ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠎ ᠢ ᠰᠠᠶᠢᠲᠤᠷ ᠬᠢᠬᠦ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2018/12/26
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 12 ᠳ᠋ᠤᠭᠠᠷ ᠰᠠᠷ᠎ᠠ ᠶᠢᠨ 25᠎ ᠤ ᠡᠳᠦᠷ ᠥᠪᠡᠷᠲᠡᠭᠡᠨ ᠵᠠᠰᠠᠬᠤ ᠣᠷᠣᠨ ᠤ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠎ ᠢ ᠰᠠᠶᠢᠲᠤᠷ ᠬᠢᠬᠦ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠭᠤᠣᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠥ ᠭᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠴᠦᠨ ᠵᠢᠶᠧ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号