ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠢ ᠰᠠᠶᠢᠲᠤᠷ ᠬᠢᠬᠦ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2018/12/26


     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 12 ᠳ᠋ᠤᠭᠠᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠢ ᠰᠠᠶᠢᠲᠤᠷ ᠬᠢᠬᠦ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠭᠤᠣᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠥ ᠭᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠴᠦᠨ ᠵᠢᠶᠧ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ