| ᠥᠪᠥᠷ ᠵᠠᠰᠠᠭ ᠠᠯᠪᠠᠨ ᠲᠠᠷᠬᠠᠭᠠᠭᠰᠠᠨ ﹇2018﹈ 51 ᠳ᠋ᠤᠭᠡᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠦᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠬᠠᠮᠢᠶᠠᠷᠤᠯᠲᠠ ᠳᠤ ᠰᠢᠨ᠎ᠡ ᠶᠢ ᠡᠭᠦᠳᠴᠦ ᠦᠢᠯᠡᠴᠢᠯᠡᠭᠡ ᠪᠠᠨ ᠰᠢᠯᠢᠳᠡᠭᠵᠢᠭᠦᠯᠦᠨ ᠠᠵᠤ ᠠᠬᠤᠢ ᠶᠢᠨ | ᠬᠦᠭᠵᠢᠯᠲᠡ ᠶᠢᠨ ᠰᠢᠨ᠎ᠡ ᠬᠦᠳᠡᠯᠭᠡᠭᠴᠢ ᠴᠢᠳᠠᠪᠤᠷᠢ ᠶᠢ ᠪᠤᠶᠢᠵᠢᠭᠤᠯᠤᠨ ᠪᠣᠵᠠᠭᠠᠶᠢᠷᠠᠭᠤᠯᠵᠤ ᠰᠢᠨ᠎ᠡ ᠬᠠᠭᠤᠴᠢᠨ | ᠬᠦᠳᠡᠯᠭᠡᠭᠴᠢ ᠴᠢᠳᠠᠪᠤᠷᠢ ᠶᠢ ᠵᠠᠯᠭᠠᠯᠳᠤᠭᠤᠯᠤᠨ ᠰᠢᠯᠵᠢᠭᠦᠯᠵᠦ ᠬᠤᠪᠢᠷᠠᠭᠤᠯᠬᠤ ᠶᠢ ᠲᠦᠷᠭᠡᠳᠭᠡᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2017﹈ 4 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠢ ᠶᠢᠨ ᠬᠦᠭᠵᠢᠯᠲᠡ ᠶᠢᠨ ᠰᠢᠨ᠎ᠡ ᠬᠦᠳᠡᠯᠭᠡᠭᠴᠢ ᠴᠢᠳᠠᠪᠤᠷᠢ ᠶᠢ ᠤᠯᠠᠮ ᠨᠢᠭᠡ ᠠᠯᠬᠤᠮ ᠪᠤᠶᠢᠵᠢᠭᠤᠯᠤᠨ | ᠪᠣᠵᠠᠭᠠᠶᠢᠷᠠᠭᠤᠯᠵᠤ᠂ ᠤᠯᠠᠮᠵᠢᠯᠠᠯᠲᠤ ᠬᠦᠳᠡᠯᠭᠡᠭᠴᠢ ᠴᠢᠳᠠᠪᠤᠷᠢ ᠶᠢ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠦᠨ᠂ | ᠰᠢᠨ᠎ᠡ ᠬᠠᠭᠤᠴᠢᠨ ᠬᠦᠳᠡᠯᠭᠡᠭᠴᠢ ᠴᠢᠳᠠᠪᠤᠷᠢ ᠶᠢ ᠵᠠᠯᠭᠠᠯᠳᠤᠭᠤᠯᠤᠨ ᠰᠢᠯᠵᠢᠭᠦᠯᠵᠦ ᠬᠤᠪᠢᠷᠠᠭᠤᠯᠬᠤ ᠶᠢ | ᠲᠦᠷᠭᠡᠳᠭᠡᠬᠦ ᠶᠢᠨ ᠲᠤᠰᠠᠳᠠ᠂ ᠳᠣᠣᠷᠠᠬᠢ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠦᠭᠵᠢᠯᠲᠡ ᠶᠢᠨ ᠣᠨᠣᠯᠵᠢᠬᠤᠨ ᠢ | ᠪᠠᠷᠢᠮᠲᠠᠯᠠᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠣᠯᠠᠨ ᠢᠶᠠᠷ ᠢᠶᠠᠨ ᠦᠢᠯᠡᠰ ᠴᠣᠭᠴᠠᠯᠠᠵᠤ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ | ᠬᠦᠴᠦᠲᠡᠢ ᠠᠬᠢᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠬᠦᠳᠡᠯᠭᠡᠭᠴᠢ ᠴᠢᠳᠠᠪᠤᠷᠢ ᠪᠠᠨ ᠪᠠᠳᠠᠷᠠᠭᠠᠬᠤ ᠶᠢ ᠬᠠᠷᠰᠢᠯᠠᠬᠤ | ᠵᠦᠷᠢᠴᠡᠯ ᠮᠦᠷᠭᠦᠯᠳᠦᠭᠡᠨ ᠪᠣᠯᠣᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠮᠵᠢᠯᠠᠯᠲᠤ ᠠᠵᠤ ᠦᠢᠯᠡᠰ ᠢ | ᠬᠦᠴᠦᠯᠡᠨ ᠥᠭᠡᠷᠡᠴᠢᠯᠡᠨ ᠰᠠᠶᠢᠵᠢᠷᠠᠭᠤᠯᠵᠤ ᠳᠡᠪᠰᠢᠭᠦᠯᠦᠨ᠂ ᠵᠠᠰᠠᠭ ᠵᠠᠬᠢᠷᠭᠠᠨ ᠤ ᠬᠠᠮᠢᠶᠠᠷᠤᠯᠲᠠ ᠳᠤ ᠰᠢᠨ᠎ᠡ ᠶᠢ | ᠡᠭᠦᠳᠬᠦ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠳᠥᠷᠢᠮ ᠤᠨ ᠰᠢᠨ᠎ᠡ ᠡᠭᠦᠳᠦᠯᠲᠡ | ᠬᠢᠭᠡᠳ ᠮᠡᠷᠭᠡᠵᠢᠯ ᠤᠨ ᠰᠢᠨ᠎ᠡ ᠡᠭᠦᠳᠦᠯᠲᠡ ᠶᠢ ᠬᠠᠷᠢᠯᠴᠠᠨ ᠠᠭᠤᠰᠤᠯᠴᠠᠭᠤᠯᠬᠤ᠂ ᠬᠠᠩᠭᠠᠯᠭ᠎ᠠ ᠬᠢᠭᠡᠳ | ᠬᠡᠷᠡᠭᠴᠡᠭᠡ ᠶᠢ ᠪᠦᠲᠦᠮᠵᠢᠲᠡᠢ ᠪᠠᠷ ᠵᠣᠯᠭᠠᠭᠤᠯᠬᠤ᠂ ᠰᠢᠨ᠎ᠡ ᠬᠦᠳᠡᠯᠭᠡᠭᠴᠢ ᠴᠢᠳᠠᠪᠤᠷᠢ ᠶᠢ ᠪᠤᠶᠢᠵᠢᠭᠤᠯᠬᠤ ᠬᠢᠭᠡᠳ | ᠤᠯᠠᠮᠵᠢᠯᠠᠯᠲᠤ ᠬᠦᠳᠡᠯᠭᠡᠭᠴᠢ ᠴᠢᠳᠠᠪᠤᠷᠢ ᠶᠢ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠵᠣᠬᠢᠴᠠᠭᠤᠯᠵᠤ | ᠬᠠᠷᠢᠯᠴᠠᠨ ᠬᠦᠳᠡᠯᠦᠯᠴᠡᠬᠦ ᠶᠢ ᠨᠢ ᠠᠬᠢᠭᠤᠯᠤᠨ᠂ ᠨᠡᠮᠡᠭᠳᠡᠯ ᠤᠨ ᠬᠦᠳᠡᠯᠭᠡᠬᠦ ᠬᠦᠴᠦᠨ ᠪᠣᠯᠣᠨ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠤᠷᠮᠠᠰᠢᠭᠤᠯᠤᠨ ᠬᠦᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠢ ᠶᠢᠨ ᠥᠷᠭᠦᠯᠵᠢᠯᠡᠨ ᠡᠷᠡᠭᠦᠯ ᠢᠶᠠᠷ ᠬᠦᠭᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ | ᠥᠭᠭᠦᠨ᠎ᠡ᠃ | ︵ᠬᠤᠶᠠᠷ︶ ᠬᠠᠷᠠᠯᠲᠠᠲᠤ ᠡᠭᠦᠷᠭᠡ᠃ | ᠨᠢᠭᠡᠨ ᠬᠡᠰᠡᠭ ᠴᠠᠭ ᠬᠤᠭᠤᠴᠠᠭ᠎ᠠ ᠶᠢᠨ ᠴᠢᠷᠮᠠᠶᠢᠯᠭ᠎ᠠ ᠪᠠᠷ ᠳᠠᠮᠵᠢᠨ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠪᠠᠶᠢᠳᠠᠯ ᠤᠨ ᠬᠦᠭᠵᠢᠯᠲᠡ ᠶᠢᠨ ᠵᠢᠮ᠎ᠡ ᠬᠠᠤᠯᠢ ᠳᠤ ᠵᠣᠬᠢᠴᠠᠭᠰᠠᠨ᠂ ᠰᠢᠨ᠎ᠡ ᠬᠦᠳᠡᠯᠭᠡᠭᠴᠢ | ᠴᠢᠳᠠᠪᠤᠷᠢ ᠶᠢᠨ ᠲᠦᠪᠯᠡᠷᠡᠭᠦᠯᠬᠦ ᠬᠡᠷᠡᠭᠴᠡᠭᠡ ᠶᠢ ᠬᠠᠩᠭᠠᠭᠰᠠᠨ ᠪᠠᠶᠢᠭᠤᠯᠤᠯ ᠲᠣᠭᠲᠠᠴᠠ ᠶᠢ ᠠᠩᠬ᠎ᠠ ᠠᠯᠬᠤᠮ | ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠵᠠᠰᠠᠭ ᠤᠨ ᠣᠷᠳᠣᠨ ᠤ ᠦᠢᠯᠡᠴᠢᠯᠡᠭᠡ ᠶᠢᠨ ᠪᠣᠰᠢᠭᠤ | ᠲᠦᠷᠭᠡᠨ ᠳᠠᠭᠠᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠴᠢᠯᠡᠭᠡ ᠶᠢᠨ | ᠠᠷᠭ᠎ᠠ ᠮᠠᠶ᠋ᠢᠭ ᠪᠠ ᠬᠢᠨᠠᠯᠲᠠ ᠬᠠᠮᠢᠶᠠᠷᠤᠯᠲᠠ ᠶᠢᠨ ᠵᠠᠭᠪᠤᠷ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠬᠦ ᠬᠡᠷᠡᠭᠲᠡᠢ᠃ | ᠪᠦᠬᠦ ᠨᠡᠶᠢᠭᠡᠮ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ | ᠴᠢᠳᠠᠪᠤᠷᠢᠲᠡᠨ᠂ ᠮᠡᠷᠭᠡᠵᠢᠯ᠂ ᠮᠡᠳᠡᠯᠭᠡ᠂ ᠳ᠋ᠠᠶᠢᠲ᠋ᠠ ᠶᠢᠨ ᠡᠬᠢ ᠪᠠᠶᠠᠯᠢᠭ ᠨᠡᠩ ᠡᠯᠪᠡᠭ ᠪᠠᠶᠠᠯᠢᠭ ᠪᠣᠯᠵᠤ᠂ | ᠬᠠᠮᠲᠤ ᠳᠤ ᠪᠠᠨ ᠬᠦᠷᠲᠡᠬᠦ ᠠᠵᠤ ᠠᠬᠤᠢ᠂ ᠮᠡᠳᠡᠭᠡ ᠵᠠᠩᠭᠢ ᠶᠢᠨ ᠠᠵᠤ ᠠᠬᠤᠢ᠂ ᠠᠮᠢᠳᠤ ᠪᠣᠳᠠᠰ ᠤᠨ ᠠᠵᠤ ᠠᠬᠤᠢ᠂ | ᠪᠣᠬᠢᠷᠳᠣᠯ ᠦᠭᠡᠢ ᠠᠵᠤ ᠠᠬᠤᠢ᠂ ᠪᠦᠲᠦᠭᠡᠯᠴᠢ ᠲᠦᠰᠦᠪᠯᠡᠯ ᠤᠨ ᠠᠵᠤ ᠠᠬᠤᠢ ᠪᠣᠯᠣᠨ ᠤᠶᠤᠨᠴᠢ ᠦᠢᠯᠡᠳᠬᠦ | ᠠᠵᠤ ᠠᠬᠤᠢ ᠪᠠᠷ ᠱᠠᠲᠤ ᠦᠶ᠎ᠡ ᠶᠢᠨ ᠴᠢᠨᠠᠷᠲᠠᠢ ᠭᠤᠣᠯ ᠪᠣᠯᠬᠤ ᠰᠢᠨ᠎ᠡ ᠪᠠᠷ ᠬᠦᠭᠵᠢᠭᠰᠡᠨ ᠠᠵᠤ ᠠᠬᠤᠢ ᠶᠢᠨ | ᠡᠵᠡᠩᠨᠡᠯᠲᠡ ᠶᠢᠨ ᠪᠠᠶᠢᠳᠠᠯ ᠢ ᠠᠯᠬᠤᠮ ᠠᠯᠬᠤᠮ ᠢᠶᠠᠷ ᠰᠢᠨ᠎ᠡ ᠨᠡᠮᠡᠭᠳᠡᠯ ᠤᠨ ᠬᠦᠳᠡᠯᠭᠡᠭᠦᠷ ᠪᠣᠯᠵᠤ᠂ ᠤᠯᠠᠮᠵᠢᠯᠠᠯᠲᠤ | ᠬᠦᠳᠡᠯᠭᠡᠭᠴᠢ ᠴᠢᠳᠠᠪᠤᠷᠢ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ᠂ ᠪᠣᠳᠠᠲᠤ ᠴᠣᠭᠴᠠᠲᠤ ᠠᠵᠤ | ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠪᠠ ᠭᠤᠣᠯᠯᠠᠬᠤ ᠦᠷᠢᠰᠦᠯᠳᠦᠭᠡᠨ ᠤ ᠬᠦᠴᠦᠨ ᠢ ᠢᠯᠡᠷᠬᠡᠢ | ᠳᠡᠭᠡᠭᠰᠢᠯᠡᠭᠦᠯᠵᠦ᠂ ᠰᠢᠨ᠎ᠡ ᠬᠠᠭᠤᠴᠢᠨ ᠬᠦᠳᠡᠯᠭᠡᠭᠴᠢ ᠴᠢᠳᠠᠪᠤᠷᠢ ᠶᠢ ᠵᠠᠯᠭᠠᠯᠳᠤᠭᠤᠯᠤᠨ ᠰᠢᠯᠵᠢᠭᠦᠯᠵᠦ | ᠬᠤᠪᠢᠷᠠᠭᠤᠯᠬᠤ ᠦᠷ᠎ᠡ ᠪᠦᠲᠦᠮᠵᠢ ᠶᠢ ᠮᠡᠳᠡᠭᠳᠡᠮ᠎ᠡ ᠪᠣᠯᠭᠠᠵᠤ᠂ ᠰᠢᠨ᠎ᠡ ᠪᠠᠷ ᠬᠦᠭᠵᠢᠭᠰᠡᠨ ᠠᠵᠤ ᠦᠢᠯᠡᠰ ᠬᠢᠭᠡᠳ | ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠵᠣᠬᠢᠴᠠᠯᠳᠤᠵᠤ ᠬᠦᠴᠦᠯᠡᠨ ᠬᠦᠭᠵᠢᠭᠰᠡᠨ ᠪᠠᠶᠢᠳᠠᠯ ᠢ ᠠᠯᠬᠤᠮ | ᠠᠯᠬᠤᠮ ᠢᠶᠠᠷ ᠪᠣᠢ ᠪᠣᠯᠭᠠᠨ᠎ᠠ᠃ | ᠬᠤᠶᠠᠷ᠂ ᠵᠠᠰᠠᠭ ᠤᠨ ᠣᠷᠳᠣᠨ ᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ | ︵ᠨᠢᠭᠡ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠥᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠎ᠡ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠤᠨᠵᠢᠭᠦᠯᠬᠦ ᠪᠠ | ᠡᠯᠧᠺᠲᠷᠤᠨ ᠡᠵᠡᠩᠨᠡᠯᠲᠡ ᠶᠢᠨ ᠦᠨᠡᠮᠯᠡᠯ ᠢ ᠳᠡᠯᠭᠡᠷᠡᠭᠦᠯᠦᠨ ᠬᠡᠷᠡᠭᠵᠢᠭᠦᠯᠵᠦ᠂ ᠣᠯᠠᠨ ᠢᠶᠠᠷ ᠢᠶᠠᠨ ᠦᠢᠯᠡᠰ | ᠴᠣᠭᠴᠠᠯᠠᠬᠤ ᠣᠷᠣᠨ ᠵᠠᠢ ᠵᠡᠷᠭᠡ ᠰᠢᠨ᠎ᠡ ᠬᠡᠯᠪᠡᠷᠢ ᠶᠢᠨ ᠨᠡᠪᠴᠢᠭᠦᠯᠬᠦ ᠪᠠᠶᠢᠭᠤᠯᠤᠮᠵᠢ ᠶᠢᠨ ᠲᠦᠪᠯᠡᠷᠡᠨ ᠠᠵᠢᠯᠯᠠᠬᠤ | ᠵᠡᠷᠭᠡ ᠣᠨᠴᠠᠯᠢᠭ ᠲᠤ ᠴᠢᠭᠯᠡᠭᠦᠯᠦᠨ᠂ ᠣᠷᠣᠨ ᠰᠠᠭᠤᠴᠠ ᠶᠢᠨ ᠳᠠᠩᠰᠠᠯᠠᠨ ᠲᠡᠮᠳᠡᠭᠯᠡᠬᠦ ᠨᠦᠬᠦᠴᠡᠯ ᠢ ᠠᠭᠤᠵᠢᠭᠤ | ᠲᠠᠯᠪᠢᠵᠤ᠂ ᠡᠯ᠎ᠡ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ︽ᠨᠢᠭᠡ ᠬᠠᠶ᠋ᠢᠭ ᠲᠤ ᠣᠯᠠᠨ ᠦᠨᠡᠮᠯᠡᠯ ᠲᠠᠢ | ᠪᠠᠶᠢᠯᠭᠠᠬᠤ︾ ︽ᠨᠢᠭᠡ ᠦᠨᠡᠮᠯᠡᠯ ᠳᠤ ᠣᠯᠠᠨ ᠬᠠᠶ᠋ᠢᠭ ᠲᠠᠢ ᠪᠠᠶᠢᠯᠭᠠᠬᠤ︾ ᠪᠠᠷ ᠳᠠᠩᠰᠠᠯᠠᠨ ᠲᠡᠮᠳᠡᠭᠯᠡᠭᠦᠯᠬᠦ ᠶᠢ | ᠬᠡᠷᠡᠭᠵᠢᠭᠦᠯᠬᠦ ᠶᠢ ᠨᠢ ᠵᠣᠷᠢᠬᠵᠢᠭᠤᠯᠤᠨ᠂ ︽ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾ ᠪᠠ ︽ | ᠤᠷᠢᠳ ᠢᠶᠠᠷ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠳᠠᠷᠠᠭ᠎ᠠ ᠳᠤ ᠨᠢ ᠵᠥᠪᠰᠢᠶᠡᠷᠡᠯ ᠤᠨ ᠦᠨᠡᠮᠯᠡᠯ ᠬᠦᠢᠴᠡᠳᠬᠡᠬᠦ︾ | ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠩ ᠣᠯᠠᠨ ᠭᠡᠷᠡᠴᠢ ᠪᠠ ᠦᠨᠡᠮᠯᠡᠯ ᠢ ᠡᠵᠡᠩᠨᠡᠯᠲᠡ ᠶᠢᠨ ᠦᠨᠡᠮᠯᠡᠯ ᠳᠤ | ᠡᠮᠬᠢᠯᠡᠨ ᠨᠡᠶᠢᠯᠡᠭᠦᠯᠵᠦ ᠣᠷᠤᠭᠤᠯᠬᠤ ᠶᠢ ᠰᠦᠪᠡᠭᠴᠢᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠲᠥᠷᠥᠭᠦᠯᠡᠨ ᠬᠠᠷᠢᠭᠤᠴᠠᠨ᠎ᠠ︶ | ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠥᠷᠢᠮ ᠤᠨ ᠥᠭᠡᠷᠡᠴᠢᠯᠡᠯᠲᠡ ᠶᠢ | ᠢᠳᠡᠪᠬᠢᠲᠡᠢ ᠠᠬᠢᠭᠤᠯᠤᠨ᠎ᠠ᠃ | ᠰᠦᠯᠵᠢᠶᠡᠨ ᠳᠡᠭᠡᠷ᠎ᠡ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠶᠢ ᠢᠳᠡᠪᠬᠢᠲᠡᠢ ᠶᠡᠪᠤᠭᠳᠠᠭᠤᠯᠵᠤ᠂ | ︽ᠨᠢᠭᠡ ᠴᠣᠩᠬᠤᠪᠴᠢ ᠮᠠᠶ᠋ᠢᠭ︾ ᠢᠶᠠᠷ ᠭᠠᠶᠢᠯᠢ ᠭᠦᠢᠴᠡᠳᠭᠡᠬᠦ ᠶᠢ ᠳᠡᠯᠭᠡᠷᠡᠭᠦᠯᠦᠨ᠂ ᠭᠠᠶᠢᠯᠢ ᠭᠦᠢᠴᠡᠳᠭᠡᠬᠦ ᠳᠡᠰ | ᠳᠠᠷᠠᠭᠠᠯᠠᠯ ᠪᠠ ᠭᠤᠭᠴᠤᠭ᠎ᠠ ᠶᠢ ᠳᠦᠭᠦᠮᠴᠢᠯᠡᠵᠦ᠂ ᠭᠠᠶᠢᠯᠢ ᠳᠤ ᠬᠤᠯᠪᠣᠭᠳᠠᠬᠤ ᠮᠠᠲ᠋ᠧᠷᠢᠶᠠᠯ ᠢ ᠴᠣᠮᠬᠠᠳᠬᠠᠨ᠂ | ᠭᠠᠶᠢᠯᠢ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 24 ᠴᠠᠭ ᠢᠶᠠᠷ ᠥᠪᠡᠰᠦᠪᠡᠨ ᠭᠠᠶᠢᠯᠢ | ᠭᠦᠢᠴᠡᠳᠭᠡᠬᠦ ᠦᠢᠯᠡᠴᠢᠯᠡᠭᠡ ᠶᠢ ᠤᠷᠳᠤᠳᠬᠠᠨ᠂ ᠭᠠᠶᠢᠯᠢ ᠳᠤ ᠬᠤᠯᠪᠣᠭᠳᠠᠭᠰᠠᠨ ᠲᠤᠬᠠᠶᠢᠯᠠᠭᠰᠠᠨ ᠠᠵᠢᠯ ᠤᠨ ᠪᠢᠴᠢᠭ | ᠬᠠᠷ᠎ᠠ ᠪᠠ ᠴᠠᠭᠠᠰᠤᠨ ᠪᠠᠷᠢᠮᠲᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠲᠣᠬᠢᠷᠠᠭᠤᠯᠤᠨ | ᠬᠦᠷᠭᠡᠬᠦ ᠪᠣᠶᠤ ᠴᠠᠭ ᠪᠣᠯᠵᠣᠨ ᠲᠣᠭᠲᠠᠭᠰᠠᠨ ᠴᠡᠭ ᠲᠤ ᠦᠢᠯᠡᠴᠢᠯᠡᠭᠡ ᠬᠦᠯᠢᠶᠡᠨ ᠠᠪᠬᠤ ᠶᠢ ᠪᠡᠶᠡᠯᠡᠭᠦᠯᠦᠨ᠎ᠡ᠃ | ᠭᠠᠶᠢᠯᠢ ᠲᠤᠰᠢᠶᠠᠬᠤ ᠢᠲᠡᠭᠡᠮᠵᠢ ᠶᠢᠨ A ᠳᠡᠰ ᠤᠨ ᠭᠠᠶᠢᠯᠢ ᠲᠤᠰᠢᠶᠠᠭᠴᠢ ᠳᠤ ᠬᠤᠯᠪᠣᠭᠠᠯᠠᠨ ᠤᠷᠮᠠᠰᠢᠭᠤᠯᠬᠤ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠰᠠᠭᠠᠳ ᠦᠭᠡᠢ ᠨᠡᠪᠲᠡᠷᠡᠬᠦ ᠵᠠᠮ | ᠵᠡᠷᠭᠡ ᠳᠥᠭᠦᠮ ᠲᠥᠳᠡ ᠦᠢᠯᠡᠴᠢᠯᠡᠭᠡ ᠬᠠᠩᠭᠠᠬᠤ ᠬᠡᠷᠡᠭᠲᠡᠢ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠲᠥᠷᠥᠭᠦᠯᠡᠨ ᠬᠠᠷᠢᠭᠤᠴᠠᠨ᠎ᠠ︶ | ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠎ᠡ᠃ ᠨᠠᠷᠢᠨ ᠳᠠᠩᠰᠠ ᠶᠢᠨ ᠬᠠᠮᠢᠶᠠᠷᠤᠯᠲᠠ ᠶᠢᠨ ᠳᠥᠷᠢᠮ ᠢ ᠪᠦᠬᠦ ᠲᠠᠯ᠎ᠠ ᠪᠠᠷ ᠶᠠᠪᠤᠭᠳᠠᠭᠤᠯᠵᠤ᠂ | ᠨᠠᠷᠢᠨ ᠳᠠᠩᠰᠠ ᠶᠢᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠪᠠ ᠬᠦᠷᠢᠶ᠎ᠡ ᠬᠡᠪᠴᠢᠶ᠎ᠡ ᠶᠢ ᠰᠦᠪᠡᠭᠴᠢᠯᠡᠨ | ᠦᠷᠭᠡᠳᠭᠡᠵᠤ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠳᠠᠩᠰᠠ ᠶᠢ | ᠴᠠᠭ ᠲᠤᠬᠠᠢ ᠳᠤ ᠨᠢ ᠵᠢᠷᠤᠮᠵᠢᠯᠠᠨ ᠲᠡᠭᠦᠯᠳᠡᠷᠵᠢᠭᠦᠯᠵᠦ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠭᠠᠷᠴᠠᠭ᠂ | ᠠᠭᠤᠯᠭ᠎ᠠ᠂ ᠴᠣᠪᠣᠷᠠᠯ ᠪᠠ ᠵᠦᠢᠯᠡᠰ ᠢ ᠰᠢᠯᠢᠳᠡᠭᠵᠢᠭᠦᠯᠦᠨ ᠳᠠᠬᠢᠨ ᠪᠠᠶᠢᠭᠤᠯᠵᠤ᠂ ︽ᠨᠢᠭᠡ ᠨᠣᠮᠧᠷ ᠢᠶᠠᠷ | ᠭᠤᠶᠤᠴᠢᠯᠠᠬᠤ᠂ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ︾ ᠳᠥᠭᠦᠮ ᠲᠥᠳᠡ ᠦᠢᠯᠡᠴᠢᠯᠡᠭᠡ ᠶᠢ ᠭᠦᠨᠵᠡᠭᠡᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠣᠷᠣᠨ ᠲᠣᠭᠠᠨ ᠤ ᠠᠯᠪᠠᠨ ᠭᠡᠷ᠂ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠠᠵᠤ ᠠᠬᠤᠢ | ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠵᠠᠰᠠᠭ ᠤᠨ ᠣᠷᠳᠣᠨ ᠤ ᠠᠯᠪᠠᠨ ᠲᠢᠩᠬᠢᠮ ᠵᠡᠷᠭᠡ ᠰᠠᠯᠠᠭ᠎ᠠ ᠮᠦᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠬᠤᠶᠠᠷ︶ ᠬᠠᠤᠯᠢ ᠲᠣᠭᠲᠠᠭᠠᠯ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ | ᠬᠠᠤᠯᠢ ᠲᠣᠭᠲᠠᠭᠠᠯ ᠤᠨ ᠳᠦᠷᠢᠮ ᠤᠨ ᠲᠣᠬᠢᠷᠠᠯᠴᠠᠬᠤ ᠴᠢᠨᠠᠷ ᠤᠨ ᠬᠤᠪᠢᠰᠤᠯᠲᠠ ᠶᠢ ᠠᠬᠢᠭᠤᠯᠤᠨ᠎ᠠ᠃ ᠡᠯ᠎ᠡ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠤᠨ | ᠬᠦᠭᠵᠢᠯᠲᠡ ᠶᠢ ᠬᠦᠯᠢᠶᠡᠰᠦᠯᠡᠬᠦ ᠲᠣᠭᠲᠠᠭᠠᠯ ᠢ ᠴᠡᠭᠴᠡᠯᠡᠡ ᠢᠯᠭᠠᠷᠠᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠥᠷᠢᠮ ᠳᠤ ᠵᠠᠰᠠᠪᠤᠷᠢ ᠣᠷᠤᠭᠤᠯᠬᠤ ᠪᠠ ᠬᠦᠴᠦᠨ ᠦᠭᠡᠢ | ᠪᠣᠯᠭᠠᠬᠤ ᠳᠤ ᠪᠣᠳᠠᠲᠠᠢ ᠰᠠᠨᠠᠭᠤᠯᠭᠠᠲᠤ ᠲᠥᠰᠥᠯ ᠪᠣᠯᠣᠨ ᠰᠢᠯᠲᠠᠭᠠᠨ ᠢ ᠴᠠᠭ ᠲᠤᠬᠠᠢ ᠳᠤ ᠨᠢ ᠳᠤᠷᠠᠳᠤᠨ ᠭᠠᠷᠭᠠᠵᠤ᠂ | ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠭᠦᠢᠴᠡᠳᠭᠡᠬᠦ ᠬᠡᠷᠡᠭᠲᠡᠢ᠃ ᠡᠯᠧᠺᠲᠷᠤᠨ ᠬᠤᠳᠠᠯᠳᠤᠭᠠᠨ ᠤ | ᠶᠠᠪᠤᠳᠠᠯ᠂ ᠲᠣᠮᠤ ᠳ᠋ᠠᠶᠢᠲ᠋ᠠ᠂ ᠰᠢᠨ᠎ᠡ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ᠂ ᠣᠷᠣᠨ | ᠨᠤᠲᠤᠭ ᠤᠨ ᠬᠠᠤᠯᠢ ᠲᠣᠭᠲᠠᠭᠠᠬᠤ ᠠᠵᠢᠯ ᠢ ᠲᠦᠷᠭᠡᠳᠭᠡᠨ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠬᠠᠤᠯᠢ ᠳᠥᠷᠢᠮ ᠤᠨ ᠠᠯᠪᠠᠨ ᠭᠡᠷ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠣᠮᠤ ᠳ᠋ᠠᠶᠢᠲ᠋ᠠ ᠶᠢᠨ ᠬᠦᠭᠵᠢᠭᠦᠯᠦᠯᠲᠡ ᠶᠢᠨ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠬᠠᠮᠢᠶ᠎ᠠ ᠪᠦᠬᠦᠢ ᠪᠠᠷᠢᠮᠵᠢᠶᠠᠲᠤ ᠬᠦᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ | ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠥᠪᠡᠰᠦᠪᠡᠨ ᠢᠯᠡᠷᠬᠡᠶᠢᠯᠡᠵᠦ ᠢᠯᠡ ᠪᠣᠯᠭᠠᠬᠤ ᠪᠠ | ᠬᠢᠨᠠᠯᠲᠠ ᠲᠠᠯᠪᠢᠬᠤ ᠳᠥᠷᠢᠮ ᠢ ᠠᠬᠢᠭᠤᠯᠤᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠭᠤᠣᠯ ᠤᠳᠤᠷᠢᠳᠤᠮᠵᠢ ᠪᠣᠯᠭᠠᠬᠤ ᠪᠠᠷ ᠲᠣᠭᠲᠠᠭᠠᠭᠰᠠᠨ | ᠪᠠᠷᠢᠮᠵᠢᠶ᠎ᠠ ᠬᠢᠭᠡᠳ ᠵᠠᠬ᠎ᠠ ᠳᠡᠯᠭᠡᠭᠦᠷ ᠤᠨ ᠥᠪᠡᠷ ᠢᠶᠠᠨ ᠡᠵᠨ ᠮᠡᠳᠡᠨ ᠲᠣᠭᠲᠠᠭᠠᠭᠰᠠᠨ ᠪᠠᠷᠢᠮᠵᠢᠶ᠎ᠠ ᠶᠢᠨ ᠵᠣᠬᠢᠴᠠᠯᠳᠤᠨ | ᠬᠦᠭᠵᠢᠬᠦ᠂ ᠵᠣᠬᠢᠴᠠᠭᠤᠯᠤᠨ ᠲᠥᠬᠦᠷᠵᠢᠭᠦᠯᠦᠭᠰᠡᠨ ᠰᠢᠨ᠎ᠡ ᠬᠡᠯᠪᠡᠷᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠠᠯᠬᠤᠮ | ᠠᠯᠬᠤᠮ ᠢᠶᠠᠷ ᠪᠠᠶᠢᠭᠤᠯᠵᠤ᠂ ᠨᠢᠭᠡᠳᠦᠯᠲᠡᠢ ᠵᠣᠬᠢᠴᠠᠭᠤᠯᠬᠤ᠂ ᠦᠨᠳᠦᠷ ᠪᠦᠲᠦᠮᠵᠢᠲᠡᠢ ᠠᠵᠢᠯᠯᠠᠬᠤ᠂ ᠵᠠᠰᠠᠭ ᠤᠨ | ᠣᠷᠳᠣᠨ ᠬᠢᠭᠡᠳ ᠵᠠᠬ᠎ᠠ ᠳᠡᠯᠭᠡᠭᠦᠷ ᠬᠠᠮᠲᠤ ᠳᠤ ᠪᠠᠨ ᠵᠠᠰᠠᠬᠤ ᠪᠠᠷᠢᠮᠵᠢᠶ᠎ᠠ ᠶᠢᠨ ᠬᠠᠮᠢᠶᠠᠷᠤᠯᠲᠠ ᠪᠠᠶᠢᠭᠤᠯᠤᠯ ᠢ | ᠪᠦᠷᠢᠨᠰᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ ᠲᠥᠷᠥᠭᠦᠯᠡᠨ ᠬᠠᠷᠢᠭᠤᠴᠠᠨ᠎ᠠ︶ | ︵ᠭᠤᠷᠪᠠ︶ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠬᠵᠢᠭᠤᠯᠤᠨ᠎ᠠ᠃ | ᠣᠷᠳᠣᠰ ᠤᠨ ᠡᠬᠢ ᠪᠠᠶᠠᠯᠢᠭ ᠤᠨ ᠬᠡᠯᠪᠡᠷᠢ ᠪᠦᠬᠦᠢ ᠠᠵᠤ ᠠᠬᠤᠢ ᠳᠤ ᠲᠦᠰᠢᠭᠯᠡᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ᠂ ᠮᠠᠨᠵᠣᠣᠷ ᠪᠣᠯᠣᠨ ᠡᠷᠢᠶᠡᠨ ᠬᠤᠲᠠ ᠶᠢᠨ ᠤᠯᠤᠰ ᠤᠨ | ᠭᠤᠣᠯᠳᠠᠯᠭ᠎ᠠ ᠲᠠᠢ ᠨᠡᠬᠡᠭᠡᠨ ᠬᠦᠭᠵᠢᠭᠦᠯᠬᠦ ᠲᠤᠷᠰᠢᠯᠲᠠ ᠶᠢᠨ ᠣᠷᠣᠨ᠂ ᠬᠦᠯᠥᠨ ᠪᠤᠶᠢᠷ ᠤᠨ ᠳᠤᠮᠳᠠᠲᠤ ᠣᠷᠣᠰ | ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠵᠡᠷᠭᠡ ᠣᠷᠣᠨ ᠪᠦᠰᠡ ᠶᠢ ᠰᠢᠨ᠎ᠡ ᠪᠠᠷ | ᠡᠭᠦᠳᠦᠯᠲᠡ ᠲᠠᠢ ᠪᠠᠷ ᠬᠦᠭᠵᠢᠭᠦᠯᠵᠦ᠂ ᠳᠡᠰ ᠳᠠᠷᠠᠭᠠᠯᠠᠯ ᠶᠣᠰᠤᠭᠠᠷ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠶᠤ ᠪᠠᠶᠢᠩᠭᠤ ᠶᠢᠨ ᠬᠤᠷᠢᠶ᠎ᠠ ᠠᠴᠠ ᠡᠷᠬᠡ ᠣᠯᠭᠤᠭᠤᠯᠵᠤ᠂ ᠣᠷᠣᠨ | ᠨᠤᠲᠤᠭ ᠨᠢ ᠬᠠᠤᠯᠢ ᠪᠠᠷ ᠲᠣᠭᠲᠠᠭᠠᠭᠰᠠᠠ ᠳᠡᠰ ᠳᠠᠷᠠᠭᠠᠯᠠᠯ ᠶᠣᠰᠤᠭᠠᠷ ᠤᠯᠤᠰ ᠤᠨ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠳᠥᠷᠢᠮ ᠢ ᠬᠡᠷᠡᠭᠵᠢᠭᠦᠯᠬᠦ ᠪᠠᠨ ᠲᠦᠷ ᠵᠣᠭᠰᠣᠭᠠᠬᠤ ᠶᠢ ᠵᠦᠪᠰᠢᠶᠡᠷᠡᠵᠦ᠂ | ᠪᠠᠷᠠᠭᠠᠨ ᠤ ᠭᠦᠢᠯᠭᠡᠭᠡᠨ᠂ ᠰᠤᠷᠭᠠᠨ ᠬᠦᠮᠦᠵᠢᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠢᠰᠲ᠋ᠧᠮ ᠤᠨ ᠴᠢᠨᠠᠷᠲᠠᠢ | ᠲᠦᠭᠰᠢᠭᠦᠷᠢ ᠡᠭᠦᠰᠬᠦ ᠪᠠᠷ ᠪᠠᠭ᠎ᠠ ᠪᠠᠶᠢᠳᠠᠭ ᠲᠠᠯ᠎ᠠ ᠳᠤ᠂ ᠰᠢᠰᠲ᠋ᠧᠮ ᠤᠨ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ | ᠪᠠ ᠵᠣᠬᠢᠴᠠᠩᠭᠤᠢ ᠴᠢᠨᠠᠷᠲᠠᠢ ᠥᠭᠡᠷᠡᠴᠢᠯᠡᠯᠲᠡ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ | ᠦᠷᠨᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ | ᠰᠤᠷᠭᠠᠨ ᠬᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠵᠠᠮ ᠬᠠᠷᠢᠯᠴᠠᠭ᠎ᠠ | ᠳᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠤᠯᠢ ᠳᠥᠷᠢᠮ ᠤᠨ ᠠᠯᠪᠠᠨ ᠭᠡᠷ᠂ | ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ᠂ ᠬᠦᠬᠡᠬᠤᠲᠠ ᠪᠣᠭᠤᠮᠲᠠ ᠵᠡᠷᠭᠡ ᠰᠠᠯᠠᠭ᠎ᠠ ᠮᠦᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠳᠥᠷᠪᠡ︶ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠢᠯᠡᠴᠢᠯᠡᠭᠡ ᠶᠢ ᠴᠢᠩᠭᠠᠷᠠᠭᠤᠯᠤᠨ᠎ᠠ᠃ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠵᠢᠯᠲᠠ ᠪᠦᠲᠦᠮᠵᠢ ᠶᠢᠨ ᠦᠨᠡᠯᠡᠬᠦ ᠪᠠ ᠠᠯᠳᠠᠰᠢ ᠶᠢ | ᠠᠭᠤᠴᠢᠯᠠᠵᠤ ᠰᠦᠪᠡᠭᠴᠢᠯᠡᠨ ᠲᠤᠷᠰᠢᠬᠤ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠤ ᠰᠣᠳᠤᠯᠤᠯ ᠤᠨ | ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ | ᠰᠣᠳᠤᠯᠤᠯ ᠤᠨ ᠠᠵᠢᠯᠯᠠᠭ᠎ᠠ ᠵᠢᠴᠢ ᠰᠢᠨᠵᠢᠯᠡᠬᠦ ᠤᠬᠠᠭᠠᠨ ᠤ ᠰᠣᠳᠣᠯᠣᠯ ᠤᠨ ᠲᠥᠷᠥᠯ ᠵᠦᠢᠯ ᠤᠨ ᠬᠠᠷᠢᠶᠠᠯᠠᠬᠤ | ᠴᠢᠨᠠᠷ ᠢᠶᠠᠷ ᠴᠢᠨᠠᠷ ᠴᠢᠨᠰᠠᠭ᠎ᠠ᠂ ᠠᠮᠵᠢᠯᠲᠠ ᠪᠦᠲᠦᠮᠵᠢ ᠪᠣᠯᠣᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠭᠰᠠᠨ | ᠲᠥᠷᠥᠯ ᠬᠤᠪᠢᠶᠠᠨ ᠬᠠᠮᠢᠶᠠᠷᠬᠤ ᠪᠠ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠪᠡᠯᠡ ᠣᠷᠤᠭᠤᠯᠤᠯᠲᠠ ᠶᠢᠨ | ᠠᠯᠳᠠᠰᠢ ᠶᠢ ᠠᠭᠤᠴᠢᠯᠠᠬᠤ ᠲᠣᠭᠲᠠᠴᠠ ᠶᠢ ᠪᠠᠶᠢᠭᠤᠯᠵᠤ᠂ ᠪᠡᠯᠡ ᠣᠷᠤᠭᠤᠯᠤᠯᠲᠠ ᠶᠢᠨ ᠲᠥᠭᠰᠢᠭᠦᠷᠢ ᠶᠢ ᠳᠠᠭᠠᠭᠠᠬᠤ | ᠬᠡᠮᠵᠢᠴᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠂ ᠰᠦᠪᠡᠭᠴᠢᠯᠡᠬᠦ ᠶᠢ ᠵᠣᠷᠢᠬᠵᠢᠭᠤᠯᠵᠤ᠂ ᠢᠯᠠᠭᠳᠠᠯ ᠢ | ᠠᠭᠤᠴᠢᠯᠠᠨ ᠪᠠᠭᠲᠠᠭᠠᠨ᠎ᠠ᠃ ᠠᠵᠤ ᠠᠬᠤᠶᠢᠯᠠᠯ ᠤᠨ ᠠᠩᠬᠠᠨ ᠤ ᠡᠭᠦᠳᠦᠯᠲᠡ᠂ ᠪᠤᠶᠢᠵᠢᠯᠲᠠ᠂ ᠬᠦᠭᠵᠢᠯᠲᠡ ᠵᠡᠷᠭᠡ | ᠠᠳᠠᠯᠢ ᠪᠣᠰᠤ ᠱᠠᠲᠤ ᠦᠶ᠎ᠡ ᠳᠤ ᠲᠥᠷᠥ ᠶᠢᠨ ᠪᠣᠳᠣᠯᠭ᠎ᠠ ᠪᠠᠷ ᠳᠡᠮᠵᠢᠬᠦ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ | ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠳᠤ ᠲᠤᠯᠭᠠᠭᠤᠷᠢᠯᠠᠬᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠬᠤ ᠠᠷᠭ᠎ᠠ ᠶᠢ | ᠲᠡᠭᠦᠯᠳᠡᠷᠵᠢᠭᠦᠯᠵᠦ᠂ ᠮᠡᠷᠭᠡᠵᠢᠯ ᠤᠨ ᠰᠣᠳᠣᠯᠣᠨ ᠬᠦᠭᠵᠢᠭᠦᠯᠬᠦ᠂ ᠮᠡᠷᠭᠡᠵᠢᠯ ᠤᠨ ᠰᠢᠯᠵᠢᠭᠦᠯᠦᠨ ᠤᠯᠠᠷᠢᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠣᠷᠤᠭᠤᠯᠤᠯᠲᠠ ᠵᠢᠴᠢ ᠰᠢᠨ᠎ᠡ ᠡᠭᠦᠳᠦᠯᠲᠡ ᠵᠡᠷᠭᠡ ᠶᠢ ᠦᠨᠡᠯᠡᠬᠦ ᠭᠦᠢᠴᠡᠳᠭᠡᠯ ᠲᠣᠭᠠᠨ ᠳᠤ ᠣᠷᠤᠭᠤᠯᠵᠤ᠂ ᠰᠢᠯᠭᠠᠨ | ᠬᠢᠨᠠᠬᠤ ᠶᠢᠨ ᠲᠡᠩᠨᠡᠭᠦᠯᠬᠦ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠬᠦᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠦᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠭᠤᠣᠯ ᠴᠣᠭᠴᠠ ᠳᠤ ᠴᠢᠭᠯᠡᠭᠦᠯᠦᠭᠰᠡᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠰᠣᠳᠣᠯᠭᠠᠨ ᠤ ᠴᠢᠬᠤᠯᠠ ᠶᠡᠭᠡ ᠰᠠᠭᠤᠷᠢ ᠪᠡᠯᠡᠳᠭᠡᠮᠵᠢ | ᠪᠠ ᠰᠢᠨᠵᠢᠯᠡᠬᠦ ᠤᠬᠠᠭᠠᠨ ᠤ ᠰᠣᠳᠣᠯᠭᠠᠨ ᠤ ᠲᠣᠮᠤ ᠬᠡᠯᠪᠡᠷᠢ ᠶᠢᠨ ᠪᠠᠭᠠᠵᠢ ᠬᠡᠷᠡᠭᠰᠡᠯ ᠤᠨ ᠴᠢᠯᠦᠭᠡᠲᠡᠢ ᠦᠢᠯᠡᠴᠢᠯᠡᠬᠦ | ᠮᠡᠳᠡᠭᠡ ᠵᠠᠩᠭᠢ ᠶᠢ ᠢᠯᠡ ᠨᠡᠶᠢᠲᠡᠯᠡᠬᠦ ᠳᠥᠷᠢᠮ ᠢ ᠪᠠᠶᠢᠭᠤᠯᠵᠤ᠂ ᠵᠠᠰᠠᠭ ᠤᠨ ᠣᠷᠳᠣᠨ ᠤ ᠪᠡᠯᠡ ᠣᠷᠤᠭᠤᠯᠤᠭᠰᠠᠨ | ᠰᠢᠨᠵᠢᠯᠡᠬᠦ ᠤᠬᠠᠭᠠᠨ ᠤ ᠰᠣᠳᠣᠯᠣᠯ ᠤᠨ ᠪᠡᠯᠡᠳᠭᠡᠮᠵᠢ ᠵᠡᠷᠭᠡ ᠶᠢ ᠬᠦᠳᠦᠯᠦᠨ ᠵᠢᠯᠣᠭᠤᠳᠴᠦ ᠪᠠᠶᠢᠭᠠᠳ ᠨᠡᠶᠢᠭᠡᠮ ᠳᠤ | ᠬᠠᠨᠳᠤᠭᠤᠯᠤᠨ ᠴᠢᠯᠦᠭᠡᠲᠡᠢ ᠦᠢᠯᠡᠴᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ | ᠳᠥᠷᠢᠮ ᠢ ᠲᠦᠷᠭᠡᠳᠭᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢ ᠰᠢᠨᠵᠢᠯᠡᠬᠦ | ᠤᠬᠠᠭᠠᠨ ᠤ ᠰᠣᠳᠣᠯᠭᠠᠨ ᠤ ᠵᠣᠷᠰᠢᠯᠲᠤ ᠬᠠᠮᠢᠶᠠᠷᠤᠯᠲᠠ ᠳᠤ ᠣᠷᠤᠭᠤᠯᠤᠨ᠂ ᠴᠢᠬᠤᠯᠠ ᠶᠡᠭᠡ ᠠᠮᠤᠷ ᠲᠦᠪᠰᠢᠨ ᠳᠤ | ᠬᠤᠯᠪᠣᠭᠳᠠᠬᠤ᠂ ᠬᠠᠮᠢᠶ᠎ᠠ ᠪᠦᠬᠦᠢ ᠣᠨᠴᠠᠭᠠᠢ ᠬᠠᠮᠢᠶᠠᠷᠤᠯᠲᠠ ᠶᠢᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ | ᠵᠠᠰᠠᠭ ᠤᠨ ᠣᠷᠳᠣᠨ ᠤ ᠪᠡᠯᠡ ᠣᠷᠤᠭᠤᠯᠤᠭᠠᠳ ᠪᠣᠢ ᠪᠣᠯᠭᠠᠭᠰᠠᠨ ᠰᠢᠨᠵᠢᠯᠡᠬᠦ ᠤᠬᠠᠭᠠᠨ ᠤ ᠰᠣᠳᠣᠯᠣᠯ ᠤᠨ ᠦᠷ᠎ᠡ | ᠪᠦᠲᠦᠭᠡᠯ ᠳᠤ ᠰᠢᠨᠵᠢᠯᠡᠬᠦ ᠤᠬᠠᠭᠠᠨ ᠤ ᠰᠣᠳᠣᠯᠣᠯ ᠤᠨ ᠳ᠋ᠠᠶᠢᠲ᠋ᠠ ᠶᠢᠨ ᠮᠡᠳᠡᠭᠡ ᠵᠠᠩᠭᠢ ᠶᠢ ᠴᠢᠯᠦᠭᠡᠲᠡᠢ ᠪᠣᠯᠭᠠᠵᠤ | ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠤᠭᠤᠯᠤᠯᠲᠠ ᠶᠢᠨ ᠦᠷ᠎ᠡ | ᠠᠰᠢᠭ ᠢ ᠦᠨᠡᠨ ᠬᠦ ᠳᠡᠭᠡᠭᠰᠢᠯᠡᠭᠦᠯᠦᠨ᠂ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ | ᠵᠦᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠵᠡᠷᠭᠡ | ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠣᠯᠠᠨ ᠢᠶᠠᠷ ᠢᠶᠠᠨ ᠦᠢᠯᠡᠰ ᠴᠣᠭᠴᠠᠯᠠᠵᠤ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠷᠭᠡᠳᠭᠡᠨ | ᠠᠬᠢᠭᠤᠯᠤᠨ᠎ᠠ᠃ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠠᠶᠢᠭᠤᠯᠤᠯ | ᠲᠣᠭᠲᠠᠴᠠ ᠳᠤ ᠰᠢᠨ᠎ᠡ ᠡᠭᠦᠳᠦᠯᠲᠡ ᠶᠢ ᠴᠢᠩᠭᠠᠷᠠᠭᠤᠯᠵᠤ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ | ᠲᠥᠷᠥ ᠶᠢᠨ ᠪᠣᠳᠣᠯᠭ᠎ᠠ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠥᠷᠨᠢᠭᠦᠯᠦᠨ᠂ ᠣᠷᠣᠨ | ᠪᠦᠰᠡ᠂ ᠳᠡᠭᠡᠲᠥ ᠰᠤᠷᠭᠠᠭᠤᠯᠢ ᠪᠣᠯᠣᠨ ᠠᠵᠤ ᠠᠬᠤᠶᠢᠯᠠᠯ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠬᠦᠭᠵᠢᠯᠲᠡ ᠶᠢᠨ ᠬᠡᠪ ᠦᠯᠢᠭᠡᠷ ᠢ ᠪᠠᠶᠢᠭᠤᠯᠵᠤ᠂ ᠵᠢᠷᠤᠮᠯᠠᠨ ᠳᠠᠭᠠᠵᠤ ᠪᠣᠯᠬᠤᠶᠢᠴᠠ ᠪᠠ ᠳᠡᠯᠭᠡᠷᠡᠭᠦᠯᠵᠦ ᠪᠣᠯᠬᠤᠶᠢᠴᠠ | ᠲᠤᠷᠰᠢᠯᠭ᠎ᠠ ᠶᠢ ᠪᠣᠢ ᠪᠣᠯᠭᠠᠨ᠎ᠠ᠃ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠮᠥᠷᠦ᠋ᠢᠴᠡᠭᠡᠨ ᠵᠡᠷᠭᠡ | ᠠᠵᠢᠯᠯᠠᠭᠠᠨ ᠢ ᠢᠳᠡᠪᠬᠢᠲᠡᠢ ᠦᠷᠨᠢᠭᠦᠯᠵᠦ᠂ ᠲᠤᠰᠬᠠᠢ ᠮᠡᠷᠭᠡᠵᠢᠯ ᠤᠨ ᠴᠢᠨᠠᠷᠲᠠᠢ ᠣᠯᠠᠨ ᠢᠶᠠᠷ ᠢᠶᠠᠨ ᠰᠢᠨ᠎ᠡ ᠶᠢ | ᠡᠭᠦᠳᠦᠨ ᠪᠦᠲᠦᠭᠡᠬᠦ ᠣᠷᠣᠨ ᠵᠠᠢ ᠶᠢ ᠲᠦᠷᠭᠡᠳᠭᠡᠨ ᠬᠦᠭᠵᠢᠭᠦᠯᠵᠦ᠂ ᠲᠣᠣᠷ ᠰᠦᠯᠵᠢᠶᠡᠨ ᠳᠠᠬᠢ ᠣᠯᠠᠨ ᠢᠶᠠᠷ ᠢᠶᠠᠨ | ᠰᠢᠨ᠎ᠡ ᠶᠢ ᠡᠭᠦᠳᠦᠨ ᠪᠦᠲᠦᠭᠡᠬᠦ ᠶᠢ ᠨᠢ ᠠᠬᠢᠭᠤᠯᠵᠤ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠬᠦᠴᠦᠨ | ᠵᠦᠢᠯ ᠢ ᠦᠨᠳᠦᠷ ᠪᠦᠲᠦᠮᠵᠢᠲᠠᠢ ᠪᠠᠷ ᠬᠠᠮᠲᠤᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠣᠯᠣᠨ | ᠬᠦᠭᠵᠢᠭᠦᠯᠬᠦ᠂ ᠲᠤᠰᠬᠠᠢ ᠮᠡᠷᠭᠡᠵᠢᠯ ᠤᠨ ᠮᠡᠳᠡᠯᠭᠡ᠂ ᠳᠠᠷᠬᠠᠳ ᠤᠨ ᠤᠷ᠎ᠠ ᠴᠢᠳᠠᠪᠤᠷᠢ ᠪᠠᠷ ᠢᠶᠠᠨ ᠬᠠᠮᠳᠤᠷᠠᠯᠴᠠᠵᠤ | ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠵᠦ᠂ ᠪᠦᠬᠦ ᠨᠡᠶᠢᠭᠡᠮ ᠢᠶᠠᠷ ᠢᠶᠠᠨ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠳᠤ ᠠᠮᠢᠵᠢᠷᠠᠯ ᠤᠨ ᠬᠦᠴᠦᠨ ᠲᠠᠢ ᠪᠣᠯᠭᠠᠬᠤ ᠶᠢ ᠤᠯᠠᠮ ᠨᠢᠭᠡ ᠠᠯᠬᠤᠮ ᠤᠷᠮᠠᠰᠢᠭᠤᠯᠵᠤ ᠬᠦᠭᠵᠢᠭᠡᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠰᠤᠷᠭᠠᠨ | ᠬᠦᠮᠦᠵᠢᠯ ᠤᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠬᠦᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠮᠡᠳᠡᠯᠭᠡ ᠦᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠳᠥᠷᠢᠮ ᠢ ᠴᠢᠩᠭᠠᠳᠬᠠᠨ᠎ᠠ᠃ ᠲᠤᠰᠬᠠᠢ ᠠᠰᠢᠭ ᠤᠨ | ᠬᠡᠷᠡᠭ ᠵᠠᠷᠭᠤ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ︽12330︾ ᠮᠡᠳᠡᠯᠭᠡ | ᠥᠮᠴᠢᠯᠡᠬᠦ ᠡᠷᠬᠡ ᠶᠢᠨ ᠡᠷᠬᠡ ᠠᠰᠢᠭ ᠢ ᠬᠠᠮᠠᠭᠠᠯᠠᠬᠤ ᠶᠢᠨ ᠲᠤᠰᠠᠯᠠᠨ ᠳᠡᠮᠵᠢᠬᠦ ᠪᠠ ᠢᠯᠡᠴᠢᠯᠡᠨ ᠵᠠᠭᠠᠯᠳᠤᠬᠤ | ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠬᠤᠳᠠᠯ ᠬᠠᠭᠤᠷᠮᠠᠭ ᠲᠤᠰᠬᠠᠢ ᠠᠰᠢᠭ ᠤᠨ ᠡᠷᠬᠡ ᠳᠤ ᠬᠠᠯᠳᠠᠭᠰᠠᠨ | ᠠᠵᠢᠯᠯᠠᠭ᠎ᠠ ᠶᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠤᠭᠤᠯᠬᠤ ᠬᠡᠷᠡᠭᠲᠡᠢ᠃ | ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭᠲᠦ ᠶᠢᠨ ᠣᠨᠴᠠᠭᠠᠢ ᠨᠡᠷᠡᠶᠢᠳᠦᠯ᠂ ᠪᠣᠭᠤᠳᠠᠯ᠂ ᠴᠢᠮᠡᠭᠯᠡᠯ ᠵᠡᠷᠭᠡ ᠳᠤ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠲᠠᠸᠠᠷ ᠤᠨ ᠲᠡᠮᠳᠡᠭ ᠤᠨ ᠡᠷᠬᠡ ᠳᠤ ᠵᠣᠷᠢᠭᠤᠳᠠ ᠪᠠᠷ ᠬᠠᠯᠳᠠᠭᠰᠠᠨ᠂ | ᠲᠠᠸᠠᠷ ᠤᠨ ᠲᠡᠮᠳᠡᠭ ᠢ ᠬᠠᠭᠤᠷᠮᠠᠭ ᠢᠶᠠᠷ ᠵᠣᠬᠢᠶᠠᠬᠤ ᠠᠵᠢᠯᠯᠠᠭ᠎ᠠ ᠵᠡᠷᠭᠡ ᠶᠢ ᠤᠯᠤᠰ ᠤᠨ ᠠᠵᠤ ᠠᠬᠤᠶᠢᠯᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ ᠤᠨ︶ ᠳᠤ ᠣᠷᠤᠭᠤᠯᠬᠤ | ᠬᠡᠷᠡᠭᠲᠡᠢ᠃ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠪᠠᠶᠢᠳᠠᠯ ᠳᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ | ᠬᠠᠮᠠᠭᠠᠯᠠᠯᠲᠠ ᠶᠢ ᠴᠢᠩᠭᠠᠳᠬᠠᠨ᠂ ᠰᠦᠯᠵᠢᠶ᠎ᠡ ᠪᠠᠷ ᠪᠦᠲᠦᠭᠡᠯᠴᠢ ᠲᠦᠰᠦᠪᠯᠡᠯ ᠬᠢᠬᠦ᠂ ᠰᠣᠳᠣᠯᠣᠨ ᠨᠡᠬᠡᠬᠡᠵᠦ | ᠵᠢᠷᠤᠭᠯᠠᠨ ᠲᠦᠯᠦᠪᠯᠡᠬᠦ᠂ ᠣᠯᠠᠨ ᠢᠶᠠᠷ ᠢᠶᠠᠨ ᠡᠭᠦᠳᠦᠨ ᠪᠦᠲᠦᠭᠡᠬᠦ ᠪᠠ ᠬᠠᠮᠳᠤᠳᠬᠠᠨ ᠳᠠᠭᠠᠭᠠᠴᠢᠯᠠᠬᠤ ᠵᠡᠷᠭᠡ ᠰᠢᠨ᠎ᠡ | ᠬᠦᠷᠢᠶ᠎ᠡ ᠴᠠᠷᠠᠭ᠎ᠠ ᠳᠠᠬᠢ ᠮᠡᠳᠡᠯᠭᠡ ᠦᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠠᠵᠤ | ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠭᠤᠷᠪᠠ᠂ ᠠᠭᠤᠳᠠᠮᠴᠢ ᠪᠠᠭᠲᠠᠭᠠᠮᠵᠢᠲᠠᠢ ᠪᠠᠷ ᠰᠢᠨ᠎ᠡ ᠶᠢ ᠡᠭᠦᠳᠬᠦ ᠶᠢᠨ ᠪᠣᠯᠭᠤᠮᠵᠢᠲᠠᠢ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ᠎ᠡ | ︵ᠨᠢᠭᠡ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠥᠷᠢᠮ ᠢ ᠲᠡᠭᠦᠯᠳᠡᠷᠵᠢᠭᠦᠯᠦᠨ᠎ᠡ᠃ | ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ ᠪᠠᠷ ᠭᠤᠣᠯ ᠪᠣᠯᠭᠠᠭᠰᠠᠨ ᠠᠵᠤ ᠦᠢᠯᠡᠰ ᠤᠨ ᠵᠦᠪᠰᠢᠶᠡᠷᠡᠨ | ᠣᠷᠤᠭᠤᠯᠬᠤ ᠳᠥᠷᠢᠮ ᠢ ᠨᠠᠶᠢᠳᠠᠪᠤᠷᠢᠵᠢᠭᠤᠯᠬᠤ ᠪᠦᠭᠡᠳ ᠲᠡᠭᠦᠯᠳᠡᠷᠵᠢᠭᠦᠯᠵᠦ᠂ ᠠᠯᠳᠠᠭᠳᠠᠯᠲᠠᠢ ᠵᠦᠢᠯᠡᠰ ᠤᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠳᠤ ᠣᠷᠤᠭᠤᠯᠤᠭᠠᠳᠤᠢ ᠠᠵᠢᠯ ᠲᠥᠷᠥᠯ᠂ ᠬᠦᠷᠢᠶ᠎ᠠ ᠴᠠᠷᠠᠭ᠎ᠠ᠂ ᠲᠤᠬᠠᠶᠢᠯᠠᠭᠰᠠᠨ | ᠠᠵᠢᠯ ᠵᠡᠷᠭᠡ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠴᠦᠮ ᠬᠠᠤᠯᠢ ᠶᠣᠰᠤᠭᠠᠷ ᠡᠷᠬᠡ | ᠲᠡᠭᠰᠢ ᠪᠠᠷ ᠣᠷᠣᠵᠤ ᠪᠣᠯᠣᠨ᠎ᠠ᠃ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ | ᠪᠠ ᠰᠢᠨ᠎ᠡ ᠵᠠᠭᠪᠤᠷ ᠲᠤ ᠴᠢᠭᠯᠡᠭᠦᠯᠦᠨ᠂ ᠦᠢᠯᠡᠰ ᠴᠣᠭᠴᠠᠯᠠᠬᠤ ᠪᠠᠷᠢᠮᠵᠢᠶ᠎ᠠ ᠶᠢ ᠪᠠᠭᠤᠷᠠᠭᠤᠯᠬᠤ ᠵᠠᠷᠴᠢᠮ ᠶᠣᠰᠤᠭᠠᠷ᠂ | ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠤᠭᠤᠯᠬᠤ ᠪᠠᠷ ᠶᠠᠭᠠᠷᠠᠭᠤᠯᠵᠤ ᠪᠣᠯᠬᠤ | ᠦᠭᠡᠢ᠃ ᠬᠠᠮᠲᠤ ᠳᠤ ᠪᠠᠨ ᠬᠦᠷᠲᠡᠬᠦ ᠠᠵᠤ ᠠᠬᠤᠢ ᠶᠢᠨ ᠣᠨᠴᠠᠭᠠᠢ ᠴᠢᠨᠠᠷ ᠢ ᠭᠦᠢᠴᠡᠳ ᠪᠣᠳᠣᠯᠬᠢᠯᠠᠵᠤ᠂ | ᠠᠭᠤᠳᠠᠮᠴᠢ ᠪᠠᠭᠲᠠᠭᠠᠮᠵᠢᠲᠠᠢ ᠪᠠᠷ ᠬᠦᠭᠵᠢᠭᠦᠯᠬᠦ ᠵᠠᠷᠴᠢᠮ ᠶᠣᠰᠤᠭᠠᠷ᠂ ᠰᠦᠯᠵᠢᠶ᠎ᠡ ᠶᠢᠨ ᠳᠠᠭᠤᠷᠢᠶᠠᠨ ᠬᠦᠮᠦᠵᠢᠭᠦᠯᠬᠦ | ᠪᠣᠳᠠᠲᠠᠢ ᠪᠣᠯᠪᠠᠰᠤᠷᠠᠭᠤᠯᠤᠯ᠂ ᠢᠨᠲ᠋ᠧᠷ ᠰᠦᠯᠵᠢᠶ᠎ᠡ ᠶᠢᠨ ᠡᠮᠴᠢᠯᠡᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠪᠠ | ᠬᠠᠮᠲᠤ ᠳᠤ ᠪᠠᠨ ᠬᠦᠷᠲᠡᠬᠦ ᠳᠤᠭᠤᠢ ᠲᠡᠷᠭᠡ᠂ ᠪᠠᠷᠠᠭᠠᠨ ᠤ ᠭᠦᠢᠯᠭᠡᠭᠡ ᠵᠡᠷᠭᠡ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠪᠠᠶᠢᠳᠠᠯ᠂ ᠬᠤᠳᠠᠯᠳᠤᠭᠠᠨ ᠤ ᠰᠢᠨ᠎ᠡ ᠵᠠᠭᠪᠤᠷ ᠲᠠᠢ ᠬᠦᠭᠵᠢᠯᠲᠡ ᠶᠢᠨ ᠣᠨᠴᠠᠯᠢᠭ ᠲᠤ ᠴᠢᠭᠯᠡᠭᠦᠯᠦᠨ᠂ | ᠬᠠᠮᠢᠶ᠎ᠠ ᠪᠦᠬᠦᠢ ᠠᠵᠢᠯ ᠲᠥᠷᠥᠯ ᠳᠤ ᠵᠦᠪᠰᠢᠶᠡᠷᠡᠨ ᠣᠷᠤᠭᠤᠯᠬᠤ ᠠᠷᠭ᠎ᠠ ᠶᠢ ᠪᠣᠯᠭᠤᠮᠵᠢᠲᠠᠢ ᠪᠠᠷ ᠰᠣᠳᠤᠯᠤᠨ | ᠲᠣᠭᠲᠠᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ | ᠵᠦᠪᠯᠡᠯ᠂ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠭᠢ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠮᠡᠭᠡ | ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠬᠤᠶᠠᠷ︶ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ | PPP᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠤ ᠢᠲᠡᠭᠡᠮᠵᠢ ᠶᠢᠨ ᠳᠠᠩᠰᠠ | ᠡᠪᠬᠡᠮᠡᠯ ᠪᠣᠶᠤ ᠢᠲᠡᠭᠡᠮᠵᠢ ᠶᠢᠨ ᠲᠡᠮᠳᠡᠭᠯᠡᠯ ᠢ ᠬᠡᠷᠡᠭᠯᠡᠬᠦ ᠶᠢ ᠠᠬᠢᠭᠤᠯᠬᠤ ᠶᠢᠨ ᠬᠠᠮᠲᠤ᠂ ᠡᠯ᠎ᠡ ᠠᠵᠢᠯ ᠲᠥᠷᠥᠯ ᠤᠨ | ᠬᠦᠷᠢᠶ᠎ᠡ ᠬᠡᠪᠴᠢᠶᠡᠨ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠶᠢᠨ | ᠬᠡᠪ ᠤᠨ ᠪᠣᠰᠤ ᠢᠯᠡᠷᠡᠯ ᠲᠠᠢ ᠨᠡᠷ᠎ᠡ ᠶᠢᠨ ᠵᠢᠭᠰᠠᠭᠠᠯᠲᠠ ᠪᠣᠯᠣᠨ ᠬᠠᠤᠯᠢ ᠠᠴᠠ ᠬᠦᠨᠳᠦ ᠬᠡᠴᠡᠭᠦᠦ ᠵᠦᠷᠢᠴᠡᠵᠦ | ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠨ᠂ ᠠᠵᠤ | ᠠᠬᠤᠶᠢᠯᠠᠯ ᠤᠨ ᠦᠢᠯᠡᠳᠪᠦᠷᠢᠯᠡᠵᠦ ᠡᠵᠡᠩᠨᠡᠬᠦ᠂ ᠭᠠᠶᠢᠯᠢ ᠵᠠᠷᠤᠳᠠᠯ ᠲᠤᠰᠢᠶᠠᠬᠤ ᠵᠢᠴᠢ ᠭᠠᠳᠠᠭᠰᠢ ᠪᠠᠨ ᠳᠠᠭᠠᠭᠠᠯᠲᠠ | ᠬᠢᠬᠦ ᠪᠠ ᠠᠷᠠᠳ ᠤᠨ ᠵᠢᠭᠡᠯᠡᠯᠭᠡ ᠬᠢᠬᠦ ᠳᠤ ᠣᠷᠣᠯᠴᠠᠬᠤ ᠵᠡᠷᠭᠡ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠠᠵᠢᠯ | ᠲᠥᠷᠥᠯ ᠤᠨ ᠢᠲᠡᠭᠡᠯ ᠲᠠᠢ ᠪᠠ ᠢᠲᠡᠭᠡᠯ ᠠᠯᠳᠠᠭᠰᠠᠳ ᠤᠨ ᠨᠡᠷᠡᠰ ᠤᠨ ᠳᠠᠩᠰᠠ ᠶᠢᠨ ᠳᠥᠷᠢᠮ ᠢ ᠪᠠᠶᠢᠭᠤᠯᠤᠨ | ᠪᠦᠷᠢᠨᠰᠢᠭᠦᠯᠵᠦ᠂ ᠢᠲᠡᠭᠡᠯ ᠠᠯᠳᠠᠬᠤ ᠠᠵᠢᠯᠯᠠᠭ᠎ᠠ ᠶᠢ ᠢᠯᠡᠷᠡᠭᠦᠯᠦᠨ ᠨᠡᠶᠢᠲᠡᠯᠡᠬᠦ ᠡᠷᠴᠢᠮ ᠢ ᠴᠢᠩᠭᠠᠷᠠᠭᠤᠯᠤᠨ᠂ | ᠵᠠᠰᠠᠭ ᠤᠨ ᠣᠷᠳᠣᠨ ᠪᠠ ᠨᠡᠶᠢᠭᠡᠮ ᠤᠨ ᠬᠢᠨ ᠤ ᠬᠠᠮᠲᠤ ᠪᠠᠷ ᠣᠷᠣᠯᠴᠠᠭᠰᠠᠨ ᠭᠠᠵᠠᠷ ᠣᠷᠣᠨ ᠠᠯᠤᠰᠯᠠᠭᠰᠠᠨ᠂ | ᠰᠠᠯᠠᠭ᠎ᠠ ᠮᠦᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠢᠲᠡᠭᠡᠮᠵᠢ ᠲᠠᠢ ᠶᠢ ᠬᠤᠯᠪᠣᠭᠠᠯᠠᠨ | ᠤᠷᠮᠠᠰᠢᠭᠤᠯᠬᠤ ᠪᠠ ᠢᠲᠡᠭᠡᠯ ᠠᠯᠳᠠᠭᠰᠠᠨ ᠢ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠲᠣᠭᠲᠠᠴᠠ ᠶᠢ ᠪᠠᠶᠢᠭᠤᠯᠬᠤ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠠᠵᠤ | ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ | ᠬᠦᠬᠡᠬᠤᠲᠠ ᠲᠥᠪ ᠰᠠᠯᠪᠦᠷᠢ ᠪᠠᠩᠭᠢ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠭᠤᠷᠪᠠ︶ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ | ᠠᠬᠢᠭᠤᠯᠤᠨ᠎ᠠ᠃ | ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠤᠨ ᠵᠠᠰᠠᠯᠲᠠ ᠶᠢᠨ ᠪᠦᠲᠦᠴᠡ ᠶᠢ | ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠵᠠᠭᠤᠴᠢᠯᠠᠭᠤᠷ᠂ ᠨᠡᠶᠢᠲᠡ ᠣᠯᠠᠨ ᠵᠡᠷᠭᠡ | ᠨᠡᠶᠢᠭᠡᠮ ᠤᠨ ᠬᠦᠴᠦᠨ ᠵᠦᠢᠯ ᠤᠳ ᠣᠯᠠᠨ ᠲᠠᠯ᠎ᠠ ᠪᠠᠷ ᠣᠷᠣᠯᠴᠠᠭᠰᠠᠨ ᠬᠠᠮᠵᠢᠯᠴᠠᠨ ᠵᠠᠰᠠᠬᠤ ᠵᠠᠭᠪᠤᠷ ᠢ ᠪᠠᠶᠢᠭᠤᠯᠵᠤ᠂ | ᠠᠵᠢᠯ ᠲᠥᠷᠥᠯ ᠤᠨ ᠬᠠᠮᠢᠶᠠᠷᠤᠯᠲᠠ᠂ ᠠᠵᠤ ᠠᠬᠤᠶᠢᠯᠠᠯ ᠤᠨ ᠥᠪᠡᠷ ᠢ ᠪᠠᠨ ᠱᠠᠭᠠᠷᠳᠠᠬᠤ᠂ ᠨᠡᠶᠢᠭᠡᠮ ᠠᠴᠠ ᠬᠢᠨᠠᠯᠲᠠ | ᠲᠠᠯᠪᠢᠵᠤ ᠬᠤᠯᠪᠣᠭᠠᠯᠠᠨ ᠬᠦᠳᠡᠯᠦᠯᠴᠡᠬᠦ ᠵᠠᠰᠠᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠬᠦᠭᠵᠢᠭᠦᠯᠬᠦ ᠪᠠ | ᠬᠠᠮᠢᠶᠠᠷᠤᠨ ᠡᠵᠡᠮᠰᠢᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠴᠠᠭ ᠦᠶ᠎ᠡ ᠶᠢᠨ ᠪᠠᠶᠢᠳᠠᠯ ᠳᠤ | ᠨᠡᠶᠢᠴᠡᠭᠰᠡᠨ ᠰᠢᠨ᠎ᠡ ᠦᠢᠯᠡᠳᠬᠦᠨ᠂ ᠰᠢᠨ᠎ᠡ ᠦᠢᠯᠡᠴᠢᠯᠡᠭᠡ᠂ ᠰᠢᠨ᠎ᠡ ᠡᠵᠡᠩᠨᠡᠯᠲᠡ ᠶᠢᠨ ᠪᠠᠶᠢᠳᠠᠯ ᠲᠠᠢ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠪᠠᠶᠢᠭᠤᠯᠤᠨ᠎ᠠ᠃ ᠬᠦᠨᠳᠡᠭᠦᠷ ᠬᠦᠷᠢᠶ᠎ᠡ ᠴᠠᠷᠠᠭᠠᠨ ᠳᠤ᠂ ᠣᠳᠣ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠳᠤ ᠥᠯᠥ ᠵᠣᠬᠢᠴᠠᠬᠤ ᠠᠵᠢᠯ ᠲᠥᠷᠥᠯ᠂ ᠠᠵᠤ ᠠᠬᠤᠶᠢᠯᠠᠯ ᠤᠨ ᠦᠢᠯᠡᠳᠬᠦᠨ᠂ | ᠦᠢᠯᠡᠴᠢᠯᠡᠭᠡ ᠶᠢᠨ ᠰᠣᠳᠣᠯᠣᠯ ᠪᠠ ᠬᠢᠨᠠᠨ ᠰᠢᠨᠵᠢᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠵᠦᠷᠢᠶᠡᠵᠢᠬᠦᠯᠦᠭᠰᠡᠨ | ᠲᠥᠷᠥᠯ ᠬᠤᠪᠢᠶᠠᠵᠤ ᠬᠢᠨᠠᠨ ᠬᠠᠮᠢᠶᠠᠷᠬᠤ ᠶᠢ ᠢᠳᠡᠪᠬᠢᠲᠡᠢ ᠬᠡᠷᠡᠭᠵᠢᠭᠦᠯᠦᠨ᠎ᠡ᠃ ᠰᠦᠯᠵᠢᠶ᠎ᠡ ᠪᠠᠷ ᠪᠣᠯᠵᠣᠬᠤ ᠮᠠᠰᠢᠨ | ᠲᠡᠷᠭᠡᠨ ᠤ ᠬᠦᠭᠵᠢᠯᠲᠡ ᠶᠢ ᠵᠢᠷᠤᠮᠵᠢᠭᠤᠯᠤᠨ ᠳᠡᠮᠵᠢᠵᠦ᠂ ᠳᠥᠷᠢᠶᠡᠰᠦᠨ ᠮᠠᠰᠢᠨ ᠲᠡᠷᠭᠡ ᠶᠢᠨ ᠰᠢᠨ᠎ᠡ ᠬᠠᠭᠤᠴᠢᠨ | ᠡᠵᠡᠩᠨᠡᠯᠲᠡ ᠶᠢᠨ ᠪᠠᠶᠢᠳᠠᠯ ᠤᠨ ᠬᠠᠷᠢᠯᠴᠠᠨ ᠠᠭᠤᠰᠤᠯᠳᠤᠬᠤ ᠶᠢ ᠠᠬᠢᠭᠤᠯᠤᠨ᠂ ᠣᠯᠠᠨ ᠶᠠᠩᠵᠤᠵᠢᠭᠰᠠᠨ᠂ | ᠵᠦᠷᠢᠶᠡᠵᠢᠭᠰᠡᠨ ᠠᠶᠠᠯᠠᠯ ᠳᠤ ᠦᠢᠯᠡᠴᠢᠯᠡᠬᠦ ᠰᠢᠰᠲ᠋ᠧᠮᠵᠢ ᠶᠢ ᠪᠠᠶᠢᠭᠤᠯᠤᠨ᠎ᠠ᠃ ᠡᠯᠧᠺᠲᠷᠤᠨ ᠬᠤᠳᠠᠯᠳᠤᠭᠠᠨ ᠤ | ᠶᠠᠪᠤᠳᠠᠯ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠢᠨᠠᠨ ᠵᠦᠪᠰᠢᠶᠡᠷᠡᠵᠦ ᠬᠢᠨᠠᠨ ᠬᠠᠮᠢᠶᠠᠷᠬᠤ ᠶᠢ ᠤᠯᠠᠮ ᠨᠢᠭᠡ | ᠠᠯᠬᠤᠮ ᠵᠢᠷᠤᠮᠵᠢᠭᠤᠯᠤᠨ᠂ ᠬᠠᠤᠯᠢ ᠠᠴᠠ ᠵᠦᠷᠢᠴᠡᠵᠦ ᠵᠠᠰᠠᠭ ᠵᠠᠬᠢᠷᠭᠠᠨ ᠤ ᠵᠦᠪᠰᠢᠶᠡᠷᠡᠯ ᠢ ᠲᠣᠭᠲᠠᠭᠠᠬᠤ᠂ ᠵᠠᠰᠠᠭ | ᠵᠠᠬᠢᠷᠭᠠᠨ ᠤ ᠵᠦᠪᠰᠢᠶᠡᠷᠡᠯ ᠤᠨ ᠨᠦᠬᠦᠴᠡᠯ ᠪᠠ ᠳᠡᠰ ᠳᠠᠷᠠᠭᠠᠯᠠᠯ ᠢ ᠨᠢ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ | ᠢᠨᠲ᠋ᠧᠷ ᠰᠦᠯᠵᠢᠶ᠎ᠡ ᠪᠠᠷ ᠤᠯᠠᠮᠵᠢᠯᠠᠨ ᠳᠡᠯᠭᠡᠷᠡᠭᠦᠯᠬᠦ ᠪᠠ ᠬᠡᠷᠡᠭᠯᠡᠭᠴᠢᠳ ᠤᠨ ᠵᠣᠬᠢᠶᠠᠨ ᠪᠦᠲᠦᠭᠡᠬᠦ ᠠᠭᠤᠯᠭ᠎ᠠ ᠶᠢᠨ | ᠬᠠᠨᠳᠤᠰᠢ ᠳᠤ ᠵᠣᠬᠢᠴᠠᠭᠰᠠᠨ ᠰᠢᠨ᠎ᠡ ᠵᠠᠭᠤᠴᠢᠯᠠᠭᠤᠷ ᠤᠨ ᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠰᠢᠨ᠎ᠡ ᠬᠡᠯᠪᠡᠷᠢ ᠶᠢᠨ ᠲᠣᠣᠷ ᠰᠦᠯᠵᠢᠶ᠎ᠡ ᠶᠢᠨ ᠦᠵᠡᠵᠦ ᠰᠣᠨᠣᠰᠬᠤ | ᠰᠣᠶᠣᠯ ᠤᠨ ᠪᠦᠲᠦᠭᠡᠭᠳᠡᠬᠦᠨ ᠤ ᠠᠭᠤᠯᠭ᠎ᠠ ᠶᠢᠨ ᠬᠠᠮᠢᠶᠠᠷᠤᠯᠲᠠ ᠶᠢᠨ ᠳᠥᠷᠢᠮ ᠤᠨ ᠰᠢᠰᠲ᠋ᠧᠮᠵᠢ ᠶᠢ ᠪᠠᠶᠢᠭᠤᠯᠬᠤ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ | ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ | ᠮᠡᠳᠡᠭᠡ ᠵᠠᠩᠭᠢ ᠶᠢᠨ ᠠᠯᠪᠠᠨ ᠭᠡᠷ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠣᠪᠴᠢᠶ᠎ᠠ᠂ ᠶᠠᠰᠦ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ | ᠰᠠᠯᠪᠤᠷᠢ ᠪᠠᠩᠭᠢ᠂ ᠬᠦᠬᠡᠬᠤᠲᠠ ᠪᠣᠭᠤᠮᠲᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠩᠭᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠳᠥᠷᠪᠡ︶ ᠲᠥᠭᠰᠢᠭᠦᠷᠢ ᠶᠢᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠰᠢᠨ᠎ᠡ ᠪᠠᠷ ᠬᠦᠭᠵᠢᠵᠦ | ᠪᠠᠶᠢᠭ᠎ᠠ ᠠᠵᠤ ᠠᠬᠤᠢ ᠶᠢᠨ ᠬᠦᠷᠢᠶ᠎ᠡ ᠴᠠᠷᠠᠭ᠎ᠠ ᠳᠠᠬᠢ ᠲᠥᠭᠰᠢᠭᠦᠷᠢ ᠶᠢ ᠰᠡᠷᠡᠮᠵᠢᠯᠡᠭᠦᠯᠬᠦ ᠪᠠ ᠵᠠᠳᠠᠯᠬᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠳᠤ ᠣᠷᠣᠰᠢᠵᠤ ᠪᠠᠶᠢᠭ᠎ᠠ ᠳᠠᠯᠳᠠ | ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠦᠨ᠂ | ᠰᠢᠨ᠎ᠡ ᠪᠠᠷ ᠬᠦᠭᠵᠢᠵᠦ ᠪᠠᠶᠢᠭ᠎ᠠ ᠠᠵᠤ ᠠᠬᠤᠢ ᠶᠢᠨ ᠬᠦᠷᠢᠶ᠎ᠡ ᠴᠠᠷᠠᠭᠠᠨ ᠳᠤ ᠣᠷᠣᠰᠢᠵᠤ ᠪᠠᠶᠢᠭ᠎ᠠ ᠳᠠᠯᠳᠠ | ᠲᠦᠭᠰᠢᠭᠦᠷᠢ ᠶᠢᠨ ᠬᠦᠨᠳᠡᠭᠦᠷ ᠴᠢᠨᠠᠷ ᠪᠠ ᠭᠡᠨᠡᠳᠲᠡ ᠶᠢᠨ ᠪᠠᠶᠢᠳᠠᠯ ᠳᠤ ᠪᠣᠰᠢᠭᠤ ᠲᠦᠷᠭᠡᠨ ᠰᠢᠢᠳᠪᠦᠷᠢᠯᠡᠬᠦ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠤᠨ᠂ ᠰᠢᠨ᠎ᠡ ᠪᠠᠷ ᠬᠦᠭᠵᠢᠵᠦ ᠪᠠᠶᠢᠭ᠎ᠠ ᠬᠦᠷᠢᠶ᠎ᠡ ᠴᠠᠷᠠᠭ᠎ᠠ ᠶᠢᠨ ᠮᠡᠷᠭᠡᠵᠢᠯ᠂ ᠦᠢᠯᠡᠳᠬᠦᠨ ᠪᠠ | ᠦᠢᠯᠡᠴᠢᠯᠡᠭᠡ ᠶᠢᠨ ᠪᠣᠯᠪᠠᠰᠤᠷᠠᠩᠭᠤᠢ ᠬᠡᠮᠵᠢᠶ᠎ᠡ ᠵᠢᠴᠢ ᠲᠥᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ | ᠰᠢᠢᠳᠭᠡᠨ ᠲᠣᠷᠭᠠᠬᠤ ᠴᠢᠨᠠᠷᠲᠠᠢ ᠲᠥᠯᠥᠬᠦ ᠡᠷᠴᠢᠮ ᠢ ᠴᠢᠩᠭᠠᠷᠠᠭᠤᠯᠤᠨ᠎ᠠ᠃ ᠲᠠᠪᠴᠠᠩ ᠳᠠᠬᠢ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ | ᠲᠥᠰᠥᠯ ᠲᠣᠭᠲᠠᠭᠠᠬᠤ ᠪᠠ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢ ᠵᠣᠬᠢᠶᠠᠨ ᠪᠠᠶᠢᠭᠤᠯᠵᠤ᠂ ᠲᠠᠪᠴᠠᠩ ᠳᠠᠬᠢ ᠠᠵᠤ ᠠᠬᠤᠶᠢᠯᠠᠯ ᠤᠨ ᠲᠣᠣᠷ ᠰᠦᠯᠵᠢᠶ᠎ᠡ ᠶᠢᠨ ᠠᠮᠤᠷ | ᠲᠦᠪᠰᠢᠨ ᠤ ᠬᠠᠮᠠᠭᠠᠯᠠᠬᠤ ᠴᠢᠳᠠᠪᠤᠷᠢ ᠪᠠ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ | ᠳᠡᠭᠡᠭᠰᠢᠯᠡᠭᠦᠯᠵᠦ᠂ ᠴᠠᠭ ᠢᠮᠠᠭᠲᠠ ᠭᠠᠷᠴᠤ ᠮᠡᠳᠡᠬᠦ ᠲᠣᠣᠷ ᠰᠦᠯᠵᠢᠶ᠎ᠡ ᠶᠢᠨ ᠠᠮᠤᠷ ᠲᠦᠪᠰᠢᠨ ᠤ ᠬᠡᠷᠡᠭ ᠢ | ᠢᠳᠡᠪᠬᠢᠲᠡᠢ ᠠᠷᠭᠠᠴᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ | ᠵᠦᠪᠯᠡᠯ᠂ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠭᠢᠮ᠂ | ᠳᠣᠲᠣᠭᠠᠳᠤ ᠶᠢ ᠬᠠᠮᠠᠭᠠᠯᠠᠬᠤ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠤᠯᠢ ᠳᠥᠷᠢᠮ ᠤᠨ ᠠᠯᠪᠠᠨ | ᠭᠡᠷ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠨᠠᠮ ᠤᠨ ᠬᠤᠷᠢᠶ᠎ᠠ ᠶᠢᠨ ᠢᠨᠲ᠋ᠧᠷ | ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ | ᠂ ᠥᠪᠥᠷ ᠮᠣᠩᠭᠤᠯ ᠤᠨ ᠪᠠᠩᠬᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠳᠥᠷᠪᠡ᠂ ᠦᠢᠯᠡᠳᠪᠦᠷᠢᠯᠡᠯ ᠤᠨ ᠰᠢᠨ᠎ᠡ ᠬᠦᠴᠦᠨ ᠵᠦᠢᠯ ᠤᠨ ᠭᠦᠢᠯᠭᠡᠭᠡ ᠶᠢ ᠠᠬᠢᠭᠤᠯᠤᠨ᠎ᠠ | ︵ᠨᠢᠭᠡ︶ ᠤᠶᠤᠨ ᠤ ᠬᠦᠴᠦᠨ ᠵᠦᠢᠯ ᠤᠨ ᠬᠤᠷᠠᠭᠤᠯᠤᠨ ᠭᠦᠢᠯᠭᠡᠭᠡᠬᠦ ᠶᠢ ᠲᠦᠷᠭᠡᠳᠭᠡᠨ᠎ᠡ᠃ | ᠴᠢᠳᠠᠪᠤᠷᠢᠲᠠᠨ ᠤ ᠰᠢᠯᠵᠢᠯ ᠢ ᠠᠬᠢᠭᠤᠯᠤᠨ᠎ᠠ᠃ ᠠᠵᠢᠯ ᠦᠢᠯᠡᠰ ᠤᠨ ᠨᠢᠭᠡᠴᠢ ᠶᠢᠨ ᠲᠥᠷᠥᠯ ᠬᠤᠪᠢᠶᠠᠨ | ᠥᠭᠡᠷᠡᠴᠢᠯᠡᠯᠲᠡ ᠬᠢᠬᠦ ᠯᠦᠭᠡ ᠤᠶᠠᠯᠳᠤᠭᠤᠯᠤᠨ᠂ ᠳᠡᠭᠡᠲᠥ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠰᠢᠨᠵᠢᠯᠡᠬᠦ | ᠤᠬᠠᠭᠠᠨ ᠤ ᠰᠣᠳᠣᠯᠬᠤ ᠪᠠᠶᠢᠭᠤᠯᠤᠮᠵᠢ ᠵᠡᠷᠭᠡ ᠠᠵᠢᠯ ᠦᠢᠯᠡᠰ ᠤᠨ ᠨᠢᠭᠡᠴᠢ ᠶᠢᠨ ᠣᠷᠣᠨ ᠲᠣᠭᠠᠨ ᠤ ᠳᠠᠩᠰᠠᠯᠠᠯ ᠤᠨ | ᠳᠥᠷᠢᠮ ᠪᠣᠶᠤ ᠠᠵᠢᠯᠲᠡᠨ ᠢ ᠬᠢᠵᠠᠭᠠᠷᠯᠠᠬᠤ ᠲᠣᠭᠠᠨ ᠤ ᠬᠠᠮᠢᠶᠠᠷᠤᠯᠲᠠ ᠳᠤ ᠰᠢᠨ᠎ᠡ ᠶᠢ ᠡᠭᠦᠳᠬᠦ ᠪᠦᠲᠦᠮᠵᠢᠲᠡᠢ | ᠬᠡᠯᠪᠡᠷᠢ ᠶᠢ ᠰᠦᠪᠡᠭᠴᠢᠯᠡᠨ᠎ᠡ᠃ ᠴᠢᠳᠠᠪᠤᠷᠢᠲᠡᠨ ᠢ ᠰᠢᠯᠢᠵᠦ ᠴᠢᠳᠠᠪᠤᠷᠢᠲᠡᠨ ᠢ ᠬᠡᠷᠡᠭᠯᠡᠬᠦ᠂ ᠦᠷ᠎ᠡ ᠪᠦᠲᠦᠭᠡᠯ ᠢ ᠨᠢ | ᠬᠡᠷᠡᠭᠯᠡᠵᠦ ᠲᠣᠬᠢᠷᠠᠭᠤᠯᠬᠤ᠂ ᠮᠡᠷᠭᠡᠵᠢᠯ ᠤᠨ ᠴᠤᠯᠡ ᠥᠨᠡᠯᠡᠨ ᠲᠣᠭᠲᠠᠭᠠᠬᠤ᠂ ᠴᠠᠯᠢᠩ ᠣᠯᠭᠤᠮᠵᠢ ᠬᠤᠪᠢᠶᠠᠷᠢᠯᠠᠬᠤ | ᠵᠡᠷᠭᠡ ᠲᠠᠯ᠎ᠠ ᠪᠠᠷ ᠳᠡᠭᠡᠲᠥ ᠵᠡᠷᠭᠡ ᠶᠢᠨ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ | ᠭᠠᠵᠠᠷ ᠲᠤ ᠨᠡᠩ ᠶᠡᠭᠡ ᠡᠵᠨ ᠮᠡᠳᠡᠬᠦ ᠡᠷᠬᠡ ᠣᠯᠭᠤᠨ᠎ᠠ᠃ ᠨᠦᠬᠦᠴᠡᠯ ᠳᠤ ᠨᠡᠶᠢᠴᠡᠭᠰᠡᠨ ᠰᠢᠨᠵᠢᠯᠡᠬᠦ ᠤᠬᠠᠭᠠᠨ ᠤ | ᠰᠣᠳᠣᠯᠬᠤ ᠠᠵᠢᠯᠲᠡᠨ ᠨᠢ ᠪᠠᠶᠢᠭ᠎ᠠ ᠨᠢᠭᠡᠴᠢ ᠪᠠᠷ ᠢᠶᠠᠨ ᠵᠦᠪᠰᠢᠶᠡᠷᠡᠭᠦᠯᠵᠦ᠂ ᠦᠨᠳᠦᠰᠦᠨ ᠬᠠᠷᠠᠭᠠᠯᠵᠠᠯ | ᠬᠦᠷᠲᠡᠭᠡᠮᠵᠢ ᠪᠠᠨ ᠬᠡᠪ ᠢᠶᠠᠷ ᠨᠢ ᠪᠠᠶᠢᠯᠭᠠᠵᠤ ᠰᠢᠨᠵᠢᠯᠡᠬᠦ ᠤᠬᠠᠭᠠᠨ ᠤ ᠰᠣᠳᠣᠯᠭᠠᠨ ᠤ ᠲᠥᠷᠥᠯ ᠵᠦᠢᠯ ᠪᠠ ᠦᠷ᠎ᠡ | ᠪᠦᠲᠦᠭᠡᠯ ᠢᠶᠠᠷ ᠢᠶᠠᠨ ᠠᠵᠤ ᠠᠬᠤᠶᠢᠯᠠᠯ ᠳᠤ ᠰᠢᠨ᠎ᠡ ᠶᠢ ᠡᠭᠦᠳᠬᠦ ᠠᠵᠢᠯ ᠦᠷᠨᠢᠭᠦᠯᠬᠦ ᠪᠣᠶᠤ ᠠᠵᠤ ᠠᠬᠤᠶᠢᠯᠠᠯ | ᠡᠭᠦᠳᠦᠨ ᠪᠠᠶᠢᠭᠤᠯᠵᠤ ᠪᠣᠯᠣᠨ᠎ᠠ᠂ ᠠᠵᠢᠯ ᠤᠨ ᠪᠠᠶᠢᠷᠢ ᠠᠴᠠ ᠪᠠᠨ ᠰᠠᠯᠵᠤ ᠦᠢᠯᠡᠰ ᠴᠣᠭᠴᠠᠯᠠᠬᠤ 3 ᠵᠢᠯ ᠤᠨ | ᠳᠣᠲᠣᠷ᠎ᠠ ᠠᠵᠢᠯᠲᠡᠨ ᠤ ᠶᠠᠪᠤᠳᠠᠯ ᠤᠨ ᠬᠠᠷᠢᠴᠠᠭ᠎ᠠ ᠶᠢ ᠤᠤᠯ ᠨᠢᠭᠡᠴᠢ ᠳᠤ ᠪᠠᠨ ᠦᠯᠡᠳᠡᠭᠡᠵᠦ ᠪᠣᠯᠣᠨ᠎ᠠ᠃ ᠡᠮᠴᠢ | ᠨᠠᠷ ᠤᠨ ᠣᠷᠣᠨ ᠪᠦᠰᠡ ᠶᠢᠨ ᠬᠡᠪᠴᠢᠶᠡᠨ ᠳᠤ ᠠᠵᠢᠯ ᠡᠷᠬᠢᠯᠡᠬᠦ ᠶᠢ ᠳᠠᠩᠰᠠᠯᠠᠭᠤᠯᠬᠤ ᠪᠠ ᠣᠯᠠᠨ ᠪᠠᠶᠢᠭᠤᠯᠤᠮᠵᠢ ᠳᠤ | ᠠᠵᠢᠯ ᠡᠷᠬᠢᠯᠡᠬᠦ ᠶᠢ ᠪᠦᠷᠢᠳᠭᠡᠨ ᠳᠠᠩᠰᠠᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠡᠮᠴᠢ ᠨᠠᠷ ᠬᠢᠭᠡᠳ | ᠡᠮᠨᠡᠯᠭᠡ ᠶᠢᠨ ᠪᠠᠶᠢᠭᠤᠯᠤᠮᠵᠢ ᠯᠤᠭ᠎ᠠ ᠦᠢᠯᠡᠴᠢᠯᠡᠭᠡ ᠶᠢᠨ ᠭᠡᠷ᠎ᠡ ᠲᠣᠭᠲᠠᠬᠤ ᠪᠣᠶᠤ ᠡᠮᠴᠢ ᠶᠢᠨ ᠪᠦᠯᠬᠦᠮ | ᠪᠠᠶᠢᠭᠤᠯᠬᠤ ᠶᠢ ᠠᠬᠢᠭᠤᠯᠤᠨ᠎ᠠ᠃ ᠮᠡᠷᠭᠡᠵᠢᠯ ᠤᠨ ᠴᠤᠯᠡ ᠶᠢᠨ ᠳᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠳᠡᠭᠡᠲᠥ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ ᠭᠠᠵᠠᠷ᠂ ᠤᠯᠤᠰ ᠤᠨ | ᠦᠮᠴᠢᠯᠡᠯ ᠤᠨ ᠭᠤᠣᠯᠳᠠᠯᠭ᠎ᠠ ᠲᠠᠢ ᠠᠵᠤ ᠠᠬᠤᠶᠢᠯᠠᠯ᠂ ᠰᠢᠨ᠎ᠡ ᠶᠢ ᠡᠭᠦᠳᠬᠦ ᠬᠦᠲᠦᠴᠢ ᠠᠵᠤ ᠠᠬᠤᠶᠢᠯᠠᠯ ᠵᠡᠷᠭᠡ ᠳᠤ | ᠮᠡᠷᠭᠡᠵᠢᠯ ᠤᠨ ᠴᠣᠯᠠ ᠶᠢ ᠥᠪᠡᠷᠲᠡᠭᠡᠨ ᠦᠨᠡᠯᠡᠨ ᠲᠣᠭᠲᠠᠭᠠᠬᠤ ᠲᠣᠷᠰᠢᠯᠲᠠ ᠶᠢ ᠦᠷᠨᠢᠭᠦᠯᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ᠂ ᠰᠤᠷᠭᠠᠨ ᠬᠦᠮᠦᠵᠢᠯ ᠤᠨ ᠲᠢᠩᠬᠢᠮ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠦᠪᠯᠡᠯ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ | ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠤᠨ ᠣᠨᠴᠠᠯᠢᠭ ᠲᠤ ᠵᠣᠬᠢᠴᠠᠭᠰᠠᠨ ᠠᠵᠢᠯᠴᠢᠨ ᠬᠡᠷᠡᠭᠯᠡᠬᠦ | ᠪᠠ ᠨᠡᠶᠢᠭᠡᠮ ᠤᠨ ᠳᠠᠭᠠᠳᠬᠠᠯ ᠤᠨ ᠳᠥᠷᠢᠮ ᠢ ᠪᠠᠶᠢᠭᠤᠯᠤᠨ᠎ᠠ᠃ ᠠᠵᠢᠯ ᠣᠯᠭᠤᠯᠲᠠ ᠶᠢᠨ ᠰᠢᠨ᠎ᠡ ᠬᠡᠯᠪᠡᠷᠢ | ᠪᠠᠶᠢᠳᠠᠯ ᠳᠤ ᠲᠣᠬᠢᠷᠠᠬᠤ ᠬᠦᠳᠡᠯᠮᠦᠷᠢ ᠶᠢᠨ ᠠᠵᠢᠯᠴᠢᠨ ᠬᠡᠷᠡᠭᠯᠡᠬᠦ᠂ ᠬᠦᠳᠡᠯᠮᠦᠷᠢ ᠶᠢᠨ ᠪᠠᠷᠢᠮᠵᠢᠶ᠎ᠠ᠂ ᠴᠠᠯᠢᠩ | ᠣᠯᠭᠤᠬᠤ ᠵᠡᠷᠭᠡ ᠬᠠᠮᠢᠶ᠎ᠠ ᠪᠦᠬᠦᠢ ᠳᠥᠷᠢᠮ ᠢ ᠰᠦᠪᠡᠭᠴᠢᠯᠡᠨ ᠪᠠᠶᠢᠭᠤᠯᠤᠨ᠎ᠠ᠃ ᠬᠤᠪᠢ ᠬᠦᠮᠦᠨ ᠤ ᠪᠡᠶ᠎ᠠ | ᠭᠠᠷᠤᠯ ᠢᠶᠠᠷ ᠢᠶᠠᠨ ᠡᠷᠦᠬᠡ ᠠᠮᠠ ᠶᠢᠨ ᠪᠠᠶᠢᠭ᠎ᠠ ᠭᠠᠵᠠᠷ ᠢᠶᠠᠨ ᠠᠯᠤᠰᠯᠠᠵᠤ ᠳᠠᠭᠠᠳᠬᠠᠯ ᠳᠤ ᠣᠷᠣᠯᠴᠠᠬᠤ ᠠᠷᠭ᠎ᠠ ᠶᠢ | ᠰᠣᠳᠣᠯᠣᠨ᠂ ᠨᠡᠶᠢᠭᠡᠮ ᠤᠨ ᠪᠠᠲᠤᠯᠠᠭ᠎ᠠ ᠶᠢᠨ ᠨᠣᠮᠧᠷ ᠢᠶᠠᠷ ᠭᠠᠭᠴᠠ ᠬᠦ ᠢᠯᠡᠳᠭᠡᠬᠦ ᠲᠡᠮᠳᠡᠭ ᠪᠣᠯᠭᠠᠵᠤ᠂ ᠨᠡᠩ | ᠠᠮᠢᠳᠤᠯᠢᠭ᠂ ᠨᠡᠩ ᠬᠦᠮᠦᠨᠴᠢᠯᠡᠭᠰᠡᠨ ᠨᠡᠶᠢᠭᠡᠮ ᠤᠨ ᠳᠠᠭᠠᠳᠬᠠᠯ ᠤᠨ ᠭᠤᠶᠤᠴᠢᠯᠠᠨ ᠮᠡᠳᠡᠭᠦᠯᠵᠦ ᠳᠡᠩᠰᠠᠯᠠᠨ | ᠲᠡᠮᠳᠡᠭᠯᠡᠬᠦ᠂ ᠬᠤᠪᠢ ᠬᠦᠮᠦᠨ ᠰᠦᠢᠳᠭᠡᠯ ᠲᠤᠰᠢᠶᠠᠬᠤ᠂ ᠬᠢᠷᠢ ᠬᠡᠮ ᠢ ᠬᠢᠨᠡᠨ ᠪᠠᠶᠢᠴᠠᠭᠠᠬᠤ ᠪᠠ ᠰᠢᠯᠵᠢᠭᠦᠯᠦᠨ | ᠵᠠᠯᠭᠠᠭᠤᠯᠬᠤ ᠵᠡᠷᠭᠡ ᠭᠠᠷᠳᠠᠨ ᠭᠦᠢᠴᠡᠳᠭᠡᠵᠦ ᠬᠠᠮᠢᠶᠠᠷᠴᠤ ᠦᠢᠯᠡᠴᠢᠯᠡᠬᠦ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ | ᠪᠦᠬᠦ ᠣᠷᠣᠨ ᠤ ᠨᠢᠭᠡᠳᠦᠯᠲᠡᠢ ᠪᠣᠯᠬᠤ ᠬᠤᠲᠠ ᠬᠦᠳᠡᠭᠡ ᠶᠢᠨ ᠰᠠᠭᠤᠭᠠᠯᠢ ᠠᠷᠠᠳ ᠵᠢᠴᠢ ᠠᠮᠢᠳᠤᠯᠢᠭ ᠢᠶᠠᠷ ᠠᠵᠢᠯ | ᠣᠯᠬᠤ ᠬᠦᠮᠦᠰ ᠤᠨ ᠰᠦᠯᠵᠢᠶ᠎ᠡ ᠪᠠᠷ ᠰᠦᠢᠳᠭᠡᠯ ᠲᠤᠰᠢᠶᠠᠬᠤ ᠰᠢᠰᠲ᠋ᠧᠮ ᠢ ᠪᠠᠶᠢᠭᠤᠯᠤᠨ᠂ ︽ᠣᠯᠠᠨ ᠦᠨᠡᠮᠯᠡᠯ ᠢ | ᠨᠡᠶᠢᠯᠡᠭᠦᠯᠵᠦ ᠨᠢᠭᠡ ᠪᠣᠯᠭᠠᠬᠤ︾ ᠨᠡᠶᠢᠭᠡᠮ ᠤᠨ ᠳᠠᠭᠠᠳᠬᠠᠯ ᠤᠨ ᠳᠠᠩᠰᠠᠯᠠᠨ ᠲᠡᠮᠳᠡᠭᠯᠡᠬᠦ ᠶᠢ ᠭᠦᠨᠵᠡᠭᠡᠢ ᠬᠡᠷᠡᠭᠵᠢᠭᠦᠯᠵᠦ᠂ | ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠳᠠᠩᠰᠠᠯᠠᠨ ᠲᠡᠮᠳᠡᠭᠯᠡᠬᠦ ᠦᠨᠡᠮᠯᠡᠯ ᠤᠨ ᠳᠥᠷᠢᠮ ᠢ ᠬᠦᠴᠦᠨ | ᠦᠭᠡᠢ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠭᠢᠮ ᠲᠥᠷᠥᠭᠦᠯᠡᠨ ᠬᠠᠷᠢᠭᠤᠴᠠᠨ᠎ᠠ︶ | ︵ᠬᠤᠶᠠᠷ︶ ᠳ᠋ᠠᠶᠢᠲ᠋ᠠ ᠶᠢᠨ ᠡᠬᠢ ᠪᠠᠶᠠᠯᠢᠭ ᠢ ᠴᠢᠯᠦᠭᠡᠲᠡᠢ ᠪᠠᠶᠢᠯᠭᠠᠵᠤ ᠬᠠᠮᠲᠤ ᠳᠤ ᠪᠠᠨ ᠬᠦᠷᠲᠡᠬᠦ ᠶᠢ | ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠨᠠᠶᠢᠳᠠᠪᠤᠷᠢᠵᠢᠭᠤᠯᠤᠨ᠂ ᠣᠯᠠᠨ | ᠨᠡᠶᠢᠲᠡ ᠶᠢᠨ ᠳ᠋ᠠᠶᠢᠲ᠋ᠠ ᠶᠢᠨ ᠬᠦᠷᠦᠩᠭᠡ ᠶᠢᠨ ᠳᠠᠩᠰᠠᠯᠠᠨ ᠲᠡᠮᠳᠡᠭᠯᠡᠬᠦ ᠳᠥᠷᠢᠮ᠂ ᠳ᠋ᠠᠶᠢᠲ᠋ᠠ ᠶᠢᠨ ᠡᠬᠢ ᠪᠠᠶᠠᠯᠢᠭ ᠤᠨ | ᠬᠢᠨᠠᠨ ᠪᠣᠳᠣᠯᠲᠠ ᠶᠢᠨ ᠳᠥᠷᠢᠮ ᠪᠠ ᠠᠮᠤᠷ ᠲᠦᠪᠰᠢᠨ ᠤ ᠬᠢᠨᠠᠯᠲᠠ ᠲᠠᠯᠪᠢᠯᠲᠠ ᠶᠢᠨ ᠳᠥᠷᠢᠮ ᠢ ᠰᠦᠪᠡᠭᠴᠢᠯᠡᠨ | ᠪᠠᠶᠢᠭᠤᠯᠤᠨ᠎ᠠ᠃ ᠬᠦᠳᠡᠯᠥᠩᠭᠦᠢ ᠪᠠᠷ ᠰᠢᠨᠡᠳᠭᠡᠬᠦ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠭᠠᠷᠴᠠᠭ ᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ | ᠠᠯᠤᠰᠯᠠᠨ᠂ ᠱᠠᠲᠤ ᠳᠠᠪᠬᠤᠷᠭ᠎ᠠ ᠠᠯᠤᠰᠯᠠᠨ᠂ ᠣᠷᠣᠨ ᠪᠦᠰᠡ ᠠᠯᠤᠰᠯᠠᠨ ᠰᠣᠯᠢᠯᠴᠠᠵᠤ ᠬᠠᠮᠲᠤ ᠳᠤ ᠪᠠᠨ | ᠬᠦᠷᠲᠡᠬᠦ ᠶᠢ ᠠᠬᠢᠭᠤᠯᠤᠨ᠎ᠠ᠃ ᠳ᠋ᠠᠶᠢᠲ᠋ᠠ ᠶᠢᠨ ᠠᠮᠤᠷ ᠲᠦᠪᠰᠢᠨ ᠤ ᠬᠠᠷᠢᠶᠠᠯᠠᠭᠳᠠᠬᠤ ᠴᠢᠨᠠᠷ ᠢ ᠦᠨᠳᠦᠰᠦᠯᠡᠨ᠂ | ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠨᠡᠶᠢᠭᠡᠮ ᠳᠤ ᠵᠠᠰᠠᠭ ᠤᠨ ᠣᠷᠳᠣᠨ ᠤ ᠳ᠋ᠠᠶᠢᠲ᠋ᠠ ᠶᠢ | ᠢᠳᠡᠪᠬᠢᠲᠡᠢ ᠪᠦᠭᠡᠳ ᠯᠠᠪᠳᠠᠭᠤᠨ ᠢᠶᠠᠷ ᠢᠯᠡ ᠪᠣᠯᠭᠠᠨ᠎ᠠ᠃ ᠳ᠋ᠠᠶᠢᠲ᠋ᠠ ᠶᠢᠨ ᠡᠷᠬᠡ ᠠᠰᠢᠭ ᠢ ᠬᠠᠮᠠᠭᠠᠯᠠᠬᠤ᠂ | ᠳ᠋ᠠᠶᠢᠲ᠋ᠠ ᠶᠢᠨ ᠭᠦᠢᠯᠭᠡᠭᠡ᠂ ᠬᠤᠪᠢ ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ | ᠠᠭᠤᠯᠭ᠎ᠠ ᠶᠢᠨ ᠲᠣᠭᠤᠷᠢᠨ ᠳᠤ ᠣᠷᠣᠨ ᠨᠤᠲᠤᠭ ᠤᠨ ᠬᠠᠤᠯᠢ ᠲᠣᠭᠲᠠᠭᠠᠬᠤ ᠶᠢ ᠰᠣᠳᠣᠯᠣᠨ ᠰᠦᠪᠡᠭᠴᠢᠯᠡᠬᠦ ᠶᠢ | ᠦᠷᠨᠢᠭᠦᠯᠵᠦ᠂ ᠬᠤᠪᠢ ᠬᠦᠮᠦᠨ ᠤ ᠮᠡᠳᠡᠭᠡ ᠵᠠᠩᠭᠢ ᠶᠢ ᠬᠠᠤᠯᠢ ᠪᠣᠰᠤ ᠪᠠᠷ ᠢᠯᠡᠷᠡᠭᠦᠯᠬᠦ ᠠᠵᠢᠯᠯᠠᠭ᠎ᠠ ᠳᠤ ᠴᠢᠩᠭ᠎ᠠ | ᠴᠣᠬᠢᠯᠲᠠ ᠥᠭᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠲᠤᠰᠬᠠᠢ ᠠᠵᠢᠯ ᠤᠨ ᠭᠡᠰᠢᠭᠦᠨ ᠨᠢᠭᠡᠴᠢ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠳᠭᠡᠨ ᠤᠯᠠᠷᠢᠭᠤᠯᠵᠤ | ᠬᠡᠷᠡᠭᠯᠡᠬᠦ ᠶᠢ ᠠᠬᠢᠭᠤᠯᠤᠨ᠎ᠠ᠃ ᠳᠡᠭᠡᠲᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ | ᠭᠠᠵᠠᠷ ᠤᠨ ᠲᠤᠰᠢᠶᠠᠯ ᠳᠤ ᠪᠠᠶᠢᠬᠤ ᠳᠤ ᠪᠠᠨ ᠡᠭᠦᠳᠦᠭᠰᠡᠨ ᠮᠡᠳᠡᠯᠭᠡ ᠥᠮᠴᠢᠯᠡᠬᠦ ᠡᠷᠬᠡ ᠶᠢᠨ ᠬᠠᠷᠢᠶᠠᠯᠠᠯ ᠪᠠ ᠠᠰᠢᠭ | ᠲᠤᠰᠠ ᠶᠢ ᠬᠤᠪᠢᠳᠠᠨ ᠬᠦᠷᠲᠡᠬᠦ ᠳᠥᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠳᠡᠮᠵᠢᠬᠦ ᠠᠷᠭ᠎ᠠ | ᠬᠡᠮᠵᠢᠶ᠎ᠡ ᠶᠢ ᠰᠣᠳᠤᠯᠤᠨ ᠲᠣᠭᠲᠠᠭᠠᠵᠤ᠂ ᠳᠡᠭᠡᠲᠥ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠨᠢ ᠵᠠᠬ᠎ᠠ ᠳᠡᠯᠭᠡᠭᠦᠷ ᠤᠨ ᠳᠥᠷᠢᠮ ᠤᠨ ᠶᠣᠰᠤᠭᠠᠷ᠂ ᠥᠪᠡᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢᠶᠠᠨ ᠪᠡᠯᠡ ᠣᠷᠤᠭᠤᠯᠬᠤ ᠪᠠᠷ ᠡᠵᠨ ᠮᠡᠳᠡᠨ ᠰᠢᠯᠵᠢᠭᠦᠯᠦᠨ ᠬᠤᠳᠠᠯᠳᠤᠬᠤ᠂ | ᠵᠦᠪᠰᠢᠶᠡᠷᠡᠬᠦ ᠪᠣᠶᠤ ᠦᠨ᠎ᠡ ᠲᠣᠭᠲᠠᠭᠠᠬᠤ ᠶᠢ ᠨᠢ ᠳᠡᠮᠵᠢᠨ᠎ᠡ᠃ ᠲᠤᠰᠬᠠᠢ ᠠᠰᠢᠭ ᠤᠨ ᠡᠷᠬᠡ ᠶᠢᠨ ᠳᠠᠨᠵᠢᠯᠠᠭ᠎ᠠ ᠲᠠᠢ | ᠪᠡᠯᠡ ᠲᠣᠬᠢᠷᠠᠭᠤᠯᠭ᠎ᠠ ᠶᠢᠨ ᠠᠵᠢᠯ ᠢ ᠭᠦᠨᠵᠡᠭᠡᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠳᠬᠠᠯ ᠤᠨ | ᠲᠤᠷᠰᠢᠯᠲᠠ ᠶᠢ ᠥᠷᠨᠢᠭᠦᠯᠵᠦ᠂ ᠰᠣᠳᠤᠯᠤᠨ ᠨᠡᠬᠡᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ | ᠤᠯᠠᠷᠢᠭᠤᠯᠬᠤ᠂ ᠰᠢᠨ᠎ᠡ ᠦᠢᠯᠡᠳᠬᠦᠨ ᠢ ᠳᠡᠯᠭᠡᠷᠡᠭᠦᠯᠬᠦ ᠵᠡᠷᠭᠡ ᠶᠠᠪᠤᠴᠠ ᠳᠠᠬᠢ ᠲᠦᠭᠰᠢᠭᠦᠷᠢ ᠶᠢ ᠤᠯᠠᠮ ᠨᠢᠭᠡ | ᠠᠯᠬᠤᠮ ᠠᠷᠢᠯᠭᠠᠨ᠎ᠠ᠃ ᠬᠡᠪᠴᠢᠶᠡᠵᠢᠭᠰᠡᠨ᠂ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ ᠪᠠ ᠲᠡᠯᠡᠬᠡᠶᠢᠵᠢᠭᠰᠡᠨ | ᠮᠡᠳᠡᠯᠭᠡ ᠦᠮᠴᠢᠯᠡᠬᠦ ᠡᠷᠬᠡ ᠶᠢᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠥᠷ᠎ᠡ ᠪᠦᠲᠦᠭᠡᠯ ᠤᠨ ᠠᠷᠠᠯᠵᠢᠶᠠᠨ ᠤ ᠲᠠᠪᠴᠠᠩ ᠢ | ᠪᠠᠶᠢᠭᠤᠯᠵᠤ᠂ ᠥᠷ᠎ᠡ ᠪᠦᠲᠦᠭᠡᠯ ᠤᠨ ᠵᠠᠯᠭᠠᠯᠳᠤᠭᠤᠯᠬᠤ᠂ ᠮᠡᠷᠭᠡᠵᠢᠯ ᠤᠨ ᠠᠷᠠᠯᠵᠢᠶᠠᠯᠠᠬᠤ ᠪᠠ ᠯᠠᠪᠯᠠᠨ ᠠᠰᠠᠭᠤᠬᠤ | ᠵᠡᠷᠭᠡ ᠴᠢᠳᠠᠮᠵᠢ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ ᠶᠢ | ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠦᠷ᠎ᠡ ᠪᠦᠲᠦᠭᠡᠯ ᠤᠨ ᠮᠡᠳᠡᠭᠡ ᠵᠠᠩᠭᠢ ᠪᠣᠯᠣᠨ ᠳᠡᠯᠭᠡᠷᠡᠭᠦᠯᠦᠨ ᠤᠯᠠᠷᠢᠭᠤᠯᠬᠤ ᠲᠠᠪᠴᠠᠩ ᠢ | ᠪᠠᠶᠢᠭᠤᠯᠵᠤ᠂ ᠴᠡᠷᠢᠭ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠣᠰ ᠴᠢᠭᠯᠡᠯ ᠢᠶᠠᠷ | ᠰᠢᠯᠵᠢᠭᠦᠯᠦᠨ ᠤᠯᠠᠷᠢᠭᠤᠯᠬᠤ ᠠᠷᠭ᠎ᠠ ᠵᠠᠮ ᠢ ᠨᠡᠪᠲᠡᠷᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠮᠦᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠭᠢ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠲᠠ ᠲᠥᠪ ᠰᠠᠯᠪᠤᠷᠢ ᠪᠠᠩᠬᠢ ᠵᠡᠷᠭᠡ | ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠳᠥᠷᠪᠡ︶ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ | ᠦᠢᠯᠡᠳᠬᠦ ᠦᠢᠯᠡᠰ ᠤᠨ ᠲᠥᠷᠭᠡᠨ ᠬᠦᠭᠵᠢᠯᠲᠡ ᠶᠢ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠳᠤᠮᠳᠠᠲᠤ ᠤᠯᠤᠰ ᠦᠢᠯᠡᠳᠬᠦ 2025﹀ ᠶᠢ ᠨᠠᠶᠢᠳᠠᠪᠤᠷᠢᠵᠢᠭᠤᠯᠬᠤ ᠠᠵᠢᠯᠯᠠᠭᠠᠨ ᠤ | ᠬᠦᠳᠦᠯᠪᠦᠷᠢ︾ ᠶᠢ ᠭᠦᠨᠵᠡᠭᠡᠢ ᠳᠤᠭᠤᠰᠢᠯᠠᠭᠤᠯᠤᠨ᠂ ᠮᠠᠨ ᠤ ᠣᠷᠣᠨ ᠤ ᠠᠵᠤ ᠦᠢᠯᠡᠰ ᠤᠨ ᠰᠠᠭᠤᠷᠢᠨ ᠭᠠᠵᠠᠷ᠂ | ᠡᠬᠢ ᠪᠠᠶᠠᠯᠢᠭ ᠤᠨ ᠨᠦᠬᠦᠴᠡᠯ ᠲᠠᠢ ᠤᠶᠠᠯᠳᠤᠭᠤᠯᠵᠤ᠂ ᠡᠨᠧᠷᠭᠢ᠂ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ | ᠲᠣᠨᠣᠭᠯᠠᠯ ᠦᠢᠯᠡᠳᠬᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠤᠯᠠᠮᠵᠢᠯᠠᠯᠲᠤ | ᠳᠠᠪᠠᠭᠤᠯᠢᠭ ᠠᠵᠤ ᠦᠢᠯᠡᠰ ᠤᠨ ᠬᠦᠷᠢᠶ᠎ᠡ ᠴᠠᠷᠠᠭᠠᠨ ᠳᠤ᠂ ᠦᠢᠯᠡᠳᠪᠦᠷᠢ ᠶᠢᠨ ᠲᠣᠭᠠᠵᠢᠭᠤᠯᠬᠤ ᠪᠠ ᠤᠶᠤᠨᠴᠢᠯᠠᠬᠤ | ᠥᠭᠡᠷᠡᠴᠢᠯᠡᠯᠲᠡ ᠶᠢ ᠠᠬᠢᠭᠤᠯᠤᠨ᠎ᠠ᠃ ᠮᠠᠰᠢᠨ ᠬᠦᠮᠦᠨ᠂ 3D ᠳᠠᠷᠤᠮᠠᠯᠯᠠᠬᠤ ᠲᠣᠨᠣᠭᠯᠠᠯ᠂ ᠳᠡᠭᠡᠲᠥ ᠳᠡᠰ ᠤᠨ | ᠲᠣᠭᠠᠨ ᠤ ᠡᠵᠡᠮᠰᠢᠯᠲᠦ ᠰᠠᠭᠤᠷᠢ ᠮᠠᠰᠢᠨ᠂ ᠤᠶᠤᠨᠴᠢ ᠪᠠᠷ ᠦᠢᠯᠡᠳᠪᠦᠷᠢᠯᠡᠬᠦ ᠲᠥᠬᠦᠷ ᠱᠣᠭᠤᠮ ᠵᠡᠷᠭᠡ ᠶᠢ | ᠰᠣᠳᠣᠯᠣᠨ ᠦᠢᠯᠡᠳᠬᠦ ᠪᠣᠭᠤᠮᠲᠠ ᠰᠢᠪᠲᠤᠯᠬᠤ ᠶᠢ ᠴᠢᠩᠭᠠᠷᠠᠭᠤᠯᠤᠨ᠂ ᠦᠢᠯᠡᠳᠬᠦ ᠦᠢᠯᠡᠰ ᠬᠢᠭᠡᠳ ᠢᠨᠲ᠋ᠧᠷ | ᠰᠦᠯᠵᠢᠶ᠎ᠡ ᠶᠢ ᠠᠭᠤᠰᠤᠯᠳᠤᠭᠤᠯᠤᠨ ᠰᠢᠨ᠎ᠡ ᠡᠭᠦᠳᠦᠯᠲᠡ ᠲᠠᠢ ᠪᠠᠷ ᠬᠦᠭᠵᠢᠬᠦ ᠶᠢ ᠠᠬᠢᠭᠤᠯᠵᠤ᠂ ᠦᠢᠯᠡᠳᠬᠦ ᠠᠵᠤ | ᠠᠬᠤᠶᠢᠯᠠᠯ ᠢ ᠦᠢᠯᠡᠳᠪᠦᠷᠢᠯᠡᠬᠦ ᠬᠡᠯᠪᠡᠷᠢ ᠶᠢᠨ ᠦᠢᠯᠡᠳᠬᠦ ᠠᠴᠠ ᠦᠢᠯᠡᠴᠢᠯᠡᠬᠦ ᠬᠡᠯᠪᠡᠷᠢ ᠶᠢᠨ ᠦᠢᠯᠡᠳᠬᠦ ᠲᠡᠶᠢᠰᠢ | ᠬᠤᠪᠢᠷᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠲᠡᠷᠢᠭᠦᠨ ᠤ ᠲᠣᠨᠣᠭᠯᠠᠯ ᠢ | ᠣᠷᠤᠭᠤᠯᠵᠤ ᠠᠪᠴᠢᠷᠠᠬᠤ ᠪᠠ ᠬᠤᠳᠠᠯᠳᠤᠨ ᠠᠪᠴᠤ᠂ ᠮᠡᠷᠭᠡᠵᠢᠯ ᠪᠠ ᠦᠢᠯᠡᠳᠬᠦᠨ ᠤ ᠳᠡᠰ ᠳᠡᠪᠰᠢᠨ ᠦᠶ᠎ᠡ | ᠰᠣᠯᠢᠭᠳᠠᠬᠤ ᠶᠢ ᠨᠢ ᠲᠦᠷᠭᠡᠳᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠦᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠵᠦᠪᠯᠡᠯ | ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ ᠢ ᠠᠰᠢᠭᠯᠠᠨ ᠲᠠᠷᠢᠶᠠᠯᠠᠩ ᠮᠠᠯ ᠠᠵᠤ ᠠᠬᠤᠢ ᠶᠢᠨ | ᠬᠦᠭᠵᠢᠯᠲᠡ ᠶᠢ ᠠᠬᠢᠭᠤᠯᠤᠨ᠎ᠠ᠃ ᠢᠨᠲ᠋ᠧᠷ ᠰᠦᠯᠵᠢᠶ᠎ᠡ ᠵᠡᠷᠭᠡ ᠰᠢᠨ᠎ᠡ ᠮᠡᠷᠭᠡᠵᠢᠯ ᠢ ᠠᠰᠢᠭᠯᠠᠨ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭ᠎ᠠ ᠳᠠᠬᠢ ᠪᠣᠳᠠᠰᠯᠢᠭ ᠬᠤᠯᠪᠣᠭᠠᠲᠤ | ᠰᠦᠯᠵᠢᠶ᠎ᠡ ᠶᠢᠨ ᠮᠡᠷᠭᠡᠵᠢᠯ ᠤᠨ ᠬᠡᠷᠡᠭᠯᠡᠭᠡᠨ ᠢ ᠴᠢᠩᠭᠠᠳᠬᠠᠨ᠂ ᠤᠬᠠᠭᠠᠯᠢᠭ ᠲᠠᠷᠢᠶᠠᠯᠠᠩ ᠮᠠᠯ ᠠᠵᠤ ᠠᠬᠤᠢ ᠶᠢ | ᠶᠡᠬᠡᠪᠡᠷ ᠬᠦᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠬᠢᠭᠡᠳ ᠵᠢᠭᠤᠯᠴᠢᠯᠠᠯ᠂ ᠰᠤᠷᠭᠠᠨ ᠬᠦᠮᠦᠵᠢᠯ᠂ ᠰᠣᠶᠣᠯ᠂ | ᠡᠷᠡᠭᠦᠯ ᠡᠩᠬᠡ ᠨᠠᠰᠤᠵᠢᠯ ᠵᠡᠷᠭᠡ ᠠᠵᠤ ᠦᠢᠯᠡᠰ ᠤᠨ ᠭᠦᠨᠴᠡ ᠠᠭᠤᠰᠤᠯᠴᠠᠬᠤ ᠶᠢ ᠠᠬᠢᠭᠤᠯᠤᠨ᠂ ᠰᠡᠯᠡᠭᠦᠴᠡᠯ | ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠬᠢᠭᠡᠳ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ | ᠦᠵᠡᠰᠬᠦᠯᠡᠩ ᠰᠠᠶᠢᠬᠠᠨ ᠠᠶᠢᠯ ᠲᠤᠰᠬᠤᠨ ᠤ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠ ᠪᠣᠯᠭᠠᠨ | ᠠᠭᠤᠰᠤᠯᠳᠤᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ᠂ | ᠰᠣᠶᠣᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠰᠠᠯᠠᠭ᠎ᠠ | ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠰᠢᠨ᠎ᠡ ᠮᠡᠷᠭᠡᠵᠢᠯ ᠢ ᠠᠰᠢᠭᠯᠠᠨ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠠᠰ | ᠳᠡᠪᠰᠢᠬᠦ ᠶᠢ ᠠᠬᠢᠭᠤᠯᠤᠨ᠎ᠠ᠃ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ | ᠵᠣᠷᠢᠬᠵᠢᠭᠤᠯᠵᠤ ᠪᠠᠶᠢᠭᠠᠳ ᠪᠣᠳᠠᠰᠯᠢᠭ ᠬᠤᠯᠪᠣᠭᠠᠲᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ᠂ ᠭᠠᠵᠠᠷ | ᠵᠦᠢ ᠶᠢᠨ ᠣᠷᠣᠨ ᠪᠠᠶᠢᠴᠠ ᠶᠢᠨ ᠦᠢᠯᠡᠴᠢᠯᠡᠭᠡ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ | ᠢᠳᠡᠪᠬᠢᠲᠡᠢ ᠠᠰᠢᠭᠯᠠᠨ ᠭᠦᠢᠯᠭᠡᠭᠡ ᠶᠢᠨ ᠦᠷ᠎ᠡ ᠪᠦᠲᠦᠮᠵᠢ ᠪᠠ ᠦᠢᠯᠡᠴᠢᠯᠡᠭᠡ ᠶᠢᠨ ᠶᠠᠰᠤ ᠴᠢᠨᠠᠷ ᠢ ᠨᠢ | ᠳᠡᠭᠡᠭᠰᠢᠯᠡᠭᠦᠯᠦᠨ᠎ᠡ᠃ ᠪᠣᠳᠠᠲᠤ ᠴᠣᠭᠴᠠ ᠶᠢᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠬᠦᠲᠦᠯᠦᠨ | ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠬᠤᠪᠢᠷᠠᠯᠲᠠ ᠳᠤ ᠲᠣᠬᠢᠷᠠᠯᠴᠠᠭᠤᠯᠵᠤ᠂ ᠡᠵᠡᠩᠨᠡᠯᠲᠡ ᠶᠢᠨ | ᠪᠠᠶᠢᠳᠠᠯ ᠤᠨ ᠪᠦᠲᠦᠴᠡ᠂ ᠲᠠᠸᠠᠷ ᠤᠨ ᠪᠦᠲᠦᠴᠡ ᠢ ᠲᠥᠷᠭᠡᠳᠭᠡᠨ ᠲᠣᠬᠢᠷᠠᠭᠤᠯᠵᠤ᠂ ᠡᠵᠡᠩᠨᠡᠯᠲᠡ ᠶᠢᠨ ᠲᠣᠭᠲᠠᠴᠠ | ᠪᠠ ᠦᠢᠯᠡᠴᠢᠯᠡᠭᠡ ᠶᠢ ᠣᠶᠢᠯᠭᠠᠨ ᠲᠤᠷᠰᠢᠬᠤ ᠳᠤ ᠰᠢᠨ᠎ᠡ ᠶᠢ ᠡᠭᠦᠳᠴᠦ᠂ ᠰᠦᠯᠵᠢᠶᠡᠨ ᠳᠠᠬᠢ ᠪᠠ ᠰᠦᠯᠵᠢᠶᠡᠨ | ᠭᠠᠳᠠᠭᠤᠷᠬᠢ ᠠᠭᠤᠰᠤᠯᠴᠠᠯ ᠢ ᠠᠬᠢᠭᠤᠯᠤᠨ᠂ ᠬᠡᠷᠡᠭᠯᠡᠭᠡ ᠶᠢᠨ ᠪᠦᠲᠦᠴᠡ ᠶᠢᠨ ᠳᠡᠰ ᠳᠡᠪᠰᠢᠬᠦ ᠬᠡᠷᠡᠭᠴᠡᠭᠡ ᠶᠢ | ᠬᠠᠩᠭᠠᠨ᠎ᠠ᠃ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠪᠠᠷ ᠬᠦᠭᠵᠢᠵᠦ ᠪᠠᠶᠢᠭ᠎ᠠ ᠵᠠᠭᠤᠴᠢᠯᠠᠭᠤᠷ ᠤᠨ ᠭᠦᠨᠴᠡ | ᠠᠭᠤᠰᠤᠯᠴᠠᠬᠤ ᠶᠢ ᠲᠦᠷᠭᠡᠳᠭᠡᠨ ᠠᠬᠢᠭᠤᠯᠵᠤ᠂ ᠰᠣᠶᠣᠯ ᠤᠨ ᠠᠵᠤ ᠠᠬᠤᠶᠢᠯᠠᠯ ᠤᠨ ᠲᠣᠣᠷ ᠰᠦᠯᠵᠢᠶ᠎ᠡ ᠪᠠᠷ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ᠂ | ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | ᠲᠠᠪᠤ᠂ ᠲᠤᠯᠭᠠᠭᠤᠷᠢᠯᠠᠵᠤ ᠪᠠᠲᠤᠯᠠᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠲᠤᠰ ᠭᠠᠵᠠᠷ ᠣᠷᠣᠨ᠂ ᠲᠤᠰ ᠬᠦᠷᠢᠶ᠎ᠡ ᠴᠠᠷᠠᠭᠠᠨ ᠳᠤ | ᠬᠤᠯᠪᠤᠭᠳᠠᠭᠰᠠᠨ ᠰᠢᠨ᠎ᠡ ᠬᠦᠳᠡᠯᠭᠡᠬᠦ ᠴᠢᠳᠠᠪᠤᠷᠢ ᠲᠠᠢ ᠬᠦᠭᠵᠢᠯᠲᠡ ᠶᠢᠨ ᠠᠰᠠᠭᠤᠳᠠᠯ ᠢ ᠢᠳᠡᠪᠬᠢᠲᠡᠢ ᠰᠤᠳᠤᠯᠵᠤ᠂ | ᠪᠠᠷᠠᠯᠠᠯᠬᠢᠯᠠᠨ ᠪᠠᠶᠢᠷᠢᠰᠢᠭᠤᠯᠵᠤ ᠭᠤᠣᠯᠳᠠᠯᠭ᠎ᠠ ᠲᠠᠢ ᠪᠠᠷ ᠳᠠᠪᠠᠭᠤᠯᠬᠤ ᠶᠢ ᠪᠠᠷᠢᠮᠲᠠᠯᠠᠨ᠂ ᠦᠵᠥ ᠵᠢᠷᠤᠭ ᠲᠥᠯᠥᠪᠯᠡᠭᠡ | ᠪᠠ ᠵᠣᠬᠢᠴᠠᠯᠳᠤᠭᠤᠯᠤᠨ ᠠᠬᠢᠭᠤᠯᠬᠤ ᠶᠢ ᠴᠢᠩᠭᠠᠷᠠᠭᠤᠯᠵᠤ᠂ ᠰᠢᠨ᠎ᠡ ᠬᠦᠳᠡᠯᠭᠡᠬᠦ ᠴᠢᠳᠠᠪᠤᠷᠢ ᠶᠢ ᠪᠤᠶᠢᠵᠢᠭᠤᠯᠤᠨ | ᠪᠣᠵᠠᠭᠠᠶᠢᠷᠠᠭᠤᠯᠬᠤ ᠠᠵᠢᠯ ᠤᠨ ᠲᠥᠰᠥᠯ ᠢ ᠬᠢᠨᠠᠮᠠᠭᠠᠢ ᠲᠣᠭᠲᠠᠭᠠᠨ᠂ ᠰᠢᠨ᠎ᠡ ᠬᠦᠳᠡᠯᠭᠡᠬᠦ ᠴᠢᠳᠠᠪᠤᠷᠢ ᠶᠢ | ᠪᠤᠶᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ | ᠨᠠᠶᠢᠳᠠᠪᠤᠷᠢᠵᠢᠭᠤᠯᠤᠨ᠎ᠠ᠃ ᠰᠢᠨ᠎ᠡ ᠬᠦᠳᠡᠯᠭᠡᠬᠦ ᠴᠢᠳᠠᠪᠤᠷᠢ ᠲᠠᠢ ᠬᠦᠭᠵᠢᠯᠲᠡ ᠶᠢᠨ ᠶᠠᠷᠢᠶ᠎ᠠ ᠬᠡᠯᠡᠯᠴᠡᠭᠡᠨ ᠢᠶᠠᠷ | ᠤᠬᠠᠭᠤᠯᠬᠤ ᠶᠢ ᠴᠢᠩᠭᠠᠳᠬᠠᠨ᠂ ᠵᠥᠪ ᠢᠶᠠᠷ ᠲᠠᠨᠢᠭᠤᠯᠬᠤ ᠶᠢ ᠬᠦᠲᠦᠯᠦᠨ ᠵᠢᠯᠣᠭᠤᠳᠴᠦ᠂ ᠡᠷᠡᠭᠦᠯ ᠢᠶᠠᠷ ᠬᠦᠭᠵᠢᠬᠦ | ᠣᠷᠴᠢᠨ ᠨᠦᠬᠦᠴᠡᠯ ᠢ ᠪᠣᠢ ᠪᠣᠯᠭᠠᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠥᠷᠥᠭᠦᠯᠡᠨ ᠬᠠᠷᠢᠭᠤᠴᠠᠨ᠎ᠠ︶ | ︵ᠬᠤᠶᠠᠷ︶ ᠬᠤᠳᠠᠯᠳᠤᠨ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠠᠩᠬ᠎ᠠ ᠤᠳᠠᠭ᠎ᠠ ᠬᠤᠳᠠᠯᠳᠤᠨ ᠠᠪᠬᠤ ᠪᠠ ᠵᠠᠬᠢᠶᠠᠯᠠᠨ ᠬᠤᠳᠠᠯᠳᠤᠨ ᠠᠪᠬᠤ ᠵᠡᠷᠭᠡ ᠳᠠᠭᠠᠭᠠᠴᠢᠯᠠᠯᠲᠠ | ᠵᠠᠷᠯᠠᠬᠤ ᠪᠣᠰᠤ ᠶᠢᠨ ᠠᠷᠭ᠎ᠠ ᠮᠠᠶ᠋ᠢᠭ ᠢ ᠰᠦᠪᠡᠭᠴᠢᠯᠡᠨ᠂ ᠡᠮᠦᠨ᠎ᠡ ᠵᠠᠬ᠎ᠠ ᠶᠢᠨ ᠬᠦᠷᠢᠶ᠎ᠡ ᠴᠠᠷᠠᠭᠠᠨ ᠳᠠᠬᠢ ᠰᠢᠨ᠎ᠡ | ᠡᠭᠦᠳᠦᠯᠲᠡ ᠲᠠᠢ ᠦᠢᠯᠡᠳᠬᠦᠨ ᠪᠠ ᠦᠢᠯᠡᠴᠢᠯᠡᠭᠡ ᠶᠢ ᠲᠥᠷᠥᠭᠦᠯᠡᠨ ᠵᠢᠱᠢᠶ᠎ᠡ ᠦᠵᠡᠭᠦᠯᠵᠦ ᠬᠡᠷᠡᠭᠯᠡᠬᠦ ᠶᠢ | ᠦᠷᠭᠡᠳᠭᠡᠨ᠎ᠡ᠃ ᠤᠯᠤᠰ ᠤᠨ ᠠᠩᠬᠠᠳᠤᠭᠠᠷ ᠢᠵᠢ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠳᠠᠭᠠᠳᠬᠠᠯ᠂ ᠭᠤᠣᠯ | ᠪᠣᠯᠬᠤ ᠰᠢᠨ᠎ᠡ ᠮᠠᠲ᠋ᠧᠷᠢᠶᠠᠯ ᠤᠨ ᠠᠩᠬᠠᠳᠤᠭᠠᠷ ᠪᠦᠯᠦᠭ ᠤᠳᠠᠭᠠᠨ ᠤ ᠬᠡᠷᠡᠭᠯᠡᠭᠡᠨ ᠤ ᠳᠠᠭᠠᠳᠬᠠᠯ ᠳᠤ ᠨᠦᠬᠦᠪᠦᠷᠢᠯᠡᠬᠦ | ᠲᠣᠭᠲᠠᠴᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠮᠡᠷᠭᠡᠵᠢᠯ | ᠲᠣᠨᠣᠭᠯᠠᠯ ᠤᠨ ᠠᠩᠬᠠᠳᠤᠭᠠᠷ ᠢᠵᠢ᠂ ᠵᠠᠩᠭᠢᠯᠠᠭ᠎ᠠ ᠶᠢᠨ ᠰᠡᠯᠪᠢᠭ ᠲᠣᠨᠤᠭ ᠵᠢᠴᠢ ᠰᠢᠨ᠎ᠡ ᠮᠠᠲ᠋ᠧᠷᠢᠶᠠᠯ ᠤᠨ | ᠠᠩᠬᠠᠳᠤᠭᠠᠷ ᠪᠦᠯᠦᠭ ᠤᠳᠠᠭᠠᠨ ᠤ ᠳᠠᠭᠠᠳᠬᠠᠯ ᠳᠤ ᠨᠦᠬᠦᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ | ᠢᠳᠡᠪᠬᠢᠲᠡᠢ ᠪᠠᠷ ᠦᠷᠨᠢᠭᠦᠯᠦᠨ᠎ᠡ᠃ ᠤᠯᠤᠰ ᠤᠨ ᠱᠠᠭᠠᠷᠳᠠᠯᠭ᠎ᠠ ᠶᠣᠰᠤᠭᠠᠷ ᠡᠮᠴᠢᠯᠡᠭᠡ ᠶᠢᠨ ᠳᠠᠭᠠᠳᠬᠠᠯ ᠤᠨ | ᠭᠠᠷᠴᠠᠭ ᠢ ᠲᠣᠬᠢᠷᠠᠭᠤᠯᠤᠨ ᠲᠡᠭᠦᠯᠳᠡᠷᠵᠢᠭᠦᠯᠵᠦ᠂ ᠨᠦᠬᠦᠴᠡᠯ ᠳᠤ ᠨᠡᠶᠢᠴᠡᠭᠰᠡᠨ ᠰᠢᠨ᠎ᠡ ᠡᠭᠦᠳᠦᠯᠲᠡ ᠲᠠᠢ ᠡᠮ ᠤᠨ | ᠵᠦᠢᠯ ᠢ ᠲᠣᠭᠲᠠᠭᠠᠯ ᠶᠣᠰᠤᠭᠠᠷ ᠴᠠᠭ ᠲᠤᠬᠠᠢ ᠳᠤ ᠨᠢ ᠭᠠᠷᠴᠠᠭ ᠤᠨ ᠬᠡᠪᠴᠢᠶᠡᠨ ᠳᠤ ᠣᠷᠤᠭᠤᠯᠬᠤ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠬᠦᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠥᠪ᠂ ᠥᠪᠥᠷ ᠮᠣᠩᠭᠤᠯ ᠤᠨ ᠪᠠᠩᠬᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠭᠤᠷᠪᠠ︶ ᠮᠦᠩᠭᠦᠨ ᠭᠦᠢᠯᠭᠡᠭᠡ ᠪᠠᠷ ᠳᠡᠮᠵᠢᠬᠦ ᠰᠢᠰᠲ᠋ᠧᠮᠵᠢ ᠶᠢ ᠰᠢᠯᠢᠳᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠬᠦᠭᠵᠢᠯᠲᠡ ᠪᠠᠷ ᠰᠠᠭᠤᠷᠢ | ᠮᠦᠩᠭᠦ ᠶᠢ ᠬᠦᠲᠦᠯᠦᠨ ᠵᠢᠯᠣᠭᠤᠳᠴᠤ ᠪᠠᠶᠢᠭᠠᠳ ᠬᠠᠮᠲᠤ ᠳᠤ ᠪᠠᠨ ᠬᠦᠷᠲᠡᠬᠦ ᠠᠵᠤ ᠠᠬᠤᠢ᠂ ᠲᠣᠭᠠᠵᠢᠯᠠᠭᠰᠠᠨ | ᠠᠵᠤ ᠠᠬᠤᠢ᠂ ᠠᠮᠢᠳᠤ ᠪᠣᠳᠠᠰ ᠤᠨ ᠠᠵᠤ ᠠᠬᠤᠢ᠂ ᠪᠣᠬᠢᠷᠳᠣᠯ ᠦᠭᠡᠢ ᠠᠵᠤ ᠠᠬᠤᠢ᠂ ᠪᠦᠲᠦᠭᠡᠯᠴᠢ | ᠲᠦᠰᠦᠪᠯᠡᠯ ᠤᠨ ᠠᠵᠤ ᠠᠬᠤᠢ ᠵᠡᠷᠭᠡ ᠰᠢᠨ᠎ᠡ ᠠᠵᠤ ᠦᠢᠯᠡᠰ ᠪᠠ ᠰᠢᠨ᠎ᠡ ᠡᠵᠡᠩᠨᠡᠯᠲᠡ ᠶᠢᠨ ᠪᠠᠶᠢᠳᠠᠯ ᠳᠤ | ᠭᠤᠣᠯᠳᠠᠯᠭ᠎ᠠ ᠲᠠᠢ ᠪᠠᠶᠢᠷᠢᠰᠢᠭᠤᠯᠬᠤ ᠪᠠ ᠪᠡᠯᠡ ᠣᠷᠤᠭᠤᠯᠤᠨ᠎ᠠ᠃ ᠰᠢᠨ᠎ᠡ ᠪᠠᠷ ᠬᠦᠭᠵᠢᠵᠦ ᠪᠠᠶᠢᠭ᠎ᠠ ᠠᠵᠤ | ᠠᠬᠤᠢ ᠶᠢᠨ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠨ ᠠᠵᠢᠯᠯᠠᠬᠤ | ᠠᠵᠤ ᠠᠬᠤᠶᠢᠯᠠᠯ ᠤᠨ ᠨᠦᠬᠡᠴᠡ ᠡᠬᠢ ᠪᠠᠶᠠᠯᠢᠭ ᠤᠨ ᠬᠦᠮᠦᠷᠭᠡ ᠪᠠ ᠦᠢᠯᠡᠰ ᠴᠣᠭᠴᠠᠯᠠᠬᠤ ᠰᠠᠮᠪᠠᠷ᠎ᠠ ᠶᠢᠨ | ᠠᠵᠢᠯᠯᠠᠭᠠᠨ ᠤ ᠲᠥᠯᠥᠪᠯᠡᠭᠡ ᠳᠤ ᠣᠷᠤᠭᠤᠯᠬᠤ ᠶᠢ ᠵᠣᠷᠢᠬᠵᠢᠭᠤᠯᠬᠤ ᠶᠢᠨ ᠬᠠᠮᠲᠤ᠂ ᠬᠢᠯᠢ ᠶᠢᠨ ᠳᠣᠲᠣᠷ᠎ᠠ ᠭᠠᠳᠠᠨᠠᠬᠢ | ᠵᠠᠬ᠎ᠠ ᠳᠡᠯᠭᠡᠭᠦᠷ ᠲᠤ ᠭᠠᠷᠭᠠᠬᠤ ᠪᠠ ︽ᠰᠢᠨ᠎ᠡ ᠭᠤᠷᠪᠠᠳᠤᠭᠠᠷ ᠰᠠᠮᠪᠠᠷ᠎ᠠ︾ ᠳᠤ ᠫᠠᠶᠢᠰᠠ ᠡᠯᠭᠦᠨ ᠠᠵᠢᠯᠯᠠᠬᠤ ᠶᠢ | ᠢᠳᠡᠪᠬᠢᠲᠡᠢ ᠴᠢᠷᠮᠠᠶᠢᠨ ᠣᠯᠬᠤ ᠬᠡᠷᠡᠭᠲᠡᠢ᠃ ᠡᠳ᠋ ᠬᠦᠷᠦᠩᠭᠡ ᠶᠢᠨ ᠪᠦᠲᠦᠴᠡ ᠪᠠᠷ ᠵᠦᠢ ᠵᠣᠬᠢᠰᠲᠠᠢ᠂ | ᠢᠲᠡᠭᠡᠮᠵᠢ ᠪᠠᠷ ᠰᠢᠯᠢᠳᠡᠭ ᠰᠠᠶᠢᠨ ᠪᠣᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠡᠵᠨ ᠮᠡᠳᠡᠵᠦ ᠰᠢᠨ᠎ᠡ ᠶᠢ ᠡᠭᠦᠳᠬᠦ | ᠠᠵᠤ ᠠᠬᠤᠶᠢᠯᠠᠯ ᠢ ᠵᠣᠷᠢᠬᠵᠢᠭᠤᠯᠤᠨ ᠵᠢᠯᠣᠭᠤᠳᠴᠦ ᠪᠠᠶᠢᠭᠠᠳ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ᠂ | ᠺᠤᠮᠫᠠᠨᠢ ᠶᠢᠨ ᠵᠢᠭᠡᠯᠡᠯᠭᠡ ᠶᠢᠨ ᠲᠡᠮᠳᠡᠭᠲᠦ᠂ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ ᠵᠡᠷᠭᠡ | ᠣᠯᠠᠨ ᠵᠦᠢᠯ ᠤᠨ ᠮᠦᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠪᠠᠭᠠᠵᠢ ᠶᠢ ᠠᠰᠢᠭᠯᠠᠨ ᠪᠡᠯᠡ ᠲᠣᠬᠢᠷᠠᠭᠤᠯᠬᠤ | ᠠᠷᠭ᠎ᠠ ᠵᠠᠮ ᠢ ᠨᠢ ᠦᠷᠭᠡᠳᠭᠡᠨ᠎ᠡ᠃ ᠥᠷᠢ ᠥᠭᠴᠡᠭᠡ ᠪᠠ ᠵᠢᠭᠡᠯᠡᠯᠭᠡ ᠶᠢᠨ ᠬᠠᠮᠲᠤᠷᠠᠯ᠂ ᠪᠡᠯᠡ ᠣᠷᠤᠭᠤᠯᠤᠯᠲᠠ ᠪᠠ | ᠵᠢᠭᠡᠯᠡᠯᠭᠡ ᠶᠢᠨ ᠬᠤᠯᠪᠣᠭᠠᠯᠠᠨ ᠬᠦᠳᠡᠯᠦᠯᠴᠡᠬᠦ᠂ ᠪᠡᠯᠡ ᠲᠣᠬᠢᠷᠠᠭᠤᠯᠤᠨ ᠲᠦᠷᠢᠶᠡᠰᠦᠯᠡᠬᠦ᠂ ᠠᠵᠤ ᠦᠢᠯᠡᠰ ᠤᠨ | ᠬᠡᠯᠬᠢᠶ᠎ᠡ ᠶᠢᠨ ᠪᠡᠯᠡ ᠲᠣᠬᠢᠷᠠᠭᠤᠯᠭ᠎ᠠ ᠵᠢᠴᠢ ᠪᠣᠳᠠᠰᠯᠢᠭ ᠪᠣᠰᠤ ᠬᠦᠷᠦᠩᠭᠡ ᠶᠢᠨ ᠳᠠᠨᠵᠢᠯᠠᠭ᠎ᠠ ᠲᠠᠢ ᠵᠢᠭᠡᠯᠡᠯᠭᠡ ᠵᠡᠷᠭᠡ | ᠰᠢᠨ᠎ᠡ ᠶᠢ ᠡᠭᠦᠳᠬᠦ ᠬᠡᠯᠪᠡᠷᠢ ᠪᠦᠬᠦᠢ ᠠᠵᠤ ᠠᠬᠤᠶᠢᠯᠠᠯ ᠳᠤ ᠵᠣᠬᠢᠴᠠᠭᠰᠠᠨ ᠣᠨᠴᠠᠯᠢᠭᠲᠤ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠢᠳᠡᠪᠬᠢᠲᠡᠢ ᠰᠦᠪᠡᠭᠴᠢᠯᠡᠨ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠪᠡᠯᠡ | ᠮᠦᠩᠭᠦ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠮᠦᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ᠂ ᠥᠪᠥᠷ | ᠮᠣᠩᠭᠤᠯ ᠤᠨ ᠪᠠᠩᠬᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ | ᠬᠠᠷᠢᠭᠤᠴᠠᠨ᠎ᠠ︶ | ︵ᠳᠥᠷᠪᠡ︶ ᠲᠤᠭ᠎ᠠ ᠪᠦᠷᠢᠳᠭᠡᠯ ᠤᠨ ᠪᠠᠶᠢᠴᠠᠭᠠᠨ ᠰᠣᠳᠣᠯᠣᠯᠲᠠ ᠪᠠᠷ ᠲᠤᠯᠭᠠᠭᠤᠷᠢᠯᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠥᠪᠡᠷᠲᠡᠭᠡᠡ ᠵᠠᠰᠠᠬᠤ ᠣᠷᠣᠨ ᠤ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ | ᠬᠤᠳᠠᠯᠳᠤᠭᠠᠨ ᠤ ᠵᠠᠭᠪᠤᠷ ᠤᠨ ᠲᠤᠰᠬᠠᠢ ᠵᠦᠢᠯ ᠤᠨ ᠲᠤᠭ᠎ᠠ ᠪᠦᠷᠢᠳᠭᠡᠯ ᠤᠨ ᠪᠠᠶᠢᠴᠠᠭᠠᠨ ᠰᠣᠳᠣᠯᠣᠯᠲᠠ ᠶᠢᠨ | ᠳᠥᠷᠢᠮ ᠢ ᠪᠠᠶᠢᠭᠤᠯᠵᠤ᠂ ᠠᠵᠤ ᠠᠬᠤᠢ ᠶᠢᠨ ᠨᠡᠮᠡᠭᠳᠡᠯ᠂ ᠡᠬᠢ ᠪᠠᠶᠠᠯᠢᠭ ᠢ ᠠᠷᠪᠢᠯᠠᠨ ᠭᠠᠮᠨᠠᠬᠤ᠂ ᠬᠦᠳᠡᠯᠮᠦᠷᠢ ᠠᠵᠢᠯ | ᠣᠯᠭᠤᠯᠲᠠ᠂ ᠣᠷᠣᠯᠭ᠎ᠠ ᠭᠠᠶᠢᠯᠢ ᠲᠠᠲᠠᠪᠤᠷᠢ ᠵᠡᠷᠭᠡ ᠲᠠᠯ᠎ᠠ ᠳᠤ ᠰᠢᠨ᠎ᠡ ᠪᠠᠷ ᠬᠦᠭᠵᠢᠵᠦ ᠪᠠᠶᠢᠭ᠎ᠠ ᠠᠵᠤ ᠠᠬᠤᠢ ᠶᠢᠨ | ᠠᠵᠢᠯᠯᠠᠭ᠎ᠠ ᠶᠢᠨ ᠦᠵᠡᠭᠦᠯᠬᠦ ᠬᠤᠪᠢ ᠨᠡᠮᠡᠷᠢ ᠶᠢ ᠰᠢᠨᠵᠢᠯᠡᠬᠦ ᠤᠬᠠᠭᠠᠨᠴᠢ ᠪᠠᠷ ᠲᠦᠰᠦᠭᠡᠯᠡᠵᠦ ᠦᠨᠡᠯᠡᠨ ᠵᠢᠱᠢᠨ᠎ᠡ᠃ | ᠰᠢᠨ᠎ᠡ ᠪᠠᠷ ᠬᠦᠭᠵᠢᠵᠦ ᠪᠠᠶᠢᠭ᠎ᠠ ᠠᠵᠤ ᠠᠬᠤᠢ ᠶᠢᠨ ᠠᠵᠢᠯᠯᠠᠭ᠎ᠠ ᠶᠢ ᠲᠤᠰᠬᠠᠬᠤ ᠭᠦᠢᠴᠡᠳᠭᠡᠯ ᠲᠣᠭᠠᠨ ᠤ | ᠰᠢᠰᠲ᠋ᠧᠮᠵᠢ ᠶᠢ ᠪᠠᠶᠢᠭᠤᠯᠤᠨ᠂ ᠰᠢᠨ᠎ᠡ ᠪᠠᠷ ᠬᠦᠭᠵᠢᠵᠦ ᠪᠠᠶᠢᠭ᠎ᠠ ᠠᠵᠤ ᠠᠬᠤᠢ ᠶᠢᠨ ᠠᠵᠢᠯᠯᠠᠭ᠎ᠠ ᠶᠢᠨ | ᠬᠦᠭᠵᠢᠯᠲᠡ ᠶᠢᠨ ᠭᠦᠢᠴᠡᠳᠭᠡᠯ ᠲᠤᠭ᠎ᠠ ᠶᠢ ᠪᠦᠬᠦ ᠪᠠᠶᠢᠳᠠᠯ ᠢᠶᠠᠷ ᠲᠤᠰᠬᠠᠬᠤ ᠪᠠ ᠬᠦᠳᠡᠯᠦᠩᠭᠦᠢ ᠬᠤᠪᠢᠷᠠᠯᠲᠠ ᠲᠠᠢ | ᠪᠠᠶᠢᠬᠤ ᠶᠢ ᠨᠢ ᠰᠣᠳᠣᠯᠣᠨ ᠪᠠᠶᠢᠭᠤᠯᠬᠤ ᠶᠢᠨ ᠬᠠᠮᠲᠤ ᠴᠠᠭ ᠰᠣᠩᠭᠤᠨ ᠨᠡᠶᠢᠲᠡᠯᠡᠵᠦ᠂ ᠬᠠᠨᠳᠤᠯᠭ᠎ᠠ ᠶᠢᠨ ᠴᠢᠨᠠᠷᠲᠠᠢ | ᠳ᠋ᠠᠶᠢᠲ᠋ᠠ ᠪᠠ ᠰᠡᠷᠡᠮᠵᠢ ᠶᠢᠨ ᠵᠠᠳᠠᠯᠤᠯᠲᠠ ᠬᠢᠬᠦ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ︶ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠦᠵᠡᠯ ᠰᠠᠨᠠᠭ᠎ᠠ ᠪᠠ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠲᠥᠪᠯᠡᠷᠡᠭᠦᠯᠵᠦ᠂ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠨᠢᠭᠲᠠ ᠵᠣᠬᠢᠴᠠᠭᠤᠯᠤᠨ ᠬᠠᠮᠵᠢᠯᠴᠠᠵᠤ᠂ | ᠰᠠᠨᠠᠭᠠᠴᠢᠯᠠᠭ᠎ᠠ ᠠᠴᠠ ᠪᠠᠨ ᠳᠠᠭᠠᠭᠠᠨ ᠠᠵᠢᠯᠯᠠᠵᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ | ᠵᠦᠢᠯ ᠤᠨ ᠡᠭᠦᠷᠭᠡ ᠶᠢᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠦᠳᠡᠯᠭᠡᠭᠴᠢ ᠬᠦᠴᠦᠨ ᠢ ᠤᠯᠠᠮ ᠨᠢᠭᠡ ᠠᠯᠬᠤᠮ ᠤᠷᠮᠠᠰᠢᠭᠤᠯᠤᠨ | ᠬᠦᠭᠵᠢᠭᠡᠵᠦ᠂ ᠰᠢᠨ᠎ᠡ ᠬᠠᠭᠤᠴᠢᠨ ᠬᠦᠳᠡᠯᠭᠡᠭᠴᠢ ᠴᠢᠳᠠᠪᠤᠷᠢ ᠶᠢᠨ ᠵᠠᠯᠭᠠᠮᠵᠢᠯᠠᠨ ᠰᠣᠯᠢᠯᠴᠠᠬᠤ ᠳᠤ ᠳᠥᠷᠢᠮ ᠤᠨ | ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ ᠪᠣᠯᠭᠠᠬᠤ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |