ᠬᠥᠯᠥᠨ ᠪᠤᠶᠢᠷ ᠬᠤᠳᠠ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠶᠢ ᠪᠡᠯᠭᠡᠯᠡᠭᠦ ᠤᠷᠠᠨ ᠰᠠᠶᠢᠬᠠᠨ ᠤ ᠦᠳᠡᠰᠢᠯᠡᠭᠡ ᠡᠷᠬᠢᠯᠡᠵᠠᠢ  ᠪᠦ᠋ ᠰᠢᠶᠤᠤ ᠯᠢᠨ ᠨᠠᠷ ᠲᠤᠬᠯᠠᠯᠳᠠ ᠶᠢ ᠰᠤᠨᠢᠷᠬᠠᠪᠠ
ᠨᠡᠶᠢᠲᠡᠯᠡᠭᠰᠡᠨ ᠴᠠᠭ᠄
2018/12/24
     12 ᠳ᠋ᠤᠭᠠᠷ ᠰᠠᠷ᠎ᠠ ᠶᠢᠨ 22᠎ ᠤᠨ ᠡᠳᠦᠷ ᠤᠨ ᠤᠷᠤᠢ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠭᠰᠡᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠶᠢ ᠪᠡᠯᠭᠡᠯᠡᠭᠦ ᠤᠷᠠᠨ ᠰᠠᠶᠢᠬᠠᠨ ᠤ ᠦᠳᠡᠰᠢᠯᠡᠭᠡ ᠬᠦᠯᠦᠨ ᠪᠤᠶᠢᠷ ᠬᠤᠳᠠ ᠶᠢᠨ ᠵᠦᠴᠦᠭᠡ ᠶᠢᠨ ᠲᠢᠶᠠᠲᠷ ᠲᠤ ᠶᠠᠪᠤᠬᠳᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠯᠡᠭᠡᠨ ᠤ ᠬᠡᠰᠢᠭᠦᠨ᠂ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠦᠪᠯᠡᠯ ᠤᠨ ᠲᠡᠳ᠋ ᠡᠷᠬᠢᠯᠡᠭᠴᠢ ᠷᠸᠡ ᠶᠠ ᠫᠢᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠲᠤᠬᠯᠠᠯᠳᠠ ᠶᠢ ᠰᠤᠨᠢᠷᠬᠠᠵᠠᠢ᠃      ᠭᠠᠯ ᠤᠯᠠᠭᠠᠨ ᠨᠠᠮ ᠤᠨ ᠲᠤᠭ ᠪᠦᠵᠢᠭ ᠤᠨ ᠲᠠᠶᠢᠰᠠᠨ ᠳᠤ ᠨᠠᠮᠢᠷᠠᠵᠤ᠂ ︽ᠠᠯᠢᠪᠠ ᠪᠠᠨ ᠨᠠᠮ ᠳᠤ ᠪᠠᠨ ᠡᠷᠭᠦᠶ᠎ᠡ︾ ᠬᠡᠭᠦ ᠲᠠᠭᠤᠤ ᠶᠢᠨ ᠲᠤᠮᠳᠠ ᠦᠳᠡᠰᠢᠯᠡᠭᠡ ᠶᠢᠨ ᠬᠦᠰᠢᠭᠡ ᠰᠡᠬᠦᠭᠳᠡᠯ᠎ᠠ᠃ ︽ᠬᠦᠯᠦᠨ ᠪᠤᠶᠢᠷ ᠤᠨ ᠲᠠᠭᠤᠯᠠᠯ︾᠂ ︽ᠡᠭᠡ ᠤᠯᠤᠰ ᠤᠨ ᠢᠶᠠᠨ ᠲᠦᠯᠦᠭᠡ︾ ᠬᠡᠭᠦ ᠲᠠᠭᠤᠤ ᠨᠢ ᠬᠦᠯᠦᠨ ᠪᠤᠶᠢᠷ ᠬᠤᠳᠠ ᠶᠢᠨ ᠺᠠᠳ᠋ᠷ ᠤᠯᠠᠨ ᠲᠦᠮᠡᠨ ᠤ ᠨᠤᠳᠤᠭ ᠤᠰᠤ ᠪᠠᠨ ᠬᠠᠶᠢᠷᠠᠯᠠᠨ ᠡᠭᠡ ᠤᠷᠤᠨ ᠢᠶᠠᠨ ᠮᠠᠬᠳᠠᠨ ᠲᠠᠭᠤᠯᠠᠵᠤ ᠪᠠᠶᠢᠭ᠎ᠠ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ︔ ︽ᠬᠤᠷᠴᠠ ᠤᠯᠠᠭᠠᠨ ᠴᠡᠴᠡᠭ ᠠᠭᠤᠯᠠ ᠬᠦᠳᠦᠯ ᠢ ᠴᠢᠮᠡᠯ᠎ᠡ︾᠂ ᠦᠨᠳᠦᠰᠦᠳᠡᠨ ᠤ ᠬᠦᠭᠵᠢᠮᠳᠤ ᠲᠠᠭᠤᠤ ︽ᠦᠨᠳᠦᠷ ᠰᠦᠷᠯᠢᠭ ᠬᠢᠩᠭᠠᠨ ᠲᠠᠪᠠᠭ᠎ᠠ︾᠂ ᠤᠯᠭᠤᠶᠠ ᠪᠦᠵᠢᠭ ᠪᠤᠯᠤᠨ ᠪᠠᠶᠠᠨ ᠬᠤᠭᠤᠷ ᠤᠨ ᠭᠤᠴᠤᠯᠠᠯ ᠬᠦᠭᠵᠢᠮ ︽ᠤᠷᠤᠰ ᠪᠦᠵᠢᠭ ᠤᠨ ᠠᠶ᠎ᠠ︾ ᠵᠡᠷᠭᠡ ᠲᠤᠭᠯᠠᠯᠳᠠ ᠨᠢ ᠬᠦᠮᠦᠨ ᠠᠮᠠ ᠪᠠᠷ ᠴᠦᠭᠡᠪᠳᠦᠷ ᠭᠤᠷᠪᠡᠨ ᠴᠦᠭᠡᠨ ᠲᠤᠭᠠᠳᠦ ᠦᠨᠳᠦᠰᠦᠳᠡᠨ ᠪᠤᠯᠬᠤ ᠲᠠᠭᠤᠷ ᠦᠨᠳᠦᠰᠦᠳᠡᠨ᠂ ᠤᠷᠴᠤᠨ ᠦᠨᠳᠦᠰᠦᠳᠡᠨ᠂ ᠡᠸᠡᠩᠬᠢ ᠦᠨᠳᠦᠰᠦᠳᠡᠨ ᠪᠤᠯᠤᠨ ᠬᠦᠮᠦᠨ ᠠᠮᠠ ᠪᠠᠷ ᠨᠡᠯᠢᠶᠡᠳ ᠴᠦᠭᠡᠪᠳᠦᠷ ᠤᠷᠤᠰ ᠦᠨᠳᠦᠰᠦᠳᠡᠨ ᠤ ᠦᠨᠳᠦᠰᠦᠳᠡᠨ ᠤ ᠰᠤᠶᠦᠯ ᠤᠨ ᠤᠨᠴᠠᠯᠢᠭ ᠢ ᠲᠡᠯᠭᠡᠨ ᠦᠵᠡᠭᠦᠯᠭᠦ ᠪᠠᠷ ᠲᠠᠮᠵᠢᠨ ᠬᠦᠯᠦᠨ ᠪᠤᠶᠢᠷ ᠬᠤᠳᠠ ᠶᠢᠨ ᠦᠨᠳᠦᠰᠦᠳᠡᠨ ᠨᠦᠭᠦᠳ ᠨᠢᠭᠡ ᠬᠡᠷ ᠤᠨ ᠬᠦᠮᠦᠰ ᠮᠡᠳᠦ ᠪᠦᠯᠬᠦᠮᠳᠡᠵᠤ᠂ ᠬᠠᠷᠢᠯᠴᠠᠨ ᠬᠦᠨᠳᠦᠳᠭᠡᠨ ᠬᠠᠷᠢᠯᠴᠠᠨ ᠬᠠᠶᠢᠷᠠᠯᠠᠵᠤ᠂ ᠪᠠᠶᠠᠷ ᠬᠦᠷ ᠲᠠᠢ ᠡᠶ᠎ᠡ ᠨᠠᠶᠢᠷᠠᠮᠳᠠᠭᠤ ᠠᠮᠤᠷ ᠲᠤᠬᠳᠠᠭᠤᠨ ᠵᠤᠯ ᠵᠢᠷᠭᠠᠯ ᠲᠠᠢ ᠠᠵᠤ ᠲᠦᠷᠦᠵᠤ ᠪᠠᠶᠢᠬᠤ ᠶᠢ ᠵᠢᠷᠤᠬᠯᠠᠯ᠎ᠠ ᠁ ᠦᠳᠡᠰᠢᠯᠡᠭᠡ ᠨᠢ 40 ᠵᠢᠯ ᠤᠨ ᠲᠤᠷᠰᠢ᠂ ᠬᠦᠯᠦᠨ ᠪᠤᠶᠢᠷ ᠬᠤᠳᠠ ᠠᠯᠬᠤᠮ ᠠᠯᠬᠤᠮ ᠢᠶᠠᠷ ᠦᠭᠡᠷᠡᠴᠢᠯᠡᠯᠳᠡ ᠶᠢᠨ ᠡᠮᠦᠨ᠎ᠠ ᠡᠩᠨᠡᠭᠡ ᠳᠤ ᠤᠷᠤᠬᠰᠠᠨ ᠲᠤᠬᠠᠢ ᠲᠠᠤᠭᠡᠨ ᠦᠩᠭᠡᠷᠡᠯᠳᠡ ᠪᠤᠯᠤᠨ ᠨᠠᠮ ᠤᠨ ᠪᠠᠶᠢᠭᠤᠯᠤᠯᠳᠠ᠂ ᠦᠨᠳᠦᠰᠦᠳᠡᠨ ᠤ ᠪᠦᠯᠬᠦᠮᠳᠡᠯ᠂ ᠠᠵᠤ ᠠᠬᠤᠢ ᠶᠢᠨ ᠬᠦᠭᠵᠢᠯᠳᠡ᠂ ᠦᠭᠡᠷᠡᠴᠢᠯᠡᠯᠳᠡ ᠶᠢᠨ ᠬᠦᠨᠵᠡᠭᠡᠶᠢᠷᠡᠯᠳᠡ ᠪᠠ ᠭᠠᠳᠠᠭᠠᠳᠦ ᠨᠡᠭᠡᠭᠡᠯᠳᠡ ᠳᠤ ᠤᠯᠤᠬᠰᠠᠨ ᠪᠠᠭ᠋ᠠᠳᠤᠮ᠎ᠠ ᠠᠮᠵᠢᠯᠳᠡ ᠶᠢ ᠠᠮᠢᠳᠤᠯᠢᠭ ᠢᠶᠠᠷ ᠲᠡᠯᠭᠡᠨ ᠦᠵᠡᠭᠦᠯᠵᠤ᠂ ᠬᠦᠯᠦᠨ ᠪᠤᠶᠢᠷᠴᠤᠳ ᠤᠨ ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠦᠭᠡᠷᠡᠴᠢᠯᠡᠯᠳᠡ ᠨᠡᠭᠡᠭᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠭᠦ ᠪᠠ ᠦᠵᠡᠰᠭᠦᠯᠡᠩᠳᠦ ᠰᠠᠶᠢᠬᠠᠨ ᠪᠠᠶᠠᠨ ᠴᠢᠨᠡᠭᠡᠯᠢᠭ ᠡᠶ᠎ᠡ ᠵᠤᠬᠢᠴᠠᠩᠭᠤᠢ ᠠᠮᠤᠷ ᠲᠤᠬᠳᠠᠭᠤᠨ ᠬᠦᠯᠦᠨ ᠪᠤᠶᠢᠷ ᠢ ᠪᠦᠳᠦᠭᠡᠨ ᠪᠠᠶᠢᠭᠤᠯᠬᠤ᠂ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠬᠡᠯᠰᠢᠭᠦᠯᠭᠦ︾ ᠢᠳᠡᠭᠡᠯ ᠵᠤᠷᠢᠭ ᠪᠤᠯᠤᠨ ᠡᠷᠡᠰ ᠵᠤᠷᠢᠭ ᠢ ᠬᠦᠢᠴᠡᠳ ᠬᠠᠷᠠᠭᠤᠯᠤᠬᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号