| | | 12 ᠳ᠋ᠤᠭᠠᠷ ᠰᠠᠷ᠎ᠠ ᠶᠢᠨ 22 ᠤᠨ ᠡᠳᠤᠷ᠂ ︽20 ᠵᠢᠯ ᠤᠨ ᠰᠢᠯᠵᠢᠬᠡ ᠬᠤᠯᠪᠤᠭ᠎ᠠ ᠶᠢᠨ ᠠᠮᠵᠢᠯᠳᠠ | ᠪᠦᠳᠤᠮᠵᠢ᠂ ᠰᠢᠨ᠎ᠠ ᠴᠠᠬ ᠦᠶ᠎ᠠ ᠶᠢᠨ 5 ᠴᠢᠳᠠᠮᠵᠢᠳᠤ ᠤᠮᠠᠷᠠᠳᠤ ᠬᠢᠯᠢ︾ ᠪᠠᠷ ᠭᠤᠤᠯ ᠰᠡᠳᠤᠪ ᠪᠤᠯᠭᠠᠬᠰᠠᠨ ᠦᠪᠤᠷ | ᠮᠤᠩᠭᠤᠯ ᠤᠨ ᠰᠢᠯᠵᠢᠬᠡ ᠬᠤᠯᠪᠤᠭ᠎ᠠ ᠪᠤᠯᠤᠨ ᠬᠤᠸᠠ ᠸᠧᠢ ᠺᠤᠮᠫᠠᠨᠢ ᠶᠢᠨ ᠬᠠᠮᠳᠤᠷᠠᠯᠴᠠᠭ᠎ᠠ ᠶᠢᠨ 20 ᠵᠢᠯ ᠤᠨ ᠤᠢ | ᠵᠢᠴᠢ ᠦᠪᠤᠷ ᠮᠤᠩᠭᠤᠯ ᠤᠨ ᠰᠢᠯᠵᠢᠬᠡ ᠬᠤᠯᠪᠤᠭ᠎ᠠ ᠶᠢᠨ 5G ᠭᠡᠷᠡᠭᠯᠡᠭᠡᠨ ᠤ ᠪᠠᠷᠠᠯᠠᠯ ᠤᠨ ᠬᠤᠷᠠᠯ ᠬᠦᠬᠡᠬᠤᠳᠠ ᠳᠤ | ᠬᠢᠪᠡ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠠᠩ ᠱᠤᠤ ᠴᠦᠨ ᠤᠷᠤᠯᠴᠠᠵᠠᠢ᠃ | ᠤᠶᠢᠯᠠᠭᠠᠨᠰᠠᠨ ᠢᠶᠠᠷ᠂ ᠦᠪᠤᠷ ᠮᠤᠩᠭᠤᠯ ᠤᠨ ᠰᠢᠯᠵᠢᠬᠡ ᠬᠤᠯᠪᠤᠭ᠎ᠠ ᠪᠤᠯᠤᠨ ᠬᠤᠸᠠ ᠸᠧᠢ ᠺᠤᠮᠫᠠᠨᠢ ᠶᠢᠨ | ᠬᠠᠮᠳᠤᠷᠠᠯᠴᠠᠭ᠎ᠠ 20 ᠵᠢᠯ ᠢ ᠦᠩᠬᠡᠷᠡᠬᠡᠵᠠᠢ᠃ 12 ᠳ᠋ᠤᠭᠠᠷ ᠰᠠᠷ᠎ᠠ ᠶᠢᠨ 15 ᠤ ᠡᠳᠤᠷ᠂ ᠦᠪᠤᠷ ᠮᠤᠩᠭᠤᠯ ᠤᠨ | ᠰᠢᠯᠵᠢᠬᠡ ᠬᠤᠯᠪᠤᠭ᠎ᠠ ᠪᠤᠯᠤᠨ ᠬᠤᠸᠠ ᠸᠧᠢ ᠶᠢᠨ ᠬᠠᠮᠳᠤᠷᠠᠯᠴᠠᠬᠰᠠᠨ 5G ᠰᠦᠯᠵᠢᠶᠠᠨ ᠤ ᠲᠤᠷᠰᠢᠯᠳᠠ ᠶᠢᠨ | ᠦᠷᠳᠡᠭᠡ ᠬᠦᠬᠡᠬᠤᠳᠠ ᠳᠤ ᠵᠢᠩᠬᠢᠨᠢ ᠪᠠᠷ ᠨᠡᠪᠳᠠᠷᠠᠪᠡ᠃ ᠲᠤᠰ 5G ᠰᠠᠭᠤᠷᠢ ᠦᠷᠳᠡᠭᠡ ᠨᠢ ᠬᠤᠸᠠ ᠸᠧᠢ ᠶᠢᠨ | ᠲᠦᠬᠦᠬᠡᠷᠤᠮᠵᠢ ᠶᠢ ᠭᠡᠷᠡᠭᠯᠠᠵᠤ᠂ ᠲᠠᠪᠳᠠᠮᠵᠢ ᠶᠢᠨ ᠦᠷᠬᠡᠨ ᠪᠦᠰᠠ ᠨᠢ 100MHz ᠳᠤ ᠬᠦᠷᠴᠤ᠂ ᠬᠠᠮᠤᠬ ᠤᠨ | ᠶᠡᠭᠡ ᠬᠡᠪᠴᠢᠶ᠎ᠠ ᠪᠠᠷ ᠤᠳᠤ ᠪᠠᠶᠢᠭ᠎ᠠ 4G ᠰᠦᠯᠵᠢᠶᠠᠨ ᠤ ᠰᠠᠭᠤᠷᠢ ᠶᠢ ᠠᠰᠢᠬᠯᠠᠵᠤ᠂ 4G ᠪᠤᠯᠤᠨ 5G ᠶᠢᠨ | ᠦᠷᠳᠡᠭᠡ ᠶᠢᠨ ᠬᠠᠮᠳᠤ ᠶᠢᠨ ᠪᠦᠷᠬᠦᠬᠦᠯᠳᠠ ᠶᠢ ᠪᠡᠶᠡᠯᠡᠭᠦᠯᠦᠨ᠎ᠡ᠃ 5G ᠰᠦᠯᠵᠢᠶ᠎ᠠ ᠨᠢ ᠲᠠᠪᠤᠳᠤᠭᠠᠷ ᠦᠶ᠎ᠠ ᠶᠢᠨ | ᠰᠢᠯᠵᠢᠬᠡ ᠬᠤᠯᠪᠤᠭ᠎ᠠ ᠶᠢᠨ ᠮᠡᠳᠡᠭᠡ ᠵᠠᠩᠬᠢ ᠶᠢᠨ ᠰᠦᠯᠵᠢᠶ᠎ᠠ ᠪᠤᠯᠤᠬᠰᠠᠨ ᠤ ᠬᠤᠪᠢ ᠳᠤ᠂ ᠦᠨᠳᠤᠷ ᠬᠤᠷᠳᠤᠴᠠᠳᠤ | ᠴᠢᠨᠠᠷ᠂ ᠶᠡᠭᠡ ᠪᠠᠭᠳᠠᠭᠠᠮᠵᠢᠳᠠᠢ᠂ ᠴᠠᠬ ᠤᠨ ᠤᠷᠳᠤᠳᠬᠠᠯ ᠤᠬᠤᠷ ᠤᠨᠴᠠᠯᠢᠬ ᠲᠠᠢ ᠶᠤᠮ᠃ 5G ᠰᠦᠯᠵᠢᠶᠠᠨ ᠤ | ᠬᠦᠭᠵᠢᠯᠳᠠ ᠪᠤᠯᠤᠨ ᠠᠵᠤ ᠤᠶᠢᠯᠡᠰ ᠤᠨ ᠬᠤᠪᠢᠰᠤᠯ ᠤᠨ ᠠᠬᠢᠴᠠ ᠶᠢᠨ ᠲᠦᠷᠬᠡᠨ ᠪᠤᠯᠵᠤ ᠪᠠᠶᠢᠭ᠎ᠠ ᠰᠢᠨ᠎ᠠ | ᠬᠠᠨᠳᠤᠰᠢ ᠳᠤ᠂ ᠦᠪᠤᠷ ᠮᠤᠩᠭᠤᠯ ᠤᠨ ᠬᠢᠨ 4G ᠰᠦᠯᠵᠢᠶ᠎ᠠ ᠶᠢ ᠬᠦᠭᠵᠢᠬᠦᠯᠬᠦ ᠤᠷᠤᠨ ᠵᠠᠢ ᠶᠢ ᠴᠢᠨᠠᠬᠰᠢᠳᠠ | ᠠᠭᠤᠳᠠᠯᠯᠠᠵᠤ᠂ 5G ᠰᠦᠯᠵᠢᠶᠠᠨ ᠤ ᠬᠦᠭᠵᠢᠯᠳᠠ ᠶᠢᠨ ᠠᠯᠬᠤᠮ ᠢ ᠲᠦᠷᠬᠡᠳᠬᠡᠵᠤ᠂ ᠦᠪᠡᠷᠳᠡᠬᠡᠨ ᠵᠠᠰᠠᠬᠤ | ᠤᠷᠤᠨ ᠤ ᠠᠵᠤ ᠠᠬᠤᠢ ᠶᠢᠨ ᠬᠡᠯᠪᠡᠷᠢ ᠶᠢᠨ ᠬᠤᠪᠢᠷᠠᠯᠳᠠ ᠪᠤᠯᠤᠨ ᠠᠷᠠᠳ ᠤᠨ ᠠᠮᠢᠳᠤᠷᠠᠯ ᠤᠨ ᠬᠦᠭᠵᠢᠯᠳᠠ ᠳᠤ | ᠰᠢᠨ᠎ᠠ ᠬᠦᠳᠡᠯᠬᠡᠬᠦ ᠬᠦᠴᠤᠨ ᠢ ᠨᠡᠮᠡᠷᠢᠯᠠᠬᠦ ᠪᠤᠯᠤᠨ᠎ᠠ᠃ | |