ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠵᠠᠢ
ᠨᠡᠶᠢᠲᠡᠯᠡᠭᠰᠡᠨ ᠴᠠᠭ᠄
2018/12/25
     12 ᠳ᠋ᠤᠭᠠᠷ ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠤᠨ ︽ᠮᠢᠩᠭᠠᠨ ᠲᠤᠰᠬᠤᠨ ᠢᠶᠠᠷ ᠵᠢᠱᠢᠶ᠎ᠠ ᠦᠵᠡᠭᠦᠯᠭᠦ᠂ ᠲᠦᠮᠡᠨ ᠲᠤᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠪᠢᠳᠡᠨ ᠤ ᠢᠷᠡᠭᠦ ᠵᠢᠯ ᠤᠨ ᠠᠵᠤ ᠠᠬᠤᠢ ᠶᠢᠨ ᠠᠵᠢᠯ ᠢᠶᠠᠨ ᠰᠠᠶᠢᠳᠤᠷ ᠬᠢᠭᠦ ᠳᠤ ᠲᠦᠢᠯ ᠤᠨ ᠴᠢᠬᠤᠯᠠ ᠵᠢᠯᠤᠭᠤᠳᠬᠤ ᠠᠴᠢ ᠬᠤᠯᠪᠤᠬᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠡᠨᠡ ᠵᠢᠯ ᠤᠨ ᠠᠵᠤ ᠠᠬᠤᠢ ᠶᠢᠨ ᠠᠵᠢᠯ ᠤᠨ ᠤᠯᠤᠬᠰᠠᠨ ᠠᠮᠵᠢᠯᠳᠡ ᠪᠤᠯᠤᠨ ᠵᠢᠮ᠎ᠠ ᠶᠤᠰᠤᠴᠢ ᠴᠢᠨᠠᠷ ᠤᠨ ᠲᠤᠬᠠᠢ ᠲᠠᠨᠢᠯᠳᠠ ᠪᠠᠨ ᠪᠦᠬᠦ ᠲᠠᠯ᠎ᠠ ᠪᠠᠷ ᠳ᠋ᠦᠩᠨᠡᠵᠤ᠂ ᠮᠠᠨ ᠤ ᠤᠯᠤᠰ ᠤᠨ ᠬᠦᠭᠵᠢᠯᠳᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠤᠨ ᠬᠤᠭᠤᠴᠠᠭ᠎ᠠ ᠶᠢ ᠬᠡᠷᠬᠢᠨ ᠵᠦᠪ ᠲᠠᠨᠢᠬᠤ ᠶᠢ ᠰᠢᠨᠵᠢᠯᠡᠭᠦ ᠤᠬᠠᠭᠠᠨᠴᠢ ᠪᠠᠷ ᠲᠤᠳᠤᠷᠬᠠᠢᠢᠯᠠᠨ ᠦᠭᠦᠯᠡᠵᠤ᠂ ᠢᠷᠡᠭᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠳᠠ᠂ ᠲᠦᠷᠦ ᠶᠢᠨ ᠪᠤᠳᠤᠯᠭ᠎ᠠ ᠶᠢᠨ ᠬᠠᠨᠳᠤᠰᠢ ᠪᠠ ᠭᠤᠤᠯᠳᠠᠯᠭ᠎ᠠ ᠲᠠᠢ ᠡᠭᠦᠷᠭᠡ ᠶᠢ ᠲᠤᠳᠤᠷᠬᠠᠢ ᠲᠤᠷᠠᠳᠴᠤ᠂ ᠪᠦᠬᠦ ᠵᠤᠬᠢᠶᠠᠯ ᠳᠤ ᠬᠤᠪᠢᠰᠤᠩᠭᠤᠢ ᠪᠤᠳᠠᠰᠴᠢ ᠦᠵᠡᠯ ᠪᠠ ᠲᠡᠤᠭᠡ ᠶᠢᠨ ᠪᠤᠳᠠᠰᠴᠢ ᠦᠵᠡᠯ ᠤᠨ ᠵᠤᠬᠰᠤᠯᠳᠠ ᠦᠵᠡᠯᠳᠡ ᠠᠷᠭ᠎ᠠ ᠲᠤᠭᠤᠰᠢᠯᠠᠭᠤᠯᠤᠭᠳᠠᠵᠤ᠂ ᠪᠢᠳᠡᠨ ᠤ ᠢᠷᠡᠭᠦ ᠵᠢᠯ ᠤᠨ ᠠᠵᠢᠯ ᠢᠶᠠᠨ ᠰᠠᠶᠢᠳᠤᠷ ᠬᠢᠭᠦ ᠳᠤ ᠦᠨᠳᠦᠰᠦᠨ ᠵᠢᠷᠤᠮᠯᠠᠯ ᠬᠠᠩᠭᠠᠵᠠᠢ᠃ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠶᠠᠷᠢᠶ᠎ᠠ ᠨᠢ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠶᠢ ᠲᠤᠭᠤᠰᠢᠯᠠᠭᠤᠯᠬᠤ ᠪᠠ ᠢᠷᠡᠭᠦ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠭᠦ ᠳᠤ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠤ᠂ ᠮᠠᠰᠢ ᠴᠢᠩᠭ᠎ᠠ ᠵᠢᠯᠤᠭᠤᠳᠬᠤ ᠴᠢᠨᠠᠷ᠂ ᠴᠢᠭᠯᠡᠭᠦᠯᠦᠯᠳᠦ ᠴᠢᠨᠠᠷ᠂ ᠬᠡᠷᠡᠭᠵᠢᠭᠦᠯᠦᠯᠳᠦ ᠴᠢᠨᠠᠷ ᠲᠠᠢ ᠪᠤᠯᠵᠠᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ︽ᠬᠤᠶᠠᠷ ᠢ ᠡᠷᠡᠰ ᠬᠠᠮᠠᠭᠠᠯᠠᠬᠤ︾᠎ ᠶᠢ ᠦᠢᠯᠡᠳᠦᠯᠭᠡᠵᠢᠭᠦᠯᠵᠤ᠂ ᠦᠨᠡᠨ ᠬᠦ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠲᠦᠪ ᠎ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠦᠯᠳᠡᠢ ᠪᠠᠶᠢᠯᠭᠠᠬᠤ ᠬᠡᠷᠡᠭᠳᠡᠢ᠃ ᠡᠨᠡ ᠵᠢᠯ ᠠᠴᠠ ᠨᠠᠭᠠᠰᠢᠬᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠤᠯᠤᠬᠰᠠᠨ ᠢᠯᠡᠷᠬᠡᠢ ᠠᠮᠵᠢᠯᠳᠡ ᠶᠢ ᠬᠦᠢᠴᠡᠳ ᠤᠯᠵᠤ ᠬᠠᠷᠠᠨ᠂ ᠰᠢᠨ᠎ᠠ ᠪᠠᠶᠢᠳᠠᠯ ᠲᠤᠤᠷᠠᠬᠢ ᠠᠵᠤ ᠠᠬᠤᠢ ᠶᠢᠨ ᠠᠵᠢᠯ ᠢ ᠰᠠᠶᠢᠳᠤᠷ ᠬᠢᠭᠦ ᠲᠠᠪᠤᠨ ᠵᠢᠮ᠎ᠠ ᠶᠤᠰᠤᠴᠢ ᠴᠢᠨᠠᠷ ᠤᠨ ᠲᠤᠬᠠᠢ ᠲᠠᠨᠢᠯᠳᠠ ᠶᠢ ᠴᠢᠩᠭ᠎ᠠ ᠪᠠᠷᠢᠮᠳᠠᠯᠠᠵᠤ᠂ ᠲᠡᠯᠡᠭᠡᠢ ᠶᠢᠨ ᠤᠷᠴᠢᠨ ᠲᠤᠭᠤᠷᠢᠨ ᠪᠠ ᠤᠯᠤᠰ ᠤᠨ ᠲᠤᠳᠤᠭᠠᠳᠦᠬᠢ ᠨᠦᠬᠦᠴᠡᠯ ᠤᠨ ᠬᠤᠪᠢᠷᠠᠯᠳᠠ ᠶᠢ ᠬᠤᠪᠢᠰᠤᠩᠭᠤᠢ ᠪᠠᠷ ᠦᠵᠡᠵᠤ᠂ ᠡᠯ᠎ᠠ ᠲᠦᠷᠦᠯ ᠤᠨ ᠠᠶᠤᠯ ᠲᠦᠭᠰᠢᠭᠦᠷᠢ ᠦᠷᠢᠰᠦᠯᠳᠦᠭᠡᠨ ᠢ ᠢᠯᠠᠬᠤ ᠪᠠ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠭᠦ ᠢᠳᠡᠭᠡᠯ ᠵᠤᠷᠢᠭ ᠡᠷᠡᠰ ᠵᠤᠷᠢᠭ ᠢᠶᠠᠨ ᠪᠠᠳᠤᠳᠬᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠷᠠᠭᠤᠯᠦᠨ᠂ ᠨᠡᠩ ᠶᠡᠭᠡ ᠬᠦᠴᠢᠷᠳᠡᠯ ᠢ ᠠᠷᠭᠠᠴᠠᠭᠠᠬᠤ ᠬᠦᠢᠴᠡᠳ ᠪᠡᠯᠡᠳᠭᠡᠯ ᠰᠠᠶᠢᠳᠤᠷ ᠬᠢᠭᠦ ᠬᠡᠷᠡᠭᠳᠡᠢ᠃ ᠲᠦᠪ ᠤᠨ ᠢᠷᠡᠭᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠶᠡᠷᠦᠩᠬᠡᠢ ᠱᠠᠭᠠᠷᠳᠠᠯᠭ᠎ᠠ ᠪᠤᠯᠤᠨ ᠡᠯ᠎ᠠ ᠵᠦᠢᠯ ᠤᠨ ᠪᠠᠶᠢᠷᠢᠯᠠᠭᠤᠯᠤᠯᠳᠠ ᠶᠢ ᠪᠠᠳᠤ ᠡᠵᠡᠮᠰᠢᠵᠤ᠂ ︽ᠪᠠᠬᠢᠵᠢᠭᠦᠯᠭᠦ᠂ ᠴᠢᠩᠭᠠᠳᠬᠠᠬᠤ᠂ ᠲᠡᠭᠡᠭᠰᠢᠯᠡᠭᠦᠯᠭᠦ᠂ ᠨᠡᠪᠳᠡᠷᠡᠭᠦᠯᠭᠦ︾ ᠴᠢᠭᠯᠡᠯᠳᠡ ᠶᠢ ᠰᠠᠶᠢᠳᠤᠷ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ 2019 ᠣᠨ ᠤ ᠪᠦᠬᠦ ᠤᠷᠤᠨ ᠤ ᠠᠵᠤ ᠠᠬᠤᠢ ᠶᠢᠨ ᠠᠵᠢᠯ ᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠡ ᠶᠢᠨ ᠣᠨᠤᠯᠵᠢᠬᠤᠨ ᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂ ᠵᠠᠬ᠎ᠠ ᠲᠡᠯᠭᠡᠭᠦᠷᠴᠢᠯᠡᠭᠰᠡᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ᠂ ᠦᠨᠳᠦᠷ ᠲᠦᠪᠰᠢᠨ ᠪᠦᠬᠦᠢ ᠨᠡᠭᠡᠭᠡᠯᠳᠡ ᠶᠢ ᠦᠷᠭᠡᠳᠭᠡᠭᠦ ᠶᠢ ᠪᠠᠷᠢᠮᠳᠠᠯᠠᠵᠤ᠂ ᠭᠤᠷᠪᠠᠨ ᠶᠡᠭᠡ ᠰᠢᠪᠲᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ᠂ ᠨᠡᠮᠡᠭᠳᠡᠯ ᠢ ᠲᠤᠬᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠬᠡᠶᠢᠯᠡᠭᠦ ᠠᠵᠢᠯ ᠢ ᠰᠠᠶᠢᠳᠤᠷ ᠠᠳᠬᠤᠵᠤ᠂ ᠠᠵᠢᠯ ᠤᠯᠭᠤᠯᠳᠠ ᠶᠢ ᠲᠤᠬᠳᠠᠪᠤᠷᠢᠵᠢᠭᠤᠯᠬᠤ᠂ ᠮᠦᠩᠭᠦᠨ ᠬᠦᠢᠯᠭᠡᠭᠡᠨ ᠢ ᠲᠤᠬᠳᠠᠪᠤᠷᠢᠵᠢᠭᠤᠯᠬᠤ᠂ ᠭᠠᠳᠠᠭᠠᠳᠦ ᠠᠷᠠᠯᠵᠢᠶ᠎ᠠ ᠶᠢ ᠲᠤᠬᠳᠠᠪᠤᠷᠢᠵᠢᠭᠤᠯᠬᠤ᠂ ᠭᠠᠳᠠᠭᠠᠳᠦ ᠪᠡᠯᠡ ᠶᠢ ᠲᠤᠬᠳᠠᠪᠤᠷᠢᠵᠢᠭᠤᠯᠬᠤ᠂ ᠪᠡᠯᠡ ᠤᠷᠤᠭᠤᠯᠤᠯᠳᠠ ᠶᠢ ᠲᠤᠬᠳᠠᠪᠤᠷᠢᠵᠢᠭᠤᠯᠬᠤ᠂ ᠵᠢᠱᠢᠯᠳᠡ ᠶᠢ ᠲᠤᠬᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠯᠢᠳᠡᠭ ᠬᠢᠷᠢ ᠪᠦᠳᠦᠮᠵᠢ ᠪᠠᠷ ᠢᠶᠠᠨ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠭᠡᠵᠡᠢ᠃      ᠬᠤᠷᠠᠯ ᠠᠴᠠ᠂ 2019 ᠣᠨ ᠤ 1 ᠳ᠋ᠦ᠋ᠭᠡᠷ ᠰᠠᠷ᠎ᠠ ᠶᠢᠨ 3᠎ ᠠᠴᠠ 4᠎ ᠤ ᠡᠳᠦᠷ ᠲᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠤᠬᠳᠠᠭᠠᠵᠠᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠳᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠤᠨ ︽ᠮᠢᠩᠭᠠᠨ ᠲᠤᠰᠬᠤᠨ ᠢᠶᠠᠷ ᠵᠢᠱᠢᠶ᠎ᠠ ᠦᠵᠡᠭᠦᠯᠭᠦ᠂ ᠲᠦᠮᠡᠨ ᠲᠤᠰᠬᠤᠨ ᠎ ᠢ ᠴᠡᠭᠴᠡᠯᠡᠨ ᠵᠠᠰᠠᠬᠤ︾ ᠢᠨᠵᠧᠨᠧᠷᠢᠩ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠪᠠ ᠲᠦᠪ ᠤᠨ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠨᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠭᠦ ᠲᠦᠰᠦᠯ ᠢ ᠬᠦᠨᠵᠡᠭᠡᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠵᠧᠵᠢᠶᠠᠩ ᠤᠨ ᠲᠤᠷᠰᠢᠯᠭ᠎ᠠ ᠶᠢ ᠰᠠᠶᠢᠳᠤᠷ ᠰᠤᠷᠤᠯᠴᠠᠨ ᠤᠢᠢᠯᠠᠭᠠᠵᠤ᠂ ᠠᠮᠢᠳᠤᠯᠢᠭ ᠰᠠᠶᠢᠬᠠᠨ ᠠᠰᠢᠬᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢᠨ ᠰᠢᠨ᠎ᠠ ᠬᠠᠭᠤᠳᠠᠰᠦ ᠶᠢ ᠪᠢᠴᠢᠭᠯᠡᠭᠦ ᠬᠡᠷᠡᠭᠳᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号