ᠡᠨᠡ ᠵᠢᠯ ᠮᠠᠨ ᠤ ᠣᠷᠣᠨ ᠤ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ | ᠤᠨᠠᠯᠲᠠ ᠠᠩᠬ᠎ᠠ ᠤᠳᠠᠭ᠎ᠠ 700 ᠳ᠋ᠥᠩᠰᠢᠭᠤᠷ ᠵᠢᠩ ᠢ ᠳᠠᠪᠠᠨ᠂ ᠪᠦᠬᠦ ᠤᠯᠤᠰ ᠲᠤ 10 ᠳ᠋ᠤᠭᠠᠷ | ᠪᠠᠶᠢᠭᠰᠠᠨ ᠠᠴᠠ ᠪᠠᠨ ᠳᠡᠭᠡᠭᠰᠢᠯᠡᠭᠡᠳ 8 ᠳ᠋ᠤᠭᠠᠷ ᠲᠤ ᠲᠣᠳᠣᠷᠠᠪᠠ᠃ | ᠡᠨᠡ ᠵᠢᠯ ᠠᠴᠠ ᠨᠠᠭᠠᠰᠢ᠂ ᠮᠠᠨ ᠤ ᠣᠷᠣᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ᠰᠠᠭᠤᠷᠢ ᠶᠢ ᠪᠠᠬᠢᠵᠢᠭᠦᠯᠦᠨ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠢᠳᠡᠪᠬᠢᠲᠡᠶ | ᠥᠷᠨᠢᠭᠦᠯᠵᠦ᠂ ᠠᠮᠤ ᠪᠤᠳᠠᠭᠠᠨ ᠤ ᠤᠨᠠᠯᠲᠠ 710.6 ᠳ᠋ᠥᠩᠰᠢᠭᠤᠷ ᠵᠢᠩ ᠳᠤ ᠬᠦᠷᠴᠦ᠂ 2017 | ᠣᠨ ᠤ ᠬᠢ ᠠᠴᠠ 59.7 ᠳ᠋ᠥᠩᠰᠢᠭᠤᠷ ᠵᠢᠩ ᠨᠡᠮᠡᠭᠳᠡᠭᠰᠡᠨ ᠪᠠᠶᠢᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠢ | ᠲᠣᠭᠲᠠᠪᠤᠷᠢᠵᠢᠭᠤᠯᠬᠤ ᠲᠣᠭᠤᠷᠢᠨ ᠳᠤ᠂ ᠮᠠᠨ ᠤ ᠣᠷᠣᠨ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ | ᠦᠨᠡᠮᠯᠡᠯ ᠣᠯᠭᠤᠬᠤ ᠠᠵᠢᠯ ᠢ ᠢᠳᠡᠪᠬᠢᠲᠡᠶ ᠥᠷᠨᠢᠭᠦᠯᠵᠦ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠶᠢ ᠦᠷᠭᠦᠯᠵᠢᠯᠡᠨ ᠤᠷᠲᠤᠳᠬᠠᠵᠦ᠂ ᠬᠥᠳᠡᠭᠡ ᠲᠣᠰᠬᠤᠨ ᠤ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠬᠠᠷᠢᠴᠠᠭ᠎ᠠ ᠶᠢ ᠰᠢᠯᠤᠭᠤᠳᠬᠠᠨ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ | ᠳᠦᠷᠢᠮ ᠢ ᠲᠣᠭᠲᠠᠪᠤᠷᠢᠵᠢᠭᠤᠯᠤᠨ ᠪᠦᠷᠢᠨᠰᠢᠭᠦᠯᠪᠡ᠃ ᠪᠦᠬᠦ ᠣᠷᠣᠨ ᠤ ᠡᠯ᠎ᠡ ᠭᠠᠵᠠᠷ ᠲᠠᠷᠢᠶᠠᠯᠠᠩ ᠢ ᠳᠡᠮᠵᠢᠬᠦ | ᠬᠠᠮᠠᠭᠠᠯᠠᠬᠤ ᠨᠥᠬᠦᠪᠥᠷᠢ᠂ ᠦᠶᠯᠡᠳᠪᠦᠷᠢᠯᠡᠭᠴᠢ ᠶᠢᠨ ᠨᠥᠬᠦᠪᠥᠷᠢ᠂ ᠲᠠᠷᠢᠶᠠᠯᠠᠩ ᠤᠨ ᠮᠠᠰᠢᠨ ᠪᠠᠭᠠᠵᠢ ᠶᠢ ᠬᠤᠳᠠᠯᠳᠤᠨ | ᠠᠪᠬᠤ ᠨᠥᠬᠦᠪᠥᠷᠢ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠨᠥᠬᠦᠪᠥᠷᠢ ᠵᠡᠷᠭᠡ ᠲᠠᠷᠢᠶᠠᠴᠢᠳ ᠲᠤ ᠠᠰᠢᠭ | ᠬᠦᠷᠲᠡᠭᠡᠬᠦ ᠡᠯ᠎ᠡ ᠵᠦᠶᠯ ᠤᠨ ᠬᠠᠷᠠᠭᠠᠯᠵᠠᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠳᠠᠬᠢ ᠣᠷᠣᠭᠤᠯᠤᠯᠲᠠ ᠶᠢᠨ ᠡᠷᠴᠢᠮ ᠢ ᠤᠯᠠᠮ | ᠴᠢᠩᠭᠠᠷᠠᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ | ᠥᠷᠨᠢᠭᠦᠯᠪᠡ᠃ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠳᠤᠮᠳᠠ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠢ | ᠥᠭᠡᠷᠡᠴᠢᠯᠡᠬᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠮᠢᠩᠭᠠᠨ ᠳ᠋ᠦᠩᠰᠢᠭᠤᠷ ᠵᠢᠩ ᠠᠮᠤ | ᠪᠤᠳᠠᠭᠠᠨ ᠤ ᠲᠠᠷᠢᠶᠠᠨ ᠭᠠᠵᠠᠷ ᠤᠨ ᠢᠨᠵᠧᠨᠧᠷᠢᠩ ᠵᠡᠷᠭᠡ ᠴᠢᠬᠤᠯᠠ ᠶᠡᠭᠡ ᠲᠥᠷᠥᠯ ᠵᠦᠶᠯ ᠤᠨ ᠬᠡᠷᠡᠭᠵᠢᠭᠦᠯᠦᠯᠲᠡ ᠪᠠᠷ | ᠳᠠᠮᠵᠢᠨ᠂ ᠪᠦᠬᠦ ᠣᠷᠣᠨ ᠰᠥᠷᠴᠢᠭᠦᠷ ᠪᠠ ᠳᠤᠰᠤᠯᠠᠭᠤᠷ ᠢᠶᠠᠷ ᠭᠤᠣᠯ ᠪᠣᠯᠭᠠᠭᠰᠠᠨ ᠥᠨᠳᠥᠷ ᠪᠦᠲᠦᠮᠵᠢᠲᠡᠶ ᠤᠰᠤ | ᠠᠷᠪᠢᠯᠠᠬᠤ ᠤᠰᠤᠯᠠᠯᠲᠠ ᠶᠢᠨ ᠲᠠᠯᠠᠪᠠᠶ 2400 ᠲᠦᠮᠡᠨ ᠮᠥ ᠳᠤ ᠬᠦᠷᠴᠦ᠂ ᠰᠢᠨ᠎ᠡ ᠪᠠᠷ ᠪᠠᠶᠢᠭᠤᠯᠤᠭᠰᠠᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠢ ᠨᠢ 500 ᠲᠦᠮᠡᠨ ᠮᠥ ᠶᠢ ᠳᠠᠪᠠᠪᠠ᠃ ᠡᠨᠡ ᠵᠢᠯ᠂ ᠮᠠᠨ ᠤ ᠣᠷᠣᠨ | ᠪᠠᠰᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ | ᠴᠡᠪᠡᠷᠰᠢᠭᠦᠯᠬᠦ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠵᠡᠷᠭᠡ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠶ | ᠬᠥᠭᠵᠢᠭᠦᠯᠬᠦ ᠭᠤᠷᠪᠠᠨ ᠵᠢᠯ ᠤᠨ 10 ᠲᠣᠮᠣ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠪᠣᠬᠢᠷᠲᠤᠯ | ᠥᠬᠡᠶ ᠦᠶᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠦᠨ᠂ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠠᠵᠢᠯ ᠤᠨ | ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠬᠦᠴᠦᠨ ᠢ ᠴᠢᠩᠭᠠᠳᠬᠠᠪᠠ᠃ | ᠡᠨᠡ ᠵᠢᠯ᠂ ᠮᠠᠨ ᠤ ᠣᠷᠣᠨ ᠬᠠᠪᠤᠷ ᠤᠨ ᠬᠠᠪᠰᠠᠷᠭ᠎ᠠ᠂ ᠰᠠᠯᠬᠢᠨ ᠮᠥᠨᠳᠥᠷ᠂ ᠦᠶᠡᠷ ᠤᠰᠤᠲᠤᠯ ᠪᠠ ᠭᠠᠩᠳᠠᠯ | ᠵᠡᠷᠭᠡ ᠭᠠᠮᠰᠢᠭ ᠲᠤ ᠲᠣᠬᠢᠶᠠᠯᠳᠤᠪᠠ᠃ ᠭᠠᠮᠰᠢᠭᠳᠠᠭᠰᠠᠨ ᠤ ᠳᠠᠷᠠᠭ᠎ᠠ᠂ ᠮᠠᠨ ᠤ ᠣᠷᠣᠨ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠤᠨ ᠬᠤᠯᠪᠣᠭᠠᠯᠠᠨ ᠵᠥᠪᠳᠡᠯᠴᠡᠬᠦ ᠠᠵᠢᠯ ᠢ ᠴᠢᠩᠭᠠᠳᠬᠠᠵᠤ᠂ ᠭᠠᠮᠰᠢᠭ ᠤᠨ ᠪᠠᠶᠢᠳᠠᠯ ᠢ ᠲᠣᠬᠢᠷᠠᠭᠤᠯᠬᠤ | ᠳᠠᠪᠲᠠᠮᠵᠢ ᠶᠢ ᠨᠢᠭᠲᠠᠷᠠᠭᠤᠯᠤᠨ᠂ ᠠᠳᠠᠯᠢ ᠪᠤᠰᠤ ᠭᠠᠮᠰᠢᠭ ᠡᠭᠦᠰᠦᠭᠰᠡᠨ ᠥᠶ᠎ᠡ᠂ ᠤᠯᠤᠰ ᠠᠴᠠ 3 ᠤᠳᠠᠭ᠎ᠠ ᠳᠤ | ᠨᠡᠶᠢᠲᠡ 1.3 ᠳ᠋ᠥᠩᠰᠢᠭᠤᠷ ᠲᠥᠭᠦᠷᠢᠭ ᠭᠠᠮᠰᠢᠭ ᠠᠴᠠ ᠠᠪᠤᠷᠠᠬᠤ ᠪᠡᠯᠡ ᠮᠥᠩᠭᠦ ᠭᠤᠶᠤᠴᠢᠯᠠᠪᠠ᠃ ᠡᠭᠦᠨ ᠤ | ᠬᠠᠮᠲᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠭᠠᠮᠰᠢᠭ ᠲᠠᠢ ᠲᠡᠮᠡᠴᠡᠵᠦ | ᠭᠠᠮᠰᠢᠭ ᠠᠴᠠ ᠠᠪᠤᠷᠠᠬᠤ ᠠᠵᠢᠯ ᠢ ᠢᠳᠡᠪᠬᠢᠲᠡᠶ ᠥᠷᠨᠢᠭᠦᠯᠵᠦ᠂ ᠲᠠᠷᠢᠶᠠᠴᠢᠳ ᠢ ᠵᠢᠯᠣᠭᠤᠳᠤᠨ ᠲᠠᠷᠢᠶᠠᠨ ᠤ | ᠠᠷᠠᠴᠢᠯᠠᠭ᠎ᠠ ᠶᠢ ᠴᠢᠩᠬᠠᠳᠬᠠᠬᠤ ᠪᠠ ᠮᠡᠷᠭᠡᠵᠢᠯ ᠤᠨ ᠳᠡᠮᠵᠢᠯᠭᠡ ᠬᠠᠩᠭᠠᠬᠤ ᠵᠡᠷᠭᠡ ᠠᠷᠭ᠎ᠠ ᠬᠡᠮᠵᠢᠶ᠎ᠡ ᠠᠪᠴᠤ | ᠪᠠᠶᠢᠭᠠᠳ᠂ ᠪᠠᠶᠢᠭᠠᠯᠢ ᠶᠢᠨ ᠭᠠᠮᠰᠢᠭ ᠠᠴᠠ ᠠᠮᠤ ᠪᠤᠳᠠᠭᠠᠨ ᠤ ᠦᠢᠯᠡᠳᠪᠦᠷᠢᠯᠡᠯ ᠳᠤ ᠦᠵᠡᠭᠦᠯᠬᠦ ᠨᠦᠯᠦᠭᠡᠯᠡᠯ ᠢ | ᠪᠦᠲᠦᠮᠵᠢᠲᠡᠶ ᠪᠠᠷ ᠪᠠᠭᠠᠰᠬᠠᠪᠠ᠃ | |