨ ᠲᠠᠷᠢᠶᠠᠨ ᠭᠠᠵᠠᠷ᠂ ᠣᠶᠢᠲᠤ ᠭᠠᠵᠠᠷ᠂ | ᠡᠪᠡᠰᠦᠲᠦ ᠭᠠᠵᠠᠷ ᠢ ᠡᠵᠡᠯᠡᠭᠰᠡᠨ ᠵᠢᠴᠢ ᠭᠠᠵᠠᠷ ᠤᠨ ᠲᠥᠷᠥᠯ ᠤᠨ ᠬᠠᠷᠢᠶᠠᠲᠤ ᠴᠢᠨᠠᠷ ᠢ ᠬᠤᠪᠢᠷᠠᠭᠤᠯᠤᠭᠰᠠᠨ᠂ | ᠲᠠᠷᠢᠶᠠᠨ ᠭᠠᠵᠠᠷ ᠢ ᠡᠵᠡᠯᠡᠵᠦ ᠨᠥᠬᠦᠪᠦᠷᠢᠯᠡᠭᠰᠡᠨ ᠢ ᠲᠡᠩᠴᠡᠭᠦᠷᠢᠰᠢᠭᠦᠯᠦᠭᠰᠡᠨ ᠵᠡᠷᠭᠡ ᠠᠰᠠᠭᠤᠳᠠᠯ ᠢ ᠰᠢᠰᠲ᠋ᠧᠮ | ᠲᠠᠢ ᠪᠠᠷ ᠡᠮᠬᠢᠯᠡᠨ ᠳᠢᠭᠯᠡᠭᠰᠡᠨ ᠤ ᠬᠠᠮᠲᠤ᠂ ᠬᠢᠨᠠᠨ ᠪᠣᠳᠣᠭᠰᠠᠨ ᠰᠡᠵᠢᠭᠯᠡᠯ ᠲᠠᠢ ᠴᠡᠭ ᠢ ᠲᠦᠷᠭᠡᠨ ᠢᠶᠠᠷ | ᠲᠣᠭᠲᠠᠭᠠᠬᠤ ᠶᠢ ᠭᠦᠢᠴᠡᠳᠬᠡᠵᠡᠢ᠃ | ᠳᠥᠷᠪᠡ ᠳᠤ᠂ ᠵᠢᠷᠤᠮᠯᠠᠨ ᠳᠠᠭᠠᠵᠤ ᠪᠣᠯᠬᠤᠶᠢᠴᠠ ᠳᠡᠯᠭᠡᠷᠡᠭᠦᠯᠵᠦ ᠪᠣᠯᠬᠤᠶᠢᠴᠠ ᠬᠢᠨᠠᠨ ᠪᠣᠳᠣᠭᠰᠠᠨ | ᠲᠤᠷᠰᠢᠯᠭ᠎ᠠ ᠬᠢᠳᠡᠯ ᠢ ᠢᠳᠡᠪᠬᠢᠲᠡᠢ ᠰᠦᠪᠡᠭᠴᠢᠯᠡᠪᠡ᠃ ᠮᠠᠨ ᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠤᠭ ᠰᠤᠷᠪᠤᠯᠵᠢ ᠶᠢᠨ ᠣᠨᠴᠠᠯᠢᠭ ᠪᠠ ᠨᠢᠭᠡᠨᠲᠡ ᠬᠤᠷᠠᠮᠳᠤᠭᠤᠯᠤᠭᠰᠠᠨ ᠬᠢᠨᠠᠨ ᠪᠣᠳᠣᠬᠤ | ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠦᠨᠳᠦᠰᠦᠯᠡᠨ᠂ ᠬᠢᠨᠠᠨ ᠪᠣᠳᠣᠬᠤ ᠵᠠᠬᠢᠷᠭ᠎ᠠ ᠠᠴᠠ 2016 ᠣᠨ ᠤ 6 | ᠳ᠋ᠤᠭᠠᠷ ᠰᠠᠷ᠎ᠠ ᠳᠤ ᠮᠠᠨ ᠤ ᠲᠢᠩᠬᠢᠮ ᠳᠤ ᠨᠠᠶᠢᠳᠠᠵᠤ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ | ᠲᠤᠷᠰᠢᠯᠲᠠ ᠶᠢᠨ ᠴᠡᠭ ︵ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠪᠣᠳᠣᠯᠲᠠ︶ ᠤᠨ ᠠᠵᠢᠯᠯᠠᠭᠤᠯᠬᠤ | ᠵᠢᠯᠣᠭᠤᠳᠤᠮᠵᠢ︾ ᠶᠢ ᠨᠠᠶᠢᠷᠠᠭᠤᠯᠤᠨ ᠵᠣᠬᠢᠶᠠᠵᠤ᠂ ᠲᠤᠰ ᠵᠢᠯ ᠤᠨ 10 ᠳ᠋ᠤᠭᠠᠷ ᠰᠠᠷ᠎ᠠ ᠳᠤ᠂ ᠲᠥᠪ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠯᠪᠠᠨ ᠭᠡᠷ ᠤᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ᠮᠠᠨ ᠤ | ᠣᠷᠣᠨ ᠳᠤ ᠢᠷᠡᠵᠦ ᠲᠤᠷᠰᠢᠯᠲᠠ ᠶᠢᠨ ᠴᠡᠭ ᠤᠨ ᠬᠢᠨᠠᠨ ᠪᠣᠳᠣᠬᠤ ᠲᠤᠬᠠᠢ ᠶᠢᠨ ᠲᠠᠯᠠᠪᠤᠷ ᠲᠤ ᠰᠢᠮᠳᠠᠭᠤᠯᠤᠨ | ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠤ ᠳᠠᠷᠠᠭ᠎ᠠ᠂ ᠮᠠᠨ ᠤ ᠣᠷᠣᠨ ᠤ ᠲᠤᠷᠰᠢᠯᠲᠠ ᠶᠢᠨ ᠴᠡᠭ ᠤᠨ ᠬᠢᠨᠠᠨ ᠪᠣᠳᠣᠵᠤ ᠣᠯᠣᠭᠰᠠᠨ ᠦᠷ᠎ᠡ | ᠪᠦᠲᠦᠮᠵᠢ ᠳᠤ ᠭᠦᠢᠴᠡᠳ ᠨᠤᠲᠠᠯᠠᠯᠲᠠ ᠥᠭᠪᠡ᠃ 2017 ᠣᠨ ᠳᠤ᠂ ᠮᠠᠨ ᠤ ᠲᠢᠩᠬᠢᠮ ︽ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯᠯᠠᠭᠠᠨ ᠤ ᠵᠢᠯᠣᠭᠤᠳᠤᠮᠵᠢ ︵ᠲᠤᠷᠰᠢᠨ | ᠬᠡᠷᠡᠭᠵᠢᠭᠦᠯᠬᠦ︶︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠂ ᠲᠤᠰ ᠰᠢᠷᠢᠰ ᠠᠵᠢᠯᠯᠠᠭᠠᠨ ᠤ ᠵᠢᠯᠣᠭᠤᠳᠤᠮᠵᠢ ᠨᠢ | ᠣᠶᠢᠷ᠎ᠠ ᠶᠢᠨ ᠵᠢᠯ ᠤᠳ ᠠᠴᠠ ᠨᠠᠭᠠᠰᠢᠬᠢ ᠭᠠᠵᠠᠷ ᠰᠢᠷᠣᠢ᠂ ᠨᠤᠲᠤᠭ ᠪᠡᠯᠴᠢᠭᠡᠷ᠂ ᠤᠰᠤ᠂ ᠠᠭᠤᠷᠬᠠᠢ ᠶᠢᠨ | ᠭᠠᠷᠤᠯᠲᠠ᠂ ᠤᠰᠤᠨ ᠤ ᠣᠷᠴᠢᠨ ᠲᠣᠭᠤᠷᠢᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ᠂ ᠠᠭᠠᠷ ᠮᠠᠨᠳᠠᠯ ᠤᠨ | ᠣᠷᠴᠢᠨ ᠲᠣᠭᠤᠷᠢᠨ ᠵᠡᠷᠭᠡ ᠪᠠᠶᠢᠭᠠᠯᠢ ᠶᠢᠨ ᠡᠬᠢ ᠪᠠᠶᠠᠯᠢᠭ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ | ᠪᠣᠳᠣᠬᠤ ᠠᠭᠤᠯᠭ᠎ᠠ᠂ ᠬᠢᠨᠠᠨ ᠪᠣᠳᠣᠬᠤ ᠦᠨᠡᠯᠡᠯᠲᠡ ᠶᠢᠨ ᠭᠦᠢᠴᠡᠳᠬᠡᠯ ᠲᠤᠭ᠎ᠠ᠂ ᠬᠢᠨᠠᠨ ᠪᠣᠳᠣᠬᠤ ᠳᠡᠰ ᠳᠠᠷᠠᠭᠠᠯᠠᠯ | ᠪᠠ ᠬᠢᠨᠠᠨ ᠪᠣᠳᠣᠬᠤ ᠮᠡᠷᠭᠡᠵᠢᠯ ᠬᠢᠭᠡᠳ ᠠᠷᠭ᠎ᠠ ᠵᠢᠴᠢ ᠬᠡᠮᠵᠢᠨ ᠵᠢᠷᠤᠭᠰᠠᠨ ᠭᠠᠵᠠᠷ ᠵᠦᠢ ᠶᠢᠨ ᠮᠡᠳᠡᠭᠡ ᠵᠠᠩᠭᠢ ᠶᠢᠨ | ᠮᠡᠷᠭᠡᠵᠢᠯ ᠵᠡᠷᠭᠡ ᠲᠠᠯ᠎ᠠ ᠶᠢᠨ ᠠᠭᠤᠯᠭ᠎ᠠ ᠶᠢ ᠨᠡᠯᠢᠶᠡᠳ ᠰᠢᠰᠲ᠋ᠧᠮ ᠲᠠᠢ ᠳ᠋ᠦᠩᠨᠡᠵᠦ᠂ ᠵᠢᠷᠤᠮᠯᠠᠨ ᠳᠠᠭᠠᠵᠤ ᠪᠣᠯᠬᠤᠶᠢᠴᠠ | ᠳᠡᠯᠭᠡᠷᠡᠭᠦᠯᠵᠦ ᠪᠣᠯᠬᠤᠶᠢᠴᠠ ᠬᠢᠨᠠᠨ ᠪᠣᠳᠣᠬᠤ ᠠᠵᠢᠯ ᠤᠨ ᠰᠡᠳᠬᠢᠮᠵᠢ ᠵᠢᠴᠢ ᠬᠢᠳᠡᠯ ᠢ ᠠᠩᠬ᠎ᠠ ᠠᠯᠬᠤᠮ | ᠪᠦᠷᠢᠯᠳᠦᠭᠦᠯᠦᠭᠰᠡᠨ ᠤ ᠬᠠᠮᠲᠤ᠂ ᠨᠢᠭᠡᠨᠲᠡ ᠪᠦᠬᠦ ᠣᠷᠣᠨ ᠤ ᠬᠢᠨᠠᠨ ᠪᠣᠳᠣᠬᠤ ᠪᠠᠶᠢᠭᠤᠯᠭ᠎ᠠ ᠳᠤ ᠲᠤᠷᠰᠢᠨ | ᠬᠡᠷᠡᠭᠵᠢᠭᠦᠯᠪᠡ᠃ ᠡᠭᠦᠨ ᠠᠴᠠ ᠭᠠᠳᠠᠨ᠎ᠠ᠂ ᠡᠨᠡ ᠵᠢᠯ ᠪᠢᠳᠡ ᠪᠠᠰᠠ ᠬᠢᠨᠠᠨ ᠪᠣᠳᠣᠬᠤ ᠵᠠᠬᠢᠷᠭ᠎ᠠ ᠪᠠ ᠳᠤᠮᠳᠠᠳᠤ | ᠤᠯᠤᠰ ᠤᠨ ᠬᠢᠨᠠᠨ ᠪᠣᠳᠣᠬᠤ ᠨᠡᠶᠢᠭᠡᠮᠯᠢᠭ ᠤᠨ ᠲᠣᠬᠢᠷᠠᠭᠤᠯᠤᠯᠲᠠ ᠶᠣᠰᠣᠭᠠᠷ᠂ ᠤᠷᠢᠳ ᠬᠤᠵᠢᠳ ᠮᠣᠩᠭᠤᠯ | ᠤᠯᠤᠰ ᠤᠨ ᠬᠢᠨᠠᠬᠤ ᠪᠣᠳᠣᠬᠤ ᠲᠤᠰᠢᠶᠠᠯᠲᠠᠳ ᠪᠠ ᠳᠠᠯᠠᠢ ᠶᠢᠨ ᠪᠤᠯᠤᠩ ᠤᠨ ᠬᠤᠶᠠᠷ ᠡᠷᠭᠢ ᠵᠢᠴᠢ ᠰᠢᠶᠠᠩᠭᠠᠩ | ᠣᠣᠮᠧᠨ ᠣᠷᠣᠨ ᠤ ᠬᠢᠨᠠᠨ ᠪᠣᠳᠣᠬᠤ ᠲᠥᠯᠥᠭᠡᠯᠡᠭᠴᠢᠳ ᠲᠤ ᠥᠪᠥᠷ ᠮᠣᠩᠭᠤᠯ ᠤᠨ ᠤᠳᠤᠷᠢᠳᠬᠤ ᠺᠠᠳ᠋ᠷᠴᠤᠳ ᠤᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ | ᠦᠶ᠎ᠡ ᠶᠢᠨ ᠬᠢᠨᠠᠨ ᠪᠣᠳᠣᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰ ᠲᠤᠰ ᠲᠠᠨᠢᠯᠴᠠᠭᠤᠯᠵᠤ᠂ ᠨᠡᠶᠢᠳᠡᠮ ᠤᠨ | ᠰᠠᠶᠢᠨ ᠦᠨᠡᠯᠡᠯᠲᠡ ᠶᠢ ᠣᠯᠵᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢᠨ | ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠰᠡᠭᠦᠳᠡᠷᠯᠡᠨ | ᠰᠢᠩᠭᠡᠭᠡᠭᠰᠡᠨ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠭᠡᠬᠦ ᠤᠬᠠᠭᠤᠯᠭ᠎ᠠ ᠶᠢᠨ ᠺᠢᠨᠣ᠋ ᠨᠢ᠂ ᠮᠠᠨ ᠤ | ᠲᠢᠩᠬᠢᠮ ᠠᠴᠠ ᠲᠦᠷᠦᠭᠦᠯᠡᠨ ᠥᠷᠨᠢᠭᠦᠯᠦᠭᠰᠡᠨ ᠡᠨᠡ ᠬᠦ ᠵᠦᠢᠯ ᠤᠨ ᠠᠵᠢᠯ ᠢᠶᠠᠷ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠤᠭᠰᠠᠨ ᠨᠢᠭᠡᠨ ᠴᠢᠬᠤᠯᠠ ᠠᠭᠤᠯᠭ᠎ᠠ ᠪᠣᠯᠭᠠᠨ ᠮᠡᠳᠡᠭᠡᠯᠡᠪᠡ᠃ ᠨᠢᠳᠤᠨᠤᠨ ᠵᠢᠯ ᠤᠨ 8 ᠳ᠋ᠤᠭᠠᠷ | ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ | ᠣᠢ ᠶᠢ ᠪᠡᠯᠭᠡᠯᠡᠬᠦ ᠦᠶ᠎ᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠤᠯ ᠤᠨ | ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠤᠤᠯ ᠤᠨ | ᠲᠡᠷᠢᠭᠦᠯᠡᠭᠴᠢ ᠢᠦᠢ ᠵᠧᠩ ᠱᠧᠩ ᠨᠥᠬᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠥᠪᠥᠷ | ᠮᠣᠩᠭᠤᠯ ᠤᠨ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠲᠤᠷᠰᠢᠯᠲᠠ ᠶᠢᠨ ᠴᠡᠭ ᠤᠨ ᠬᠢᠨᠠᠯᠲᠠ | ᠪᠣᠳᠣᠯᠲᠠ ᠶᠢ ᠥᠷᠨᠢᠭᠦᠯᠦᠭᠰᠡᠨ ᠬᠢᠳᠡᠯ ᠢ ᠭᠦᠢᠴᠡᠳ ᠨᠤᠲᠠᠯᠠᠵᠤ᠂ ᠥᠪᠥᠷ ᠮᠣᠩᠭᠤᠯ ᠤᠨ ᠬᠤᠶᠢᠰᠢᠳᠠ ᠡᠨᠡ ᠬᠦ | ᠵᠦᠢᠯ ᠤᠨ ᠬᠢᠨᠠᠨ ᠪᠣᠳᠣᠬᠤ ᠠᠵᠢᠯ ᠢ ᠰᠠᠶᠢᠲᠤᠷ ᠬᠢᠬᠦ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠃ | 2017 ᠣᠨ ᠤ 10 ᠳ᠋ᠤᠭᠠᠷ ᠰᠠᠷ᠎ᠠ ᠳᠤ᠂ ᠬᠢᠨᠠᠨ ᠪᠣᠳᠣᠬᠤ ᠵᠠᠬᠢᠷᠭ᠎ᠠ ᠶᠢᠨ ᠬᠤᠷᠠᠯᠳᠤᠭᠤᠯᠤᠭᠰᠠᠨ ᠪᠦᠬᠦ | ᠤᠯᠤᠰ ᠤᠨ ᠬᠢᠨᠠᠨ ᠪᠣᠳᠣᠬᠤ ᠪᠠᠶᠢᠭᠤᠯᠭ᠎ᠠ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠯᠲᠠ | ᠪᠣᠳᠣᠯᠲᠠ ᠶᠢᠨ ᠲᠧᠯᠸᠢᠰ ᠬᠤᠷᠠᠯ ᠳᠡᠭᠡᠷ᠎ᠡ ᠮᠠᠨ ᠤ ᠲᠢᠩᠬᠢᠮ ᠠᠴᠠ ᠲᠤᠷᠰᠢᠯᠭ᠎ᠠ ᠪᠠᠨ ᠲᠠᠨᠢᠯᠴᠠᠭᠤᠯᠤᠭᠰᠠᠨ ᠦᠭᠡ | ᠶᠠᠷᠢᠵᠤ᠂ ᠪᠦᠬᠦ ᠤᠯᠤᠰ ᠤᠨ ᠬᠢᠨᠠᠨ ᠪᠣᠳᠣᠬᠤ ᠪᠠᠶᠢᠭᠤᠯᠭ᠎ᠠ ᠠᠴᠠ ᠡᠨᠡ ᠤᠳᠠᠭᠠᠨ ᠤ ᠬᠤᠷᠠᠯ ᠳᠤ ᠣᠷᠣᠯᠴᠠᠭᠰᠠᠨ | ᠬᠥᠮᠥᠨ ᠤ ᠲᠤᠭ᠎ᠠ ᠨᠢ 7.5 ᠲᠦᠮᠡᠨ ᠬᠥᠮᠥᠨ ᠳᠤ ᠬᠦᠷᠪᠡ᠃ 2017 ᠣᠨ ᠤ 11 ᠳ᠋ᠦ᠋ᠭᠡᠷ ᠰᠠᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠤᠳᠤᠷᠢᠳᠬᠤ ᠳᠤᠭᠤᠶᠢᠯᠠᠩ ᠤᠨ 28 ᠳ᠋ᠤᠭᠠᠷ ᠤᠳᠠᠭᠠᠨ ᠤ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠠᠵᠢᠯ ᠢ ᠲᠤᠰᠬᠠᠢ ᠰᠡᠳᠦᠪ ᠢᠶᠠᠷ ᠳ᠋ᠦᠩᠨᠡᠨ᠂ ᠡᠯ᠎ᠡ ᠲᠤᠰᠬᠠᠢ ᠵᠦᠢᠯ ᠤᠨ ᠳᠤᠭᠤᠶᠢᠯᠠᠩ ᠤᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠶᠡᠷᠦᠩᠬᠡᠢ ᠱᠦᠵᠢ ᠶᠢᠨ ᠵᠢᠭᠠᠪᠤᠷᠢᠯᠠᠭᠰᠠᠨ ︽ᠭᠤᠷᠪᠠᠨ ᠵᠦᠢᠯ ᠤᠨ | ᠥᠭᠡᠷᠡᠴᠢᠯᠡᠯᠲᠡ︾ ᠳᠤ ᠴᠢᠬᠤᠯᠠ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ | ᠲᠣᠳᠣᠷᠬᠠᠢ ᠵᠢᠭᠠᠵᠤ ᠭᠠᠷᠭᠠᠪᠠ᠂ ᠡᠭᠦᠨ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠪᠠᠭᠲᠠᠭᠠᠵᠤ | ᠪᠠᠶᠢᠨ᠎ᠠ᠃ | 2018 ᠣᠨ ᠤ 9 ᠳ᠋ᠦ᠋ᠭᠡᠷ ᠰᠠᠷ᠎ᠠ ᠳᠤ᠂ ᠬᠢᠨᠠᠨ ᠪᠣᠳᠣᠬᠤ ᠵᠠᠬᠢᠷᠭ᠎ᠠ ᠶᠢᠨ ᠬᠢᠨᠠᠨ ᠪᠣᠳᠣᠬᠤ ᠳᠡᠳ᠋ ᠳᠠᠷᠤᠭ᠎ᠠ | ᠴᠢᠨ ᠪᠦᠸᠧ ᠶᠦᠩ ᠮᠠᠨ ᠤ ᠲᠢᠩᠬᠢᠮ ᠳᠤ ᠢᠷᠡᠵᠦ ᠪᠠᠶᠢᠴᠠᠭᠠᠨ ᠰᠤᠳᠤᠯᠬᠤ ᠦᠶ᠎ᠡ ᠳᠤ᠄ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠯᠲᠠ ᠪᠣᠳᠣᠯᠲᠠ ᠶᠢ ᠥᠷᠨᠢᠭᠦᠯᠦᠭᠰᠡᠨ | ᠨᠢ ᠥᠪᠡᠷᠮᠢᠴᠡ ᠣᠨᠴᠠᠯᠢᠭ ᠲᠠᠢ᠂ ᠮᠠᠰᠢ ᠯᠠᠪᠳᠠᠭᠤᠨ ᠪᠠᠲᠤᠲᠠᠢ᠂ ᠮᠠᠰᠢ ᠢᠯᠡᠷᠬᠡᠢ ᠦᠷ᠎ᠡ ᠪᠦᠲᠦᠮᠵᠢ ᠲᠠᠢ ᠪᠠᠶᠢᠵᠤ᠂ | ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ | ᠦᠶ᠎ᠡ ᠶᠢᠨ ᠬᠢᠨᠠᠯᠲᠠ ᠪᠣᠳᠣᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠦᠭᠰᠡᠨ ᠥᠪᠡᠷᠲᠡᠭᠡᠨ ᠵᠠᠰᠠᠬᠤ ᠣᠷᠣᠨ᠂ | ᠮᠤᠵᠢ ᠶᠢᠨ ᠱᠠᠲᠤᠨ ᠤ ᠨᠢᠭᠡᠴᠢ ᠶᠢᠨ ᠳᠣᠲᠣᠷ᠎ᠠ ᠲᠤᠷᠰᠢᠯᠭ᠎ᠠ ᠬᠤᠷᠠᠮᠳᠤᠭᠤᠯᠤᠭᠰᠠᠨ ᠢᠶᠠᠷ ᠨᠡᠯᠢᠶᠡᠳ ᠣᠯᠠᠨ ᠬᠡᠳᠦᠨ | ᠨᠢᠭᠡᠴᠢ ᠶᠢᠨ ᠨᠢᠭᠡ ᠪᠠᠶᠢᠵᠤ᠂ ᠬᠢᠨᠠᠨ ᠪᠣᠳᠣᠬᠤ ᠵᠠᠬᠢᠷᠭ᠎ᠠ ᠠᠴᠠ ︿ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ | ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠣᠳᠣᠬᠤ ᠲᠦᠷ ᠬᠡᠷᠡᠭᠵᠢᠭᠦᠯᠬᠦ | ᠲᠣᠭᠲᠠᠭᠠᠯ ︵ᠲᠤᠷᠰᠢᠨ ᠬᠡᠷᠡᠭᠵᠢᠭᠦᠯᠬᠦ︶﹀ ᠶᠢ ᠲᠤᠭᠤᠷᠪᠢᠬᠤ ᠳᠤ ᠵᠠᠮ ᠨᠡᠭᠡᠭᠡᠨ᠂ ᠲᠤᠷᠰᠢᠯᠭ᠎ᠠ ᠬᠤᠷᠠᠯᠳᠤᠭᠤᠯᠵᠤ | ᠥᠭᠪᠡ︾ ᠭᠡᠵᠦ ᠵᠢᠭᠠᠵᠤ ᠭᠠᠷᠭᠠᠪᠠ᠃ ᠡᠭᠦᠨ ᠠᠴᠠ ᠭᠠᠳᠠᠨ᠎ᠠ᠂ ᠮᠠᠨ ᠤ ᠲᠢᠩᠬᠢᠮ ᠠᠴᠠ ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠯᠲᠠ ᠪᠣᠳᠣᠯᠲᠠ ᠶᠢ ᠠᠬᠢᠭᠤᠯᠬᠤ | ᠶᠠᠪᠤᠴᠠ ᠳᠤ᠂ ᠪᠠᠰᠠ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ ᠠᠪᠬᠤ ᠪᠠ ᠬᠠᠮᠢᠶ᠎ᠠ ᠪᠦᠬᠦᠢ ᠲᠤᠰᠬᠠᠢ | ᠮᠡᠷᠭᠡᠵᠢᠯᠲᠡᠳ ᠢ ᠤᠷᠢᠵᠤ ᠬᠢᠨᠠᠨ ᠪᠣᠳᠣᠬᠤ ᠳᠤ ᠣᠷᠣᠯᠴᠠᠭᠤᠯᠬᠤ ᠪᠠᠷ ᠳᠠᠮᠵᠢᠭᠤᠯᠤᠨ᠂ ᠲᠤᠰᠬᠠᠢ ᠮᠡᠷᠭᠡᠵᠢᠯ ᠤᠨ | ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠪᠡ︔ ᠮᠠᠨ ᠤ ᠲᠢᠩᠬᠢᠮ ᠠᠴᠠ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ᠂ ᠥᠪᠥᠷ ᠮᠣᠩᠭᠤᠯ ᠤᠨ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠣᠪᠴᠢᠶ᠎ᠠ᠂ | ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠵᠤ ᠲᠥᠯᠥᠪᠯᠡᠬᠦ ᠬᠦᠷᠢᠶᠡᠯᠡᠩ ᠵᠡᠷᠭᠡ ᠨᠢᠭᠡᠴᠢ ᠲᠠᠢ | ᠲᠥᠷᠥᠯ ᠵᠦᠢᠯ ᠢᠶᠠᠷ ᠬᠠᠮᠲᠤᠷᠠᠯᠴᠠᠬᠤ ᠪᠠᠷ ᠳᠠᠮᠵᠢᠭᠤᠯᠤᠨ᠂ ᠤᠷᠲᠤ ᠬᠤᠭᠤᠴᠠᠭᠠᠨ ᠤ᠂ ᠲᠣᠭᠲᠠᠪᠤᠷᠢᠲᠠᠢ | ᠬᠠᠮᠵᠢᠯᠴᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠤᠭᠰᠠᠨ ᠭᠡᠬᠦ ᠮᠡᠲᠦ᠃ | ᠬᠥᠲᠥᠯᠥᠭᠴᠢ᠄ | ᠭᠦᠸᠧ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠬᠤ ᠪᠠᠷ ᠳᠠᠮᠵᠢᠭᠤᠯᠵᠤ᠂ ᠪᠢᠳᠡ ᠣᠶᠢᠷ᠎ᠠ ᠶᠢᠨ | ᠵᠢᠯ ᠤᠳ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠶᠡᠭᠡ ᠬᠡᠮᠵᠢᠶᠡᠨ ᠤ | ᠦᠷ᠎ᠡ ᠪᠦᠲᠦᠮᠵᠢᠲᠡᠢ ᠠᠵᠢᠯ ᠬᠢᠵᠦ᠂ ᠮᠠᠰᠢ ᠣᠯᠠᠨ ᠬᠤᠪᠣᠷ ᠨᠠᠨᠳᠢᠨ ᠲᠤᠷᠰᠢᠯᠭ᠎ᠠ ᠪᠠ ᠬᠢᠳᠡᠯ | ᠬᠤᠷᠠᠮᠳᠤᠭᠤᠯᠤᠭᠰᠠᠨ ᠢ ᠮᠡᠳᠡᠵᠦ ᠪᠣᠯᠣᠨ᠎ᠠ᠃ ᠲᠡᠭᠡᠪᠡᠯ 2018 ᠣᠨ ᠳᠤ ᠥᠪᠡᠷᠲᠡᠭᠡᠨ ᠵᠠᠰᠠᠬᠤ ᠣᠷᠣᠨ ᠤ ᠬᠢᠨᠠᠨ | ᠪᠣᠳᠣᠬᠤ ᠲᠢᠩᠬᠢᠮ ᠠᠴᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠶᠠᠪᠤᠴᠠ ᠳᠤ ᠭᠤᠣᠯᠳᠠᠭᠤ ᠶᠠᠮᠠᠷ ᠶᠠᠮᠠᠷ ᠠᠵᠢᠯ ᠬᠢᠭᠰᠡᠨ ᠪᠣᠢ︖ | ᠭᠦᠸᠧ ᠱᠤᠤ ᠬᠤᠸᠠ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠨᠠᠶᠢᠳᠠᠪᠤᠷᠢᠵᠢᠭᠤᠯᠤᠨ᠂ 2018 ᠣᠨ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠤᠰᠠᠳᠠ᠂ | ᠮᠠᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ | ᠶᠣᠰᠣᠭᠠᠷ᠂ ᠢᠳᠡᠪᠬᠢᠲᠡᠢ ᠪᠠᠷ ᠳᠣᠣᠷᠠᠬᠢ ᠠᠷᠭ᠎ᠠ ᠬᠡᠮᠵᠢᠶ᠎ᠡ ᠶᠢ ᠠᠪᠤᠪᠠ᠃ ᠨᠢᠭᠡ ᠳᠤ᠂ ᠡᠨᠡ ᠵᠢᠯ ᠬᠢᠨᠠᠨ ᠪᠣᠳᠣᠬᠤ | ᠲᠢᠩᠬᠢᠮ ᠠᠴᠠ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨᠠᠨ ᠪᠣᠳᠣᠬᠤ ᠪᠠᠶᠢᠭᠤᠯᠭ᠎ᠠ ᠶᠢ ᠵᠣᠬᠢᠶᠠᠨ | ᠪᠠᠶᠢᠭᠤᠯᠵᠤ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠪᠦᠬᠦ | ᠲᠠᠯ᠎ᠠ ᠪᠠᠷ ᠥᠷᠨᠢᠭᠦᠯᠪᠡ᠂ ᠲᠤᠬᠠᠶᠢᠯᠠᠪᠠᠯ ᠬᠢᠨᠠᠨ ᠪᠣᠳᠣᠬᠤ ᠲᠢᠩᠬᠢᠮ ᠠᠴᠠ ᠤᠯᠠᠭᠠᠨᠬᠤᠲᠠ ᠶᠢᠨ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠪᠣᠳᠣᠯᠲᠠ ᠬᠢᠭᠰᠡᠨ ᠤ ᠬᠠᠮᠲᠤ᠂ 11 ᠠᠶᠢᠮᠠᠭ | ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠵᠣᠬᠢᠶᠠᠨ ᠪᠠᠶᠢᠭᠤᠯᠵᠤ ᠪᠠᠶᠢᠭᠠᠳ ᠬᠠᠷᠢᠶ᠎ᠠ ᠣᠷᠣᠨ ᠤ ᠳᠣᠲᠣᠷᠠᠬᠢ 1 | ᠬᠤᠰᠢᠭᠤ ᠰᠢᠶᠠᠨ ᠤ ᠤᠳᠤᠷᠢᠳᠬᠤ ᠺᠠᠳ᠋ᠷ ᠲᠤ ᠬᠢᠨᠠᠯᠲᠠ ᠪᠣᠳᠣᠯᠲᠠ ᠢᠵᠦ᠂ 1 ᠠᠶᠢᠮᠠᠭ ᠬᠤᠲᠠ ᠶᠢᠨ ᠬᠢᠨᠠᠨ | ᠪᠣᠳᠣᠬᠤ ᠲᠣᠪᠴᠢᠶ᠎ᠠ ᠪᠠ 2 ᠠᠰ ᠲᠤ ᠪᠠᠨ ᠲᠥᠯᠥᠪᠯᠡᠭᠡ ᠬᠢᠬᠦ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ | ᠵᠣᠬᠢᠶᠠᠨ ᠪᠠᠶᠢᠭᠤᠯᠵᠤ ᠪᠠᠶᠢᠭᠠᠳ ᠲᠤᠰ ᠱᠠᠲᠤᠨ ᠤ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠪᠣᠳᠣᠯᠲᠠ ᠬᠢᠵᠦ᠂ ᠪᠣᠬᠢᠷᠲᠤᠯ ᠢ ᠰᠡᠷᠭᠡᠶᠢᠯᠡᠨ | ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠪᠦᠬᠦ ᠲᠠᠯ᠎ᠠ ᠪᠠᠷ ᠬᠦᠴᠦᠯᠡᠪᠡ᠃ ᠬᠤᠶᠠᠷ ᠲᠤ᠂ ᠬᠢᠨᠠᠨ ᠪᠣᠳᠣᠬᠤ | ᠲᠢᠩᠬᠢᠮ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠲᠤᠰ ᠱᠠᠲᠤ ᠵᠢᠴᠢ 12 ᠠᠶᠢᠮᠠᠭ ᠬᠤᠲᠠ᠂ | 2 ᠠᠰ ᠲᠤ ᠪᠠᠨ ᠲᠥᠯᠥᠪᠯᠡᠭᠡ ᠬᠢᠬᠦ ᠬᠤᠲᠠ ᠶᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠵᠦᠢᠯ ᠤᠨ ᠪᠡᠯᠡ ᠮᠥᠩᠭᠦ ᠳᠤ ᠬᠢᠨᠠᠯᠲᠠ ᠪᠣᠳᠣᠯᠲᠠ ᠬᠢᠬᠦ ᠶᠢ | ᠬᠠᠷᠢᠭᠤᠴᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠵᠦᠢᠯ ᠤᠨ ᠪᠡᠯᠡ ᠮᠥᠩᠭᠦ ᠪᠠᠨ ᠬᠡᠷᠡᠭᠯᠡᠭᠰᠡᠨ | ᠪᠠᠶᠢᠳᠠᠯ ᠳᠤ ᠪᠠᠶᠢᠴᠠᠭᠠᠯᠲᠠ ᠬᠢᠪᠡ᠃ ᠭᠤᠷᠪᠠ ᠳᠤ᠂ ᠲᠥᠰᠥᠪ ︵ ᠤᠨ ᠭᠦᠢᠴᠡᠳᠬᠡᠯ︶ ᠤᠨ ᠬᠡᠷᠡᠭᠵᠢᠭᠦᠯᠦᠯᠲᠡ ᠶᠢᠨ | ᠬᠢᠨᠠᠨ ᠪᠣᠳᠣᠬᠤ ᠪᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠲᠥᠷᠥᠯ ᠵᠦᠢᠯ ᠳᠤ᠂ ᠪᠠᠶᠢᠭᠠᠯᠢ ᠶᠢᠨ | ᠡᠬᠢ ᠪᠠᠶᠠᠯᠢᠭ ᠡᠳ᠋ ᠬᠥᠷᠥᠩᠭᠡ ᠶᠢ ᠬᠠᠮᠠᠭᠠᠯᠠᠭᠰᠠᠨ᠂ ᠠᠰᠢᠭᠯᠠᠭᠰᠠᠨ᠂ ᠨᠡᠭᠡᠭᠡᠨ ᠬᠥᠭᠵᠢᠭᠦᠯᠦᠭᠰᠡᠨ ᠪᠠ ᠠᠮᠢ | ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠭᠰᠠᠨ ᠵᠡᠷᠭᠡ ᠪᠠᠶᠢᠳᠠᠯ ᠳᠤ ᠠᠩᠬᠠᠷᠤᠯ ᠢᠶᠠᠨ ᠬᠠᠨᠳᠤᠭᠤᠯᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠠᠵᠤ ᠠᠬᠤᠢ ᠶᠢᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠪᠣᠳᠣᠯᠲᠠ ᠬᠢᠬᠦ ᠴᠢᠬᠤᠯᠠ ᠲᠥᠷᠥᠯ ᠵᠦᠢᠯ | ᠨᠢᠭᠡᠪᠦᠷᠢ ᠳᠤ ᠨᠡᠶᠢᠳᠡᠮ ᠳᠤ ᠨᠢ ᠲᠤᠭᠤᠰᠢᠯᠠᠭᠤᠯᠬᠤ ᠪᠠᠷ ᠱᠠᠭᠠᠷᠳᠠᠵᠠᠢ᠃ | ᠬᠥᠲᠥᠯᠥᠭᠴᠢ᠄ | ᠲᠠ ᠰᠠᠶ᠋ᠢᠬᠠᠨ ᠡᠨᠡ ᠵᠢᠯ ᠤᠨ ᠬᠢᠨᠠᠨ ᠪᠣᠳᠣᠬᠤ ᠲᠢᠩᠬᠢᠮ ᠠᠴᠠ ᠪᠦᠬᠦ ᠣᠷᠣᠨ ᠤ ᠡᠯ᠎ᠡ ᠠᠶᠢᠮᠠᠭ ᠬᠤᠲᠠ ᠶᠢᠨ | ᠬᠢᠨᠠᠨ ᠪᠣᠳᠣᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠪᠠᠶᠢᠭᠠᠳ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ | ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ | ᠬᠢᠨᠠᠨ ᠪᠣᠳᠣᠬᠤ ᠠᠵᠢᠯ ᠢ ᠥᠷᠨᠢᠭᠦᠯᠦᠭᠰᠡᠨ ᠪᠠᠶᠢᠳᠠᠯ ᠢ ᠶᠠᠷᠢᠪᠠ᠂ ᠲᠡᠭᠡᠪᠡᠯ ᠬᠢᠨᠠᠨ ᠪᠣᠳᠣᠬᠤ ᠡᠲᠡᠭᠡᠳ ᠨᠢ ᠴᠣᠬᠤᠮ | ᠠᠯᠢ ᠠᠯᠢ ᠪᠣᠢ︖ | ᠭᠦᠸᠧ ᠱᠤᠤ ᠬᠤᠸᠠ᠄ | ᠨᠢᠭᠡ ᠳᠤ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ | ᠤᠳᠤᠷᠢᠳᠬᠤ ᠺᠠᠳ᠋ᠷᠴᠤᠳ︔ ᠬᠤᠶᠠᠷ ᠲᠤ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠡᠭᠦᠷᠭᠡᠯᠡᠵᠦ ᠪᠠᠶᠢᠭ᠎ᠠ | ᠬᠠᠮᠢᠶ᠎ᠠ ᠪᠦᠬᠦᠢ ᠰᠠᠯᠠᠭ᠎ᠠ ᠮᠥᠴᠢᠷ ︵ᠨᠢᠭᠡᠴᠢ︶ ᠤᠨ ᠭᠤᠣᠯ ᠤᠳᠤᠷᠢᠳᠬᠤ ᠺᠠᠳ᠋ᠷᠴᠤᠳ ᠪᠠᠶᠢᠵᠤ᠂ ᠭᠤᠣᠯᠳᠠᠭᠤ | ᠬᠥᠭᠵᠢᠭᠦᠯᠦᠯᠲᠡ ᠪᠠ ᠥᠭᠡᠷᠡᠴᠢᠯᠡᠯᠲᠡ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠣᠷᠴᠢᠨ ᠲᠣᠭᠤᠷᠢᠨ ᠤ | ᠬᠠᠮᠠᠭᠠᠯᠠᠯᠲᠠ᠂ ᠤᠰᠤᠨ ᠠᠰᠢᠭᠯᠠᠯᠲᠠ᠂ ᠲᠠᠷᠢᠶᠠᠯᠠᠩ᠂ ᠣᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ︵ | ᠨᠢᠭᠡᠴᠢ︶ ᠲᠤ ᠬᠤᠯᠪᠣᠭᠳᠠᠨ᠎ᠠ᠃ | ᠬᠥᠲᠥᠯᠥᠭᠴᠢ᠄ | ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ | ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠬᠢᠭᠡᠳ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠣᠳᠣᠬᠤ ᠠᠵᠢᠯ ᠢ ᠬᠡᠷᠬᠢᠨ ᠵᠣᠯᠭᠠᠯᠳᠤᠭᠤᠯᠬᠤ ᠪᠣᠢ︖ | ᠭᠦᠸᠧ ᠱᠤᠤ ᠬᠤᠸᠠ᠄ | ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ | ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠶᠢ ᠠᠵᠤ ᠠᠬᠤᠢ ᠶᠢᠨ ᠬᠠᠷᠢᠭᠤᠴᠠᠯᠭ᠎ᠠ ᠶᠢᠨ | ᠬᠢᠨᠠᠨ ᠪᠣᠳᠣᠬᠤ ᠲᠠᠢ ᠴᠢᠳᠠᠬᠤ ᠶᠢᠨ ᠬᠢᠷᠢ ᠪᠠᠷ ᠨᠢᠭᠡᠳᠦᠯᠲᠡᠢ ᠲᠥᠯᠥᠵᠢᠭᠦᠯᠦᠨ ᠬᠡᠷᠡᠭᠵᠢᠭᠦᠯᠬᠦ ᠬᠡᠷᠡᠭᠲᠡᠢ᠃ ᠣᠨ ᠤ | ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠮᠥᠷᠲᠡᠭᠡᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ | ᠦᠶ᠎ᠡ ᠶᠢᠨ ᠬᠢᠨᠠᠨ ᠪᠣᠳᠣᠬᠤ ᠡᠲᠡᠭᠡᠳ ᠲᠤ ᠣᠷᠣᠭᠤᠯᠤᠭᠰᠠᠨ ᠤᠳᠤᠷᠢᠳᠬᠤ ᠺᠠᠳ᠋ᠷᠴᠤᠳ ᠢ᠂ ᠶᠡᠷᠦ ᠳᠤ ᠪᠠᠨ | ᠬᠠᠮᠲᠤ ᠳᠤ ᠨᠢ ᠲᠣᠬᠢᠷᠠᠭᠤᠯᠤᠨ ᠬᠢᠨᠠᠯᠲᠠ ᠪᠣᠳᠣᠯᠲᠠ ᠬᠢᠨ᠎ᠡ᠃ ᠭᠡᠲᠡᠯ᠎ᠡ ᠬᠤᠶᠠᠷ ᠵᠦᠢᠯ ᠤᠨ ᠠᠵᠢᠯ ᠢ ᠪᠣᠳᠠᠲᠠᠢ ᠪᠠᠷ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠤ᠂ ᠬᠢᠨᠠᠨ ᠪᠣᠳᠣᠬᠤ ᠮᠡᠳᠡᠭᠳᠡᠯ ᠤᠨ ᠪᠢᠴᠢᠭ ᠪᠠ ᠬᠢᠨᠠᠨ ᠪᠣᠳᠣᠬᠤ | ᠲᠥᠰᠥᠯ ᠢ ᠲᠣᠭᠲᠠᠭᠠᠬᠤ᠂ ᠬᠢᠨᠠᠨ ᠪᠣᠳᠣᠬᠤ ᠳᠤᠭᠤᠶᠢᠯᠠᠩ ᠤᠨ ᠠᠵᠢᠯ ᠤᠨ ᠬᠤᠪᠢᠶᠠᠷᠢᠯᠠᠯᠲᠠ᠂ ᠬᠢᠨᠠᠨ ᠪᠣᠳᠣᠬᠤ | ᠮᠡᠳᠡᠭᠦᠯᠦᠯᠲᠡ ᠪᠠ ᠬᠢᠨᠠᠨ ᠪᠣᠳᠣᠬᠤ ᠰᠠᠨᠠᠯ ᠢ ᠲᠤᠭᠤᠷᠪᠢᠬᠤ ᠵᠡᠷᠭᠡ ᠲᠠᠯ᠎ᠠ ᠪᠠᠷ᠂ ᠥᠪᠡᠷ ᠥᠪᠡᠷ ᠤᠨ ᠲᠤᠰᠠᠭᠠᠷ | ᠴᠢᠨᠠᠷ ᠢᠶᠠᠨ ᠪᠠᠲᠤᠯᠠᠨ᠎ᠠ᠃ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠪᠠ ᠠᠵᠤ | ᠠᠬᠤᠢ ᠶᠢᠨ ᠬᠠᠷᠢᠭᠤᠴᠠᠯᠭ᠎ᠠ ᠶᠢᠨ ᠬᠢᠨᠠᠯᠲᠠ ᠪᠣᠳᠣᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠯᠳᠤᠭᠤᠯᠬᠤ ᠶᠢᠨ | ᠬᠠᠮᠲᠤ᠂ ᠢᠯᠭᠠᠭ᠎ᠠ ᠵᠥᠷᠢᠶ᠎ᠡ ᠪᠠ ᠭᠤᠣᠯᠳᠠᠯᠭ᠎ᠠ ᠲᠠᠢ ᠪᠠᠶᠢᠯᠭᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ | ᠪᠣᠳᠣᠯᠲᠠ ᠶᠢᠨ ᠭᠤᠣᠯᠳᠠᠯᠭ᠎ᠠ ᠶᠢ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠵᠤ ᠪᠠᠶᠢᠭ᠎ᠠ | ᠬᠤᠭᠤᠴᠠᠭᠠᠨ ᠳᠠᠬᠢ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ | ᠣᠷᠴᠢᠨ ᠲᠣᠭᠤᠷᠢᠨ ᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠲᠠᠯᠪᠢᠵᠤ᠂ ᠳᠠᠷᠠᠭ᠎ᠠ ᠳᠤ ᠨᠢ | ᠪᠤᠰᠤᠳᠴᠢ ᠮᠥᠷᠲᠡᠭᠡᠨ ᠲᠥᠪ ᠭᠤᠣᠯᠴᠢ᠂ ᠦᠨᠡᠨ ᠠᠴᠠ ᠵᠥᠪ ᠢ ᠡᠷᠢᠵᠦ ᠪᠠᠶᠢᠭᠠᠳ ᠦᠨᠡᠯᠡᠯᠲᠡ ᠬᠢᠬᠦ ᠬᠡᠷᠡᠭᠲᠡᠢ᠃ | ᠬᠥᠲᠥᠯᠥᠭᠴᠢ᠄ | ᠲᠡᠭᠡᠪᠡᠯ ᠬᠢᠨᠠᠨ ᠪᠣᠳᠣᠬᠤ ᠶᠠᠪᠤᠴᠠ ᠳᠤ᠂ ᠭᠤᠣᠯᠳᠠᠭᠤ ᠶᠠᠮᠠᠷ ᠶᠠᠮᠠᠷ ᠲᠠᠯ᠎ᠠ ᠠᠴᠠ ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠥᠷᠨᠢᠭᠦᠯᠬᠦ ᠪᠣᠢ︖ | ᠭᠦᠸᠧ ᠱᠤᠤ ᠬᠤᠸᠠ᠄ | ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ | ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠯᠲᠠ ᠪᠣᠳᠣᠯᠲᠠ ᠳᠤ ᠠᠰᠠᠭᠤᠳᠠᠯ ᠢᠶᠠᠷ ᠤᠳᠤᠷᠢᠳᠤᠮᠵᠢ | ᠪᠣᠯᠭᠠᠨ᠂ ᠬᠢᠨᠠᠯᠲᠠ ᠪᠣᠳᠣᠯᠲᠠ ᠶᠢ ᠬᠦᠯᠢᠶᠡᠬᠦ ᠤᠳᠤᠷᠢᠳᠬᠤ ᠺᠠᠳ᠋ᠷᠴᠤᠳ ᠤᠨ ᠲᠥᠪ ᠪᠠ ᠡᠯ᠎ᠡ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠭᠯᠡᠯᠲᠡ ᠲᠥᠷᠥ ᠶᠢᠨ | ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠭᠰᠠᠨ ᠪᠠᠶᠢᠳᠠᠯ᠂ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠭᠰᠠᠨ ᠪᠠᠶᠢᠳᠠᠯ᠂ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ | ᠪᠡᠶᠡᠯᠡᠭᠦᠯᠦᠭᠰᠡᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠭᠦᠢᠴᠡᠳᠬᠡᠭᠰᠡᠨ | ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠪᠡᠯᠡ ᠮᠥᠩᠭᠦ ᠶᠢᠨ ᠡᠯᠰᠡᠯᠲᠡ ᠬᠠᠮᠢᠶᠠᠷᠤᠯᠲᠠ ᠬᠡᠷᠡᠭᠯᠡᠯᠲᠡ ᠪᠠ | ᠲᠥᠷᠥᠯ ᠵᠦᠢᠯ ᠤᠨ ᠪᠠᠶᠢᠭᠤᠯᠤᠯᠲᠠ ᠶᠢᠨ ᠠᠵᠢᠯᠯᠠᠭᠠᠨ ᠢ ᠵᠣᠬᠢᠶᠠᠨ ᠪᠠᠶᠢᠭᠤᠯᠤᠭᠰᠠᠨ ᠪᠠᠶᠢᠳᠠᠯ᠂ ᠪᠤᠰᠤᠳ ᠬᠠᠮᠢᠶ᠎ᠠ | ᠪᠦᠬᠦᠢ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠵᠡᠷᠭᠡ 7 ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ | ᠢᠯᠡᠴᠢᠯᠡᠨ᠎ᠡ᠃ | ᠬᠥᠲᠥᠯᠥᠭᠴᠢ᠄ | ᠲᠠᠨ ᠤ ᠳᠡᠭᠡᠷ᠎ᠡ ᠶᠠᠷᠢᠭᠰᠠᠨ ᠮᠡᠲᠦ ᠪᠠᠷ᠂ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ | ᠶᠠᠪᠤᠴᠠ ᠳᠤ ᠲᠣᠮᠣ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠪᠡ᠃ ᠲᠡᠭᠡᠪᠡᠯ ᠲᠣᠮᠣ ᠳ᠋ᠠᠶᠢᠲ᠋ᠠ ᠶᠢ ᠪᠣᠳᠠᠲᠠᠢ ᠳᠤ ᠬᠡᠷᠬᠢᠨ | ᠬᠡᠷᠡᠭᠯᠡᠬᠦ ᠲᠤᠬᠠᠢ ᠲᠠ ᠳᠥᠭᠦᠮ ᠢᠶᠠᠷ ᠲᠠᠨᠢᠯᠴᠠᠭᠤᠯᠤᠭᠠᠳ ᠥᠭᠭᠦᠨ᠎ᠡ ᠦᠦ︖ | ᠭᠦᠸᠧ ᠱᠤᠤ ᠬᠤᠸᠠ᠄ | ᠲᠡᠶᠢᠮᠦ ᠡ᠂ ᠲᠣᠮᠣ ᠳ᠋ᠠᠶᠢᠲ᠋ᠠ ᠶᠢ ᠬᠡᠷᠡᠭᠯᠡᠬᠦ ᠲᠠᠯ᠎ᠠ ᠪᠠᠷ ᠪᠢᠳᠡ ᠨᠢᠭᠡᠨᠲᠡ ᠵᠣᠬᠢᠬᠤ ᠠᠬᠢᠯᠲᠠ ᠪᠠ ᠦᠷ᠎ᠡ | ᠪᠦᠲᠦᠮᠵᠢ ᠣᠯᠪᠠ᠃ ᠳᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠠᠴᠠ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠲᠠᠪᠴᠠᠩ ᠢ ᠲᠦᠷᠭᠡᠳᠬᠡᠨ ᠪᠠᠶᠢᠭᠤᠯᠤᠨ᠎ᠠ᠃ | ᠪᠦᠬᠦ ᠣᠷᠣᠨ ᠤ ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠬᠢᠨ ᠬᠡᠮᠵᠢᠨ ᠵᠢᠷᠤᠬᠤ ᠰᠠᠯᠠᠭ᠎ᠠ ᠮᠥᠴᠢᠷ | ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠭᠠᠵᠠᠷ ᠤᠨ ᠪᠠᠶᠢᠭᠠᠯᠢ ᠶᠢᠨ | ᠡᠬᠢ ᠪᠠᠶᠠᠯᠢᠭ ᠡᠳ᠋ ᠬᠥᠷᠥᠩᠭᠡ ᠶᠢᠨ ᠬᠤᠪᠢᠷᠠᠯᠲᠠ ᠶᠢᠨ ᠪᠠᠶᠢᠳᠠᠯ ᠳᠤ ᠰᠢᠰᠲ᠋ᠧᠮᠴᠢ ᠴᠢᠨᠠᠷ ᠲᠠᠢ᠂ ᠪᠠᠶᠢᠩᠭᠤ ᠶᠢᠨ | ᠴᠢᠨᠠᠷᠲᠠᠢ ᠪᠠᠷ ᠬᠢᠨᠠᠨ ᠪᠣᠳᠣᠵᠤ ᠵᠠᠳᠠᠯᠤᠯᠲᠠ ᠬᠢᠬᠦ ᠶᠢ ᠥᠷᠨᠢᠭᠦᠯᠦᠨ᠎ᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ | ᠣᠷᠣᠨ ᠤ ᠬᠢᠨᠠᠨ ᠪᠣᠳᠣᠬᠤ ᠲᠢᠩᠬᠢᠮ ᠠᠴᠠ ᠪᠦᠬᠦ ᠬᠦᠴᠦᠨ ᠢᠶᠠᠷ ᠢᠶᠠᠨ ᠪᠦᠬᠦ ᠣᠷᠣᠨ ᠤ ᠡᠯ᠎ᠡ ᠱᠠᠲᠤᠨ ᠤ ᠬᠢᠨᠠᠨ | ᠪᠣᠳᠣᠬᠤ ᠪᠠᠶᠢᠭᠤᠯᠭ᠎ᠠ ᠳᠤ ᠮᠡᠳᠡᠭᠡ ᠵᠠᠩᠭᠢ ᠶᠢᠨ ᠪᠠᠲᠤᠯᠠᠭ᠎ᠠ ᠪᠠ ᠮᠡᠷᠭᠡᠵᠢᠯ ᠤᠨ ᠲᠤᠯᠭᠠᠭᠤᠷᠢᠯᠠᠯ ᠦᠢᠯᠡᠴᠢᠯᠡᠭᠡ | ᠬᠠᠩᠭᠠᠵᠤ᠂ ᠬᠠᠮᠢᠶ᠎ᠠ ᠪᠦᠬᠦᠢ ᠳ᠋ᠠᠶᠢᠲ᠋ᠠ ᠪᠠ ᠢᠯᠡᠷᠡᠭᠦᠯᠦᠭᠰᠡᠨ ᠰᠡᠵᠢᠭ ᠲᠠᠢ ᠲᠠᠯ᠎ᠠ ᠶᠢ ᠴᠠᠭ ᠲᠤᠬᠠᠢ ᠳᠤ ᠨᠢ | ᠳᠠᠮᠵᠢᠭᠤᠯᠤᠨ ᠬᠦᠷᠭᠡᠵᠦ᠂ ᠬᠢᠨᠠᠨ ᠪᠣᠳᠣᠵᠤ ᠭᠡᠷᠡᠴᠢ ᠪᠠᠶᠢᠴᠠᠭᠠᠬᠤ ᠳᠤ ᠬᠠᠩᠭᠠᠨ ᠬᠡᠷᠡᠭᠯᠡᠭᠦᠯᠵᠦ᠂ ᠪᠦᠬᠦ ᠣᠷᠣᠨ ᠤ | ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠨ ᠪᠠᠶᠢᠭ᠎ᠠ︶ ᠦᠶ᠎ᠡ ᠶᠢᠨ ᠬᠢᠨᠠᠨ ᠪᠣᠳᠣᠬᠤ ᠠᠵᠢᠯ ᠢ ᠢᠳᠡᠪᠬᠢᠲᠡᠢ | ᠥᠷᠨᠢᠭᠦᠯᠬᠦ ᠳᠤ ᠬᠠᠪᠰᠤᠷᠤᠨ ᠬᠦᠴᠦᠯᠡᠨ᠎ᠡ᠃ | ᠬᠥᠲᠥᠯᠥᠭᠴᠢ᠄ | ᠬᠠᠮᠤᠭ ᠤᠨ ᠰᠡᠭᠦᠯ ᠤᠨ ᠨᠢᠭᠡ ᠠᠰᠠᠭᠤᠯᠲᠠ᠂ ᠮᠥᠨ ᠴᠤ ᠮᠠᠰᠢ ᠵᠠᠩᠭᠢᠯᠠᠭ᠎ᠠ ᠶᠢᠨ ᠨᠢᠭᠡ ᠠᠰᠠᠭᠤᠯᠲᠠ ᠪᠣᠯ | ᠳᠠᠷᠤᠢ ᠬᠢᠨᠠᠨ ᠪᠣᠳᠣᠬᠤ ᠶᠠᠪᠤᠴᠠ ᠳᠤ᠂ ᠬᠢᠨᠠᠨ ᠪᠣᠳᠣᠵᠤ ᠪᠠᠶᠢᠭᠠᠳ ᠢᠯᠡᠷᠡᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ ᠶᠢ ᠬᠦᠨᠳᠦ ᠨᠣᠴᠢᠲᠠᠢ ᠬᠤᠬᠢᠷᠠᠭᠤᠯᠤᠭᠰᠠᠨ ᠪᠠ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠭᠰᠡᠨ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠢ︖ | ᠭᠦᠸᠧ ᠱᠤᠤ ᠬᠤᠸᠠ᠄ | ᠬᠢᠨᠠᠨ ᠪᠣᠳᠣᠵᠤ ᠪᠠᠶᠢᠭᠠᠳ ᠢᠯᠡᠷᠡᠭᠦᠯᠦᠭᠰᠡᠨ ᠬᠥᠮᠥᠨ ᠤ ᠬᠦᠴᠦᠨ ᠵᠦᠢᠯ ᠠᠴᠠ ᠪᠣᠯᠵᠤ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢ ᠬᠦᠨᠳᠦ ᠨᠣᠴᠢᠲᠠᠢ ᠬᠤᠬᠢᠷᠠᠭᠤᠯᠤᠭᠰᠠᠨ ᠪᠠ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠭᠰᠡᠨ ᠬᠠᠷᠢᠭᠤᠴᠠᠯᠭ᠎ᠠ ᠶᠢᠨ ᠠᠳᠡᠯ ᠵᠡᠷᠭᠡ ᠠᠰᠠᠭᠤᠳᠠᠯ ᠤᠨ ᠰᠦᠪᠡᠭᠴᠢ ᠳᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠪᠠᠶᠢᠴᠠᠭᠠᠨ ᠰᠢᠢᠳᠪᠦᠷᠢᠯᠡᠬᠦ ᠪᠤᠶᠤ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠵᠦ᠂ | ᠬᠢᠨᠠᠨ ᠪᠣᠳᠣᠬᠤ ᠪᠠᠶᠢᠭᠤᠯᠭ᠎ᠠ ᠠᠴᠠ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ ᠬᠢᠨᠠᠨ ᠪᠣᠳᠣᠵᠤ ᠰᠢᠯᠵᠢᠭᠦᠯᠦᠨ ᠬᠦᠷᠭᠡᠭᠰᠡᠨ | ᠠᠰᠠᠭᠤᠳᠠᠯ ᠤᠨ ᠰᠦᠪᠡᠭᠴᠢ ᠳᠤ᠂ ᠬᠤᠯᠪᠣᠭᠳᠠᠬᠤ ᠬᠠᠷᠢᠭᠤᠴᠠᠯᠭᠠᠲᠠᠨ ᠨᠢ ᠨᠢᠭᠡᠨᠲᠡ ᠠᠵᠢᠯ ᠰᠢᠯᠵᠢᠵᠦ ᠪᠠᠶᠢᠷᠢ | ᠰᠣᠯᠢᠭᠰᠠᠨ᠂ ᠲᠤᠰᠢᠶᠠᠯ ᠳᠡᠪᠰᠢᠭᠰᠡᠨ ᠪᠤᠶᠤ ᠠᠵᠢᠯ ᠠᠴᠠ ᠪᠠᠨ ᠠᠮᠠᠷᠠᠭᠰᠠᠨ ᠡᠰᠡᠬᠦ ᠶᠢ ᠬᠠᠮᠢᠶᠠᠷᠬᠤ ᠦᠭᠡᠢ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠮ ᠪᠠ ᠤᠯᠤᠰ ᠤᠨ ᠨᠠᠰᠤᠨ ᠲᠤᠷᠰᠢᠲᠠ ᠬᠠᠷᠢᠭᠤᠴᠠᠯᠭ᠎ᠠ | ᠨᠡᠬᠡᠮᠵᠢᠯᠡᠬᠦ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠬᠥᠲᠥᠯᠥᠭᠴᠢ᠄ | ᠰᠠᠶᠢᠨ ᠪᠣᠯᠣᠯ᠎ᠠ᠂ ᠭᠦᠸᠧ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠳᠤ ᠪᠠᠶᠠᠷᠯᠠᠯ᠎ᠠ᠃ ᠴᠠᠭ ᠤᠨ | ᠬᠠᠷᠠᠭ᠎ᠠ ᠠᠴᠠ ᠪᠣᠯᠵᠤ ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠃ ᠭᠦᠸᠧ ᠲᠢᠩᠬᠢᠮ ᠤᠨ | ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢᠨ ᠪᠤᠯᠣᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ ᠮᠥᠨ | ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠪᠠ ᠣᠷᠣᠯᠴᠠᠭᠰᠠᠨ ᠳᠤ ᠪᠠᠶᠠᠷᠯᠠᠵᠤ ᠪᠠᠶᠢᠨ᠎ᠠ᠃ | ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | | |