ᠮᠠ ᠰᠢᠤᠸᠠᠢ ᠵᠢᠶᠦ᠋ᠨ ᠦᠬᠠᠢ ᠬᠤᠳᠠ ᠠᠯᠠᠱᠠ ᠠᠶᠢᠮᠠᠭ ᠪᠠᠶᠠᠨᠨᠠᠭᠤᠷ ᠬᠤᠳᠠ ᠳᠤ ᠬᠦᠷᠴᠦ ᠪᠠᠶᠢᠴᠠᠭᠠᠨ ᠰᠤᠳᠤᠯᠤᠯᠳᠡ ᠬᠢᠪᠡ
ᠨᠡᠶᠢᠲᠡᠯᠡᠭᠰᠡᠨ ᠴᠠᠭ᠄
2018/12/25
     12 ᠳ᠋ᠤᠭᠠᠷ ᠰᠠᠷ᠎ᠠ ᠶᠢᠨ 18᠎ ᠠᠴᠠ 22᠎ ᠤᠨ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠦᠬᠠᠢ ᠬᠤᠳᠠ᠂ ᠠᠯᠠᠱᠠ ᠠᠶᠢᠮᠠᠭ᠂ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠳᠡ ᠬᠢᠪᠠ᠃      ᠮᠠ ᠰᠢᠤᠸᠠᠢ ᠵᠢᠶᠦ᠋ᠨ ᠤᠷᠢᠳ ᠬᠤᠵᠢᠳ ᠳ᠋ᠧ ᠱᠧᠩ ᠨᠡᠭᠦᠷᠡᠰᠦ ᠬᠡᠤᠷᠡᠰᠭᠦᠯᠦᠯᠲᠡ᠂ ᠵᠢᠤᠢ ᠱᠢ ᠡᠨᠧᠷᠬᠢ᠂ ᠺᠠᠩ ᠰᠰᠧ ᠲᠧ ᠠᠮᠢᠳᠤ ᠪᠤᠳᠠᠰ ᠤᠨ ᠮᠡᠷᠬᠡᠵᠢᠯ ᠤᠨ ᠺᠤᠮᠫᠠᠨᠢ᠂ ᠬᠠᠨ ᠰᠧᠨ ᠠᠷᠢᠬᠢᠨ ᠤ ᠦᠢᠯᠡᠰ ᠵᠡᠷᠬᠡ ᠠᠵᠥ ᠠᠬᠤᠶᠢᠯᠠᠯ ᠳᠤ ᠭᠦᠨᠵᠡᠭᠡᠶᠢᠷᠡᠵᠦ᠂ ᠠᠵᠥ ᠠᠬᠤᠶᠢᠯᠠᠯ ᠤᠨ ᠦᠢᠯᠡᠳᠪᠤᠷᠢᠯᠡᠯ ᠠᠵᠢᠯᠯᠠᠭᠠᠨ ᠤ ᠪᠠᠶᠢᠳᠠᠯ ᠢ ᠨᠠᠷᠢᠨ ᠤᠶᠢᠢᠯᠠᠭᠠᠪᠠ᠃ ᠮᠠ ᠰᠢᠤᠸᠠᠢ ᠵᠢᠶᠦ᠋ᠨ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠤᠳ ᠶᠡᠷᠤᠩᠬᠡᠢ ᠱᠦᠵᠢ ᠰᠢ ᠶᠢᠨ ᠫᠢᠩ ᠤᠨ ᠦᠬᠡᠷᠡᠴᠢᠯᠡᠯᠳᠡ ᠨᠡᠬᠡᠬᠡᠯᠳᠡ ᠬᠢᠭᠰᠡᠡ 40 ᠵᠢᠯ ᠤᠨ ᠤᠢ ᠶᠢ ᠪᠡᠯᠬᠡᠯᠡᠬᠦ ᠶᠡᠭᠡ ᠬᠤᠷᠡᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠤᠶᠢᠯᠠᠭᠠᠵᠤ᠂ ᠶᠡᠷᠤᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠥ ᠠᠬᠤᠶᠢᠯᠠᠯ ᠤᠨ ᠶᠠᠷᠢᠯᠴᠠᠬᠤ ᠬᠤᠷᠡᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠪ ᠤᠨ ᠠᠵᠥ ᠠᠬᠤᠢ ᠶᠢᠨ ᠠᠵᠢᠯ ᠤᠨ ᠬᠤᠷᠡᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠦᠪᠡᠷᠳᠡᠭᠡᠨ ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠥ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠶᠡᠭᠡ ᠬᠤᠷᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮ ᠴᠢᠨᠠᠬᠰᠢᠳᠠ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠤᠷᠴᠢᠨ ᠲᠤᠭᠤᠷᠢᠨ ᠢ ᠬᠦᠴᠦᠯᠡᠨ ᠰᠢᠯᠢᠳᠡᠭᠵᠢᠬᠦᠯᠵᠥ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠪᠤᠲᠠᠲᠠᠶᠢᠵᠢᠭᠤᠯᠵᠤ᠂ ᠠᠵᠥ ᠠᠬᠤᠶᠢᠯᠠᠯ ᠳᠤ ᠬᠦᠭᠵᠢᠯᠳᠡ ᠶᠢᠨ ᠰᠠᠶᠢᠨ ᠰᠠᠶᠢᠬᠠᠨ ᠤᠷᠴᠢᠨ ᠲᠤᠭᠤᠷᠢᠨ ᠢ ᠴᠢᠷᠮᠠᠶᠢᠨ ᠡᠭᠦᠳᠴᠦ ᠦᠭᠬᠦ ᠬᠡᠷᠡᠭᠳᠡᠢ᠃ ᠰᠢᠨ᠎ᠡ ᠬᠦᠭᠵᠢᠯᠳᠡ ᠶᠢᠨ ᠤᠨᠤᠯᠵᠢᠬᠤᠨ ᠢ ᠬᠦᠨᠵᠡᠬᠡᠢ ᠲᠤᠭᠤᠰᠢᠯᠠᠭᠤᠯᠵᠥ᠂ ᠰᠢᠨ᠎ᠡ ᠬᠠᠭᠤᠴᠢᠨ ᠬᠦᠳᠡᠯᠬᠡᠬᠦ ᠬᠦᠴᠦᠨ ᠤ ᠰᠤᠯᠢᠬᠳᠠᠯ ᠢ ᠲᠦᠷᠬᠡᠳᠬᠡᠵᠥ᠂ ᠠᠵᠥ ᠦᠢᠯᠡᠰ ᠤᠨ ᠬᠡᠯᠪᠡᠷᠢ ᠪᠠᠨ ᠬᠤᠪᠢᠷᠡᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠬᠡᠷᠡᠭᠳᠡᠢ᠃ ᠲᠠᠷᠢᠶᠠᠯᠠᠩ ᠮᠠᠯ ᠠᠵᠥ ᠠᠬᠤᠢ ᠶᠢᠨ ᠲᠠᠭᠠᠭᠠᠭᠤᠯᠤᠭᠴᠢ ᠠᠵᠥ ᠠᠬᠤᠶᠢᠯᠠᠯ ᠪᠠ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠤᠬᠤ ᠲᠤᠭᠳᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠥ ᠠᠬᠤᠢ ᠶᠢᠨ ᠲᠠᠭᠠᠭᠠᠭᠤᠯᠤᠬᠴᠢ ᠠᠵᠥ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠬᠦᠴᠦᠳᠠᠢ ᠲᠡᠳᠬᠦᠬᠦ ᠬᠡᠷᠡᠭᠳᠡᠢ᠃ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠡᠯᠳᠡ ᠶᠢ ᠵᠠᠪᠠᠯ ᠤᠯᠵᠥ᠂ ᠠᠵᠥ ᠠᠬᠤᠢ ᠶᠢᠨ ᠦᠷ᠎ᠡ ᠠᠰᠢᠬ᠂ ᠠᠮᠢ ᠠᠬᠤᠢ ᠶᠢᠨ ᠦᠷ᠎ᠡ ᠠᠰᠢᠭ ᠪᠤᠯᠤᠨ ᠨᠡᠶᠢᠭᠡᠮ ᠤᠨ ᠦᠷ᠎ᠡ ᠠᠰᠢᠬ ᠤᠨ ᠨᠢᠬᠡᠳᠤᠯ ᠢ ᠴᠢᠷᠮᠠᠶᠢᠨ ᠪᠡᠶᠡᠯᠡᠬᠦᠯᠬᠦ ᠬᠡᠷᠡᠭᠳᠡᠢ ᠭᠡᠵᠡᠢ᠃      ᠮᠠ ᠰᠢᠤᠸᠠᠢ ᠵᠢᠶᠦ᠋ᠨ ᠪᠠᠰᠠ ᠬᠤᠳᠠ ᠶᠢᠨ ᠠᠷᠠᠳ ᠤᠨ ᠦᠢᠯᠡᠴᠢᠯᠡᠬᠡᠨ ᠤ ᠲᠦᠪ᠂ ᠲᠦᠬᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠬᠦ ᠲᠦᠷᠦᠯ ᠵᠦᠢᠯ ᠤᠨ ᠠᠬᠤᠢ ᠲᠠᠯᠠᠪᠠᠢ᠂ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠤᠷᠴᠢᠨ ᠲᠤᠭᠤᠷᠢᠨ ᠢ ᠲᠦᠪᠯᠡᠷᠡᠬᠦᠯᠵᠥ ᠴᠡᠭᠴᠡᠯᠡᠨ ᠵᠠᠰᠠᠬᠤ ᠲᠤᠬᠠᠢ ᠶᠢᠨ ᠲᠠᠯᠠᠪᠠᠢ ᠪᠤᠯᠤᠨ ᠡᠯᠡᠰᠦᠨ ᠠᠵᠥ ᠦᠢᠯᠡᠰ ᠤᠨ ᠦᠵᠡᠰᠬᠦᠯᠡᠩ ᠤᠨ ᠤᠷᠳᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠳᠡ ᠬᠢᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号