ᠥᠪᠥᠷ ᠮᠣᠩᠭᠤᠯ ᠲᠠᠩ ᠤᠯᠤᠰ ᠤᠨ ᠦᠶ᠎ᠡ ᠶᠢᠨ ᠬᠢᠯᠢ ᠶᠢᠨ ᠴᠠᠶᠢᠵᠠ ᠶᠢᠨ ᠴᠡᠷᠢᠭ ᠤᠨ ᠬᠤᠲᠠ ᠶᠢᠨ ᠪᠠᠭᠤᠷᠢ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2018/12/24
     ᠬᠠᠭᠤᠴᠢ ᠰᠤᠳᠤᠯᠤᠭᠴᠢᠳ ᠨᠢᠭᠡᠨ 11 ᠵᠢᠯ ᠤᠨ ᠡᠮᠦᠨ᠎ᠡ ᠢᠯᠡᠷᠡᠭᠦᠯᠦᠭᠰᠡᠨ ᠬᠠᠭᠤᠴᠢᠨ ᠬᠤᠲᠠ ᠶᠢᠨ ᠪᠠᠭᠤᠷᠢ ᠳᠤ ᠰᠢᠨ᠎ᠡ ᠨᠢᠭᠡᠨ ᠡᠭᠡᠯᠵᠢᠨ ᠤ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠥᠷᠨᠢᠭᠦᠯᠬᠦ ᠪᠠᠷ ᠳᠠᠮᠵᠢᠨ ᠡᠨᠡ ᠬᠦ ᠬᠤᠲᠠ ᠶᠢᠨ ᠪᠠᠭᠤᠷᠢ ᠨᠢ ᠲᠦᠷᠺ ᠵᠡᠷᠭᠡ ᠤᠮᠠᠷᠠᠲᠤ ᠶᠢᠨ ᠦᠨᠳᠦᠰᠦᠲᠡᠨ ᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ ᠪᠠᠷᠢᠭᠰᠠᠨ ᠲᠠᠩ ᠤᠯᠤᠰ ᠤᠨ ᠦᠶ᠎ᠡ ᠶᠢᠨ ᠬᠢᠯᠢ ᠶᠢᠨ ᠴᠠᠶᠢᠵᠠ ᠶᠢᠨ ᠴᠡᠷᠢᠭ ᠤᠨ ᠪᠠᠭᠤᠷᠢ ᠪᠣᠯᠬᠤ ᠶᠢ ᠨᠤᠲᠠᠯᠠᠨ ᠲᠣᠭᠲᠠᠭᠠᠪᠠ᠃ ᠡᠨᠡ ᠤᠳᠠᠭᠠᠨ ᠤ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠤᠨ ᠳᠠᠭᠠᠭᠤᠯᠤᠭᠴᠢ᠂ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠶᠯᠡᠰ ᠬᠠᠭᠤᠴᠢ ᠰᠤᠳᠤᠯᠤᠯ ᠤᠨ ᠰᠤᠳᠤᠯᠬᠤ ᠭᠠᠵᠠᠷ ᠤᠨ ᠳᠡᠳ᠋ ᠳᠠᠷᠤᠭ᠎ᠠ ᠵᠠᠩ ᠸᠧᠨ ᠫᠢᠩ ᠬᠡᠯᠡᠭᠰᠡᠨ ᠨᠢ᠂ ᠲᠠᠩ ᠤᠯᠤᠰ ᠤᠮᠠᠷᠠᠲᠤ ᠶᠢᠨ ᠦᠨᠳᠦᠰᠦᠲᠡᠨ ᠢ ᠰᠡᠷᠭᠡᠶᠢᠯᠡᠨ ᠬᠤᠷᠢᠭᠯᠠᠬᠤ ᠳᠤ᠂ ᠣᠷᠳᠣ ᠴᠠᠭᠠᠨ ᠬᠡᠷᠡᠮ ᠪᠠᠶᠢᠭᠤᠯᠤᠭᠰᠠᠨ ᠪᠢᠰᠢ᠂ ᠬᠠᠷᠢᠨ ︽ᠴᠡᠷᠢᠭ ᠤᠨ ᠪᠠᠯᠭᠠᠰᠤ ᠪᠠ ᠴᠠᠭᠳᠠᠭᠤᠯ ᠰᠡᠷᠭᠡᠶᠢᠯᠡᠯᠲᠡ︾᠎ ᠶᠢᠨ ᠠᠷᠭ᠎ᠠ ᠮᠠᠶ᠋ᠢᠭ ᠢ ᠠᠪᠴᠤ᠂ ᠶᠡᠭᠡ ᠴᠡᠷᠢᠭ ᠢ ᠨᠡᠯᠢᠶᠡᠳ ᠬᠡᠳᠦᠨ ᠰᠠᠭᠤᠷᠢᠨ ᠭᠠᠵᠠᠷ ᠲᠤ ᠲᠥᠪᠯᠡᠷᠡᠭᠦᠯᠦᠨ᠂ ᠭᠠᠳᠠᠭᠠᠳᠤ ᠬᠦᠷᠢᠶᠡᠨ ᠳᠤ ᠴᠠᠭᠳᠠᠭᠤᠯ ᠴᠡᠷᠢᠭ ᠢᠶᠠᠷ ᠬᠠᠪᠰᠤᠷᠤᠮᠵᠢ ᠪᠣᠯᠭᠠᠨ ᠲᠣᠭᠤᠷᠢᠨ ᠰᠡᠷᠭᠡᠶᠢᠯᠡᠵᠦ ᠪᠠᠶᠢᠪᠠ᠃ ᠬᠢᠯᠢ ᠶᠢᠨ ᠴᠠᠶᠢᠵᠠ ᠪᠣᠯ ᠳᠠᠷᠤᠶ ᠡᠶᠢᠮᠦ ᠰᠠᠭᠤᠷᠢᠨ ᠭᠠᠵᠠᠷ ᠪᠣᠯᠬᠤ ᠶᠤᠮ᠃ 749 ᠣᠨ ᠳᠤ᠂ ᠲᠠᠩ ᠤᠯᠤᠰ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠴᠢᠩᠭᠠᠳᠬᠠᠬᠤ ᠶᠢᠨ ᠲᠤᠰᠠᠳᠠ᠂ ᠬᠢᠯᠢ ᠶᠢᠨ ᠴᠠᠶᠢᠵᠠ ᠪᠠᠶᠢᠭᠤᠯᠵᠤ᠂ ᠴᠡᠷᠢᠭ ᠤᠨ ᠡᠷᠬᠢᠮᠲᠡᠨ ᠭᠥᠸᠧ ᠽᠢ ᠢ ᠶᠢ ᠬᠢᠯᠢ ᠶᠢᠨ ᠴᠠᠶᠢᠵᠠ ᠶᠢᠨ ᠴᠡᠷᠢᠭ ᠤᠨ ᠲᠦᠰᠢᠮᠡᠯ ᠪᠣᠯᠭᠠᠵᠠᠢ᠃ ᠭᠡᠪᠡᠴᠦ ︽ᠭᠠᠵᠠᠷ ᠬᠤᠯᠠ ᠪᠦᠭᠡᠳ ᠲᠠᠷᠢᠶᠠᠯᠠᠬᠤ ᠳᠤ ᠲᠣᠬᠢᠷᠠᠬᠤ ᠦᠭᠡᠢ︾᠎ ᠠᠴᠠ ᠪᠣᠯᠵᠤ᠂ ᠬᠢᠯᠢ ᠶᠢᠨ ᠴᠠᠶᠢᠵᠠ ᠶᠢ 5 ᠵᠢᠯ ᠬᠡᠷᠡᠭᠯᠡᠭᠡᠳ ᠣᠷᠬᠢᠵᠠᠢ ᠭᠡᠪᠡ᠃      ᠬᠠᠭᠤᠴᠢ ᠰᠤᠳᠤᠯᠤᠭᠴᠢᠳ ᠠᠯᠢ ᠡᠷᠲᠡ 2007 ᠣᠨ ᠳᠤ ᠥᠪᠥᠷ ᠮᠣᠩᠭᠤᠯ ᠤᠨ ᠤᠷᠠᠳ ᠤᠨ ᠳᠤᠮᠳᠠᠳᠤ ᠬᠤᠰᠢᠭᠤ ᠶᠢᠨ ᠬᠢᠯᠢ ᠳᠤ ᠨᠢᠭᠡᠨ ᠬᠠᠭᠤᠴᠢᠨ ᠬᠤᠲᠠ ᠶᠢᠨ ᠪᠠᠭᠤᠷᠢ ᠶᠢ ᠢᠯᠡᠷᠡᠭᠦᠯᠦᠨ᠂ ᠰᠢᠨ᠎ᠡ ᠬᠦᠷᠢᠶ᠎ᠡ ᠬᠠᠭᠤᠴᠢᠨ ᠬᠤᠲᠠ ᠶᠢᠨ ᠪᠠᠭᠤᠷᠢ ᠬᠡᠮᠡᠨ ᠨᠡᠷᠡᠶᠢᠳᠴᠡᠢ᠂ ᠭᠡᠪᠡᠴᠦ ᠴᠠᠭ ᠦᠶ᠎ᠡ ᠶᠢ ᠨᠢ ᠲᠣᠳᠣᠷᠬᠠᠶᠢᠯᠠᠭᠠᠳᠤᠢ ᠪᠠᠶᠢᠯ᠎ᠠ᠃ 2018 ᠣᠨ ᠳᠤ᠂ ᠬᠠᠭᠤᠴᠢ ᠰᠤᠳᠤᠯᠤᠭᠴᠢᠳ ᠬᠠᠭᠤᠴᠢᠨ ᠬᠤᠲᠠ ᠶᠢᠨ ᠪᠠᠭᠤᠷᠢ ᠳᠤ ᠰᠢᠨ᠎ᠡ ᠨᠢᠭᠡᠨ ᠡᠭᠡᠯᠵᠢ ᠶᠢᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠥᠷᠨᠢᠭᠦᠯᠪᠡ᠃      ᠬᠠᠭᠤᠴᠢᠨ ᠬᠤᠲᠠ ᠨᠢ ᠤᠷᠲᠤ ᠳᠥᠷᠪᠡᠯᠵᠢᠨ ᠬᠡᠯᠪᠡᠷᠢᠲᠡᠶ᠂ ᠡᠮᠦᠨᠡᠰᠢ ᠤᠮᠠᠷᠠᠰᠢ ᠶᠢᠨ 900 ᠮᠧᠲᠷ ᠣᠷᠳᠣ᠂ ᠵᠡᠭᠦᠨᠰᠢ ᠪᠠᠷᠠᠭᠤᠨᠰᠢ 790 ᠮᠧᠲᠷ ᠥᠷᠭᠡᠨ᠂ ᠵᠡᠭᠦᠨ᠂ ᠡᠮᠦᠨ᠎ᠡ᠂ ᠪᠠᠷᠠᠭᠤᠨ ᠭᠤᠷᠪᠠᠨ ᠲᠠᠯ᠎ᠠ ᠶᠢᠨ ᠬᠡᠷᠡᠮ ᠤᠨ ᠳᠤᠮᠳᠠ ᠬᠡᠰᠡᠭ ᠢᠶᠠᠷ ᠴᠦᠮ 1 ᠬᠤᠳᠠ ᠶᠢᠨ ᠬᠠᠭᠠᠯᠭ᠎ᠠ ᠭᠠᠷᠭᠠᠵᠤ᠂ ᠬᠤᠳᠠ ᠶᠢᠨ ᠬᠠᠭᠠᠯᠭ᠎ᠠ ᠶᠢᠨ ᠭᠠᠳᠠᠭᠤᠷ ᠪᠦᠷ ᠤᠷᠲᠤ ᠳᠥᠷᠪᠡᠯᠵᠢᠨ ᠬᠡᠯᠪᠡᠷᠢᠲᠡᠶ ᠬᠠᠯᠬᠠᠪᠴᠢ ᠬᠤᠳᠠ ᠪᠠᠶᠢᠭᠤᠯᠵᠠᠢ᠃ ᠭᠤᠣᠯᠳᠠᠭᠤ ᠤᠮᠠᠷᠠᠲᠤ ᠠᠴᠠ ᠢᠷᠡᠬᠦ ᠲᠦᠷᠢᠮᠡᠬᠡᠶᠢᠯᠡᠯ ᠢ ᠰᠡᠷᠭᠡᠶᠢᠯᠡᠨ ᠬᠤᠷᠢᠭᠯᠠᠬᠤ ᠶᠢᠨ ᠲᠤᠰᠠᠳᠠ᠂ ᠬᠠᠭᠤᠴᠢᠨ ᠬᠤᠲᠠ ᠨᠢ ᠬᠤᠶᠢᠲᠤ ᠬᠡᠷᠡᠮ ᠳᠤ ᠪᠠᠨ ᠬᠠᠭᠠᠯᠭ᠎ᠠ ᠦᠭᠡᠶ ᠪᠠᠶᠢᠯ᠎ᠠ᠃      2018 ᠣᠨ ᠳᠤ ᠬᠠᠭᠤᠴᠢ ᠰᠤᠳᠤᠯᠤᠭᠴᠢᠳ ᠭᠤᠣᠯᠳᠠᠭᠤ ᠬᠠᠭᠤᠴᠢᠨ ᠬᠤᠲᠠ ᠶᠢᠨ ᠵᠡᠭᠦᠨ ᠡᠭᠦᠳᠡ᠂ ᠵᠡᠭᠦᠨ ᠬᠠᠯᠬᠠᠪᠴᠢ ᠬᠤᠳᠠ ᠶᠢᠨ ᠡᠭᠦᠳᠡ ᠪᠣᠯᠤᠨ ᠬᠤᠳᠠ ᠶᠢᠨ ᠳᠣᠲᠣᠭᠠᠳᠤ ᠪᠠᠷᠢᠯᠭ᠎ᠠ ᠳᠤ ᠢᠯᠭᠠᠷᠠᠭᠤᠯᠤᠯᠲᠠ ᠬᠢᠵᠡᠢ᠃ ᠢᠯᠭᠠᠷᠠᠭᠤᠯᠤᠯᠲᠠ ᠪᠠᠷ ᠳᠠᠮᠵᠢᠨ᠂ ᠪᠠᠷᠢᠯᠭ᠎ᠠ ᠶᠢᠨ ᠪᠠᠭᠤᠷᠢ ᠶᠢᠨ ᠭᠠᠵᠠᠷ ᠤᠨ ᠭᠠᠳᠠᠷᠭᠤ ᠳᠡᠭᠡᠷᠡᠬᠢ ᠨᠢᠭᠡ ᠳᠠᠪᠬᠤᠷᠭ᠎ᠠ ᠳᠤ ᠨᠡᠯᠢᠶᠡᠳ ᠰᠠᠶᠢᠨ ᠬᠠᠳᠠᠭᠠᠯᠠᠭᠳᠠᠵᠤ ᠪᠦᠬᠦᠢ  ᠴᠠᠭᠠᠨ ᠴᠤᠬᠤᠢ ᠲᠠᠢ ᠭᠠᠳᠠᠷᠭᠤ ᠪᠠᠶᠢᠬᠤ ᠶᠢ ᠣᠯᠵᠤ ᠮᠡᠳᠡᠵᠡᠢ᠂ ᠵᠤᠵᠠᠭᠠᠨ ᠨᠢ 2 —4 ᠰᠠᠨᠲ᠋ᠢᠮᠧᠲᠷ ︵cm︶ ᠪᠠᠶᠢᠨ᠎ᠠ  ᠃ ᠮᠠᠯᠲᠠᠵᠤ ᠢᠯᠡᠷᠡᠭᠦᠯᠬᠦ ᠬᠡᠰᠡᠭ ᠠᠴᠠ ᠣᠯᠳᠠᠭᠰᠠᠨ ᠸᠠᠭᠠᠷ ᠲᠣᠭᠤᠰᠬ᠎ᠠ ᠪᠠ ᠪᠠᠳᠮ᠎ᠠ ᠴᠡᠴᠡᠭ ᠤᠨ ᠵᠢᠷᠤᠭᠲᠤ ᠲᠣᠰᠬᠤᠭᠤᠷ ᠸᠠᠭᠠᠷ ᠵᠡᠷᠭᠡ ᠨᠢ ᠪᠦᠷ ᠲᠠᠩ ᠤᠯᠤᠰ ᠤᠨ ᠦᠶ᠎ᠡ ᠶᠢᠨ ᠦᠯᠡᠳᠡᠭᠳᠡᠯ ᠪᠠᠶᠢᠵᠠᠢ᠃      ︽ᠲᠤᠰ ᠤᠳᠠᠭᠠᠨ ᠤ ᠬᠠᠭᠤᠴᠢ ᠰᠤᠳᠤᠯᠤᠯ ᠤᠨ ᠮᠠᠯᠲᠠᠯᠲᠠ ᠶᠢᠨ ᠠᠵᠢᠯ ᠢ ᠬᠠᠮᠢᠶ᠎ᠠ ᠪᠦᠬᠦᠢ ᠲᠡᠦᠬᠡᠨ ᠮᠠᠲ᠋ᠧᠷᠢᠶᠠᠯ ᠤᠨ ᠲᠡᠮᠳᠡᠭᠯᠡᠯ ᠲᠠᠢ ᠤᠶᠠᠯᠳᠤᠭᠤᠯᠵᠤ ᠦᠵᠡᠪᠡᠯ᠂ ᠰᠢᠨ᠎ᠡ ᠬᠦᠷᠢᠶ᠎ᠡ ᠬᠠᠭᠤᠴᠢᠨ ᠬᠤᠲᠠ ᠨᠢ ᠲᠠᠩ ᠤᠯᠤᠰ ᠤᠨ ᠦᠶ᠎ᠡ ᠶᠢᠨ ᠬᠢᠯᠢ ᠶᠢᠨ ᠴᠠᠶᠢᠵᠠ ᠶᠢᠨ ᠴᠡᠷᠢᠭ ᠤᠨ ᠬᠤᠲᠠ ᠶᠢᠨ ᠪᠠᠭᠤᠷᠢ ᠪᠣᠯᠬᠤ ᠶᠢ ᠮᠠᠭᠠᠳᠯᠠᠨ ᠲᠣᠭᠲᠠᠭᠠᠵᠤ ᠪᠣᠯᠤᠨ᠎ᠠ︾ ᠬᠡᠮᠡᠨ ᠵᠠᠩ ᠸᠧᠨ ᠫᠢᠩ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号