ᠥᠪᠥᠷ ᠮᠣᠩᠭᠤᠯ ᠤᠨ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ 25 ᠵᠢᠯ ᠳᠤ 12 ᠳᠠᠬᠢᠨ ᠤᠷᠴᠢᠮ ᠨᠡᠮᠡᠭᠳᠡᠵᠡᠢ
ᠨᠡᠶᠢᠲᠡᠯᠡᠭᠰᠡᠨ ᠴᠠᠭ᠄
2018/12/24
     ᠡᠨᠡ ᠵᠢᠯ ᠪᠣᠯ ᠥᠪᠡᠷᠲᠡᠭᠡᠨ ᠵᠠᠰᠠᠬᠤ ᠣᠷᠣᠨ ᠤ ᠤᠯᠤᠰ ᠤᠨ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾᠎ ᠶᠢᠨ ᠬᠤᠷᠢᠨ ᠲᠠᠪᠤᠳᠤᠭᠠᠷ ᠵᠢᠯ ᠪᠣᠯᠤᠨ᠎ᠠ᠃ 25 ᠵᠢᠯ ᠤᠨ ᠲᠤᠷᠰᠢ᠂ ᠵᠡᠭᠦᠨᠰᠢ ᠬᠦᠷᠭᠡᠬᠦ ᠴᠠᠬᠢᠯᠭᠠᠨ ᠤ ᠬᠡᠮᠵᠢᠶ᠎ᠡ ᠯᠠᠪᠳᠠᠭᠤᠨ ᠢᠶᠠᠷ ᠳᠡᠭᠡᠭᠰᠢᠯᠡᠵᠦ᠂ 1993 ᠣᠨ ᠳᠤ ᠵᠡᠭᠦᠨᠰᠢ ᠬᠦᠷᠭᠡᠬᠦ ᠴᠠᠬᠢᠯᠭᠠᠨ ᠤ ᠬᠡᠮᠵᠢᠶ᠎ᠡ 2.25 ᠳ᠋ᠦᠩᠰᠢᠭᠤᠷ ᠺᠢᠯᠣᠸᠠᠲ ᠴᠠᠭ ᠪᠠᠶᠢᠭᠰᠠᠨ ᠠᠴᠠ 2017 ᠣᠨ ᠤ ᠡᠴᠦᠰ ᠪᠣᠯᠲᠠᠯ᠎ᠠ 264.11 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠵᠡᠭᠦᠨᠰᠢ ᠬᠦᠷᠭᠡᠬᠦ ᠴᠠᠬᠢᠯᠭᠠᠨ ᠤ ᠬᠡᠮᠵᠢᠶ᠎ᠡ ᠶᠢ 12 ᠳᠠᠬᠢᠨ ᠣᠷᠴᠢᠮ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠤᠮᠠᠷᠠᠲᠤ ᠣᠷᠣᠨ ᠤ ᠠᠵᠤ ᠠᠬᠤᠶ ᠶᠢᠨ ᠲᠦᠷᠭᠡᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠪᠠᠶᠢᠯᠳᠤᠬᠤ ᠪᠤᠳᠤᠯᠭ᠎ᠠ ᠶᠢ ᠬᠠᠮᠤᠭ ᠤᠨ ᠡᠷᠲᠡ ᠬᠡᠷᠡᠭᠵᠢᠭᠦᠯᠦᠭᠰᠡᠨ ᠮᠤᠵᠢ ᠣᠷᠣᠨ ᠤ ᠨᠢᠭᠡ ᠨᠢ ᠪᠣᠯᠤᠭᠰᠠᠨ ᠤ ᠬᠤᠪᠢ ᠳᠤ᠂ 1993 ᠣᠨ ᠳᠤ᠂ ᠥᠪᠡᠷᠲᠡᠭᠡᠨ ᠵᠠᠰᠠᠬᠤ ᠣᠷᠣᠨ ︽ᠨᠡᠭᠦᠷᠡᠰᠦ ᠶᠢ ᠠᠭᠠᠷ ᠢᠶᠠᠷ ᠶᠠᠪᠤᠭᠤᠯᠵᠤ᠂ ᠪᠡᠭᠡᠵᠢᠩ ᠬᠤᠲᠠ ᠳᠤ ᠴᠠᠬᠢᠯᠭᠠᠨ ᠬᠦᠷᠭᠡᠬᠦ︾ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠳᠤᠷᠠᠳᠴᠤ᠂ ᠥᠪᠥᠷ ᠮᠣᠩᠭᠤᠯ ᠤᠨ ᠭᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ ᠪᠤᠢ ᠪᠣᠯᠤᠭᠰᠠᠨ ᠪᠠᠶᠢᠨ᠎ᠠ᠃ 1993 ᠤᠨ ᠤ 12 ᠳ᠋ᠤᠭᠠᠷ ᠰᠠᠷ᠎ᠠ ᠶᠢᠨ 4᠎ ᠤ ᠡᠳᠦᠷ᠂ ᠥᠪᠥᠷ ᠮᠣᠩᠭᠤᠯ ᠤᠨ ᠭᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ ᠪᠠᠶᠢᠭᠤᠯᠤᠭᠳᠠᠵᠤ᠂ 500 ᠺᠢᠯᠤᠸᠤᠯᠲ ᠴᠠᠬᠢᠯᠭᠠᠨ ᠲᠣᠣᠷ ᠤᠨ ᠪᠦᠳᠦᠭᠡᠠ ᠪᠠᠶᠢᠭᠤᠯᠤᠯᠲᠠ᠂ ᠬᠠᠮᠢᠶᠠᠷᠤᠯᠲᠠ᠂ ᠠᠵᠢᠯᠯᠠᠭᠠᠨ᠂ ᠬᠠᠮᠠᠭᠠᠯᠠᠯᠲᠠ ᠶᠢᠨ ᠠᠵᠢᠯ ᠢ ᠡᠭᠦᠷᠭᠡᠯᠡᠪᠡ᠃ 1993 ᠣᠨ ᠤ 12 ᠳ᠋ᠤᠭᠠᠷ ᠰᠠᠷ᠎ᠠ ᠳᠤ ᠹᠧᠩᠵᠧᠨ — ᠱᠠ ᠯᠢᠨ ᠽᠢ ᠶᠢᠨ 500 ᠺᠢᠯᠤᠸᠤᠯᠲ ᠴᠠᠬᠢᠯᠭᠠᠨ ᠬᠦᠷᠭᠡᠬᠦ ᠬᠡᠯᠬᠢᠶ᠎ᠡ ᠶᠢᠨ ᠪᠠᠷᠢᠯᠭ᠎ᠠ ᠠᠰᠢᠭᠯᠠᠯᠲᠠ ᠳᠤ ᠣᠷᠣᠵᠠᠢ᠂ ᠥᠪᠡᠷᠲᠡᠭᠡᠨ ᠵᠠᠰᠠᠬᠤ ᠣᠷᠣᠨ ᠤ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠪᠠᠶᠢᠯᠳᠤᠬᠤ ᠪᠣᠳᠣᠯᠭ᠎ᠠ ᠵᠢᠩᠬᠢᠨᠢ ᠪᠠᠷ ᠡᠬᠢᠯᠡᠪᠡ᠃ 25 ᠵᠢᠯ ᠤᠨ ᠲᠤᠷᠰᠢ᠂ ᠬᠡᠳᠦᠨ ᠦᠶ᠎ᠡ ᠶᠢᠨ ᠴᠠᠬᠢᠯᠭᠠᠨ ᠬᠦᠴᠦᠨ ᠤ ᠠᠵᠢᠯᠴᠢᠳ ᠰᠠᠯᠬᠢ ᠰᠢᠭᠤᠷᠭ᠎ᠠ ᠦᠭᠰᠦᠨ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠡᠬᠡ ᠭᠠᠵᠠᠷ ᠳᠡᠭᠡᠷ᠎ᠡ ᠠᠲᠠᠷ ᠬᠠᠭᠠᠯᠪᠤᠷᠢᠯᠠᠨ ᠦᠷᠭᠡᠳᠬᠡᠵᠦ᠂ ᠨᠡᠶᠢᠲᠡ 27 ᠰᠠᠭᠤᠷᠢ 500 ᠺᠢᠯᠤᠸᠤᠯᠲ ᠴᠠᠬᠢᠯᠭᠠᠨ ᠬᠦᠴᠦᠳᠡᠯ ᠥᠭᠡᠷᠡᠴᠢᠯᠡᠬᠦ ᠦᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ 700 ᠺᠢᠯᠣᠮᠧᠲᠷ ᠤᠷᠴᠢᠮ ᠤᠨ 500 ᠺᠢᠯᠤᠸᠤᠯᠲ ᠴᠠᠬᠢᠯᠭᠠᠨ ᠬᠦᠷᠭᠡᠬᠦ ᠬᠡᠯᠬᠢᠶ᠎ᠡ ᠶᠢᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠤᠯᠤᠰ ᠤᠨ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠥᠪᠡᠷᠲᠡᠭᠡᠨ ᠵᠠᠰᠠᠬᠤ ᠣᠷᠣᠨ ᠤ ︽ᠲᠤᠯᠤᠭᠠᠨ ᠲᠤᠤᠷ ᠢ ᠬᠠᠮᠲᠤ ᠪᠠᠷ ᠪᠠᠶᠢᠭᠤᠯᠬᠤ︾᠂ ︽ᠲᠤᠯᠤᠭᠠᠨ ᠠᠵᠤ ᠦᠢᠯᠡᠰ ᠢ ᠵᠡᠷᠭᠡ ᠪᠠᠷ ᠮᠠᠨᠳᠤᠭᠤᠯᠬᠤ︾ ᠬᠠᠷᠠᠯᠲᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠠᠬᠢᠯᠭᠠᠨ ᠬᠦᠴᠦᠨ ᠤ ᠺᠣᠮᠫᠠᠨᠢ ᠶᠢᠨ ᠪᠠᠲᠤ ᠴᠢᠩᠭ᠎ᠠ ᠴᠠᠬᠢᠯᠭᠠᠨ ᠤ ᠲᠤᠤᠷ ᠢ ᠪᠠᠶᠢᠭᠤᠯᠬᠤ ᠂ ᠠᠷᠢᠭᠤᠨ ᠴᠡᠪᠡᠷ ᠴᠠᠬᠢᠯᠭᠠᠨ ᠲᠣᠣᠷ᠂ ᠰᠣᠶᠣᠯ ᠢᠷᠭᠡᠨᠰᠢᠯ ᠤᠨ ᠴᠠᠬᠢᠯᠭᠠᠨ ᠲᠣᠣᠷ ᠪᠠ ︽ᠬᠤᠶᠠᠷ ᠬᠡᠯᠪᠡᠷᠢ ᠶᠢ ᠭᠤᠷᠪᠠ ᠪᠤᠯᠭᠠᠬᠤ︾ ᠤᠳᠤ ᠦᠶ᠎ᠡ ᠶᠢᠨ ᠺᠣᠮᠫᠠᠨᠢ ᠶᠢᠨ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号