ᠥᠪᠥᠷ ᠮᠣᠩᠭᠤᠯ 12 ᠳ᠋ᠤᠭᠠᠷ ᠰᠠᠷ᠎ᠠ ᠶᠢᠨ ᠡᠴᠦᠰ ᠢᠶᠠᠷ ᠪᠦᠬᠦ ᠤᠯᠤᠰ ᠤᠨ ᠥᠨᠳᠥᠷ ᠬᠤᠷᠳᠤᠴᠠᠲᠤ ᠲᠡᠮᠦᠷ ᠵᠠᠮ ᠤᠨ ᠲᠣᠤᠷ ᠲᠤ ᠣᠷᠤᠬᠤ ᠪᠣᠯᠣᠨ᠎ᠠ
ᠨᠡᠶᠢᠲᠡᠯᠡᠭᠰᠡᠨ ᠴᠠᠭ᠄
2018/12/20
      ᠤᠯᠤᠰ ᠤᠨ ᠲᠥᠯᠥᠪᠵᠢᠭᠦᠯᠦᠭᠰᠡᠨ ︽ᠨᠠᠢᠮᠠᠨ ᠬᠥᠨᠳᠡᠯᠡᠨ ᠨᠠᠢᠮᠠᠨ ᠭᠤᠯᠳᠤ︾ ᠥᠨᠳᠥᠷ ᠬᠤᠷᠳᠤᠴᠠᠲᠤ ᠲᠡᠮᠦᠷ ᠵᠠᠮ ᠲᠣᠤᠷ ᠢ ᠥᠪᠥᠷ ᠮᠣᠩᠭᠤᠯ ᠤᠨ ᠨᠢᠭᠡᠳᠦᠭᠡᠷ ᠵᠣᠷᠪᠤᠰ ᠥᠨᠳᠥᠷ ᠬᠤᠷᠳᠤᠴᠠᠲᠤ ᠲᠡᠮᠦᠷ ᠵᠠᠮ — — ᠰᠢᠨ ᠲᠦᠩ ᠥᠨᠳᠥᠷ ᠬᠤᠷᠳᠤᠴᠠᠲᠤ ᠲᠡᠮᠦᠷ ᠵᠠᠮ ︵ᠰᠢᠨ ᠮᠢᠨ ᠤ ᠬᠤᠶᠢᠲᠤ ᠬᠡᠰᠡᠭ ᠠᠴᠠ ᠲᠦᠩᠯᠢᠶᠣᠤ ᠬᠦᠷᠬᠦ ᠥᠨᠳᠥᠷ ᠬᠤᠷᠳᠤᠴᠠᠲᠤ ᠲᠡᠮᠦᠷ ᠵᠠᠮ︶ 12 ᠳ᠋ᠤᠭᠠᠷ ᠰᠠᠷ᠎ᠠ ᠶᠢᠨ ᠡᠴᠦᠰ ᠢᠶᠠᠷ ᠨᠡᠪᠲᠡᠷᠡᠵᠦ ᠠᠰᠢᠭᠯᠠᠯᠲᠠ ᠳᠤ ᠣᠷᠣᠬᠤ ᠪᠣᠯᠣᠨ᠎ᠠ᠃ ᠰᠢᠨ ᠲᠦᠩ ᠥᠨᠳᠥᠷ ᠬᠤᠷᠳᠤᠴᠠᠲᠤ ᠲᠡᠮᠦᠷ ᠵᠠᠮ ᠢ 2016 ᠣᠨ ᠤ 6 ᠳ᠋ᠤᠭᠠᠷ ᠰᠠᠷ᠎ᠠ ᠠᠴᠠ ᠡᠬᠢᠯᠡᠨ‌‍ᠪᠦ᠋ᠳᠦᠭᠡᠨ ᠪᠠᠶᠢᠭᠤᠯᠵᠤ᠂ ᠵᠠᠮ ᠤᠨ ᠤᠷᠳᠤ ᠨᠢ 197 ᠺᠢᠯᠣᠮᠧᠲᠷ ᠪᠠᠶᠢᠵᠤ᠂ ᠬᠤᠣᠰ ᠱᠤᠭᠤᠮᠲᠤ ᠴᠠᠬᠢᠯᠭᠠᠨᠵᠢᠭᠤᠯᠤᠭᠰᠠᠨ ᠬᠡᠮᠬᠡᠳᠡᠭ ᠲᠠᠢ ᠲᠡᠮᠦᠷ ᠵᠠᠮ ᠲᠠᠢ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 250 ᠺᠢᠯᠣᠮᠧᠲᠷ ᠪᠣᠯᠣᠨ᠎ᠠ᠃  ᠪᠦᠬᠦ ᠱᠤᠭᠤᠮ ᠳᠤ 6 ᠲᠡᠷᠭᠡᠨ ᠤᠢᠷᠳᠡᠭᠡ ᠲᠣᠬᠢᠷᠠᠭᠤᠯᠵᠤ᠂ ᠵᠢᠩ ᠱᠧᠩ ᠦᠨᠳᠦᠷ ᠬᠤᠷᠳᠤᠴᠠᠲᠤ ᠲᠡᠮᠦᠷ ᠵᠠᠮ ᠤᠨ ᠰᠢᠨ ᠮᠢᠨ ᠬᠤᠶᠢᠲᠤ ᠬᠡᠰᠡᠭ ᠠᠴᠠ ᠡᠯᠳᠡᠪ ᠬᠤᠶᠠᠷ ᠢᠶᠠᠷ ᠠᠪᠴᠤ᠂ ᠵᠠᠩ ᠡᠦ᠂ ᠵᠠᠩᠭᠤᠤᠳᠠᠶ᠂ ᠭᠠᠨᠵᠤᠭ᠎ᠠ᠂ ᠮᠡᠯᠡᠬᠡᠶᠢᠲᠦ ᠶᠢ ᠳᠠᠮᠵᠢᠵᠤ ᠲᠦᠩᠯᠢᠶᠣᠤ ᠬᠦᠷᠦᠨ᠎ᠡ᠃ ᠰᠢᠨ ᠲᠦᠩ ᠥᠨᠳᠥᠷ ᠬᠤᠷᠳᠤᠴᠠᠲᠤ ᠲᠡᠮᠦᠷ ᠵᠠᠮ ᠨᠢ 2018 ᠣᠨ ᠤ 8 ᠳ᠋ᠤᠭᠠᠷ ᠰᠠᠷ᠎ᠠ ᠠᠴᠠ ᠬᠤᠯᠪᠣᠨ ᠲᠤᠬᠢᠷᠠᠭᠤᠯᠵᠦ ᠬᠤᠯᠪᠣᠨ ᠲᠤᠷᠰᠢᠭᠰᠠᠨ ᠠᠴᠠ ᠨᠠᠭᠠᠰᠢ᠂ ᠲᠡᠮᠦᠷ ᠵᠠᠮ᠂ ᠵᠠᠮ ᠤᠨ ᠰᠠᠭᠤᠷᠢ᠂ ᠬᠥᠭᠦᠷᠭᠡ᠂ ᠨᠦᠭᠡᠠ ᠵᠡᠮ᠂ ᠴᠢᠮᠡᠭᠡ ᠬᠤᠯᠪᠣᠭ᠎ᠠ ᠵᠡᠷᠭᠡ ᠶᠢ ᠬᠦᠳᠡᠯᠦᠩᠭᠦᠢ ᠪᠠᠶᠢᠴᠠᠭᠠᠨ ᠬᠡᠮᠵᠢᠬᠦ ᠶᠢ ᠳᠠᠮᠵᠢᠭᠠᠳ᠂ ᠡᠯ᠎ᠡ ᠰᠢᠰᠲ᠋ᠧᠮ ᠪᠣᠯᠤᠨ ᠪᠦᠬᠦᠯᠢ ᠴᠣᠭᠴᠠ ᠶᠢᠨ ᠰᠢᠰᠲ᠋ᠧᠮ ᠤᠨ ᠴᠢᠳᠠᠪᠤᠷᠢ ᠨᠢ ᠦᠨᠡᠮᠰᠢᠭᠳᠡᠵᠦ ᠰᠢᠯᠢᠳᠡᠭᠵᠢᠭᠰᠡᠨ ᠪᠠᠶᠢᠨ᠎ᠠ᠃ ᠰᠢᠨ ᠲᠦᠩ ᠦᠨᠳᠦᠷ ᠬᠤᠷᠳᠤᠴᠠᠲᠤ ᠲᠡᠮᠦᠷ ᠵᠠᠮ ᠨᠡᠪᠲᠡᠷᠡᠭᠰᠡᠨ ᠤ ᠳᠠᠷᠠᠭ᠎ᠠ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠠᠴᠠ  ᠮᠦᠭᠳᠡᠨ᠂ ᠪᠡᠭᠡᠵᠢᠩ ᠳᠤ ᠬᠦᠷᠬᠦ ᠬᠠᠮᠤᠭ ᠤᠨ ᠳᠥᠭᠦᠮ ᠳᠥᠲᠡ ᠠᠶᠠᠨᠴᠢᠳ ᠤᠨ ᠲᠡᠭᠡᠭᠡᠪᠦᠷᠢ ᠶᠢᠨ ᠲᠦᠷᠭᠡᠨ ᠬᠤᠷᠳᠤᠴᠠᠲᠤ ᠵᠠᠮ ᠪᠣᠯᠣᠨ᠎ᠠ᠃ ᠲᠦᠩᠯᠢᠶᠣᠤ ᠠᠴᠠ ᠮᠦᠭᠳᠡᠨ ᠳᠤ ᠬᠦᠷᠬᠦ ᠠᠶᠠᠯᠠᠯ ᠤᠨ ᠴᠠᠭ ᠨᠢ ᠥᠩᠭᠡᠷᠡᠭᠰᠡᠨ ᠳᠤ 5 ᠴᠠᠭ ᠣᠷᠴᠢᠮ ᠪᠠᠶᠢᠭᠰᠠᠨ ᠠᠴᠠ ᠪᠠᠨ 1.5 ᠴᠠᠭ ᠣᠷᠴᠢᠮ ᠪᠣᠯᠵᠤ ᠪᠣᠭᠤᠨᠢᠰᠪᠠ᠃ ᠲᠦᠩᠯᠢᠶᠣᠤ ᠠᠴᠠ ᠪᠡᠭᠡᠵᠢᠩ ᠬᠦᠷᠬᠦ ᠠᠶᠠᠯᠠᠯ ᠤᠨ ᠴᠠᠭ ᠨᠢ ᠥᠩᠭᠡᠷᠡᠭᠰᠡᠨ ᠳᠤ 14 ᠴᠠᠭ ᠣᠷᠴᠢᠮ ᠪᠠᠶᠢᠭᠰᠠᠨ ᠠᠴᠠ ᠪᠠᠨ 3.5 ᠴᠠᠭ ᠣᠷᠴᠢᠮ ᠪᠣᠯᠵᠤ ᠪᠣᠭᠤᠨᠢᠰᠪᠠ᠃ ᠰᠢᠨ ᠲᠦᠩ ᠦᠨᠳᠦᠷ ᠬᠤᠷᠳᠤᠴᠠᠲᠤ ᠲᠡᠮᠦᠷ ᠵᠠᠮ ᠢ ᠵᠢᠩ ᠱᠧᠩ ᠦᠨᠳᠦᠷ ᠬᠤᠷᠳᠤᠴᠠᠲᠤ ᠲᠡᠮᠦᠷ ᠵᠠᠮ ᠲᠠᠢ ᠨᠡᠪᠲᠡᠷᠡᠭᠦᠯᠦᠨ  ᠵᠠᠯᠭᠠᠭᠰᠠᠨ ᠠᠴᠠ ᠥᠪᠥᠷ ᠮᠣᠩᠭᠤᠯ ᠤᠨ ᠠᠩᠬ᠎ᠠ ᠤᠳᠠᠭ᠎ᠠ ᠵᠡᠭᠦᠨ ᠬᠤᠶᠢᠲᠤ ᠣᠷᠣᠨ ᠴᠢᠨᠠᠭᠰᠢᠯᠠᠪᠠᠯ ᠪᠦᠬᠦ ᠤᠯᠤᠰ ᠤᠨ ᠥᠨᠳᠥᠷ ᠬᠤᠷᠳᠤᠴᠠᠲᠤ ᠲᠡᠮᠦᠷ ᠵᠠᠮ ᠤᠨ ᠲᠣᠤᠷ ᠲᠠᠢ ᠵᠠᠯᠭᠠᠵᠤ ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠬᠢᠭᠡᠳ ᠪᠦᠤᠤᠬᠠᠢ ᠲᠠᠩᠭᠢᠰ ᠳᠠᠭᠠᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠰᠣᠯᠢᠯᠴᠠᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠪᠣᠯᠤᠨ ᠵᠡᠭᠦᠨ ᠬᠤᠶᠢᠲᠤ ᠣᠷᠣᠨ ᠤ ᠭᠤᠷᠪᠠᠨ ᠮᠤᠵᠢ ᠶᠢᠨ ᠮᠠᠨᠳᠤᠨ ᠬᠥᠭᠵᠢᠬᠦ ᠶᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠬᠢᠭᠡᠳ ᠪᠡᠭᠡᠵᠢᠩ ᠲᠢᠶᠠᠨᠵᠢᠨ ᠡᠾᠧᠪᠸᠢ ᠯᠦᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号