ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠢᠯᠢ ᠳᠠᠭᠠᠤ ᠠᠵᠤ ᠠᠬᠤᠢ ᠶᠢ ᠬᠦᠭᠵᠢᠭᠦᠯᠬᠦ ᠵᠢᠴᠢ ᠬᠤᠩᠭᠢᠯ ᠤᠨ ᠠᠵᠤ ᠠᠬᠤᠢ ᠶᠢ ᠰᠠᠭᠤᠷᠢᠰᠢᠮᠠᠯ ᠠᠵᠤ ᠠᠬᠤᠢ ᠪᠤᠯᠭᠠᠨ ᠬᠡᠯᠪᠡᠷᠢ ᠶᠢ ᠨᠢ ᠬᠤᠪᠢᠷᠠᠭᠤᠯᠤᠨ ᠬᠦᠭᠵᠢᠭᠦᠯᠬᠦ ᠰᠤᠳᠤᠯᠤᠨ ᠶᠠᠷᠢᠯᠴᠠᠬᠤ ᠬᠤᠷᠠᠯ ᠬᠢᠪᠠ  ᠠᠢ ᠯᠢ ᠬᠤᠸᠠ ᠬᠤᠷᠠᠯ ᠳᠤ ᠤᠷᠤᠯᠴᠠᠪᠡ
ᠨᠡᠶᠢᠲᠡᠯᠡᠭᠰᠡᠨ ᠴᠠᠭ᠄
2018/12/21
     12 ᠳ᠋ᠤᠭᠠᠷ ᠰᠠᠷ᠎ᠠ ᠶᠢᠨ 20᠎ ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠢᠯᠢ ᠳᠠᠭᠠᠤ ᠠᠵᠤ ᠠᠬᠤᠢ ᠶᠢ ᠬᠦᠭᠵᠢᠭᠦᠯᠬᠦ ᠵᠢᠴᠢ ᠬᠤᠩᠭᠢᠯ ᠤᠨ ᠠᠵᠤ ᠠᠬᠤᠢ ᠶᠢ ᠰᠠᠭᠤᠷᠢᠰᠢᠮᠠᠯ ᠠᠵᠤ ᠠᠬᠤᠢ ᠪᠤᠯᠭᠠᠨ ᠬᠡᠯᠪᠡᠷᠢ ᠶᠢ ᠨᠢ ᠬᠤᠪᠢᠷᠠᠭᠤᠯᠵᠤ ᠬᠦᠭᠵᠢᠭᠦᠯᠬᠦ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠠᠢ᠃      ᠠᠢ ᠯᠢ ᠬᠤᠸᠠ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ᠂ ᠮᠠᠨ ᠤ ᠤᠷᠤᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠳᠤ ︽ᠦᠪᠦᠷ ᠮᠤᠩᠭᠤᠯ ᠢ ᠮᠠᠨ ᠤ ᠤᠯᠤᠰ ᠤᠨ ᠤᠮᠠᠷᠠᠳᠤ ᠨᠡᠬᠡᠬᠡᠯᠳᠡ ᠬᠢᠬᠦ ᠴᠢᠬᠤᠯᠠ ᠪᠠᠬᠢᠯᠡᠯᠳᠡ ᠪᠤᠯᠭᠠᠨ ᠪᠦᠲᠦᠭᠡᠨ ᠪᠠᠶᠢᠭᠤᠯᠬᠤ ᠬᠡᠷᠡᠭᠳᠠᠢ︾ ᠭᠡᠰᠡᠨ ᠵᠢᠭᠠᠪᠤᠷᠢ ᠶᠢᠨ ᠵᠤᠷᠢᠭ ᠰᠠᠨᠠᠭ᠎ᠠ ᠶᠤᠰᠤᠭᠠᠷ᠂ ᠪᠤᠭᠤᠮᠳᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠳᠠ ᠶᠢᠨ ᠲᠠᠯ᠎ᠠ ᠪᠠᠷ ᠬᠢ ᠤᠷᠤᠭᠤᠯᠤᠯᠳᠠ ᠶᠢ ᠦᠷᠭᠦᠯᠵᠢᠯᠡᠨ ᠨᠡᠮᠡᠭᠳᠡᠭᠦᠯᠵᠤ᠂ ᠪᠤᠭᠤᠮᠳᠠ ᠶᠢᠨ ᠨᠡᠬᠡᠬᠡᠯᠳᠡ ᠬᠢᠬᠦ ᠶᠢ ᠢᠳᠡᠪᠬᠢᠳᠠᠢ ᠠᠬᠢᠭᠤᠯᠵᠤ᠂ ᠪᠤᠭᠤᠮᠳᠠ ᠶᠢᠨ  ᠡᠯᠧᠺᠲᠷᠤᠨᠵᠢᠯᠲᠡ ᠪᠤᠯᠤᠨ ᠮᠡᠳᠡᠭᠡ ᠵᠠᠩᠭᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠤ᠂ ᠪᠤᠭᠤᠮᠳᠠ ᠶᠢᠨ ᠤᠷᠤᠨ ᠪᠦᠰᠡ ᠶᠢᠨ ᠬᠠᠮᠳᠤᠷᠠᠯᠴᠠᠭᠠᠨ ᠤ ᠲᠤᠭᠳᠠᠴᠠ ᠶᠢ ᠪᠠᠶᠢᠭᠤᠯᠵᠤ᠂ ᠪᠤᠭᠤᠮᠳᠠ ᠶᠢᠨ ᠬᠤᠳᠠᠯᠳᠤᠭ᠎ᠠ ᠡᠷᠬᠢᠯᠡᠬᠦ ᠤᠷᠴᠢᠨ ᠢ ᠶᠡᠭᠡ ᠪᠠᠷ ᠰᠢᠯᠢᠳᠡᠭᠵᠢᠭᠦᠯᠵᠤ᠂ ᠪᠤᠭᠤᠮᠳᠠ ᠶᠢᠨ ᠴᠢᠳᠠᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠤ᠂ ᠪᠦᠬᠦ ᠤᠷᠤᠨ ᠤ ᠪᠤᠭᠤᠮᠳᠠ ᠶᠢᠨ ᠬᠦᠭᠵᠢᠯᠳᠡ ᠲᠤᠭᠳᠠᠭᠤᠨ ᠤ ᠳᠤᠮᠳᠠ ᠤᠷᠤᠭᠰᠢᠯᠠᠵᠤ᠂ ᠲᠤᠭᠳᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠤᠯᠪᠠ ᠭᠡᠵᠡᠢ᠃      ᠠᠢ ᠯᠢ ᠬᠤᠸᠠ ᠴᠢᠬᠤᠯᠠᠴᠢᠯᠠᠭᠰᠠᠨ ᠨᠢ᠂ ᠤᠳᠤᠬᠠᠨ ᠳᠤ ᠮᠠᠨ ᠤ ᠤᠷᠤᠨ ᠤ ᠪᠤᠭᠤᠮᠳᠠ ᠶᠢᠨ ᠬᠦᠭᠵᠢᠯᠳᠡ ᠶᠠᠭ ︽ᠲᠤᠭ᠎ᠠ ᠬᠡᠮᠵᠢᠶᠠᠨ ᠤ ᠬᠤᠷᠠᠮᠳᠤᠯ︾᠎ ᠠᠴᠠ ︽ᠶᠠᠰᠤ ᠴᠢᠨᠠᠷ ᠤᠨ ᠳᠠᠪᠠᠯᠳᠠ︾ ᠵᠦᠭ ᠬᠦᠭᠵᠢᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ᠂ ᠪᠤᠭᠤᠮᠳᠠ ᠶᠢᠨ ᠴᠤᠩᠬᠤ᠂ ᠲᠤᠯᠬᠤ ᠴᠡᠭ᠂ ᠬᠤᠯᠪᠤᠭᠠᠰᠤ ᠪᠠ ᠲᠠᠪᠴᠠᠩ ᠪᠤᠯᠬᠤ ᠦᠢᠯᠡᠳᠦᠯ ᠢ ᠬᠡᠷᠬᠢᠨ ᠪᠠᠳᠠᠷᠠᠭᠤᠯᠬᠤ᠂ ᠳᠤᠮᠳᠠᠳᠤ ᠡᠸᠦ᠋ᠷᠦᠫᠠ ᠶᠢᠨ ᠭᠠᠯᠳᠦ ᠲᠡᠷᠭᠡ ᠶᠢᠨ ᠠᠰᠠᠭᠤᠳᠠᠯ ᠢ ᠬᠡᠷᠬᠢᠨ ᠦᠨᠡᠨ ᠬᠦ ᠰᠢᠢᠳᠪᠦᠷᠢᠯᠡᠵᠤ᠂ ᠤᠷᠤᠨ ᠪᠠᠶᠢᠷᠢ ᠶᠢᠨ ᠳᠠᠪᠠᠭᠤᠯᠢᠭ ᠢ ᠬᠡᠷᠬᠢᠨ ᠨᠡᠬᠡᠬᠡᠯᠳᠡ ᠬᠢᠵᠤ ᠬᠦᠭᠵᠢᠬᠦᠯᠬᠦ ᠳᠠᠪᠠᠭᠤᠯᠢᠭ ᠪᠤᠯᠭᠠᠨ ᠬᠤᠪᠢᠷᠠᠭᠤᠯᠬᠤ᠂ ᠬᠢᠯᠢ ᠳᠠᠭᠠᠤ ᠤᠷᠤᠨ ᠤ ᠠᠵᠤ ᠠᠬᠤᠢ ᠶᠢᠨ ᠬᠦᠭᠵᠢᠯᠳᠡ ᠶᠢ ᠬᠡᠷᠬᠢᠨ ᠠᠬᠢᠭᠤᠯᠬᠤ ᠪᠤᠯ ᠮᠠᠨ ᠤ ᠡᠮᠦᠨ᠎ᠠ ᠲᠠᠯᠪᠢᠭᠳᠠᠵᠤ ᠪᠠᠶᠢᠭ᠎ᠠ ᠪᠠᠴᠢᠮ ᠡᠭᠦᠷᠭᠡ ᠪᠤᠯᠤᠨ᠎ᠠ᠃ ᠬᠤᠷᠠᠯ ᠳᠤ ᠤᠷᠤᠯᠴᠠᠬᠤ ᠪᠠᠷ ᠢᠷᠡᠭᠰᠡᠨ ᠲᠤᠰᠬᠠᠢ ᠮᠡᠷᠭᠡᠵᠢᠯᠳᠡᠨ ᠡᠷᠳᠡᠮᠳᠡᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢᠶᠠᠷ ᠠᠵᠠ ᠳᠤᠬᠢᠶᠠᠯ ᠪᠤᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ᠭᠦᠨᠵᠡᠭᠡᠢ ᠰᠤᠳᠤᠯᠤᠨ ᠶᠠᠷᠢᠯᠴᠠᠵᠤ᠂ ᠬᠦᠭᠵᠢᠯᠳᠡ ᠶᠢᠨ ᠠᠰᠠᠭᠤᠳᠠᠯ ᠢ ᠰᠢᠢᠳᠪᠦᠷᠢᠯᠡᠵᠤ᠂ ᠦᠪᠦᠷ ᠮᠤᠩᠭᠤᠯ ᠤᠨ ᠪᠤᠭᠤᠮᠳᠠ ᠶᠢᠨ ᠬᠦᠭᠵᠢᠯᠳᠡ ᠳᠤ ᠠᠷᠭ᠎ᠠ ᠪᠤᠳᠤᠯᠭ᠎ᠠ ᠬᠠᠩᠭᠠᠵᠤ᠂ ᠦᠪᠦᠷ ᠮᠤᠩᠭᠤᠯ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠤᠢ ᠤᠬᠠᠭᠠᠨ ᠤ ᠳᠡᠮᠵᠢᠯᠭᠡ ᠦᠵᠡᠭᠦᠯᠬᠦ ᠶᠢ ᠬᠦᠰᠡᠵᠤ ᠪᠠᠶᠢᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号