ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠎ ᠢ ᠰᠠᠶᠢᠲᠤᠷ ᠬᠢᠬᠦ ᠲᠤᠬᠠᠢ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2018/12/26
     12 ᠳ᠋ᠤᠭᠠᠷ ᠰᠠᠷ᠎ᠠ ᠶᠢᠨ 25᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠎ ᠢ ᠰᠠᠶᠢᠲᠤᠷ ᠬᠢᠬᠦ ᠲᠤᠬᠠᠢ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠵᠤ ᠭᠤᠤᠯ ᠰᠡᠳᠤᠪᠳᠤ ᠶᠠᠷᠢᠶ᠎ᠠ ᠨᠡᠶᠢᠲᠡᠯᠡᠵᠦ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠠᠩ ᠱᠤᠤ ᠴᠦᠨ᠂ ᠪᠤᠤ ᠭᠠᠩ ᠬᠤᠷᠠᠯ ᠳᠤ ᠤᠷᠤᠯᠴᠠᠵᠤ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠪᠠᠶᠢᠩᠭᠤ ᠶᠢᠨ ᠲᠡᠳ᠋ ᠲᠠᠷᠤᠭ᠎ᠠ ᠵᠸᠤ ᠴᠦᠨ ᠵᠢᠶᠧ ᠰᠤᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠠᠵᠠᠢ᠃      ᠮᠠ ᠰᠢᠤᠸᠠᠢ ᠵᠢᠶᠦ᠋ᠨ ᠲᠠᠨᠢᠯᠴᠠᠭᠤᠯᠤᠭᠰᠠᠨ ᠨᠢ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠎ ᠢ ᠰᠠᠶᠢᠲᠤᠷ ᠬᠢᠬᠦ ᠪᠤᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠳᠠᠶᠢᠯᠠᠯᠳᠤᠭᠠᠨ ᠤ ᠡᠷᠬᠡᠪᠰᠢ ᠰᠢᠪᠳᠤᠯᠬᠤ ᠴᠢᠬᠤᠯᠠ ᠶᠡᠭᠡ ᠪᠤᠭᠤᠮᠳᠠ ᠪᠤᠯᠤᠨ᠎ᠠ᠃ ᠡᠨᠡ ᠵᠢᠯ ᠠᠴᠠ ᠨᠠᠭᠠᠰᠢ᠂ ᠦᠪᠡᠷᠳᠡᠬᠡᠨ ᠵᠠᠰᠠᠬᠤ ᠤᠷᠤᠨ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠎ ᠢ ᠰᠠᠶᠢᠲᠤᠷ ᠬᠢᠬᠦ ᠶᠢ ᠴᠢᠨᠠᠷ ᠰᠠᠶᠢᠲᠠᠢ ᠬᠦᠭᠵᠢᠯᠳᠠ ᠶᠢ ᠪᠡᠶᠡᠯᠡᠬᠦᠯᠬᠦ ᠶᠢᠨ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠡᠯ᠎ᠠ ᠵᠦᠢᠯ ᠤᠨ ᠲᠦᠷᠤ ᠶᠢᠨ ᠪᠤᠳᠤᠯᠭ᠎ᠠ᠂ ᠠᠵᠢᠯ ᠤᠨ ᠭᠤᠤᠯᠳᠠᠯᠭ᠎ᠠ ᠪᠤᠯᠤᠨ ᠲᠤᠬᠢᠷᠠᠭᠤᠯᠤᠯᠳᠠ ᠪᠠᠨ ᠴᠦᠮ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠎ ᠳᠤ ᠲᠦᠪᠯᠡᠷᠡᠬᠦᠯᠦᠨ ᠬᠦᠴᠤᠯᠠᠵᠤ᠂ ᠰᠢᠰᠲ᠋ᠧᠮ ᠤᠨ ᠴᠢᠨᠠᠷᠳᠠᠢ ᠠᠶᠤᠯ ᠲᠦᠭᠰᠢᠬᠦᠷᠢ ᠦᠯᠤ ᠭᠠᠷᠭᠠᠬᠤ ᠬᠤᠷᠢᠭ᠎ᠠ ᠱᠤᠭᠤᠮ ᠢ ᠪᠠᠳᠤ ᠡᠵᠡᠮᠳᠡᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠤᠨ ᠤ ᠠᠵᠢᠯ ᠤᠨ ᠡᠬᠦᠷᠬᠡ ᠪᠠᠨ ᠲᠡᠬᠦᠰ ᠠᠮᠵᠢᠯᠳᠠᠳᠠᠢ ᠪᠡᠶᠡᠯᠡᠬᠦᠯᠵᠤ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠦᠷᠬᠦᠯᠵᠢᠯᠠᠨ ᠰᠠᠶᠢᠵᠢᠷᠠᠬᠤ ᠶᠢ ᠠᠬᠢᠭᠤᠯᠵᠤ᠂ ᠪᠦᠬᠦ ᠤᠷᠤᠨ ᠤ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠱᠠᠳᠤᠴᠢ ᠴᠢᠨᠠᠷᠳᠠᠢ ᠠᠮᠵᠢᠯᠳᠠ ᠪᠦᠳᠤᠮᠵᠢ ᠤᠯᠤᠬᠰᠠᠨ ᠪᠠᠶᠢᠨ᠎ᠠ᠃ ᠬᠤᠶᠢᠰᠢᠳᠠ ᠶᠢᠨ ᠨᠢᠬᠡ ᠬᠤᠭᠤᠴᠠᠭᠠᠨ ᠳᠤ᠂ ᠪᠦᠬᠦ ᠤᠷᠤᠨ ᠲᠠᠶᠠᠭᠠᠷ ᠬᠦᠴᠦᠯᠡᠨ ᠴᠢᠷᠮᠠᠶᠢᠵᠤ᠂ ᠴᠦᠬᠦᠷᠡᠰᠢ ᠦᠬᠡᠢ ᠲᠡᠮᠡᠴᠡᠵᠤ᠂ ᠦᠴᠤᠬᠡᠨ ᠴᠤ ᠰᠤᠯᠠᠷᠠᠰᠢ ᠦᠬᠡᠢ ᠪᠠᠷ᠂ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠡᠯ᠎ᠠ ᠵᠦᠢᠯ ᠤᠨ ᠠᠵᠢᠯ ᠢᠶᠠᠨ ᠰᠠᠶᠢᠲᠤᠷ ᠬᠦᠨᠵᠡᠬᠡᠢ ᠨᠡᠷᠢᠯᠢᠬ ᠬᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠳᠠᠶᠢᠯᠠᠯᠳᠤᠭᠠᠨ ᠤ ᠢᠯᠠᠯᠳᠠ ᠶᠢ ᠤᠯᠵᠤ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠪᠦᠳᠤᠬᠡᠨ ᠪᠠᠶᠢᠭᠤᠯᠬᠤ ᠳᠤ ᠪᠡᠳᠤ ᠰᠠᠭᠤᠷᠢ ᠲᠡᠯᠪᠢᠨ᠎ᠡ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号