ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶᠎ ᠶᠢᠨ ᠣᠷᠳᠣ ᠴᠠᠭᠠᠨ ᠬᠡᠷᠡᠮ ᠤᠨ ᠭᠤᠷᠪᠠᠯᠵᠢᠨ ᠬᠤᠶᠢᠭ ᠤᠨ ᠤᠷᠤᠨ ᠪᠦᠰᠡ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ ᠪᠠᠶᠢᠨ᠎ᠠ
ᠨᠡᠶᠢᠲᠡᠯᠡᠭᠰᠡᠨ ᠴᠠᠭ᠄
2018/12/25
      ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶᠎ ᠶᠢᠨ ᠣᠷᠳᠣ ᠴᠠᠭᠠᠨ ᠬᠡᠷᠡᠮ ᠤᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ ᠤᠷᠤᠨ ᠤ ᠲᠠᠪᠤᠳᠤᠭᠠᠷ ᠬᠤᠭᠤᠴᠠᠭᠠᠨ ᠤ ᠬᠠᠮᠲᠤᠷᠠᠭᠰᠠᠨ ᠬᠤᠷᠠᠯ 12 ᠳ᠋ᠤᠭᠠᠷ ᠰᠠᠷ᠎ᠠ ᠶᠢᠨ 24᠎ ᠤ ᠡᠳᠦᠷ ᠳ᠋ᠠᠲ᠋ᠦ᠋ᠩ ᠬᠤᠲᠠ ᠳᠤ ᠬᠤᠷᠠᠯᠳᠤᠪᠠ᠃ ᠲᠤᠰ ᠬᠤᠭᠤᠴᠠᠭᠠᠨ ᠤ ᠬᠠᠮᠲᠤᠷᠠᠭᠰᠠᠨ ᠬᠤᠷᠠᠯ ᠨᠢ ︽ ᠪᠣᠬᠢᠷᠲᠤᠯ  ᠦᠭᠡᠢ  ᠬᠥᠭᠵᠢᠯᠲᠡ᠂ ᠬᠠᠮᠵᠢᠯᠴᠠᠨ ᠬᠠᠮᠲᠤ ᠪᠠᠷ ᠠᠰᠢᠭ ᠬᠦᠷᠳᠡᠬᠦ︾᠎ ᠪᠠᠷ ᠭᠤᠤᠯ ᠰᠡᠳᠦᠪ ᠪᠤᠯᠭᠠᠵᠠᠢ᠃ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠭᠤᠷᠪᠠᠨ ᠬᠤᠲᠠ ᠠᠴᠠ ᠢᠷᠡᠭᠰᠡᠨ ᠬᠠᠮᠢᠶ᠎ᠠ ᠪᠦᠬᠦᠢ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠡᠷᠳᠡᠮᠲᠡᠳ ᠳ᠋ᠠᠲ᠋ᠦ᠋ᠩ ᠳᠤ ᠬᠤᠷᠠᠨ ᠴᠤᠭᠯᠠᠷᠠᠵᠤ᠂ ᠭᠤᠷᠪᠠᠨ ᠤᠷᠤᠨ ᠤ ᠠᠵᠤ ᠠᠬᠤᠶ ᠶᠢᠨ ᠬᠥᠭᠵᠢᠯᠲᠡ᠂ ᠬᠤᠲᠠ ᠶᠢᠨ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶᠡᠨ ᠤ ᠲᠤᠭᠤᠷᠢᠨ ᠳᠤ ᠰᠠᠨᠠᠯ ᠢᠶᠠᠨ ᠭᠦᠨᠵᠡᠭᠡᠢ ᠰᠤᠯᠢᠯᠴᠠᠭᠰᠠᠨ ᠪᠦᠭᠡᠳ ᠳᠤᠰ ᠲᠤᠰ ᠤᠨ ᠬᠤᠳᠠ ᠶᠢᠨ ᠳᠠᠪᠠᠭᠤᠯᠢᠭ ᠲᠤ ᠪᠠᠨ ᠰᠠᠭᠤᠷᠢᠯᠠᠵᠤ ᠨᠡᠩ ᠭᠦᠨᠵᠡᠭᠡᠶ ᠨᠢᠭᠲᠠ ᠬᠠᠮᠲᠤᠷᠠᠯᠴᠠᠭᠠᠨ ᠤ ᠬᠠᠷᠢᠴᠠᠭ᠎ᠠ ᠶᠢ ᠵᠦᠪᠳᠡᠨ ᠪᠠᠶᠢᠭᠤᠯᠵᠤ᠂ ᠬᠠᠮᠲᠤᠷᠠᠯᠴᠠᠭ᠎ᠠ ᠳᠤ ᠡᠯᠪᠡᠭ ᠦᠷ᠎ᠡ ᠪᠦᠲᠦᠮᠵᠢ ᠣᠯᠵᠠᠢ᠃      ᠬᠤᠷᠠᠯ ᠳᠡᠭᠡᠷ᠎ᠡ᠂ ︽ᠭᠤᠷᠪᠠᠨ ᠬᠤᠲᠠ ᠶᠢᠨ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠵᠡᠷᠭᠡ ᠬᠦᠨᠳᠦ ᠬᠡᠴᠡᠭᠦᠦ ᠠᠮᠢᠲᠠᠨ ᠤ ᠬᠢᠵᠢᠭ ᠡᠪᠡᠳᠴᠢᠨ ᠢ ᠬᠤᠯᠪᠣᠭᠠᠯᠠᠨ ᠰᠡᠷᠭᠡᠶᠢᠯᠡᠬᠦ ᠬᠤᠯᠪᠣᠭᠠᠯᠠᠨ ᠬᠤᠷᠢᠭᠯᠠᠬᠤ ᠠᠵᠢᠯ ᠤᠨ ᠲᠤᠬᠠᠶ ᠵᠥᠪᠯᠡᠯᠴᠡᠭᠡᠷ︾᠂ ︽ᠭᠤᠷᠪᠠᠨ ᠬᠤᠲᠠ ᠶᠢᠨ ᠢᠳᠡᠭᠡᠨ ᠪᠠ ᠡᠮ ᠤᠨ ᠵᠦᠢᠯ ᠪᠤᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠪᠦᠲᠦᠭᠦᠪᠴᠢ ᠵᠦᠪᠯᠡᠯᠴᠡᠭᠡᠷ︾᠂ ︽ᠭᠤᠷᠪᠠᠨ ᠬᠤᠳᠠ ᠶᠢᠨ ᠰᠣᠶᠣᠯ ᠤᠨ ᠬᠠᠮᠲᠤᠷᠠᠯᠴᠠᠭᠠᠨ ᠤ ᠪᠠᠶᠢᠯᠳᠤᠬᠤ ᠪᠤᠳᠤᠯᠭ᠎ᠠ ᠶᠢᠨ ᠵᠦᠪᠯᠡᠯᠴᠡᠭᠡᠷ︾᠎ ᠲᠤ ᠭᠠᠷ ᠤᠨ ᠦᠰᠦᠭ ᠵᠢᠷᠤᠵᠤ᠂ ᠹᠧᠩᠵᠧᠨ ᠬᠤᠳᠠ ᠨᠢ ᠳ᠋ᠠᠲ᠋ᠦ᠋ᠩ ᠬᠤᠲᠠ ᠶᠢᠨ ᠰᠢᠨ ᠷᠦᠩ ᠲᠤᠭᠤᠷᠢᠭ ᠯᠤᠭ᠎ᠠ ︽ᠱᠠᠨ ᠰᠢ ᠥᠪᠥᠷ ᠮᠤᠩᠭᠤᠯ ᠤᠨ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠠᠮᠲᠤᠷᠠᠯᠴᠠᠭᠠᠨ ᠤ ᠬᠦᠷᠢᠶᠡᠯᠡᠩ ᠢ ᠬᠠᠮᠲᠤ ᠪᠠᠷ ᠪᠦᠲᠦᠭᠡᠨ ᠪᠠᠶᠢᠭᠤᠯᠬᠤ ᠲᠤᠬᠠᠶ ᠬᠠᠮᠲᠤᠷᠠᠯᠴᠠᠭᠠᠨ ᠤ ᠵᠦᠪᠯᠡᠯᠴᠡᠭᠡᠷ︾᠎ ᠢ ᠲᠤᠭᠲᠠᠪᠠ᠃ ᠲᠡᠷᠡᠴᠢᠯᠡᠨ ᠣᠷᠳᠣ ᠴᠠᠭᠠᠨ ᠬᠡᠷᠡᠮ ᠤᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ ᠤᠷᠤᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠶᠠᠷᠢᠯᠴᠠᠬᠤ ᠬᠤᠷᠠᠯ᠂ ᠡᠨᠧᠷᠭᠢ ᠶᠢᠨ ᠬᠤᠪᠢᠰᠬᠠᠯ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ᠂ ᠠᠵᠤ ᠦᠢᠯᠡᠳᠪᠦᠷᠢ ᠶᠢ ᠬᠥᠭᠵᠢᠭᠦᠯᠬᠦ ᠬᠠᠮᠲᠤᠷᠠᠯᠴᠠᠭᠠᠨ ᠤ ᠶᠠᠷᠢᠯᠴᠠᠬᠤ ᠬᠤᠷᠠᠯ᠂ ᠰᠣᠶᠣᠯ ᠵᠢᠭᠤᠯᠴᠢᠯᠠᠯ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠵᠡᠷᠭᠡ 4 ᠶᠠᠷᠢᠶᠠᠨ ᠤ ᠲᠠᠪᠴᠠᠩ ᠢ ᠡᠷᠬᠢᠯᠡᠪᠡ᠃       ᠤᠶᠢᠯᠠᠭᠠᠭᠰᠠᠨ ᠢᠶᠠᠷ᠂ 2013 ᠤᠨ ᠤ ᠡᠴᠦᠰ ᠲᠤ᠂ ᠤᠯᠠᠭᠠᠨᠴᠠᠪ ᠬᠤᠲᠠ ᠨᠢ  ᠳ᠋ᠠᠲ᠋ᠦ᠋ᠩ ᠬᠤᠲᠠ᠂ ᠴᠢᠭᠤᠯᠤᠯᠲᠦ ᠬᠠᠭᠠᠯᠭ᠎ᠠ ᠬᠤᠲᠠ ᠯᠤᠭ᠎ᠠ ᠬᠠᠮᠲᠤ ᠪᠠᠷ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶᠎ ᠶᠢᠨ ᠣᠷᠳᠣ ᠴᠠᠭᠠᠨ ᠬᠡᠷᠡᠮ ᠤᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ ᠤᠷᠤᠨ ᠢ ᠪᠦᠲᠦᠭᠡᠨ ᠪᠠᠶᠢᠭᠤᠯᠬᠤ ᠪᠠᠷ ᠰᠠᠨᠠᠭᠠᠴᠢᠯᠠᠵᠤ᠂ ᠭᠤᠷᠪᠠᠨ ᠲᠠᠯ᠎ᠠ ᠪᠠᠷ ᠢᠶᠠᠨ ᠬᠠᠮᠲᠤᠷᠠᠨ ᠪᠡᠭᠡᠵᠢᠩ ᠲᠢᠶᠠᠨᠵᠢᠨ ᠾᠧᠪᠸᠢ ᠶᠢᠨ ᠬᠠᠮᠲᠤᠷᠠᠯᠴᠠᠭ᠎ᠠ ᠳᠤ ᠠᠭᠤᠰᠤᠯᠴᠠᠨ ᠤᠷᠤᠵᠤ᠂ 2014 ᠣᠨ ᠤ 8 ᠳ᠋ᠤᠭᠠᠷ ᠰᠠᠷ᠎ᠠ ᠳᠤ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠬᠠᠮᠲᠤᠷᠠᠯᠴᠠᠭᠠᠨ ᠤ ᠤᠷᠤᠨ ᠤ ᠠᠩᠬᠠᠳᠤᠭᠠᠷ ᠬᠤᠭᠤᠴᠠᠭᠠᠨ ᠤ ᠬᠠᠮᠲᠤᠷᠠᠭᠰᠠᠨ ᠬᠤᠷᠠᠯ ᠢ ᠤᠯᠠᠭᠠᠨᠴᠠᠪ ᠬᠤᠲᠠ ᠳᠤ ᠬᠤᠷᠠᠯᠳᠤᠪᠠ᠂ ᠦᠨᠦ ᠪᠤᠯᠬᠤ ᠳᠤ ᠬᠠᠮᠲᠤᠷᠠᠯᠴᠠᠭᠠᠨ ᠤ ᠤᠷᠤᠨ ᠨᠢ ᠨᠢᠭᠡᠨᠲᠡ ᠵᠠᠯᠭᠠᠭ᠎ᠠ ᠪᠠᠷ 5 ᠬᠤᠭᠤᠴᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ 39 ᠲᠦᠷᠦᠯ ᠪᠦᠲᠦᠭᠦᠪᠴᠢ ᠵᠦᠪᠯᠡᠯᠴᠡᠭᠡᠷ ᠲᠤᠭᠲᠠᠵᠤ᠂ ᠬᠠᠮᠲᠤᠷᠠᠯᠴᠠᠭᠠᠨ ᠤ ᠤᠷᠤᠨ ᠤ ᠲᠥᠯᠥᠪᠵᠢᠭᠦᠯᠭᠡ ᠶᠢᠨ ᠮᠡᠳᠡᠷᠡᠯᠲᠡ ᠶᠢᠨ ᠪᠢᠴᠢᠭ ᠪᠠ ᠲᠤᠰᠬᠠᠶ ᠬᠠᠮᠲᠤᠷᠠᠯᠴᠠᠭᠠᠨ ᠤ ᠵᠦᠪᠯᠡᠯᠴᠡᠭᠡᠷ ᠲᠤᠭᠲᠠᠬᠤ ᠶᠢ ᠠᠬᠢᠭᠤᠯᠪᠠ᠃ 5 ᠵᠢᠯ ᠤᠨ ᠲᠤᠷᠰᠢ᠂ ᠭᠤᠷᠪᠠᠨ ᠤᠷᠤᠨ ᠨᠢ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ᠂ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ᠂ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠰᠣᠶᠣᠯ ᠲᠠᠮᠢᠷ ᠤᠨ ᠰᠣᠯᠢᠯᠴᠠᠭ᠎ᠠ ᠬᠢᠬᠦ ᠵᠡᠷᠭᠡ ᠣᠯᠠᠨ ᠲᠠᠯ᠎ᠠ ᠪᠠᠷ ᠴᠦ ᠤᠯᠠᠨ ᠭᠢᠯᠠᠰ ᠡᠭᠦᠳᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号