| ᠥᠪᠥᠷ ᠵᠠᠰᠠᠭ ᠲᠠᠷᠬᠠᠭᠠᠭᠰᠠᠨ ﹇2018﹈ 30 ᠳ᠋ᠤᠭᠠᠷ ᠲᠤᠭᠠᠳᠤ | 8 ᠳ᠋ᠤᠭᠠᠷ ᠰᠠᠷ᠎ᠠ ᠶᠢᠨ 14 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠯ | | | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠳᠤ ᠦᠭᠡᠷᠡᠴᠢᠯᠡᠯᠲᠡ ᠬᠢᠬᠦ ᠡᠷᠴᠢᠮ ᠢ ᠴᠢᠩᠭᠠᠷᠠᠭᠤᠯᠬᠤ | ᠲᠣᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠤᠯ ᠲᠣᠭᠲᠠᠴᠠ ᠳᠤ ᠤᠯᠠᠮ ᠨᠢᠭᠡ ᠠᠯᠬᠤᠮ | ᠦᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠡᠵᠡᠩᠨᠡᠨ ᠬᠤᠳᠠᠯᠳᠤᠭᠠᠯᠠᠬᠤ ᠳᠤ ᠠᠮᠦᠷ ᠲᠣᠭᠲᠠᠭᠤᠨ ᠡᠷᠬᠡ ᠲᠡᠭᠰᠢ | ᠢᠯᠡ ᠲᠣᠳᠣ ᠪᠦᠬᠦᠢ᠂ ᠵᠢᠱᠢᠵᠦ ᠪᠣᠯᠬᠤᠶᠢᠴᠠ ᠣᠯᠠᠨ ᠤᠯᠤᠰᠴᠢᠯᠠᠬᠤ᠂ ᠬᠠᠤᠯᠢ ᠪᠠᠷ ᠵᠠᠰᠠᠵᠢᠬᠤ᠂ ᠳᠦᠭᠦᠮ | ᠦᠵᠡᠭᠦᠯᠬᠦ ᠣᠷᠴᠢᠨ ᠨᠦᠬᠦᠴᠡᠯ ᠢ ᠪᠣᠢ ᠪᠣᠯᠭᠠᠵᠤ᠂ ᠪᠦᠬᠦ ᠣᠷᠣᠨ ᠤ ᠠᠵᠤ ᠠᠬᠤᠢ ᠶᠢᠨ ᠴᠢᠨᠠᠷᠵᠢᠭᠤᠨ | ᠬᠥᠭᠵᠢᠬᠦ ᠶᠢ ᠠᠬᠢᠭᠤᠯᠬᠤ ᠶᠢᠨ ᠲᠤᠰᠠᠳᠠ᠂ ᠲᠤᠰ ᠲᠦᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠯ ᠦᠢᠯᠡᠳᠪᠦᠷᠢᠯᠡᠯ ᠤᠨ ᠬᠦᠴᠦᠨ ᠢ | ᠴᠢᠯᠦᠭᠡᠯᠡᠵᠦ᠂ ᠶᠡᠷᠦᠩᠬᠡᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠠᠪᠤᠳᠠᠯ ᠪᠣᠯᠬᠤ ᠣᠨᠣᠯᠵᠢᠬᠤᠨ ᠢ ᠪᠠᠲᠤ | ᠪᠠᠬᠢ ᠪᠣᠢ ᠪᠣᠯᠭᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠳᠤ ᠦᠢᠯᠡᠴᠢᠯᠡᠬᠦ ᠴᠢᠳᠠᠪᠤᠷᠢ ᠪᠣᠯᠣᠨ ᠬᠢᠷᠢ | ᠲᠥᠪᠰᠢᠨ ᠢ ᠨᠢ ᠳᠡᠭᠡᠭᠰᠢᠯᠡᠭᠦᠯᠬᠦ ᠪᠠᠷ ᠭᠤᠣᠯ ᠪᠣᠯᠭᠠᠨ᠂ ᠠᠰᠠᠭᠤᠳᠠᠯ᠂ ᠬᠠᠷᠠᠯᠲᠠ ᠪᠣᠯᠣᠨ ᠦᠷ᠎ᠡ ᠳ᠋ᠦᠩ | ᠦᠢᠯᠡᠳᠦᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ | ᠪᠠᠭᠤᠷᠠᠢ ᠭᠤᠭᠴᠤᠭ᠎ᠠ ᠶᠢ ᠭᠤᠣᠯᠳᠠᠭᠤᠯᠤᠨ ᠠᠩᠬᠠᠷᠴᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠰᠢᠪᠲᠤᠯᠤᠯᠲᠠ ᠲᠠᠢ ᠪᠠᠶᠢᠯᠭᠠᠵᠤ᠂ ᠵᠢᠱᠢᠶ᠎ᠡ ᠳᠠᠭᠤᠷᠢᠶᠠᠯ ᠢ ᠪᠣᠢ | ᠪᠣᠯᠭᠠᠨ᠂ ᠡᠭᠦᠨ ᠤ ᠤᠯᠠᠮ ᠢᠶᠠᠷ ᠪᠦᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠢᠯᠡᠳᠲᠡ | ᠰᠠᠶᠢᠵᠢᠷᠠᠬᠤ ᠶᠢ ᠳᠠᠶᠢᠴᠢᠯᠠᠨ᠂ 3 ᠵᠢᠯ ᠣᠷᠴᠢᠮ ᠤᠨ ᠴᠢᠷᠮᠠᠶᠢᠯᠭ᠎ᠠ ᠪᠠᠷ ᠳᠠᠮᠵᠢᠭᠤᠯᠵᠤ᠂ ᠪᠦᠬᠦ ᠣᠷᠣᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠢ ᠤᠯᠤᠰ ᠤᠨ ᠲᠣᠳᠤᠭᠠᠲᠤ ᠶᠢᠨ ᠠᠵᠤ ᠠᠬᠤᠢ ᠬᠥᠭᠵᠢᠭᠰᠡᠨ ᠭᠠᠵᠠᠷ | ᠣᠷᠣᠨ ᠤ ᠬᠢᠷᠢ ᠲᠥᠪᠰᠢᠨ ᠳᠤ ᠬᠦᠷᠦᠭᠦᠯᠬᠦ ᠪᠠᠷ ᠴᠢᠷᠮᠠᠶᠢᠨ ᠲᠡᠮᠡᠴᠡᠨ᠎ᠡ᠃ | ᠬᠤᠶᠠᠷ᠂ ᠭᠤᠣᠯ ᠡᠭᠦᠷᠭᠡ | ᠳᠡᠯᠡᠬᠡᠢ ᠶᠢᠨ ᠪᠠᠩᠭᠢ ᠶᠢᠨ ︽ᠪᠦᠬᠦ ᠪᠦᠮᠪᠦᠷᠴᠡᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ | ᠮᠡᠳᠡᠭᠦᠯᠦᠯᠲᠡ︾ ᠳᠠᠬᠢ ᠦᠨᠡᠯᠡᠯᠲᠡ ᠶᠢᠨ ᠭᠤᠣᠯ ᠭᠦᠢᠴᠡᠳᠭᠡᠯ ᠲᠤᠭ᠎ᠠ ᠪᠠᠷ ᠪᠠᠷᠢᠮᠵᠢᠶᠠᠲᠤ ᠱᠠᠭᠠᠷᠳᠠᠯᠭ᠎ᠠ ᠪᠣᠯᠭᠠᠵᠤ᠂ | ᠣᠷᠤᠰᠢᠵᠤ ᠪᠠᠶᠢᠭ᠎ᠠ ᠵᠦᠷᠢᠶ᠎ᠡ ᠪᠣᠯᠣᠨ ᠠᠰᠠᠭᠤᠳᠠᠯ ᠳᠤ ᠴᠢᠭᠯᠡᠭᠦᠯᠦᠨ᠂ ᠭᠤᠭᠴᠤᠭ᠎ᠠ ᠶᠢ ᠳᠦᠭᠦᠮᠴᠢᠯᠡᠬᠦ᠂ ᠴᠠᠭ ᠢ | ᠪᠤᠭᠤᠨᠢᠰᠬᠠᠬᠤ᠂ ᠵᠠᠷᠤᠳᠠᠯ ᠢ ᠪᠠᠭᠠᠰᠬᠠᠬᠤ᠂ ᠴᠤᠪᠤᠷᠠᠯ ᠢ ᠰᠢᠯᠢᠳᠡᠭᠵᠢᠭᠦᠯᠬᠦ᠂ ᠢᠯᠡ ᠲᠣᠳᠣ ᠪᠠᠶᠢᠬᠤ ᠬᠡᠮᠵᠢᠶ᠎ᠡ ᠶᠢ | ᠨᠡᠮᠡᠭᠳᠡᠭᠦᠯᠬᠦ ᠵᠠᠷᠴᠢᠮ ᠢᠶᠠᠷ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠦᠴᠦᠲᠡᠢ | ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠭᠡᠵᠦ ᠦᠢᠯᠡᠰ ᠴᠤᠭᠴᠠᠯᠠᠬᠤ ᠶᠢ ᠨᠢ | ᠬᠦᠯᠢᠶᠡᠰᠦᠯᠡᠵᠦ ᠪᠦᠬᠦᠢ ᠪᠠᠶᠢᠭᠤᠯᠤᠯ ᠲᠣᠭᠲᠠᠴᠠ ᠶᠢᠨ ᠰᠠᠭᠠᠳ ᠬᠠᠷᠰᠢ ᠶᠢ ᠤᠯᠠᠮ ᠨᠢᠭᠡ ᠠᠯᠬᠤᠮ ᠠᠷᠢᠯᠭᠠᠨ᠂ | ᠡᠯ᠎ᠡ ᠲᠦᠷᠦᠯ ᠤᠨ ᠳᠦᠷᠢᠮ ᠤᠨ ᠴᠢᠨᠠᠷᠲᠠᠢ ᠠᠷᠠᠯᠵᠢᠶᠠᠯᠠᠬᠤ ᠦᠪᠡᠷ ᠤᠨ ᠥᠷᠲᠡᠭ ᠢ ᠨᠢ ᠪᠠᠭᠤᠷᠠᠭᠤᠯᠵᠤ᠂ | ᠵᠠᠰᠠᠭ ᠤᠨ ᠣᠷᠳᠣᠨ ᠤ ᠦᠢᠯᠡᠴᠢᠯᠡᠭᠡᠨ ᠤ ᠦᠢᠯᠡᠳᠦᠯ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠠᠵᠢᠯ | ᠣᠯᠭᠤᠵᠣ ᠦᠢᠯᠡᠰ ᠴᠤᠭᠴᠠᠯᠠᠬᠤ ᠶᠢ ᠠᠬᠢᠭᠤᠯᠬᠤ ᠳᠤ ᠪᠠᠷᠢᠮᠵᠢᠶ᠎ᠠ ᠱᠠᠭᠠᠷᠳᠠᠯᠭ᠎ᠠ ᠶᠢ ᠨᠢ ᠳᠤᠷᠤᠭᠰᠢᠯᠠᠭᠤᠯᠵᠤ᠂ ᠡᠯ᠎ᠡ | ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠳᠠᠷᠤᠭᠠᠰᠤ ᠶᠢ ᠨᠢ ᠬᠦᠩᠭᠡᠯᠡᠨ᠂ ᠪᠦᠲᠦᠮᠵᠢᠲᠡᠢ ᠪᠡᠯᠡ | ᠣᠷᠤᠭᠤᠯᠤᠯᠲᠠ ᠶᠢ ᠬᠥᠭᠵᠢᠭᠡᠬᠦ ᠣᠷᠣᠨ ᠵᠠᠢ ᠶᠢ ᠨᠢ ᠥᠷᠭᠡᠳᠭᠡᠵᠦ᠂ ᠡᠷᠬᠡ ᠲᠡᠭᠰᠢ ᠪᠠᠷ ᠡᠵᠡᠩᠨᠡᠨ | ᠬᠤᠳᠠᠯᠳᠤᠭᠠᠯᠠᠬᠤ ᠳᠤ ᠨᠦᠬᠦᠴᠡᠯ ᠡᠭᠦᠳᠦᠨ ᠥᠭᠴᠦ᠂ ᠣᠯᠠᠨ ᠲᠦᠮᠡᠨ ᠤ ᠠᠵᠢᠯᠯᠠᠵᠤ ᠠᠮᠢᠳᠤᠷᠠᠬᠤ ᠳᠤ ᠢᠯᠡᠭᠦᠬᠡᠨ | ᠳᠦᠭᠦᠮ ᠨᠦᠬᠦᠴᠡᠯ ᠬᠠᠨᠭ᠍ᠭᠠᠨ᠎ᠠ᠃ | ︵ᠨᠢᠭᠡ︶ ᠠᠵᠤ ᠠᠬᠤᠶᠢᠯᠠᠯ ᠡᠷᠬᠢᠯᠡᠨ ᠪᠠᠶᠢᠭᠤᠯᠬᠤ ᠳᠤ ᠳᠦᠭᠦᠮ ᠦᠵᠡᠭᠦᠯᠦᠨ᠎ᠡ᠃ | 1. ᠠᠵᠤ ᠠᠬᠤᠶᠢᠯᠠᠯ ᠤᠨ ᠳᠠᠩᠰᠠᠯᠠᠨ ᠲᠡᠮᠲᠡᠭᠯᠡᠬᠦ ᠳᠡᠰ ᠳᠠᠷᠠᠭᠠᠯᠠᠯ ᠢ ᠳᠦᠭᠦᠮ ᠠᠪᠰᠠᠷᠬᠠᠨ ᠪᠣᠯᠭᠠᠨ᠎ᠠ᠃ | ᠤᠯᠤᠰ ᠤᠨ ᠱᠠᠭᠠᠷᠳᠠᠯᠭ᠎ᠠ ᠶᠤᠰᠤᠭᠠᠷ᠂ ︽ᠭᠡᠷᠡᠴᠢ ᠪᠠ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢᠨ ᠠᠵᠢᠯ ᠢ | ᠭᠦᠨᠵᠡᠭᠡᠢ ᠬᠡᠷᠡᠭᠵᠢᠭᠦᠯᠵᠦ᠂ ︽ᠵᠥᠪᠰᠢᠶᠡᠷᠡᠨ ᠣᠷᠤᠭᠤᠯᠤᠭᠰᠠᠨ ᠪᠣᠯᠪᠠᠴᠤ ᠡᠵᠡᠩᠨᠡᠬᠦ ᠶᠢ ᠵᠥᠪᠰᠢᠶᠡᠷᠡᠬᠦ ᠦᠭᠡᠢ︾ | ᠠᠰᠠᠭᠤᠳᠠᠯ ᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠨ ᠲᠡᠮᠲᠡᠭᠯᠡᠬᠦ | ᠬᠠᠮᠢᠶᠠᠷᠤᠯᠲᠠ ᠶᠢᠨ ᠦᠭᠡᠷᠡᠴᠢᠯᠡᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠨᠡᠷᠡᠶᠢᠳᠦᠯ ᠢᠶᠠᠨ ᠡᠵᠡ ᠮᠡᠳᠡᠵᠦ | ᠭᠤᠶᠤᠴᠢᠯᠠᠨ ᠮᠡᠳᠡᠭᠦᠯᠬᠦ ᠬᠡᠪᠴᠢᠶ᠎ᠡ ᠶᠢ ᠥᠷᠭᠡᠳᠭᠡᠨ᠂ ᠤᠷᠢᠳᠠᠴᠢ ᠬᠢᠨᠠᠨ ᠵᠥᠪᠰᠢᠶᠡᠷᠡᠬᠦ ᠵᠦᠢᠯᠡᠰ ᠪᠤᠶᠤ ᠠᠵᠤ | ᠠᠬᠤᠶᠢᠯᠠᠯ ᠤᠨ ᠨᠡᠷᠡᠶᠢᠳᠦᠯ ᠢ ᠬᠠᠷᠭᠤᠭᠤᠯᠤᠨ ᠵᠥᠪᠰᠢᠶᠡᠷᠡᠬᠦ ᠳᠤ ᠬᠤᠯᠪᠣᠭᠳᠠᠭᠰᠠᠨ ᠪᠠ ᠠᠵᠤ ᠠᠬᠤᠶᠢᠯᠠᠯ ᠤᠨ | ᠪᠠᠶᠢᠭᠤᠯᠵᠤ ᠳᠠᠩᠰᠠᠯᠠᠨ ᠲᠡᠮᠲᠡᠭᠯᠡᠬᠦ ᠨᠢ ᠨᠢᠭᠡ ᠯᠡ ᠪᠠᠶᠢᠭᠤᠯᠭ᠎ᠠ ᠳᠤ ᠭᠦᠢᠴᠡᠳᠭᠡᠬᠦ ᠦᠭᠡᠢ ᠪᠠᠶᠢᠳᠠᠯ ᠠᠴᠠ ᠭᠠᠳᠠᠨ᠎ᠠ᠂ | ᠠᠵᠤ ᠠᠬᠤᠶᠢᠯᠠᠯ ᠤᠨ ᠨᠡᠷᠡᠶᠢᠳᠦᠯ ᠢ ᠤᠷᠢᠳ ᠢᠶᠠᠷ ᠬᠠᠷᠭᠤᠭᠤᠯᠤᠨ ᠵᠥᠪᠰᠢᠶᠡᠷᠡᠭᠦᠯᠬᠦ ᠤᠴᠢᠷ ᠦᠭᠡᠢ᠂ | ᠭᠤᠶᠤᠴᠢᠯᠠᠭᠴᠢ ᠠᠴᠠ ᠠᠵᠤ ᠠᠬᠤᠶᠢᠯᠠᠯ ᠤᠨ ᠳᠠᠩᠰᠠᠯᠠᠨ ᠲᠡᠮᠲᠡᠭᠯᠡᠬᠦ ᠶᠢ ᠭᠦᠢᠴᠡᠳᠭᠡᠯᠭᠡᠬᠦ ᠳᠤ ᠪᠠᠨ᠂ ᠡᠵᠡ ᠮᠡᠳᠡᠵᠦ | ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠨᠡᠷᠡᠶᠢᠳᠦᠯ ᠢᠶᠠᠷ ᠢᠶᠠᠨ ᠵᠡᠷᠭᠡ ᠳᠤ ᠨᠢ ᠭᠦᠢᠴᠡᠳᠭᠡᠯᠭᠡᠵᠦ | ᠪᠣᠯᠣᠨ᠎ᠠ᠃ ᠮᠠᠨ ᠤ ᠣᠷᠣᠨ ᠤ ᠠᠵᠤ ᠠᠬᠤᠶᠢᠯᠠᠯ ᠤᠨ ᠪᠠᠶᠢᠭᠤᠯᠵᠤ ᠳᠠᠩᠰᠠᠯᠠᠨ ᠲᠡᠮᠲᠡᠭᠯᠡᠭᠦᠯᠬᠦ᠂ ᠲᠠᠮᠠᠭ᠎ᠠ ᠰᠡᠶᠢᠯᠦᠨ | ᠵᠣᠬᠢᠶᠠᠬᠤ᠂ ᠪᠠᠷᠢᠮᠲᠠ ᠭᠤᠶᠤᠴᠢᠯᠠᠨ ᠠᠪᠬᠤ ᠭᠤᠷᠪᠠᠨ ᠭᠤᠭᠴᠤᠭᠠᠨ ᠳᠠᠬᠢ ᠭᠦᠢᠴᠡᠳᠭᠡᠬᠦ ᠴᠠᠭ ᠢ ᠨᠢ 5 ᠠᠵᠢᠯᠯᠠᠬᠤ | ᠡᠳᠦᠷ ᠲᠤ ᠳᠠᠭᠤᠰᠬᠠᠬᠤ ᠪᠠᠷ ᠪᠤᠭᠤᠨᠢᠰᠬᠠᠨ᠎ᠠ᠃ | 2. ᠳᠠᠩᠰᠠᠯᠠᠨ ᠲᠡᠮᠲᠡᠭᠯᠡᠬᠦ ᠶᠢ ᠳᠦᠭᠦᠮ ᠠᠪᠰᠠᠷᠬᠠᠨ ᠪᠣᠯᠭᠠᠬᠤ ᠦᠭᠡᠷᠡᠴᠢᠯᠡᠯᠲᠡ ᠶᠢ ᠠᠬᠢᠭᠤᠯᠤᠨ᠎ᠠ᠃ | ᠰᠦᠯᠵᠢᠶ᠎ᠡ ᠪᠠᠷ ᠠᠵᠢᠯ ᠬᠡᠷᠡᠭ ᠭᠦᠢᠴᠡᠳᠭᠡᠬᠦ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠵᠤ | ᠲᠡᠮᠲᠡᠭᠯᠡᠬᠦ ᠮᠡᠳᠡᠭᠡ ᠵᠠᠩᠬᠢᠵᠢᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠩᠰᠠᠯᠠᠨ | ᠲᠡᠮᠲᠡᠭᠯᠡᠭᠦᠯᠬᠦ ᠵᠦᠢᠯᠡᠰ ᠤᠨ ᠪᠦᠬᠦ ᠶᠠᠪᠤᠴᠠ ᠶᠢ ᠡᠯᠧᠺᠲᠷᠣᠨᠵᠢᠭᠦᠯᠬᠦ ᠪᠣᠯᠭᠠᠨ᠎ᠠ᠃ ᠪᠦᠬᠦ ᠣᠷᠣᠨ ᠤ ᠨᠢᠭᠡᠲᠦᠯᠲᠡᠢ | ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠦᠮᠦᠷᠭᠡ ᠶᠢ ᠪᠠᠶᠢᠭᠤᠯᠵᠤ᠂ ᠡᠯᠧᠺᠲᠷᠣᠨ ᠡᠵᠡᠩᠨᠡᠯᠲᠡ ᠶᠢᠨ | ᠦᠨᠡᠮᠯᠡᠯ ᠢ ᠣᠷᠣᠨ ᠪᠦᠰᠡ ᠬᠦᠷᠢᠶ᠎ᠡ ᠴᠠᠷᠠᠭ᠎ᠠ ᠲᠣᠬᠠᠶᠢᠯᠠᠭᠰᠠᠨ ᠠᠵᠢᠯ ᠠᠯᠤᠰᠯᠠᠨ ᠬᠡᠷᠡᠭᠯᠡᠬᠦ ᠶᠢ ᠠᠬᠢᠭᠤᠯᠤᠨ᠎ᠠ᠃ | ᠠᠵᠤ ᠠᠬᠤᠶᠢᠯᠠᠯ ᠤᠨ ᠪᠠᠶᠢᠭᠤᠯᠵᠤ ᠳᠠᠩᠰᠠᠯᠠᠨ ᠲᠡᠮᠲᠡᠭᠯᠡᠬᠦ ᠠᠵᠢᠯ ᠤᠨ ᠭᠦᠢᠴᠡᠳᠭᠡᠬᠦ ᠴᠠᠭ ᠢ ᠨᠢ 3 ᠠᠵᠢᠯᠯᠠᠬᠤ | ᠡᠳᠦᠷ ᠲᠤ ᠳᠠᠭᠤᠰᠬᠠᠬᠤ ᠪᠠᠷ ᠪᠤᠭᠤᠨᠢᠰᠬᠠᠨ᠎ᠠ᠃ | 3. ᠠᠯᠪᠠᠨ ᠤ ᠲᠠᠮᠠᠭ᠎ᠠ ᠰᠡᠶᠢᠯᠦᠨ ᠵᠣᠬᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠯᠪᠠᠨ ᠤ | ᠲᠠᠮᠠᠭ᠎ᠠ ᠰᠡᠶᠢᠯᠦᠨ ᠵᠣᠬᠢᠶᠠᠵᠤ ᠪᠦᠷᠢᠳᠭᠡᠨ ᠲᠠᠩᠰᠠᠯᠠᠬᠤ ᠠᠵᠢᠯ ᠢ ︽ᠣᠯᠠᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠬᠤ︾ ᠵᠦᠢᠯᠡᠰ ᠲᠤ ᠣᠷᠤᠭᠤᠯᠵᠤ᠂ ᠭᠤᠶᠤᠴᠢᠯᠠᠭᠴᠢ ᠨᠢ ᠠᠯᠪᠠᠨ ᠤ ᠲᠠᠮᠠᠭ᠎ᠠ ᠰᠡᠶᠢᠯᠦᠨ ᠵᠣᠬᠢᠶᠠᠬᠤ | ᠨᠢᠭᠡᠴᠢ ᠶᠢ ᠦᠪᠡᠰᠦᠪᠡᠨ ᠰᠤᠩᠭᠤᠵᠤ ᠪᠣᠯᠣᠨ᠎ᠠ᠃ ᠠᠯᠪᠠᠨ ᠤ ᠲᠠᠮᠠᠭ᠎ᠠ ᠶᠢᠨ ᠰᠡᠶᠢᠯᠦᠨ ᠵᠣᠬᠢᠶᠠᠭᠰᠠᠨ ᠳᠠᠷᠤᠢ ᠳᠤ ᠨᠢ | ᠠᠶᠠᠨᠳᠠᠭᠠᠨ ᠪᠦᠷᠢᠳᠭᠡᠨ ᠳᠠᠩᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠣᠷᠣᠨ ᠤ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠠᠯᠪᠠᠨ ᠤ ᠲᠠᠮᠠᠭ᠎ᠠ ᠰᠡᠶᠢᠯᠦᠨ ᠵᠣᠬᠢᠶᠠᠬᠤ ᠴᠤᠩᠬᠤᠪᠴᠢ ᠶᠢ | ᠲᠣᠬᠢᠷᠠᠭᠤᠯᠤᠨ ᠪᠠᠶᠢᠭᠤᠯᠵᠤ᠂ 1 ᠠᠵᠢᠯᠯᠠᠬᠤ ᠡᠳᠦᠷ ᠤᠨ ᠲᠤᠳᠤᠷ᠎ᠠ ᠠᠯᠪᠠᠨ ᠤ ᠲᠠᠮᠠᠭ᠎ᠠ ᠶᠢ ᠰᠡᠶᠢᠯᠦᠨ ᠵᠣᠬᠢᠶᠠᠵᠤ | ᠳᠠᠭᠤᠰᠬᠠᠬᠤ ᠬᠡᠷᠡᠭᠲᠡᠢ᠃ | 4. ᠭᠠᠶᠢᠯᠢ ᠳᠤ ᠬᠤᠯᠪᠣᠭᠳᠠᠭᠰᠠᠨ ᠵᠦᠢᠯᠡᠰ ᠢ ᠭᠦᠢᠴᠡᠳᠭᠡᠬᠦ ᠴᠤᠪᠤᠷᠠᠯ ᠢ ᠨᠢ ᠰᠢᠯᠢᠳᠡᠭᠵᠢᠭᠦᠯᠦᠨ᠎ᠡ᠃ ᠠᠵᠤ | ᠠᠬᠤᠶᠢᠯᠠᠯ ᠤᠨ ᠡᠷᠬᠢᠯᠡᠨ ᠪᠠᠶᠢᠭᠤᠯᠬᠤ ᠳᠤ ᠬᠤᠯᠪᠣᠭᠳᠠᠭᠰᠠᠨ ᠵᠦᠢᠯᠡᠰ ᠢ ᠨᠢᠭᠡ ᠯᠡ ᠴᠤᠩᠬᠤᠪᠴᠢ ᠪᠠᠷ ᠬᠦᠯᠢᠶᠡᠨ | ᠠᠪᠴᠤ ᠭᠦᠢᠴᠡᠳᠭᠡᠬᠦ ᠶᠢ ᠬᠡᠷᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠤᠯᠠᠬᠤ ᠨᠣᠮᠧᠷ | ᠬᠠᠳᠠᠭᠰᠠᠨ ᠡᠵᠡᠩᠨᠡᠯᠲᠡ ᠶᠢᠨ ᠦᠨᠡᠮᠯᠡᠯ ᠢᠶᠠᠨ ᠳᠠᠩᠰᠠᠯᠠᠨ ᠲᠡᠮᠲᠡᠭᠯᠡᠭᠰᠡᠨ ᠪᠠᠶᠢᠭᠤᠯᠭ᠎ᠠ ᠠᠴᠠ ᠨᠢᠭᠡᠨᠲᠡ ᠬᠦᠯᠢᠶᠡᠵᠦ | ᠠᠪᠤᠭᠰᠠᠨ ᠠᠵᠤ ᠠᠬᠤᠶᠢᠯᠠᠯ ᠳᠤ᠂ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠲᠡᠭᠯᠡᠬᠦ ᠠᠵᠢᠯ ᠢ ᠳᠠᠬᠢᠵᠤ ᠲᠤᠰᠠᠭᠠᠷ | ᠭᠦᠢᠴᠡᠳᠭᠡᠬᠦ ᠦᠭᠡᠢ᠂ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠤᠯᠠᠬᠤ ᠨᠣᠮᠧᠷ ᠢᠶᠠᠷ ᠳᠠᠩᠰᠠᠯᠠᠨ ᠲᠡᠮᠲᠡᠭᠯᠡᠵᠦ | ᠬᠠᠮᠢᠶᠠᠷᠤᠨ᠎ᠠ᠃ ᠪᠠᠷᠢᠮᠲᠠ ᠭᠤᠶᠤᠴᠢᠯᠠᠨ ᠠᠪᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠪᠠᠷᠢᠮᠲᠠ ᠭᠤᠶᠤᠴᠢᠯᠠᠨ ᠠᠪᠬᠤ ᠴᠠᠭ ᠢ ᠪᠤᠭᠤᠨᠢᠰᠬᠠᠨ᠎ᠠ᠃ ᠰᠢᠨ᠎ᠡ ᠪᠠᠷ ᠡᠷᠬᠢᠯᠡᠨ ᠪᠠᠶᠢᠭᠤᠯᠤᠭᠰᠠᠨ ᠠᠵᠤ | ᠠᠬᠤᠶᠢᠯᠠᠯ ᠤᠨ ᠠᠩᠬᠠᠳᠤᠭᠠᠷ ᠤᠳᠠᠭ᠎ᠠ ᠪᠠᠷᠢᠮᠲᠠ ᠭᠤᠶᠤᠴᠢᠯᠠᠨ ᠠᠪᠬᠤ ᠳᠤ ᠭᠦᠢᠴᠡᠳᠭᠡᠬᠦ ᠴᠠᠭ ᠢ ᠨᠢ 1 | ᠠᠵᠢᠯᠯᠠᠬᠤ ᠡᠳᠦᠷ ᠤᠨ ᠲᠤᠳᠤᠷ᠎ᠠ ᠳᠠᠭᠤᠰᠬᠠᠬᠤ ᠪᠠᠷ ᠪᠤᠭᠤᠨᠢᠰᠬᠠᠨ᠎ᠠ᠃ | ︵ᠬᠤᠶᠠᠷ︶ ᠪᠠᠷᠢᠯᠭ᠎ᠠ ᠶᠢᠨ ᠵᠥᠪᠰᠢᠶᠡᠷᠡᠯ ᠤᠨ ᠭᠦᠢᠴᠡᠳᠭᠡᠬᠦ ᠶᠠᠪᠤᠴᠠ ᠶᠢ ᠳᠦᠭᠦᠮᠴᠢᠯᠡᠨ᠎ᠡ᠃ | 1. ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠦᠯ ᠬᠤᠪᠢᠶᠠᠨ ᠬᠠᠮᠢᠶᠠᠷᠤᠨ᠎ᠠ᠃ ᠨᠢᠭᠡᠳᠦᠭᠡᠷ | ᠲᠦᠷᠦᠯ᠄ ᠲᠤᠳᠤᠭᠠᠲᠤ ᠳᠠᠬᠢ ᠦᠭᠡᠷᠡᠴᠢᠯᠡᠨ ᠰᠢᠨᠡᠳᠭᠡᠬᠦ ᠲᠦᠷᠦᠯ ᠵᠦᠢᠯ ᠪᠣᠯᠣᠨ᠎ᠠ᠂ ᠡᠭᠦᠨ ᠳᠤ ᠪᠠᠷᠢᠯᠭ᠎ᠠ ᠪᠠᠷᠢᠬᠤ | ᠵᠥᠪᠰᠢᠶᠡᠷᠡᠯ ᠤᠨ ᠦᠨᠡᠮᠯᠡᠯ ᠢ ᠰᠢᠭᠤᠳ ᠭᠦᠢᠴᠡᠳᠭᠡᠵᠦ ᠪᠣᠯᠣᠨ᠎ᠠ᠃ ᠬᠤᠶᠠᠳᠤᠭᠠᠷ ᠲᠦᠷᠦᠯ᠄ ᠣᠳᠤ ᠶᠢᠨ ᠪᠠᠶᠢᠳᠠᠯ ᠢ | ᠦᠭᠡᠷᠡᠴᠢᠯᠡᠨ ᠪᠠᠶᠢᠭᠤᠯᠬᠤ ᠲᠦᠷᠦᠯ ᠵᠦᠢᠯ ᠪᠣᠯᠣᠨ᠎ᠠ᠂ ᠡᠭᠦᠨ ᠳᠤ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠲᠦᠰᠦᠯ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ | ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠰᠢᠭᠤᠳ ᠭᠦᠢᠴᠡᠳᠭᠡᠵᠦ ᠪᠣᠯᠣᠨ᠎ᠠ᠃ ᠭᠤᠷᠪᠠᠳᠤᠭᠠᠷ ᠲᠦᠷᠦᠯ | ᠄ ᠰᠢᠨ᠎ᠡ ᠪᠠᠷ ᠪᠠᠶᠢᠭᠤᠯᠬᠤ ᠪᠠ ᠥᠷᠭᠡᠳᠭᠡᠨ ᠪᠠᠶᠢᠭᠤᠯᠬᠤ ᠲᠦᠷᠦᠯ ᠵᠦᠢᠯ ᠪᠣᠯᠣᠨ᠎ᠠ᠂ ᠡᠭᠦᠨ ᠳᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠭᠡᠷ᠎ᠡ | ᠲᠣᠭᠲᠠᠵᠤ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠦᠰᠦᠯ ᠢ ᠬᠢᠨᠠᠨ ᠪᠠᠶᠢᠴᠠᠭᠠᠭᠰᠠᠨ ᠤ ᠳᠠᠷᠠᠭ᠎ᠠ᠂ | ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠪᠠᠷᠢᠬᠤ | ᠵᠥᠪᠰᠢᠶᠡᠷᠡᠯ ᠤᠨ ᠦᠨᠡᠮᠯᠡᠯ ᠢ ᠭᠦᠢᠴᠡᠳᠭᠡᠨ᠎ᠡ᠃ | 2. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠢᠨᠲ᠋ᠧᠷ ᠰᠦᠯᠵᠢᠶ᠎ᠡ ᠯᠦᠭᠡ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠤᠨ᠎ᠠ᠃ ᠪᠡᠯᠡ ᠣᠷᠤᠭᠤᠯᠤᠯᠲᠠ ᠶᠢᠨ ᠲᠦᠷᠦᠯ ᠵᠦᠢᠯ ᠢ ᠰᠦᠯᠵᠢᠶ᠎ᠡ ᠪᠠᠷ ᠬᠢᠨᠠᠨ | ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠵᠦ᠂ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠢᠨ ᠬᠠᠮᠤᠷᠬᠤ ᠨᠤᠷᠮ᠎ᠠ ᠶᠢ ᠠᠯᠬᠤᠮ ᠠᠯᠬᠤᠮ ᠢᠶᠠᠷ ᠥᠷᠭᠡᠳᠭᠡᠨ᠎ᠡ᠃ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠬᠠᠶᠢᠯᠠᠭᠰᠠᠨ | ᠠᠵᠢᠯ ᠳᠠᠬᠢ ᠡᠯᠧᠺᠲᠷᠣᠨ ᠲᠠᠮᠠᠭ᠎ᠠ ᠲᠠᠷᠤᠬᠤ ᠮᠡᠷᠭᠡᠵᠢᠯ ᠤᠨ ᠬᠡᠷᠡᠭᠯᠡᠭᠡᠨ ᠢ ᠠᠬᠢᠭᠤᠯᠵᠤ᠂ ᠲᠦᠷᠦᠯ ᠵᠦᠢᠯ ᠢ ᠬᠢᠨᠠᠨ | ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠪᠦᠬᠦ ᠶᠠᠪᠤᠴᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠵᠤ᠂ | ᠬᠢᠨᠠᠨ ᠵᠥᠪᠰᠢᠶᠡᠷᠡᠬᠦ ᠴᠠᠭ ᠢ ᠬᠠᠭᠠᠰ ᠢᠶᠠᠷ ᠪᠠᠭᠠᠰᠬᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | 3. ᠬᠢᠨᠠᠨ ᠵᠥᠪᠰᠢᠶᠡᠷᠡᠬᠦ ᠶᠢᠨ ᠤᠷᠢᠳᠠᠴᠢ ᠨᠦᠬᠦᠴᠡᠯ ᠢ ᠴᠤᠮᠬᠠᠳᠬᠠᠨ᠎ᠠ᠃ ᠨᠡᠶᠢᠭᠡᠮ ᠤᠨ ᠬᠢᠨ ᠤ | ᠣᠷᠤᠭᠤᠯᠤᠯᠲᠠ ᠬᠢᠭᠰᠡᠨ ᠭᠡᠷ ᠪᠠᠶᠢᠰᠢᠩ ᠤᠨ ᠪᠠᠷᠢᠯᠭ᠎ᠠ ᠶᠢᠨ ᠳᠠᠭᠠᠭᠠᠴᠢᠯᠠᠭᠤᠯᠬᠤ ᠠᠷᠭ᠎ᠠ ᠬᠡᠯᠪᠡᠷᠢ ᠶᠢ ᠪᠦᠲᠦᠭᠡᠨ | ᠪᠠᠶᠢᠭᠤᠯᠬᠤ ᠨᠢᠭᠡᠴᠢ ᠨᠢ ᠡᠵᠡ ᠮᠡᠳᠡᠨ ᠲᠣᠭᠲᠠᠭᠠᠵᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠶᠢ ᠳᠠᠬᠢᠵᠤ | ᠠᠯᠪᠠ ᠪᠠᠷ ᠶᠠᠪᠤᠭᠳᠠᠭᠤᠯᠬᠤ ᠦᠭᠡᠢ᠃ ᠪᠦᠲᠦᠭᠡᠨ ᠪᠠᠶᠢᠭᠤᠯᠬᠤ ᠨᠢᠭᠡᠴᠢ ᠶᠢᠨ ᠬᠢᠨ ᠤ ᠪᠡᠯᠡ ᠮᠦᠩᠭᠦᠨ ᠤ | ᠪᠠᠲᠤᠯᠠᠭ᠎ᠠ ᠶᠢᠨ ᠪᠢᠴᠢᠭ ᠪᠣᠶᠣ ᠪᠡᠯᠡ ᠮᠦᠩᠭᠦ ᠨᠢ ᠪᠦᠷᠢᠳᠦᠭᠰᠡᠨ ᠭᠡᠷᠡᠴᠢ ᠭᠦᠢᠴᠡᠳᠭᠡᠬᠦ ᠶᠢ ᠬᠦᠴᠦᠨ ᠦᠭᠡᠢ | ᠪᠣᠯᠭᠠᠨ᠎ᠠ᠃ ᠡᠯ᠎ᠡ ᠲᠦᠷᠦᠯ ᠤᠨ ᠬᠢᠨᠠᠨ ᠵᠥᠪᠰᠢᠶᠡᠷᠡᠯ ᠤᠨ ᠤᠷᠢᠳᠠᠴᠢ ᠨᠦᠬᠦᠴᠡᠯ ᠪᠣᠯᠣᠨ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠳᠤ ᠵᠠᠷᠴᠢᠮ ᠤᠨ ᠲᠠᠯ᠎ᠠ ᠪᠠᠷ ︽ᠰᠠᠭᠤᠷᠢ ᠠᠴᠠ ᠨᠢ ᠪᠠᠲᠤᠯᠠᠬᠤ ᠵᠦᠢᠯ ᠵᠣᠷᠪᠤᠰ︾ ᠢ ᠲᠣᠭᠲᠠᠭᠠᠵᠤ | ᠪᠣᠯᠬᠤ ᠦᠭᠡᠢ᠃ ᠭᠦᠢᠴᠡᠳᠭᠡᠬᠦ ᠰᠠᠯᠠᠭ᠎ᠠ ᠮᠦᠴᠢᠷ ᠤᠨ ᠬᠠᠷᠭᠤᠭᠤᠯᠤᠨ ᠣᠯᠭᠤᠭᠰᠠᠨ ᠬᠢᠨᠠᠨ ᠵᠥᠪᠰᠢᠶᠡᠷᠡᠬᠦ ᠪᠢᠴᠢᠭ | ᠮᠠᠲ᠋ᠧᠷᠢᠶᠠᠯ ᠢ ᠲᠤᠰ ᠰᠠᠯᠠᠭ᠎ᠠ ᠮᠦᠴᠢᠷ ᠨᠢ ᠵᠠᠰᠠᠭ ᠵᠠᠬᠢᠷᠭᠠᠨ ᠤ ᠪᠤᠰᠤᠳ ᠪᠠᠶᠢᠭᠤᠯᠭ᠎ᠠ ᠳᠤ ᠲᠠᠨᠢᠯᠴᠠᠭᠤᠯᠤᠨ | ᠬᠦᠷᠭᠡᠵᠦ᠂ ᠪᠦᠲᠦᠭᠡᠨ ᠪᠠᠶᠢᠭᠤᠯᠬᠤ ᠨᠢᠭᠡᠴᠢ ᠶᠢ ᠳᠠᠬᠢᠨ ᠳᠠᠪᠲᠠᠨ ᠲᠤᠰᠢᠶᠠᠯᠭᠠᠬᠤ ᠪᠠᠷ ᠱᠠᠭᠠᠷᠳᠠᠬᠤ ᠦᠭᠡᠢ᠃ | 4. ᠣᠯᠠᠨ ᠦᠨᠡᠯᠡᠯᠲᠡ ᠶᠢ ᠬᠠᠮᠲᠤᠷᠠᠨ ᠬᠢᠨᠠᠬᠤ᠂ ᠣᠯᠠᠨ ᠵᠢᠷᠤᠭ ᠲᠦᠯᠦᠪᠯᠡᠭᠡ ᠶᠢ ᠬᠤᠯᠪᠣᠭᠠᠯᠠᠨ ᠬᠢᠨᠠᠬᠤ ᠶᠢ | ᠬᠡᠷᠡᠭᠵᠢᠭᠦᠯᠦᠨ᠎ᠡ᠃ ᠡᠯ᠎ᠡ ᠲᠦᠷᠦᠯ ᠤᠨ ᠦᠨᠡᠯᠡᠨ ᠵᠢᠱᠢᠬᠦ ᠴᠤᠪᠤᠷᠠᠯ ᠢ ᠰᠢᠯᠢᠳᠡᠭᠵᠢᠭᠦᠯᠵᠦ᠂ ᠬᠠᠮᠲᠤᠳᠬᠠᠨ ᠬᠢᠨᠠᠨ | ᠵᠥᠪᠰᠢᠶᠡᠷᠡᠬᠦ ᠶᠢ ᠬᠦᠴᠦᠲᠡᠢ ᠬᠡᠷᠡᠭᠵᠢᠭᠦᠯᠦᠨ᠂ ᠵᠡᠷᠭᠡ ᠳᠤ ᠨᠢ ᠦᠨᠡᠯᠡᠨ ᠵᠢᠱᠢᠬᠦ᠂ ᠵᠡᠷᠭᠡ ᠳᠤ ᠨᠢ ᠬᠢᠨᠠᠨ | ᠵᠥᠪᠰᠢᠶᠡᠷᠡᠬᠦ᠂ ᠵᠡᠷᠭᠡ ᠳᠤ ᠨᠢ ᠬᠠᠷᠢᠭᠤ ᠲᠤᠰᠬᠠᠬᠤ ᠶᠢ ᠪᠡᠶᠡᠯᠡᠭᠦᠯᠦᠨ᠎ᠡ᠃ ᠪᠠᠷᠢᠯᠭ᠎ᠠ ᠪᠠᠷᠢᠬᠤ ᠵᠢᠷᠤᠭ | ᠲᠦᠯᠦᠪᠯᠡᠭᠡ ᠶᠢᠨ ᠪᠢᠴᠢᠭ ᠮᠠᠲ᠋ᠧᠷᠢᠶᠠᠯ ᠢ ᠨᠢᠭᠡᠲᠦᠯᠲᠡᠢ ᠬᠦᠯᠢᠶᠡᠨ ᠠᠪᠴᠤ ᠰᠢᠢᠳᠪᠦᠷᠢᠯᠡᠬᠦ᠂ ᠵᠡᠷᠭᠡ ᠳᠤ ᠨᠢ | ᠬᠤᠯᠪᠣᠭᠠᠯᠠᠨ ᠬᠢᠨᠠᠵᠤ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠣᠷᠣᠨ ᠰᠠᠭᠤᠴᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ᠂ ᠭᠠᠯ ᠰᠡᠷᠭᠡᠶᠢᠯᠡᠯᠲᠡ᠂ ᠠᠷᠠᠳ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ ᠵᠡᠷᠭᠡ | ᠰᠠᠯᠠᠭ᠎ᠠ ᠮᠦᠴᠢᠷ ᠤᠳ ᠡᠭᠦᠷᠭᠡᠲᠦ ᠴᠢᠳᠠᠪᠤᠷᠢ ᠪᠣᠯᠣᠨ ᠡᠭᠦᠷᠭᠡ ᠶᠢᠨ ᠢᠶᠠᠨ ᠱᠠᠭᠠᠷᠳᠠᠯᠭ᠎ᠠ ᠶᠣᠰᠤᠭᠠᠷ᠂ | ᠲᠣᠭᠲᠠᠭᠠᠭᠰᠠᠨ ᠴᠠᠭ ᠲᠤ ᠬᠢᠨᠠᠨ ᠪᠠᠶᠢᠴᠠᠭᠠᠵᠤ ᠳᠠᠭᠤᠰᠬᠠᠨ᠎ᠠ᠃ | ︵ᠭᠤᠷᠪᠠ︶ ᠠᠵᠤ ᠠᠬᠤᠶᠢᠯᠠᠯ ᠤᠨ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠪᠦᠷᠢᠳᠦᠭᠦᠯᠬᠦ ᠳᠤ | ᠳᠦᠭᠦᠮ ᠦᠵᠡᠭᠦᠯᠦᠨ᠎ᠡ᠃ | 1. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠪᠠᠷᠢᠯᠭ᠎ᠠ ᠶᠢ | ᠲᠦᠯᠦᠪᠵᠢᠭᠦᠯᠬᠦ᠂ ᠪᠠᠷᠢᠯᠭ᠎ᠠ ᠪᠠᠷᠢᠬᠤ ᠵᠡᠷᠭᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠲᠦᠷᠦᠯ | ᠵᠦᠢᠯ ᠤᠨ ᠲᠤᠰ ᠪᠡᠶ᠎ᠡ ᠶᠢᠨ ᠪᠠᠷᠢᠯᠭ᠎ᠠ ᠳᠤ ᠣᠷᠤᠭᠤᠯᠤᠭᠠᠳ ᠵᠡᠷᠭᠡ ᠳᠤ ᠨᠢ ᠭᠦᠢᠴᠡᠳᠭᠡᠨ᠎ᠡ᠃ ᠤᠰᠤ ᠴᠠᠬᠢᠯᠭᠠᠨ | ᠰᠢᠲᠠᠮᠠᠬᠠᠢ ᠬᠡᠢ ᠳᠤᠯᠠᠭᠠᠯᠠᠭ᠎ᠠ ᠶᠢᠨ ᠪᠠᠷᠢᠯᠭ᠎ᠠ ᠪᠠᠷᠢᠬᠤ ᠶᠠᠪᠤᠴᠠ ᠳᠤ ᠬᠡᠷᠡᠭᠯᠡᠭᠴᠢᠳ ᠤᠨ ᠭᠦᠢᠴᠡᠳᠭᠡᠬᠦ ᠵᠠᠮ ᠡᠵᠡᠯᠡᠬᠦ | ᠵᠥᠪᠰᠢᠶᠡᠷᠡᠯ᠂ ᠵᠠᠮ ᠬᠠᠷᠢᠯᠴᠠᠭ᠎ᠠ ᠶᠢᠨ ᠠᠮᠦᠷ ᠲᠥᠪᠰᠢᠨ ᠢ ᠨᠦᠯᠦᠭᠡᠯᠡᠵᠦ ᠵᠠᠮ ᠡᠵᠡᠯᠡᠨ ᠪᠠᠷᠢᠯᠭ᠎ᠠ ᠪᠠᠷᠢᠬᠤ | ᠵᠥᠪᠰᠢᠶᠡᠷᠡᠯ ᠢ ᠬᠠᠮᠲᠤᠳᠬᠠᠨ ᠬᠢᠨᠠᠵᠤ ᠵᠥᠪᠰᠢᠶᠡᠷᠡᠨ᠎ᠡ᠃ | 2. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠬᠠᠩᠭᠠᠬᠤ ᠠᠵᠤ | ᠠᠬᠤᠶᠢᠯᠠᠯ ᠤᠨ ᠲᠤᠳᠤᠭᠠᠲᠤ ᠳᠠᠬᠢ ᠭᠦᠢᠴᠡᠳᠭᠡᠬᠦ ᠴᠤᠪᠤᠷᠠᠯ ᠢ ᠨᠢ ᠡᠮᠬᠢᠯᠡᠨ ᠨᠡᠶᠢᠯᠡᠭᠦᠯᠵᠦ᠂ ᠬᠡᠷᠡᠭᠯᠡᠭᠴᠢᠳ ᠤᠨ | ᠭᠤᠶᠤᠴᠢᠯᠠᠬᠤ ᠮᠠᠲ᠋ᠧᠷᠢᠶᠠᠯ ᠢ ᠨᠢ ᠴᠤᠮᠬᠠᠳᠬᠠᠵᠤ᠂ ᠭᠦᠢᠴᠡᠳᠭᠡᠬᠦ ᠭᠤᠭᠴᠤᠭ᠎ᠠ ᠶᠢ ᠪᠠᠭᠠᠰᠬᠠᠨ᠎ᠠ᠃ ᠨᠢᠭᠡ | ᠬᠤᠲᠠ ᠶᠢᠨ ᠣᠨᠳᠤᠤ ᠭᠠᠵᠠᠷ ᠲᠤ ᠬᠦᠯᠢᠶᠡᠨ ᠠᠪᠬᠤ᠂ ︽ᠨᠢᠭᠡ ᠥᠷᠲᠡᠭᠡ ᠮᠠᠶ᠋ᠢᠭ︾ ᠢᠶᠠᠷ ᠠᠵᠢᠯᠯᠠᠬᠤ᠂ ᠨᠢᠭᠡ ᠯᠡ | ᠤᠳᠠᠭ᠎ᠠ ᠳᠤ ᠮᠡᠳᠡᠭᠳᠡᠬᠦ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠦᠨ᠎ᠡ᠃ ᠢᠨᠲ᠋ᠧᠷ ᠰᠦᠯᠵᠢᠶ᠎ᠡ ᠳᠤ ᠲᠦᠰᠢᠭᠯᠡᠨ᠂ | ᠬᠠᠷᠢᠴᠠᠭᠠᠨ ᠤ ᠡᠷᠦᠬᠡ ᠶᠢᠨ ᠮᠡᠳᠡᠭᠦᠯᠵᠦ ᠤᠭᠰᠠᠷᠠᠬᠤ ᠠᠴᠠ ᠰᠦᠢᠳᠭᠡᠯ ᠲᠤᠰᠢᠶᠠᠬᠤ ᠬᠦᠷᠲᠡᠯᠡᠬᠢ ᠪᠦᠬᠦ | ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠶᠢ ᠪᠡᠶᠡᠯᠡᠭᠦᠯᠦᠨ᠎ᠡ᠃ | 3. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠪᠦᠷᠢᠳᠦᠭᠦᠯᠬᠦ ᠴᠠᠭ ᠤᠨ ᠬᠢᠵᠠᠭᠠᠷ ᠢ | ᠪᠤᠭᠤᠨᠢᠰᠬᠠᠨ᠎ᠠ᠃ ᠤᠰᠤ ᠬᠠᠩᠭᠠᠬᠤ ᠲᠠᠯ᠎ᠠ ᠪᠠᠷ᠂ ᠠᠶᠢᠮᠠᠭ ᠤᠨ ᠵᠠᠬᠢᠷᠭ᠎ᠠ ᠶᠢᠨ ᠪᠠᠶᠢᠭ᠎ᠠ ᠭᠠᠵᠠᠷ᠂ ᠬᠤᠲᠠ ᠶᠢᠨ | ᠬᠠᠷᠢᠶᠠᠲᠤ ᠲᠣᠭᠤᠷᠢᠭ ᠲᠤ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 60 ᠠᠵᠢᠯᠯᠠᠬᠤ | ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠡᠯ᠎ᠡ ᠬᠤᠰᠢᠭᠤ ᠰᠢᠶᠠᠨ ︵ᠬᠤᠲᠠ︶ ᠤ ᠬᠤᠲᠠ ᠲᠣᠭᠤᠷᠢᠭ ᠲᠤ | ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 30 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ | ᠦᠭᠡᠢ᠃ ᠴᠠᠬᠢᠯᠭᠠᠨ ᠬᠠᠩᠭᠠᠬᠤ ᠲᠠᠯ᠎ᠠ ᠪᠠᠷ᠂ ᠳᠣᠣᠷ᠎ᠠ ᠬᠦᠴᠦᠳᠡᠯᠲᠦ ᠴᠠᠬᠢᠯᠭᠠᠨ ᠤ ᠮᠡᠳᠡᠭᠦᠯᠵᠦ ᠤᠭᠰᠠᠷᠠᠬᠤ ᠶᠢᠨ | ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 15 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ | ᠦᠭᠡᠢ᠂ ᠦᠨᠳᠦᠷ ᠬᠦᠴᠦᠳᠡᠯᠲᠦ ᠴᠠᠬᠢᠯᠭᠠᠨ ᠤ ᠳᠠᠩ ᠡᠭᠦᠰᠭᠡᠭᠴᠢ ᠶᠢ ᠪᠣᠯ ᠵᠠᠷᠴᠢᠮ ᠤᠨ ᠲᠠᠯ᠎ᠠ ᠪᠠᠷ 40 | ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠦᠨᠳᠦᠷ ᠬᠦᠴᠦᠳᠡᠯᠲᠦ ᠴᠠᠬᠢᠯᠭᠠᠨ ᠤ ᠬᠤᠣᠰ | ᠡᠭᠦᠰᠭᠡᠭᠴᠢ ᠶᠢ ᠪᠣᠯ ᠵᠠᠷᠴᠢᠮ ᠤᠨ ᠲᠠᠯ᠎ᠠ ᠪᠠᠷ 55 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠰᠢᠲᠠᠮᠠᠬᠠᠢ ᠬᠡᠢ ᠬᠠᠩᠭᠠᠬᠤ ᠲᠠᠯ᠎ᠠ ᠪᠠᠷ᠂ ᠮᠡᠳᠡᠭᠦᠯᠦᠨ ᠪᠠᠶᠢᠭᠤᠯᠬᠤ ᠠᠵᠢᠯ ᠤᠨ ᠭᠦᠢᠴᠡᠳᠭᠡᠬᠦ ᠴᠠᠭ ᠤᠨ ᠬᠢᠵᠠᠭᠠᠷ ᠢ | ᠵᠠᠷᠴᠢᠮ ᠤᠨ ᠲᠠᠯ᠎ᠠ ᠪᠠᠷ 10 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠳᠤᠯᠠᠭᠠᠯᠠᠭ᠎ᠠ ᠬᠠᠩᠭᠠᠬᠤ | ᠲᠠᠯ᠎ᠠ ᠪᠠᠷ᠂ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 60 ᠠᠵᠢᠯᠯᠠᠬᠤ ᠡᠳᠦᠷ ᠠᠴᠠ | ᠬᠡᠲᠦᠷᠡᠭᠦᠯᠵᠦ ᠪᠣᠯᠬᠤ ᠦᠭᠡᠢ᠃ | 4. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠵᠠᠯᠭᠠᠵᠤ ᠤᠭᠰᠠᠷᠠᠬᠤ ᠵᠠᠷᠤᠳᠠᠯ ᠢ ᠪᠠᠭᠠᠰᠬᠠᠨ᠎ᠠ᠃ | ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠬᠠᠩᠭᠠᠬᠤ ᠠᠵᠤ ᠠᠬᠤᠶᠢᠯᠠᠯ ᠨᠢ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠬᠡᠷᠡᠭᠯᠡᠭᠴᠢᠳ ᠤᠨ ᠳᠠᠷᠤᠭᠠᠰᠤ ᠶᠢ ᠨᠢ ᠬᠦᠩᠭᠡᠯᠡᠬᠦ | ᠬᠡᠷᠡᠭᠲᠡᠢ᠃ ︽ᠭᠤᠷᠪᠠ ᠶᠢ ᠵᠢᠭᠠᠨ ᠲᠣᠭᠲᠠᠭᠠᠬᠤ ᠦᠭᠡᠢ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠡᠷᠡᠭᠯᠡᠭᠴᠢᠳ ᠨᠢ ᠪᠠᠷᠢᠯᠭ᠎ᠠ ᠶᠢᠨ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠲᠥᠭᠦᠭᠡᠷᠦᠮᠵᠢ ᠮᠠᠲ᠋ᠧᠷᠢᠶᠠᠯ | ᠬᠠᠩᠭᠠᠬᠤ ᠬᠤᠳᠠᠯᠳᠤᠭᠠᠴᠢᠨ ᠢ ᠴᠢᠯᠦᠭᠡᠲᠡᠢ ᠰᠤᠩᠭᠤᠵᠤ᠂ ᠪᠠᠷᠢᠯᠭ᠎ᠠ ᠶᠢᠨ ᠠᠵᠢᠯ ᠢ ᠦᠪᠡᠷ ᠢᠶᠠᠨ ᠵᠣᠬᠢᠶᠠᠨ | ᠪᠠᠶᠢᠭᠤᠯᠵᠤ ᠬᠢᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠬᠠᠩᠭᠠᠬᠤ ᠠᠵᠤ ᠠᠬᠤᠶᠢᠯᠠᠯ ᠨᠢ | ᠭᠠᠭᠴᠠᠭᠠᠷ ᠡᠵᠡᠮᠰᠢᠬᠦ ᠪᠠᠶᠢᠷᠢ ᠰᠠᠭᠤᠷᠢ ᠪᠠᠨ ᠠᠰᠢᠭᠯᠠᠨ᠂ ᠬᠡᠷᠡᠭᠯᠡᠭᠴᠢᠳ ᠠᠴᠠ ︽ᠪᠤᠰᠤᠳ ᠳᠠᠭᠠᠯᠲᠠ ᠠᠵᠢᠯ ᠤᠨ | ᠵᠠᠷᠤᠳᠠᠯ︾ ᠵᠡᠷᠭᠡ ᠰᠦᠢᠳᠭᠡᠯ ᠢ ᠲᠣᠭᠲᠠᠭᠠᠯ ᠠᠴᠠ ᠵᠦᠷᠢᠴᠡᠨ ᠬᠤᠷᠢᠶᠠᠬᠤ ᠶᠢ ᠲᠠᠰᠤ ᠵᠤᠭᠰᠤᠭᠠᠨ᠎ᠠ᠃ | ︵ᠳᠥᠷᠪᠡ︶ ᠠᠵᠤ ᠠᠬᠤᠶᠢᠯᠠᠯ ᠤᠨ ᠦᠯᠦ ᠬᠦᠳᠡᠯᠬᠦ ᠬᠦᠷᠦᠩᠭᠡ ᠪᠠᠨ ᠳᠠᠩᠰᠠᠯᠠᠨ ᠲᠡᠮᠲᠡᠭᠯᠡᠭᠦᠯᠬᠦ ᠳᠤ | ᠳᠦᠭᠦᠮ ᠦᠵᠡᠭᠦᠯᠦᠨ᠎ᠡ᠃ | 1. ᠭᠦᠢᠴᠡᠳᠭᠡᠬᠦ ᠭᠤᠭᠴᠤᠭ᠎ᠠ ᠶᠢ ᠰᠢᠯᠢᠳᠡᠭᠵᠢᠭᠦᠯᠦᠨ᠎ᠡ᠃ ᠦᠯᠦ ᠬᠦᠳᠡᠯᠬᠦ ᠬᠦᠷᠦᠩᠭᠡ ᠶᠢ ᠳᠠᠩᠰᠠᠯᠠᠨ | ᠲᠡᠮᠲᠡᠭᠯᠡᠬᠦ ᠳᠤ ᠨᠢᠭᠡ ᠯᠡ ᠴᠤᠩᠬᠤᠪᠴᠢ ᠪᠠᠷ ᠭᠦᠢᠴᠡᠳᠭᠡᠬᠦ ᠶᠢ ᠬᠡᠷᠡᠭᠵᠢᠭᠦᠯᠵᠦ᠂ ᠭᠡᠷ ᠪᠠᠶᠢᠰᠢᠩ ᠤᠨ ᠠᠷᠠᠯᠵᠢᠶ᠎ᠠ᠂ | ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠦᠴᠢᠷ ᠲᠠᠢ ᠨᠢᠭᠡ ᠭᠠᠵᠠᠷ ᠲᠤ ᠠᠵᠢᠯᠯᠠᠬᠤ ᠶᠢ ᠪᠡᠶᠡᠯᠡᠭᠦᠯᠬᠦ ᠶᠢᠨ ᠬᠠᠮᠲᠤ᠂ | ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠤᠨ᠎ᠠ᠃ ᠦᠯᠦ ᠬᠦᠳᠡᠯᠬᠦ ᠬᠦᠷᠦᠩᠭᠡ ᠶᠢ | ᠳᠠᠩᠰᠠᠯᠠᠨ ᠲᠡᠮᠲᠡᠭᠯᠡᠬᠦ ᠶᠢᠨ ᠠᠵᠢᠯ ᠬᠡᠷᠡᠭ ᠭᠦᠢᠴᠡᠳᠭᠡᠬᠦ ᠭᠤᠣᠯ ᠰᠡᠳᠦᠪ ᠤᠨ ᠨᠠᠷᠢᠨ ᠬᠠᠭᠤᠳᠠᠰᠤ ᠶᠢ | ᠲᠣᠭᠲᠠᠭᠠᠨ᠎ᠠ᠃ | 2. ᠭᠦᠢᠴᠡᠳᠭᠡᠬᠦ ᠴᠠᠭ ᠤᠨ ᠬᠢᠵᠠᠭᠠᠷ ᠢ ᠪᠤᠭᠤᠨᠢᠰᠬᠠᠨ᠎ᠠ᠃ ᠤᠭ ᠤᠨ ᠪᠠᠶᠢᠭᠰᠠᠨ ᠭᠡᠷ ᠪᠠᠶᠢᠰᠢᠩ ᠢ | ᠬᠤᠳᠠᠯᠳᠤᠭᠠᠯᠠᠬᠤ ᠲᠣᠬᠠᠶᠢᠯᠠᠭᠰᠠᠨ ᠠᠵᠢᠯ ᠳᠤ᠂ ᠭᠡᠷ ᠪᠠᠶᠢᠰᠢᠩ ᠨᠢ ᠦᠯᠦ ᠬᠦᠳᠡᠯᠬᠦ ᠬᠦᠷᠦᠩᠭᠡ ᠶᠢ ᠳᠠᠩᠰᠠᠯᠠᠨ | ᠲᠡᠮᠲᠡᠭᠯᠡᠬᠦ ᠰᠠᠯᠠᠭ᠎ᠠ ᠮᠦᠴᠢᠷ ᠤᠨ ᠣᠯᠭᠤᠭᠰᠠᠨ ᠦᠨᠡᠮᠯᠡᠯ ᠳᠤ ᠬᠤᠯᠪᠣᠭᠳᠠᠭᠰᠠᠨ ᠪᠠᠶᠢᠪᠠᠯ᠂ ᠭᠡᠷ ᠪᠠᠶᠢᠰᠢᠩ ᠤᠨ | ᠢᠷᠡᠯᠲᠡ ᠶᠢ ᠬᠠᠷᠭᠤᠭᠤᠯᠤᠨ ᠰᠢᠯᠭᠠᠭᠤᠯᠬᠤ ᠪᠠᠷ ᠭᠤᠶᠤᠴᠢᠯᠠᠬᠤ ᠳᠤ᠂ ᠭᠦᠢᠴᠡᠳᠭᠡᠬᠦ ᠴᠠᠭ ᠤᠨ ᠬᠢᠵᠠᠭᠠᠷ ᠢ ᠨᠢ 8 | ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ︔ ᠭᠡᠷ ᠪᠠᠶᠢᠰᠢᠩ ᠬᠤᠳᠠᠯᠳᠤᠨ ᠠᠪᠬᠤ ᠬᠢᠷᠢ ᠭᠡᠮ ᠢ ᠨᠢ | ᠬᠢᠨᠠᠨ ᠬᠠᠷᠭᠤᠭᠤᠯᠬᠤ ᠲᠣᠬᠠᠶᠢᠯᠠᠭᠰᠠᠨ ᠠᠵᠢᠯ ᠳᠤ᠂ ᠬᠠᠮᠢᠶ᠎ᠠ ᠪᠦᠬᠦᠢ ᠲᠣᠬᠠᠶᠢᠲᠠᠢ ᠬᠦᠮᠦᠨ ᠤ ᠨᠡᠷ᠎ᠡ ᠳᠠᠬᠢ ᠭᠡᠷ | ᠪᠠᠶᠢᠰᠢᠩ ᠨᠢ ᠠᠷᠠᠯᠵᠢᠶᠠᠯᠠᠬᠤ ᠡᠷᠬᠡ ᠬᠠᠷᠢᠶ᠎ᠠ ᠶᠢᠨ ᠰᠢᠰᠲ᠋ᠧᠮ ᠤᠨ ᠣᠯᠭᠤᠭᠰᠠᠨ ᠦᠨᠡᠮᠯᠡᠯ ᠳᠤ ᠬᠤᠯᠪᠣᠭᠳᠠᠭᠰᠠᠨ | ᠪᠠᠶᠢᠪᠠᠯ᠂ ᠬᠢᠷᠢ ᠭᠡᠮ ᠢ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠳᠤ᠂ ᠭᠦᠢᠴᠡᠳᠭᠡᠬᠦ ᠴᠠᠭ ᠤᠨ ᠬᠢᠵᠠᠭᠠᠷ ᠢ ᠨᠢ 8 | ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | 3. ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠭᠤᠷᠬᠢ ᠶᠢ ᠨᠢᠭᠡ ᠴᠤᠭᠴᠠᠵᠢᠭᠤᠯᠤᠭᠰᠠᠨ | ᠲᠣᠭᠲᠠᠴᠠ ᠶᠢ ᠬᠡᠷᠡᠭᠵᠢᠭᠦᠯᠦᠨ᠎ᠡ᠃ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠳᠤ ᠰᠦᠯᠵᠢᠶ᠎ᠡ ᠪᠠᠷ | ᠤᠷᠢᠳᠴᠢᠯᠠᠨ ᠬᠢᠨᠠᠬᠤ᠂ ᠰᠦᠯᠵᠢᠶᠡᠨ ᠭᠠᠳᠠᠭᠤᠷ ᠬᠠᠷᠭᠤᠭᠤᠯᠤᠨ ᠰᠢᠯᠭᠠᠬᠤ᠂ ᠨᠢᠭᠡ ᠯᠡ ᠤᠳᠠᠭ᠎ᠠ ᠳᠤ | ᠭᠦᠢᠴᠡᠳᠭᠡᠵᠦ ᠳᠠᠭᠤᠰᠬᠠᠬᠤ ᠲᠣᠭᠲᠠᠴᠠ ᠶᠢ ᠪᠠᠶᠢᠭᠤᠯᠤᠨ᠎ᠠ᠃ ᠭᠤᠶᠤᠴᠢᠯᠠᠯ ᠢᠶᠠᠷ ᠡᠬᠢᠯᠡᠭᠦᠯᠦᠭᠰᠡᠨ ᠡᠯ᠎ᠡ | ᠲᠦᠷᠦᠯ ᠤᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠨ ᠲᠡᠮᠲᠡᠭᠯᠡᠬᠦ ᠲᠣᠬᠠᠶᠢᠯᠠᠭᠰᠠᠨ ᠠᠵᠢᠯ ᠢ ᠰᠦᠯᠵᠢᠶ᠎ᠡ ᠪᠠᠷ | ᠭᠦᠢᠴᠡᠳᠭᠡᠬᠦ᠂ ᠦᠯᠦ ᠬᠦᠳᠡᠯᠬᠦ ᠬᠦᠷᠦᠩᠭᠡ ᠶᠢᠨ ᠡᠷᠬᠡ ᠶᠢ ᠳᠠᠩᠰᠠᠯᠠᠨ ᠲᠡᠮᠲᠡᠭᠯᠡᠬᠦ ᠰᠦᠢᠳᠭᠡᠯ ᠢ ᠰᠦᠯᠵᠢᠶ᠎ᠡ ᠪᠠᠷ | ᠲᠦᠯᠦᠬᠦ ᠶᠢ ᠪᠡᠶᠡᠯᠡᠭᠦᠯᠦᠨ᠎ᠡ᠃ ᠭᠤᠶᠤᠴᠢᠯᠠᠯ ᠢᠶᠠᠷ ᠡᠬᠢᠯᠡᠭᠦᠯᠦᠭᠰᠡᠨ ᠪᠦᠭᠡᠳ ︽ᠲᠣᠬᠠᠢ ᠶᠢᠨ ᠲᠠᠯᠠᠪᠠᠢ ᠳᠤ ᠨᠢ | ᠭᠦᠢᠴᠡᠳᠭᠡᠵᠦ ᠳᠠᠭᠤᠰᠬᠠᠬᠤ ᠪᠤᠰᠤ︾ ᠳᠠᠩᠰᠠᠯᠠᠨ ᠲᠡᠮᠲᠡᠭᠯᠡᠬᠦ ᠲᠣᠬᠠᠶᠢᠯᠠᠭᠰᠠᠨ ᠠᠵᠢᠯ ᠳᠤ ᠭᠡᠷᠡᠴᠢ ᠪᠠ ᠦᠨᠡᠮᠯᠡᠯ | ᠢᠯᠡᠭᠡᠨ ᠬᠦᠷᠭᠡᠬᠦ ᠦᠢᠯᠡᠴᠢᠯᠡᠭᠡ ᠬᠠᠩᠭᠠᠨ᠎ᠠ᠃ | ︵ᠲᠠᠪᠤ︶ ᠠᠵᠤ ᠠᠬᠤᠶᠢᠯᠠᠯ ᠤᠨ ᠬᠢᠨ ᠤ ᠢᠲᠡᠭᠡᠮᠵᠢᠲᠦ ᠵᠢᠭᠡᠯᠡᠯᠭᠡ ᠣᠯᠬᠤ ᠬᠦᠴᠢᠷ ᠢ ᠪᠠᠭᠠᠰᠬᠠᠨ᠎ᠠ᠃ | 1. ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠭᠤᠣᠯ ᠴᠤᠭᠴᠠ ᠶᠢ ᠨᠡᠮᠡᠭᠳᠡᠭᠦᠯᠦᠨ᠎ᠡ᠃ ᠭᠠᠳᠠᠭᠠᠲᠤ | ᠪᠡᠯᠡ ᠶᠢᠨ ᠪᠠᠩᠭᠢ᠂ ᠪᠦᠬᠦ ᠤᠯᠤᠰ ᠤᠨ ᠴᠢᠨᠠᠷᠲᠠᠢ ᠬᠤᠪᠢᠴᠠᠭᠠᠲᠤ ᠳᠦᠷᠢᠮ ᠤᠨ ᠬᠤᠳᠠᠯᠳᠤᠭᠠᠨ ᠤ ᠪᠠᠩᠭᠢ ᠪᠣᠯᠣᠨ | ᠳᠤᠮᠳᠠᠳᠤ ᠭᠠᠳᠠᠭᠠᠲᠤ ᠪᠡᠯᠡ ᠶᠢᠨ ᠳᠠᠭᠠᠳᠬᠠᠯ ᠤᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠬᠢᠨ ᠤ ᠮᠠᠨ ᠤ | ᠣᠷᠣᠨ ᠳᠤ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠵᠣᠷᠢᠬᠵᠢᠭᠤᠯᠤᠨ᠎ᠠ᠃ ᠬᠡᠷᠡᠭᠯᠡᠭᠡ ᠶᠢᠨ ᠮᠦᠩᠭᠦᠨ | ᠭᠦᠢᠯᠭᠡᠭᠡᠨ ᠤ ᠺᠤᠮᠫᠠᠨᠢ ᠵᠡᠷᠭᠡ ᠪᠠᠩᠭᠢ ᠶᠢᠨ ᠪᠤᠰᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠭᠤᠯᠬᠤ ᠶᠢ | ᠠᠬᠢᠭᠤᠯᠤᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠭᠵᠢᠭᠦᠯᠦᠨ ᠪᠣᠵᠠᠭᠠᠶᠢᠷᠠᠭᠤᠯᠵᠤ᠂ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠪᠣᠯᠣᠨ ᠪᠡᠯᠡ ᠲᠣᠬᠢᠷᠠᠭᠤᠯᠭ᠎ᠠ ᠳᠤ | ᠳᠠᠭᠠᠭᠠᠯᠲᠠ ᠬᠢᠬᠦ ᠪᠠᠶᠢᠭᠤᠯᠤᠮᠵᠢ ᠶᠢ ᠢᠳᠡᠪᠬᠢᠲᠡᠢ ᠬᠥᠭᠵᠢᠭᠦᠯᠦᠨ᠎ᠡ᠃ | 2. ᠰᠢᠭᠤᠳ ᠪᠡᠯᠡ ᠲᠣᠬᠢᠷᠠᠭᠤᠯᠭ᠎ᠠ ᠬᠢᠬᠦ ᠬᠡᠪᠴᠢᠶᠡᠵᠢᠯ ᠢ ᠥᠷᠭᠡᠳᠭᠡᠨ᠎ᠡ᠃ ᠠᠵᠤ ᠠᠬᠤᠶᠢᠯᠠᠯ ᠤᠨ | ᠵᠢᠷᠤᠮᠵᠢᠭᠤᠯᠤᠭᠰᠠᠨ ᠺᠤᠮᠫᠠᠨᠢ ᠶᠢᠨ ᠳᠦᠷᠢᠮ ᠤᠨ ᠦᠭᠡᠷᠡᠴᠢᠯᠡᠯᠲᠡ ᠶᠢᠨ ᠠᠬᠢᠴᠠ ᠶᠢ ᠲᠦᠷᠭᠡᠳᠭᠡᠵᠦ᠂ ᠭᠠᠶᠢᠯᠢ | ᠰᠦᠢᠳᠭᠡᠯ ᠵᠡᠷᠭᠡ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ | ᠠᠬᠤᠶᠢᠯᠠᠯ ᠤᠨ ᠬᠢᠨ ᠤ ᠬᠢᠯᠢ ᠶᠢᠨ ᠳᠤᠲᠤᠭᠠᠲᠤ ᠭᠠᠳᠠᠭᠠᠲᠤ ᠶᠢᠨ ᠵᠠᠬ᠎ᠠ ᠳᠡᠯᠭᠡᠭᠦᠷ ᠲᠤ ᠭᠠᠷᠬᠤ᠂ ᠰᠢᠨ᠎ᠡ | ᠭᠤᠷᠪᠠᠳᠤᠭᠠᠷ ᠰᠠᠮᠪᠠᠷ᠎ᠠ ᠪᠣᠯᠣᠨ ᠣᠷᠣᠨ ᠪᠦᠰᠡ ᠶᠢᠨ ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ | ᠫᠠᠶᠢᠰᠠ ᠡᠯᠭᠦᠬᠦ ᠶᠢ ᠢᠳᠡᠪᠬᠢᠲᠡᠢ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠢᠨ ᠤ | ᠣᠬᠤᠷ ᠬᠤᠭᠤᠴᠠᠭᠠᠨ ᠤ ᠪᠡᠯᠡ ᠲᠣᠬᠢᠷᠠᠭᠤᠯᠬᠤ ᠲᠡᠮᠲᠡᠭᠲᠦ ᠵᠡᠷᠭᠡ ᠮᠦᠩᠭᠦᠨ ᠭᠦᠢᠯᠭᠡᠭᠡᠨ ᠤ ᠪᠤᠰᠤ ᠠᠵᠤ | ᠠᠬᠤᠶᠢᠯᠠᠯ ᠤᠨ ᠥᠷᠢ ᠥᠭᠴᠢᠭᠡ ᠶᠢᠨ ᠪᠡᠯᠡ ᠲᠣᠬᠢᠷᠠᠭᠤᠯᠬᠤ ᠪᠠᠭᠠᠵᠢ ᠲᠠᠷᠬᠠᠭᠠᠵᠤ ᠪᠠᠶᠢᠭᠠᠳ ᠪᠡᠯᠡ ᠮᠦᠩᠭᠦ | ᠴᠤᠭᠯᠠᠭᠤᠯᠬᠤ ᠶᠢ ᠳᠡᠮᠵᠢᠨ᠎ᠡ᠃ | 3. ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ᠮᠦᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠪᠡᠯᠡ ᠲᠣᠬᠢᠷᠠᠭᠤᠯᠭ᠎ᠠ ᠶᠢᠨ ᠵᠠᠪᠰᠠᠷ ᠤᠨ ᠭᠤᠭᠴᠤᠭ᠎ᠠ ᠪᠠᠨ | ᠢᠯᠭᠠᠷᠠᠭᠤᠯᠬᠤ ᠶᠢ ᠨᠢ ᠠᠬᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠭᠡᠯ ᠬᠤᠷᠢᠶᠠᠬᠤ ᠪᠠ | ᠢᠲᠡᠭᠡᠮᠵᠢᠲᠦ ᠵᠢᠭᠡᠯᠡᠯᠭᠡ ᠲᠠᠯᠪᠢᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠺᠤᠮᠫᠠᠨᠢ ᠶᠢᠨ ᠥᠭᠴᠢᠭᠡ ᠵᠡᠷᠭᠡ ᠠᠷᠭ᠎ᠠ | ᠬᠡᠯᠪᠡᠷᠢ ᠶᠢ ᠬᠡᠷᠡᠭᠯᠡᠵᠦ ᠪᠠᠶᠢᠭᠠᠳ ᠢᠲᠡᠭᠡᠮᠵᠢᠲᠦ ᠵᠢᠭᠡᠯᠡᠯᠭᠡ ᠶᠢᠨ ᠪᠤᠰᠤ ᠪᠡᠯᠡ ᠲᠣᠬᠢᠷᠠᠭᠤᠯᠭ᠎ᠠ ᠶᠢᠨ ᠡᠵᠡᠯᠡᠬᠦ | ᠬᠠᠷᠢᠴᠠᠯ ᠢ ᠳᠡᠭᠡᠭᠰᠢᠯᠡᠭᠦᠯᠦᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠳᠤᠭᠠᠲᠤ ᠶᠢᠨ | ᠦᠭᠡᠷᠡᠴᠢᠯᠡᠯᠲᠡ ᠪᠠᠨ ᠭᠦᠨᠵᠡᠭᠡᠶᠢᠷᠡᠭᠦᠯᠬᠦ ᠶᠢ ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠵᠡᠷᠭᠡ ᠳᠤ ᠴᠢᠭᠯᠡᠭᠦᠯᠦᠭᠰᠡᠨ ᠲᠤᠰᠬᠠᠢ ᠡᠵᠡᠩᠨᠡᠯᠲᠡ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ ᠪᠠᠶᠢᠭᠤᠯᠤᠨ᠎ᠠ᠃ ᠠᠵᠤ ᠠᠬᠤᠶᠢᠯᠠᠯ ᠤᠨ ᠵᠢᠭᠡᠯᠡᠯᠭᠡ ᠶᠢᠨ ᠢᠲᠡᠭᠡᠮᠵᠢ ᠶᠢ ᠦᠨᠡᠯᠡᠨ ᠵᠢᠱᠢᠬᠦ | ᠭᠦᠢᠴᠡᠳᠭᠡᠯ ᠲᠣᠭᠠᠨ ᠤ ᠰᠢᠰᠲ᠋ᠧᠮᠵᠢ ᠳᠠᠬᠢ ᠮᠡᠳᠡᠯᠭᠡ ᠦᠮᠴᠢᠯᠡᠬᠦ ᠡᠷᠬᠡ ᠶᠢᠨ ᠥᠷᠲᠡᠭ ᠢ ᠦᠨᠡᠯᠡᠬᠦ ᠶᠢᠨ ᠲᠡᠩᠨᠡᠭᠦᠯᠬᠦ | ᠬᠡᠮᠵᠢᠶ᠎ᠡ ᠶᠢ ᠨᠢ ᠨᠡᠮᠡᠭᠳᠡᠭᠦᠯᠦᠨ᠎ᠡ᠃ | 4. ᠮᠦᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠮᠦᠩᠭᠦᠨ ᠭᠦᠢᠯᠭᠡᠭᠡᠨ ᠤ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ | ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠠᠷᠭ᠎ᠠ ᠵᠠᠮ ᠢ ᠥᠷᠭᠡᠳᠭᠡᠵᠦ᠂ ᠢᠲᠡᠭᠡᠮᠵᠢᠲᠦ ᠵᠢᠭᠡᠯᠡᠯᠭᠡ ᠶᠢᠨ | ᠳᠦᠭᠦᠮᠴᠢᠯᠡᠭᠰᠡᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠭᠠᠵᠠᠷ ᠣᠷᠣᠨ ᠳᠤ ᠴᠢᠭᠯᠡᠭᠦᠯᠦᠨ | ᠲᠥᠷᠥ ᠶᠢᠨ ᠪᠣᠳᠣᠯᠭ᠎ᠠ ᠪᠠᠷ ᠲᠡᠳᠭᠦᠨ ᠲᠡᠮᠵᠢᠬᠦ ᠠᠵᠢᠯ ᠢ ᠦᠷᠨᠢᠭᠦᠯᠵᠦ᠂ ᠮᠦᠩᠭᠦᠨ ᠭᠦᠢᠯᠭᠡᠭᠡᠨ ᠤ | ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ ᠡᠯ᠎ᠡ ᠵᠦᠢᠯ ᠤᠨ ᠬᠡᠯᠪᠡᠷᠢᠲᠦ ᠪᠡᠯᠡ | ᠲᠣᠬᠢᠷᠠᠭᠤᠯᠭ᠎ᠠ ᠶᠢᠨ ᠵᠠᠯᠭᠠᠯᠳᠤᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠥᠷᠢ | ᠥᠭᠴᠢᠭᠡ ᠶᠢ ᠳᠠᠬᠢᠵᠤ ᠵᠣᠬᠢᠶᠠᠨ ᠪᠠᠶᠢᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ ᠵᠦᠢ ᠪᠤᠰᠤ ᠵᠢᠭᠡᠯᠡᠯᠭᠡ ᠶᠢ | ᠢᠳᠡᠪᠬᠢᠲᠡᠢ ᠰᠢᠢᠳᠪᠦᠷᠢᠯᠡᠵᠦ᠂ ᠡᠳ᠋ ᠬᠦᠷᠦᠩᠭᠡ ᠶᠢᠨ ᠲᠡᠮᠲᠡᠭᠲᠦᠴᠢᠯᠡᠬᠦ ᠲᠣᠬᠠᠶᠢᠯᠠᠭᠰᠠᠨ ᠠᠵᠢᠯ ᠤᠨ ᠬᠥᠭᠵᠢᠯᠲᠡ ᠶᠢ | ᠳᠡᠮᠵᠢᠵᠦ᠂ ᠪᠡᠯᠡ ᠮᠦᠩᠭᠦ ᠲᠤᠬᠢᠷᠠᠭᠤᠯᠤᠨ ᠳᠦᠬᠦᠷᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠵᠤ ᠠᠬᠤᠶᠢᠯᠠᠯ ᠤᠨ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | 1. ᠭᠠᠶᠢᠯᠢ ᠲᠤᠰᠢᠶᠠᠬᠤ ᠪᠠ ᠭᠠᠶᠢᠯᠢ ᠶᠢ ᠨᠢ ᠪᠤᠴᠠᠭᠠᠬᠤ ᠠᠵᠢᠯ ᠤᠨ ᠭᠦᠢᠴᠡᠳᠭᠡᠬᠦ ᠴᠠᠭ ᠤᠨ ᠬᠢᠵᠠᠭᠠᠷ ᠢ ᠨᠢ | ᠪᠤᠭᠤᠨᠢᠰᠬᠠᠨ᠎ᠠ᠃ ᠣᠷᠣᠨ ᠪᠦᠰᠡ ᠠᠯᠤᠰᠯᠠᠨ ᠰᠢᠯᠵᠢᠭᠰᠡᠨ ᠭᠠᠶᠢᠯᠢ ᠲᠤᠰᠢᠶᠠᠭᠴᠢᠳ ᠤᠨ ᠲᠣᠬᠠᠶᠢᠯᠠᠭᠰᠠᠨ ᠠᠵᠢᠯ | ᠭᠦᠢᠴᠡᠳᠭᠡᠬᠦ ᠴᠤᠪᠤᠷᠠᠯ ᠢ ᠳᠦᠭᠦᠮᠴᠢᠯᠡᠵᠦ᠂ ᠭᠠᠶᠢᠯᠢ ᠶᠢᠨ ᠠᠵᠢᠯ ᠬᠡᠷᠡᠭ ᠭᠦᠢᠴᠡᠳᠭᠡᠬᠦ ᠵᠦᠢᠯᠡᠰ ᠤᠨ ︽ | ᠶᠡᠬᠡᠳᠡᠬᠦ ᠳᠤ ᠪᠠᠨ ᠨᠢᠭᠡ ᠤᠳᠠᠭ᠎ᠠ ᠣᠴᠢᠵᠤ ᠭᠦᠢᠴᠡᠳᠭᠡᠬᠦ︾ ︽ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ︾ | ᠨᠠᠷᠢᠨ ᠬᠠᠭᠤᠳᠠᠰᠤ ᠶᠢ ᠬᠡᠷᠡᠭᠵᠢᠭᠦᠯᠦᠨ᠎ᠡ᠃ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠲᠡᠭᠯᠡᠬᠦ ᠵᠡᠷᠭᠡ 6 | ᠲᠦᠷᠦᠯ ᠤᠨ ᠵᠦᠢᠯᠡᠰ ᠢ ᠪᠦᠬᠦ ᠣᠷᠣᠨ ᠳᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠵᠦ᠂ ᠮᠤᠵᠢ ᠠᠯᠤᠰᠯᠠᠨ | ᠡᠵᠡᠩᠨᠡᠭᠰᠡᠨ ᠠᠵᠤ ᠠᠬᠤᠶᠢᠯᠠᠯ ᠳᠤ ᠭᠠᠶᠢᠯᠢ ᠲᠠᠢ ᠬᠤᠯᠪᠣᠭᠳᠠᠭᠰᠠᠨ ᠮᠡᠳᠡᠭᠡ ᠵᠠᠩᠭᠢ ᠶᠢᠨ ᠮᠡᠳᠡᠭᠦᠯᠦᠯᠲᠡ ᠬᠠᠩᠭᠠᠬᠤ | ᠵᠡᠷᠭᠡ 4 ᠲᠦᠷᠦᠯ ᠤᠨ 15 ᠵᠦᠢᠯ ᠲᠠᠢ ᠭᠠᠶᠢᠯᠢ ᠶᠢᠨ ᠵᠦᠢᠯᠡᠰ ᠢ ᠪᠦᠬᠦ ᠤᠯᠤᠰ ᠲᠤ ᠨᠡᠶᠢᠳᠡᠮ ᠭᠦᠢᠴᠡᠳᠭᠡᠬᠦ | ᠪᠣᠯᠭᠠᠨ᠎ᠠ᠃ ᠭᠠᠶᠢᠯᠢ ᠭᠦᠢᠴᠡᠳᠭᠡᠬᠦ ᠶᠢᠨ ︽ᠢᠵᠢ ᠬᠡᠯᠪᠡᠷᠢ︾ ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠣᠯᠠᠨ | ᠲᠦᠷᠦᠯ ᠤᠨ ᠵᠦᠢᠯᠡᠰ ᠢ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠨ᠎ᠠ᠃ | 2. ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ︽ᠠᠷᠠᠳ ᠤᠨ ᠭᠠᠶᠢᠯᠢ ᠤᠨ ᠠᠵᠢᠯ ᠬᠡᠷᠡᠭ ᠭᠦᠢᠴᠡᠳᠭᠡᠬᠦ ᠳᠤ ᠳᠦᠭᠦᠮ ᠦᠵᠡᠭᠦᠯᠬᠦ ᠤᠷᠢᠬᠠᠨ ᠰᠠᠯᠬᠢᠲᠦ ᠠᠵᠢᠯᠯᠠᠭ᠎ᠠ︾ | ᠶᠢ ᠭᠦᠨᠵᠡᠭᠡᠢ ᠦᠷᠨᠢᠭᠦᠯᠦᠨ᠎ᠡ᠃ ᠡᠮᠦᠨ᠎ᠡ ᠲᠠᠪᠴᠠᠩ ᠪᠣᠯᠣᠨ ᠠᠷᠤ ᠲᠠᠯ᠎ᠠ ᠶᠢᠨ ᠲᠣᠬᠠᠶᠢᠯᠠᠭᠰᠠᠨ ᠠᠵᠢᠯ ᠤᠨ | ᠠᠭᠤᠰᠤᠯᠴᠠᠬᠤ ᠶᠢ ᠠᠬᠢᠭᠤᠯᠵᠤ᠂ ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡᠨ ᠤ ᠲᠠᠩᠬᠢᠮ ᠳᠤ | ᠭᠠᠶᠢᠯᠢ ᠶᠢᠨ ᠲᠣᠬᠠᠶᠢᠯᠠᠭᠰᠠᠨ ᠠᠵᠢᠯ ᠢ ︽ᠨᠢᠭᠡ ᠲᠠᠩᠬᠢᠮ ᠳᠤ ᠨᠡᠶᠢᠳᠡᠮ ᠭᠦᠢᠴᠡᠳᠭᠡᠵᠦ︾ ᠪᠣᠯᠬᠤ ᠶᠢ | ᠪᠡᠶᠡᠯᠡᠭᠦᠯᠦᠨ᠎ᠡ᠃ ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡᠨ ᠤ ᠲᠠᠩᠬᠢᠮ ᠤᠨ ᠬᠠᠮᠢᠶᠠᠷᠤᠯᠲᠠ ᠶᠢ | ᠵᠢᠷᠤᠮᠵᠢᠭᠤᠯᠵᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠣᠯᠠᠨ ᠲᠦᠮᠡᠨ ᠤ ᠠᠩᠬᠠᠷᠤᠯ | ᠲᠠᠯᠪᠢᠵᠤ ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ ᠢ ᠴᠠᠭ ᠲᠣᠬᠠᠢ ᠳᠤ ᠨᠢ ᠴᠡᠭᠴᠡᠯᠡᠨ ᠰᠠᠶᠢᠵᠢᠷᠠᠭᠤᠯᠤᠨ᠎ᠠ᠃ | 3. ᠣᠯᠠᠨ ᠡᠰᠢᠲᠦ ᠭᠠᠶᠢᠯᠢ ᠶᠢᠨ ᠠᠵᠢᠯ ᠬᠡᠷᠡᠭ ᠭᠦᠢᠴᠡᠳᠭᠡᠬᠦ ᠠᠷᠭ᠎ᠠ ᠵᠠᠮ ᠢ ᠪᠠᠶᠢᠭᠤᠯᠤᠨ᠎ᠠ᠃ ᠰᠦᠯᠵᠢᠶᠡᠨ | ᠳᠡᠭᠡᠷ᠎ᠡ ᠴᠠᠭ ᠲᠣᠬᠠᠢ ᠲᠤ ᠨᠢ ᠭᠠᠶᠢᠯᠢ ᠲᠤᠰᠢᠶᠠᠬᠤ ᠲᠣᠬᠠᠶᠢᠯᠠᠭᠰᠠᠨ ᠠᠵᠢᠯ ᠢ ᠨᠡᠭᠡᠭᠡᠨ ᠡᠬᠢᠯᠡᠭᠦᠯᠵᠦ᠂ ᠪᠠᠷᠢᠮᠲᠠ ᠶᠢ | ᠰᠦᠯᠵᠢᠶ᠎ᠡ ᠪᠠᠷ ᠭᠤᠶᠤᠴᠢᠯᠠᠨ ᠠᠪᠬᠤ ᠶᠢ ᠶᠡᠭᠡ ᠪᠠᠷ ᠬᠡᠷᠡᠭᠵᠢᠭᠦᠯᠦᠨ᠂ ᠦᠪᠡᠰᠦᠪᠡᠨ ᠭᠠᠶᠢᠯᠢ ᠲᠤᠰᠢᠶᠠᠬᠤ | ᠦᠢᠯᠡᠴᠢᠯᠡᠭᠡ ᠶᠢ ᠳᠡᠯᠭᠡᠷᠡᠭᠦᠯᠦᠨ᠎ᠡ᠃ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡ ᠶᠢ ᠺᠣᠮᠫᠢᠦᠲ᠋ᠧᠷᠴᠢᠯᠡᠬᠦ᠂ ᠡᠯᠧᠺᠲᠷᠣᠨ | ᠪᠤᠳᠠᠳᠤ ᠴᠤᠭᠴᠠ ᠶᠢ ᠴᠢᠨᠠᠷ ᠢᠵᠢᠯᠢᠰᠢᠭᠦᠯᠬᠦ᠂ ᠳᠦᠭᠦᠮ ᠳᠦᠳᠡᠴᠢᠯᠡᠨ ᠤᠶᠤᠨᠴᠢᠯᠠᠬᠤ ᠶᠢ ᠪᠡᠶᠡᠯᠡᠭᠦᠯᠦᠨ᠎ᠡ᠃ | ᠭᠠᠶᠢᠯᠢ ᠲᠠᠲᠠᠪᠤᠷᠢᠯᠠᠬᠤ ᠪᠠ ᠲᠤᠰᠢᠶᠠᠬᠤ ᠶᠢ ᠨᠡᠪᠲᠡᠷᠡᠯᠴᠡᠭᠦᠯᠦᠭᠰᠡᠨ ᠦᠢᠯᠡᠴᠢᠯᠡᠭᠡᠨ ᠤ ᠲᠠᠪᠴᠠᠩ ᠢ ᠴᠤᠭᠴᠠᠯᠠᠨ | ᠪᠠᠶᠢᠭᠤᠯᠵᠤ᠂ ᠠᠰᠠᠭᠤᠨ ᠯᠠᠪᠯᠠᠬᠤ ᠤᠶᠤᠨᠴᠢ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠎ᠡ᠃ | 4. ᠭᠠᠶᠢᠯᠢ ᠲᠤᠰᠢᠶᠠᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠭᠦᠨᠵᠡᠭᠡᠶᠢᠷᠡᠭᠦᠯᠦᠨ᠎ᠡ᠃ ᠭᠠᠶᠢᠯᠢ | ᠲᠤᠰᠢᠶᠠᠭᠴᠢᠳ ᠤᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠪᠠᠶᠢᠴᠠᠭᠠᠨ ᠰᠤᠳᠤᠯᠬᠤ ᠪᠠ ᠬᠡᠷᠡᠭᠴᠡᠭᠡ | ᠱᠠᠭᠠᠷᠳᠠᠯᠭ᠎ᠠ ᠶᠢ ᠨᠢ ᠬᠤᠷᠢᠶᠠᠨ ᠴᠤᠭᠯᠠᠭᠤᠯᠵᠤ ᠣᠶᠢᠯᠠᠭᠠᠬᠤ ᠠᠵᠢᠯ ᠢ ᠦᠷᠨᠢᠭᠦᠯᠵᠦ᠂ ᠭᠠᠶᠢᠯᠢ ᠲᠤᠰᠢᠶᠠᠭᠴᠢᠳ ᠤᠨ | ᠬᠡᠷᠡᠭᠴᠡᠭᠡ ᠱᠠᠭᠠᠷᠳᠠᠯᠭ᠎ᠠ ᠳᠤ ᠤᠷᠤᠮᠵᠢᠭᠤᠯᠤᠨ ᠬᠠᠮᠢᠶᠠᠷᠬᠤ ᠵᠠᠭᠪᠤᠷ ᠢ ᠪᠠᠶᠢᠭᠤᠯᠵᠤ᠂ ᠭᠠᠶᠢᠯᠢ ᠲᠤᠰᠢᠶᠠᠭᠴᠢᠳ ᠤᠨ | ᠬᠡᠷᠡᠭᠴᠡᠭᠡ ᠱᠠᠭᠠᠷᠳᠠᠯᠭ᠎ᠠ ᠶᠢ ᠥᠷᠭᠡᠨ ᠳᠡᠯᠭᠡᠷ ᠢᠶᠠᠷ ᠬᠤᠷᠢᠶᠠᠨ ᠴᠤᠭᠯᠠᠭᠤᠯᠵᠤ ᠣᠶᠢᠯᠠᠭᠠᠬᠤ᠂ ᠰᠢᠨᠵᠢᠯᠡᠬᠦ | ᠤᠬᠠᠭᠠᠨᠴᠢ ᠪᠠᠷ ᠵᠠᠳᠠᠯᠬᠤ᠂ ᠵᠦᠢ ᠵᠣᠬᠢᠰᠲᠠᠢ ᠬᠡᠷᠡᠭᠯᠡᠬᠦ᠂ ᠥᠳᠲᠡᠷ ᠲᠥᠷᠭᠡᠨ ᠳᠠᠭᠠᠬᠤ ᠲᠤᠰᠠᠭᠠᠷ | ᠬᠠᠷᠢᠭᠤᠯᠲᠠ ᠲᠠᠢ ᠬᠠᠮᠢᠶᠠᠷᠤᠯᠲᠠ ᠶᠢ ᠪᠡᠶᠡᠯᠡᠭᠦᠯᠦᠨ᠂ ᠭᠠᠶᠢᠯᠢ ᠲᠤᠰᠢᠶᠠᠭᠴᠢᠳ ᠤᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠳᠤ ᠴᠠᠭ ᠲᠣᠬᠠᠢ ᠳᠤ ᠨᠢ ᠬᠠᠷᠢᠭᠤ ᠲᠤᠰᠬᠠᠵᠤ᠂ ᠭᠠᠶᠢᠯᠢ ᠲᠤᠰᠢᠶᠠᠭᠴᠢᠳ ᠤᠨ ᠵᠦᠢ ᠶᠤᠰᠤᠨ ᠤ | ᠭᠠᠶᠢᠯᠢ ᠳᠤ ᠬᠤᠯᠪᠣᠭᠳᠠᠭᠰᠠᠨ ᠬᠦᠰᠡᠯ ᠱᠠᠭᠠᠷᠳᠠᠯᠭ᠎ᠠ ᠶᠢ ᠨᠢ ᠬᠦᠨᠳᠦᠳᠭᠡᠨ᠎ᠡ᠃ | ︵ᠳᠤᠯᠤᠭ᠎ᠠ︶ ᠠᠵᠤ ᠠᠬᠤᠶᠢᠯᠠᠯ ᠤᠨ ᠬᠢᠯᠢ ᠠᠯᠤᠰᠯᠠᠨ ᠠᠷᠠᠯᠵᠢᠶᠠᠯᠠᠬᠤ ᠪᠠ ᠪᠡᠯᠡ ᠣᠷᠤᠭᠤᠯᠬᠤ ᠳᠤ | ᠳᠦᠭᠦᠮ ᠠᠪᠰᠠᠷᠬᠠᠨ ᠢᠶᠠᠷ ᠭᠦᠢᠴᠡᠳᠭᠡᠬᠦ ᠶᠢ ᠳᠡᠭᠡᠭᠰᠢᠯᠡᠭᠦᠯᠦᠨ᠎ᠡ᠃ | 1. ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠠᠰᠢᠭᠯᠠᠬᠤ ᠪᠠᠨ ᠥᠷᠭᠡᠳᠭᠡᠨ᠎ᠡ᠃ ︽ | ᠭᠠᠳᠠᠭᠠᠳᠤ ᠳᠤ ᠨᠡᠭᠡᠭᠡᠯᠲᠡ ᠬᠢᠬᠦ ᠶᠢ ᠥᠷᠭᠡᠳᠭᠡᠵᠦ ᠭᠠᠳᠠᠭᠠᠲᠤ ᠪᠡᠯᠡ ᠶᠢ ᠢᠳᠡᠪᠬᠢᠲᠡᠢ ᠠᠰᠢᠭᠯᠠᠬᠤ ᠠᠷᠭ᠎ᠠ | ᠬᠡᠮᠵᠢᠶ᠎ᠡ ᠨᠦᠭᠦᠳ ᠤᠨ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠭᠠᠳᠠᠭᠠᠳᠤ ᠪᠡᠯᠡ ᠶᠢᠨ ᠵᠥᠪᠰᠢᠶᠡᠷᠡᠨ | ᠣᠷᠤᠭᠤᠯᠬᠤ ᠬᠢᠵᠠᠭᠠᠷᠯᠠᠯ ᠢ ᠠᠭᠤᠵᠢᠭᠤ ᠲᠠᠯᠪᠢᠵᠤ᠂ ᠭᠤᠣᠯᠳᠠᠯᠭ᠎ᠠ ᠲᠠᠢ ᠣᠷᠣᠨ ᠪᠦᠰᠡ ᠳᠠᠬᠢ ᠭᠠᠳᠠᠭᠠᠳᠤ ᠪᠡᠯᠡ ᠶᠢ | ᠠᠰᠢᠭᠯᠠᠬᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠤᠯᠤᠰ ᠠᠯᠤᠰᠯᠠᠭᠰᠠᠨ ᠺᠤᠮᠫᠠᠨᠢ ᠶᠢᠨ ᠣᠷᠣᠨ ᠤ | ᠲᠤᠳᠤᠭᠠᠲᠤ ᠳᠠᠬᠢ ᠬᠥᠭᠵᠢᠯᠲᠡ ᠶᠢ ᠠᠬᠢᠭᠤᠯᠵᠤ᠂ ᠭᠠᠳᠠᠭᠠᠲᠤ ᠪᠡᠯᠡ ᠶᠢᠨ ᠠᠵᠤ ᠠᠬᠤᠶᠢᠯᠠᠯ ᠤᠨ ᠬᠢᠨ ᠤ ᠣᠷᠣᠨ ᠤ | ᠳᠤᠲᠤᠷ᠎ᠠ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠨᠢ ᠵᠣᠷᠢᠬᠵᠢᠭᠤᠯᠵᠤ᠂ ᠬᠢᠯᠢ ᠶᠢᠨ ᠭᠠᠳᠠᠨᠠᠬᠢ ᠪᠡᠯᠡ | ᠣᠷᠤᠭᠤᠯᠤᠯᠲᠠ ᠠᠵᠤ ᠠᠬᠤᠢ ᠠᠷᠠᠯᠵᠢᠶ᠎ᠠ ᠶᠢᠨ ᠬᠠᠮᠲᠤᠷᠠᠨ ᠠᠵᠢᠯᠯᠠᠭᠰᠠᠳ ᠤᠨ ᠲᠣᠣᠷ ᠰᠦᠯᠵᠢᠶ᠎ᠡ ᠶᠢ ᠲᠦᠷᠭᠡᠳᠭᠡᠨ | ᠪᠠᠶᠢᠭᠤᠯᠤᠨ᠎ᠠ᠃ | 2. ᠠᠷᠠᠯᠵᠢᠶ᠎ᠠ ᠶᠢᠨ ᠳᠦᠭᠦᠮ ᠠᠪᠰᠠᠷᠬᠠᠨ ᠢᠶᠠᠷ ᠭᠦᠢᠴᠡᠳᠭᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠠᠳᠠᠭᠠᠳᠤ ᠠᠷᠠᠯᠵᠢᠶ᠎ᠠ ᠶᠢᠨ ᠡᠵᠡᠩᠨᠡᠭᠴᠢ ᠶᠢ ᠪᠦᠷᠢᠳᠭᠡᠨ ᠲᠡᠮᠲᠡᠭᠯᠡᠬᠦ ᠶᠢᠨ ︽ᠣᠯᠠᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠬᠤ︾ ᠲᠣᠬᠠᠶᠢᠯᠠᠭᠰᠠᠨ ᠠᠵᠢᠯ ᠢ ᠬᠢᠨᠠᠮᠠᠭᠠᠢ ᠦᠷᠨᠢᠭᠦᠯᠵᠦ᠂ ︽ᠨᠢᠭᠡ ᠯᠡ ᠬᠦᠰᠦᠨᠦᠭᠲᠦ᠂ ᠨᠢᠭᠡ ᠯᠡ | ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠬᠢᠯᠢ ᠶᠢᠨ | ᠪᠤᠭᠤᠮᠲᠠ ᠶᠢᠨ ᠮᠡᠳᠡᠭᠡ ᠵᠠᠩᠬᠢᠵᠢᠯᠠᠬᠤ ᠬᠢᠷᠢ ᠲᠥᠪᠰᠢᠨ ᠢ ᠳᠡᠭᠡᠭᠰᠢᠯᠡᠭᠦᠯᠵᠦ᠂ ᠪᠤᠭᠤᠮᠲᠠ ᠪᠠᠷ ᠨᠡᠪᠲᠡᠷᠡᠬᠦ ᠶᠢ ᠬᠢᠨᠠᠨ | ᠬᠠᠮᠢᠶᠠᠷᠬᠤ ᠴᠤᠪᠤᠷᠠᠯ ᠢ ᠨᠢ ᠰᠢᠯᠢᠳᠡᠭᠵᠢᠭᠦᠯᠦᠨ᠎ᠡ᠃ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ | ᠠᠵᠤ ᠠᠬᠤᠶᠢᠯᠠᠯ ᠤᠨ ᠪᠤᠭᠤᠮᠲᠠ᠂ ᠦᠢᠯᠡᠳᠪᠦᠷᠢ ᠬᠤᠳᠠᠯᠳᠤᠭ᠎ᠠ ᠳᠤ ᠣᠯᠠᠨᠲᠠ ᠮᠡᠳᠡᠭᠦᠯᠬᠦ ᠶᠢ ᠨᠡᠶᠢᠯᠡᠭᠦᠯᠦᠨ ᠨᠢᠭᠡ | ᠪᠣᠯᠭᠠᠬᠤ ᠶᠢ ᠬᠡᠷᠡᠭᠵᠢᠭᠦᠯᠵᠦ᠂ ᠺᠣᠮᠫᠢᠦᠲᠷᠴᠢᠯᠡᠨ ᠠᠵᠢᠯᠯᠠᠵᠤ ᠭᠦᠢᠴᠡᠳᠭᠡᠬᠦ ᠶᠢ ᠳᠡᠯᠭᠡᠷᠡᠭᠦᠯᠵᠦ᠂ ᠬᠠᠭᠤᠳᠠᠰᠤ | ᠪᠠᠷᠢᠮᠲᠠ ᠲᠤᠰᠢᠶᠠᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠦᠨ᠂ ᠦᠨᠡᠮᠯᠡᠯ ᠭᠦᠢᠴᠡᠳᠭᠡᠬᠦ ᠴᠠᠭ ᠤᠨ ᠬᠢᠵᠠᠭᠠᠷ ᠢ ᠪᠦᠬᠦ | ᠲᠠᠯ᠎ᠠ ᠪᠠᠷ ᠪᠤᠭᠤᠨᠢᠰᠬᠠᠨ᠎ᠠ᠃ | 3. ᠭᠠᠳᠠᠭᠠᠲᠤ ᠪᠡᠯᠡ ᠶᠢᠨ ᠠᠵᠤ ᠠᠬᠤᠶᠢᠯᠠᠯ ᠤᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ᠡᠷᠬᠡ ᠲᠡᠭᠰᠢ ᠪᠠᠷ ᠦᠷᠢᠰᠦᠯᠳᠦᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠡᠭᠦᠳᠴᠦ᠂ ᠭᠠᠳᠠᠭᠠᠲᠤ ᠪᠡᠯᠡ ᠶᠢᠨ | ᠠᠵᠤ ᠠᠬᠤᠶᠢᠯᠠᠯ ᠤᠨ ᠮᠡᠳᠡᠯᠭᠡ ᠦᠮᠴᠢᠯᠡᠬᠦ ᠡᠷᠬᠡ ᠶᠢ ᠴᠢᠩᠭ᠎ᠠ ᠬᠠᠮᠠᠭᠠᠯᠠᠨ᠎ᠠ᠃ ᠬᠠᠷᠢ ᠨᠤᠲᠤᠭ ᠲᠠᠢ | ᠴᠢᠳᠠᠪᠤᠷᠢᠲᠠᠨ ᠢ ᠣᠷᠤᠭᠤᠯᠤᠨ ᠠᠪᠴᠢᠷᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠬᠠᠷᠢ ᠨᠤᠲᠤᠭ ᠲᠠᠢ | ᠴᠢᠳᠠᠪᠤᠷᠢᠲᠠᠨ ᠤ ᠬᠢᠯᠢ ᠪᠠᠷ ᠣᠷᠤᠵᠤ ᠭᠠᠷᠬᠤ ᠳᠤ ᠳᠦᠭᠦᠮ ᠦᠵᠡᠭᠦᠯᠦᠨ᠎ᠡ᠃ ︽ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠤᠭᠤᠯᠤᠭᠰᠠᠨ ᠠᠵᠤ ᠠᠬᠤᠶᠢᠯᠠᠯ ᠤᠨ ᠵᠠᠭᠠᠯᠳᠤᠯᠭ᠎ᠠ ᠬᠢᠬᠦ ᠠᠵᠢᠯ ᠤᠨ ᠲᠦᠷ | ᠬᠡᠷᠡᠭᠵᠢᠭᠦᠯᠬᠦ ᠠᠷᠭ᠎ᠠ︾ ᠶᠢ ᠨᠠᠶᠢᠳᠠᠪᠤᠷᠢᠵᠢᠭᠤᠯᠵᠤ᠂ ᠭᠠᠳᠠᠭᠠᠲᠤ ᠶᠢᠨ ᠬᠤᠳᠠᠯᠳᠤᠭᠠᠴᠢᠨ ᠤ ᠵᠠᠭᠠᠯᠳᠤᠯᠭ᠎ᠠ ᠬᠢᠬᠦ | ᠲᠣᠭᠲᠠᠴᠠ ᠶᠢ ᠲᠡᠭᠦᠯᠳᠡᠷᠵᠢᠭᠦᠯᠦᠨ᠂ ᠳᠤᠪᠤᠶᠢᠮ᠎ᠠ ᠠᠰᠠᠭᠤᠳᠠᠯ ᠤᠳ ᠢ ᠴᠠᠭ ᠲᠣᠬᠠᠢ ᠳᠤ ᠨᠢ ᠵᠦᠪᠳᠡᠯᠴᠡᠵᠦ | ᠰᠢᠢᠳᠪᠦᠷᠢᠯᠡᠨ᠎ᠡ᠃ | ︵ᠨᠠᠢᠮᠠ︶ ᠠᠵᠤ ᠠᠬᠤᠶᠢᠯᠠᠯ ᠤᠨ ᠠᠵᠢᠯᠯᠠᠭᠠᠨ ᠤ ᠦᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | 1. ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠦᠪᠦᠷ | ᠮᠣᠩᠭᠤᠯ ᠤᠨ ᠪᠠᠷᠠᠭᠤᠨ᠂ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠦᠴᠦᠨ ᠤ ᠠᠷᠠᠯᠵᠢᠶ᠎ᠠ ᠶᠢᠨ ᠵᠠᠬ᠎ᠠ | ᠳᠡᠯᠭᠡᠭᠦᠷᠴᠢᠯᠡᠬᠦ ᠬᠡᠮᠵᠢᠶ᠎ᠡ ᠶᠢ ᠦᠷᠭᠦᠯᠵᠢᠯᠡᠨ ᠥᠷᠭᠡᠳᠭᠡᠵᠦ᠂ ᠳᠠᠮᠵᠢᠭᠤᠯᠤᠨ ᠳᠥᠬᠡᠭᠡᠬᠦ ᠴᠠᠬᠢᠯᠭᠠᠨ ᠤ ᠦᠨ᠎ᠡ | ᠬᠠᠩᠰᠢ ᠳᠤ ᠦᠭᠡᠷᠡᠴᠢᠯᠡᠯᠲᠡ ᠬᠢᠬᠦ ᠲᠣᠷᠰᠢᠯᠲᠠ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠮᠠᠨ ᠤ ᠣᠷᠣᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠰᠲ᠋ᠧᠮᠵᠢ ᠳᠤ ᠲᠣᠬᠢᠷᠠᠭᠰᠠᠨ | ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ ᠰᠦᠪᠡᠭᠴᠢᠯᠡᠨ᠎ᠡ᠃ ᠡᠩ ᠤᠨ ᠦᠢᠯᠡᠳᠪᠦᠷᠢ ᠬᠤᠳᠠᠯᠳᠤᠭᠠᠨ ᠳᠤ | ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢ ᠡᠮᠬᠢ ᠵᠢᠷᠤᠮ ᠲᠠᠢ ᠪᠠᠷ ᠪᠠᠭᠤᠷᠠᠭᠤᠯᠵᠤ᠂ ᠭᠤᠣᠯᠳᠠᠯᠭ᠎ᠠ ᠲᠠᠢ ᠠᠵᠢᠯ | ᠲᠦᠷᠦᠯ ᠤᠨ ᠬᠡᠷᠡᠭᠯᠡᠬᠦ ᠴᠠᠬᠢᠯᠭᠠᠨ ᠤ ᠦᠨᠳᠦᠰᠦᠨ ᠰᠦᠢᠳᠭᠡᠯ ᠢ ᠵᠢᠷᠤᠮᠵᠢᠭᠤᠯᠤᠨ᠎ᠠ᠃ ᠭᠠᠵᠠᠷ ᠰᠢᠷᠤᠢ ᠶᠢ | ᠡᠷᠴᠢᠮᠵᠢᠭᠦᠯᠦᠨ ᠬᠡᠷᠡᠭᠯᠡᠬᠦ ᠶᠢ ᠵᠣᠷᠢᠬᠵᠢᠭᠤᠯᠬᠤ ᠲᠦᠷᠦᠯ ᠤᠨ ᠠᠵᠤ ᠦᠢᠯᠡᠰ ᠤᠨ ᠲᠦᠷᠦᠯ ᠵᠦᠢᠯ ᠳᠤ ᠡᠩ | ᠲᠡᠷᠢᠭᠦᠨ ᠳᠤ ᠭᠠᠵᠠᠷ ᠰᠢᠷᠤᠢ ᠬᠠᠩᠭᠠᠵᠤ᠂ ᠭᠠᠵᠠᠷ ᠰᠢᠷᠤᠢ ᠶᠢᠨ ᠦᠨ᠎ᠡ ᠬᠠᠩᠰᠢ ᠶᠢ ᠵᠦᠢ ᠵᠣᠬᠢᠰᠲᠠᠢ | ᠲᠣᠭᠲᠠᠭᠠᠨ᠎ᠠ᠃ | 2. ᠠᠵᠤ ᠠᠬᠤᠶᠢᠯᠠᠯ ᠳᠤ ᠬᠤᠯᠪᠣᠭᠳᠠᠬᠤ ᠭᠠᠶᠢᠯᠢ ᠰᠦᠢᠳᠭᠡᠯ ᠢ ᠦᠷᠭᠦᠯᠵᠢᠯᠡᠨ ᠬᠠᠰᠤᠵᠤ ᠬᠦᠩᠭᠡᠯᠡᠨ᠎ᠡ᠃ | ᠠᠵᠤ ᠠᠬᠤᠶᠢᠯᠠᠯ ᠤᠨ ᠭᠠᠶᠢᠯᠢ ᠶᠢᠨ ᠳᠠᠷᠤᠭᠠᠰᠤ ᠶᠢ ᠨᠢ ᠤᠯᠠᠮ ᠨᠢᠭᠡ ᠠᠯᠬᠤᠮ ᠬᠦᠩᠭᠡᠯᠡᠵᠦ᠂ ᠡᠯ᠎ᠡ ᠵᠦᠢᠯ ᠤᠨ | ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠨᠢ ᠠᠬᠢᠭᠤᠯᠤᠨ᠎ᠠ᠃ | ᠠᠵᠤ ᠠᠬᠤᠶᠢᠯᠠᠯ ᠳᠤ ᠬᠤᠯᠪᠣᠭᠳᠠᠭᠰᠠᠨ ᠬᠡᠰᠡᠭ ᠰᠠᠭᠤᠷᠢ ᠮᠦᠩᠭᠦ ᠪᠣᠯᠣᠨ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠰᠦᠢᠳᠭᠡᠯ ᠤᠨ ᠪᠠᠷᠢᠮᠵᠢᠶ᠎ᠠ ᠶᠢ ᠪᠠᠭᠤᠷᠠᠭᠤᠯᠵᠤ᠂ ᠬᠤᠲᠠ ᠶᠢᠨ ᠳᠦᠬᠦᠷᠵᠢᠭᠦᠯᠦᠭᠰᠡᠨ ᠰᠦᠢᠳᠭᠡᠯ | ᠬᠤᠷᠢᠶᠠᠬᠤ ᠪᠠᠷᠢᠮᠵᠢᠶ᠎ᠠ ᠶᠢ ᠳᠠᠬᠢᠵᠤ ᠰᠢᠨ᠎ᠡ ᠪᠠᠷ ᠲᠣᠭᠲᠠᠭᠠᠨ᠂ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠳᠤ ᠰᠦᠢᠳᠭᠡᠯ ᠬᠤᠷᠢᠶᠠᠬᠤ ᠦᠭᠡᠢ | ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠵᠠᠰᠠᠭ ᠤᠨ ᠣᠷᠳᠣᠨ ᠠᠴᠠ ᠦᠢᠯᠡᠴᠢᠯᠡᠭᠡᠨ ᠤ ᠴᠢᠨᠠᠷᠲᠠᠢ | ᠰᠦᠢᠳᠭᠡᠯ ᠤᠨ ᠦᠨ᠎ᠡ ᠬᠠᠩᠰᠢ ᠶᠢ ᠲᠣᠭᠲᠠᠭᠠᠬᠤ ᠲᠦᠷᠦᠯ ᠵᠦᠢᠯ ᠢ ᠠᠯᠬᠤᠮ ᠠᠯᠬᠤᠮ ᠢᠶᠠᠷ ᠪᠠᠭᠠᠰᠬᠠᠵᠤ᠂ ᠠᠵᠤ | ᠠᠬᠤᠶᠢᠯᠠᠯ ᠳᠤ ᠬᠤᠯᠪᠣᠭᠳᠠᠬᠤ ᠰᠦᠢᠳᠭᠡᠯ ᠤᠨ ᠨᠠᠷᠢᠨ ᠬᠠᠭᠤᠳᠠᠰᠤ ᠶᠢᠨ ᠳᠦᠷᠢᠮ ᠢ ᠲᠡᠭᠦᠯᠳᠡᠷᠵᠢᠭᠦᠯᠦᠨ᠂ | ᠰᠦᠢᠳᠭᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ | 3. ᠬᠦᠮᠦᠨ ᠤ ᠬᠦᠴᠦᠨ ᠤ ᠦᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠤᠨ᠎ᠠ᠃ ᠦᠷᠡᠵᠢᠯ ᠤᠨ | ᠳᠠᠭᠠᠳᠬᠠᠯ ᠪᠣᠯᠣᠨ ᠡᠮᠴᠢᠯᠡᠭᠡᠨ ᠤ ᠦᠨᠳᠦᠰᠦᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠲᠣᠷᠰᠢᠯᠲᠠ ᠶᠢᠨ | ᠠᠵᠢᠯ ᠢ ᠢᠳᠡᠪᠬᠢᠲᠡᠢ ᠰᠦᠪᠡᠭᠴᠢᠯᠡᠨ᠎ᠡ᠃ ᠠᠵᠢᠯ ᠠᠴᠠ ᠪᠤᠯᠤᠭᠰᠠᠨ ᠭᠡᠮᠲᠦᠯ ᠤᠨ ᠳᠠᠭᠠᠳᠬᠠᠯ᠂ ᠠᠵᠢᠯ | ᠠᠯᠳᠠᠭᠰᠠᠳ ᠤᠨ ᠳᠠᠭᠠᠳᠬᠠᠯ ᠤᠨ ᠰᠦᠢᠳᠭᠡᠯ ᠨᠤᠷᠮ᠎ᠠ ᠶᠢ ᠦᠷᠭᠦᠯᠵᠢᠯᠡᠨ ᠪᠠᠭᠤᠷᠠᠭᠤᠯᠤᠨ᠎ᠠ᠃ ᠠᠵᠢᠯ | ᠠᠯᠳᠠᠭᠰᠠᠳ ᠤᠨ ᠳᠠᠭᠠᠳᠬᠠᠯ ᠢ ᠬᠠᠮᠠᠭᠠᠯᠠᠵᠤ ᠪᠠᠲᠤᠯᠠᠬᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠦᠷᠨᠢᠭᠦᠯᠵᠦ᠂ | ᠲᠥᠷᠥ ᠶᠢᠨ ᠪᠣᠳᠣᠯᠭ᠎ᠠ ᠶᠢ ᠡᠮᠬᠢ ᠵᠢᠷᠤᠮ ᠲᠠᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠨᠢ ᠦᠨᠡᠨ ᠬᠦ | ᠪᠠᠲᠤᠯᠠᠨ᠎ᠠ᠃ | 4. ᠠᠵᠤ ᠠᠬᠤᠶᠢᠯᠠᠯ ᠤᠨ ᠦᠨ᠎ᠡ ᠬᠠᠩᠰᠢ ᠲᠣᠭᠲᠠᠭᠠᠬᠤ ᠡᠷᠬᠡ ᠤᠨ ᠬᠢᠵᠠᠭᠠᠷ ᠢ ᠥᠷᠭᠡᠳᠭᠡᠨ᠎ᠡ᠃ | ᠴᠢᠯᠦᠭᠡᠲᠡᠢ ᠪᠠᠶᠢᠯᠭᠠᠵᠤ ᠳᠡᠶᠢᠯᠬᠦ ᠶᠢ ᠨᠢ ᠴᠢᠳᠠᠬᠤ ᠶᠢᠨ ᠲᠤᠳᠤᠷ᠎ᠠ ᠴᠢᠯᠦᠭᠡᠲᠡᠢ ᠪᠠᠶᠢᠯᠭᠠᠬᠤ ᠶᠢ ᠪᠠᠷᠢᠮᠲᠠᠯᠠᠵᠤ᠂ ᠠᠵᠤ | ᠠᠬᠤᠶᠢᠯᠠᠯ ᠤᠨ ᠦᠨ᠎ᠡ ᠬᠠᠩᠰᠢ ᠲᠣᠭᠲᠠᠭᠠᠬᠤ ᠲᠠᠯ᠎ᠠ ᠪᠠᠷ ᠬᠢ ᠡᠵᠡ ᠮᠡᠳᠡᠬᠦ ᠡᠷᠬᠡ ᠶᠢ ᠨᠢ ᠭᠦᠢᠴᠡᠳ ᠢᠯᠡᠷᠡᠭᠦᠯᠵᠦ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ︽ᠦᠪᠦᠷ ᠮᠣᠩᠭᠤᠯ ᠤᠨ | ᠦᠪᠡᠷᠲᠡᠭᠡᠨ ᠵᠠᠰᠬᠠᠤ ᠣᠷᠣᠨ ᠤ ᠦᠨ᠎ᠡ ᠬᠠᠩᠰᠢ ᠲᠣᠭᠲᠠᠭᠠᠬᠤ ᠭᠠᠷᠴᠠᠭ︾ ᠲᠤ ᠪᠠᠶᠢᠩᠭᠤ ᠵᠠᠰᠠᠪᠤᠷᠢ ᠣᠷᠤᠭᠤᠯᠵᠤ᠂ | ᠵᠠᠰᠠᠭ ᠤᠨ ᠣᠷᠳᠣᠨ ᠤ ᠲᠣᠬᠢᠷᠠᠭᠤᠯᠵᠤ ᠡᠵᠡᠮᠳᠡᠬᠦ ᠡᠭᠦᠷᠭᠡ ᠴᠢᠳᠠᠪᠤᠷᠢ ᠶᠢ ᠨᠡᠩ ᠰᠠᠶᠢᠨ ᠪᠠᠳᠠᠷᠠᠭᠤᠯᠤᠨ᠎ᠠ᠃ ᠦᠨ᠎ᠡ | ᠬᠠᠩᠰᠢ ᠶᠢᠨ ᠢᠯᠡ ᠬᠠᠳᠠᠬᠤ ᠳᠦᠷᠢᠮ ᠢ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ | ᠠᠰᠢᠭ ᠢ ᠬᠠᠮᠠᠭᠠᠯᠠᠨ᠎ᠠ᠃ | ᠭᠤᠷᠪᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠦᠴᠢᠷ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠦᠬᠦ ᠲᠠᠯ᠎ᠠ ᠪᠠᠷ | ᠰᠠᠶᠢᠵᠢᠷᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠤᠨ ᠣᠷᠳᠣᠨ ᠠᠴᠠ ᠨᠢᠭᠡᠲᠦᠯᠲᠡᠢ | ᠤᠳᠤᠷᠢᠳᠤᠭᠰᠠᠨ᠂ ᠡᠯ᠎ᠡ ᠰᠠᠯᠠᠭ᠎ᠠ ᠮᠦᠴᠢᠷ ᠨᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ ᠠᠵᠢᠯ ᠤᠨ | ᠪᠠᠶᠢᠷᠢᠰᠢᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠭᠤᠣᠯ ᠴᠤᠭᠴᠠ ᠶᠢᠨ ᠦᠵᠡᠯ ᠤᠬᠠᠮᠰᠠᠷ ᠢ ᠦᠨᠡᠨ ᠬᠦ | ᠴᠢᠩᠭᠠᠷᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠨᠦᠬᠦᠳ ᠨᠢ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠠᠵᠢᠯ ᠤᠨ ︽ᠨᠢᠭᠡᠳᠦᠭᠡᠷ | ᠬᠠᠷᠢᠭᠤᠴᠠᠯᠭ᠎ᠠ ᠲᠠᠢ ᠬᠦᠮᠦᠨ︾ ᠪᠣᠯᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠡᠭᠦᠷᠭᠡ ᠶᠢ | ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠦᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠨᠢ 8 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ | ᠪᠠᠭᠤᠷᠠᠢ ᠭᠤᠭᠴᠤᠭ᠎ᠠ ᠶᠢᠨ ᠲᠤᠭᠤᠷᠢᠨ ᠳᠤ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠣᠯᠣᠨ ᠡᠭᠦᠷᠭᠡ ᠶᠢᠨ ᠢᠶᠠᠨ | ᠶᠤᠰᠤᠭᠠᠷ᠂ 2018 ᠣᠨ ᠳᠤ ᠡᠯ᠎ᠡ ᠵᠦᠢᠯ ᠤᠨ ᠲᠤᠰᠬᠠᠢ ᠠᠵᠢᠯᠯᠠᠭᠠᠨ ᠤ ᠲᠦᠰᠦᠯ ᠢ ᠳᠠᠷᠤᠮᠠᠯᠯᠠᠨ | ᠶᠠᠪᠤᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ | ᠣᠷᠣᠨ ᠲᠣᠭᠠᠨ ᠤ ᠠᠯᠪᠠᠨ ᠭᠡᠷ ᠨᠢ ᠮᠠᠨ ᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ | ᠦᠨᠡᠯᠡᠬᠦ ᠭᠦᠢᠴᠡᠳᠭᠡᠯ ᠲᠣᠭᠠᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠤᠨ ᠦᠨᠡᠯᠡᠨ ᠵᠢᠱᠢᠬᠦ ᠠᠵᠢᠯ ᠢ ᠦᠷᠨᠢᠭᠦᠯᠬᠦ ᠬᠡᠷᠡᠭᠲᠡᠢ᠃ | ︵ᠭᠤᠷᠪᠠ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠰᠢᠮᠳᠠᠭᠤᠯᠤᠨ | ᠪᠠᠶᠢᠴᠠᠭᠠᠬᠤ ᠬᠡᠪᠴᠢᠶᠡᠨ ᠳᠤ ᠣᠷᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠨᠡᠶᠢᠲᠡᠯᠡᠭᠰᠡᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶᠢᠯᠠᠨ | ᠰᠢᠮᠳᠠᠭᠤᠯᠤᠨ ᠪᠠᠶᠢᠴᠠᠭᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯ ᠪᠣᠯᠬᠤ ᠰᠠᠯᠠᠭ᠎ᠠ ᠮᠦᠴᠢᠷ ᠪᠣᠯᠣᠨ | ᠦᠢᠯᠡᠴᠢᠯᠡᠭᠡᠨ ᠤ ᠨᠢᠭᠡᠴᠢ ᠳᠤ ᠡᠳᠦᠷ ᠲᠤᠳᠤᠮ ᠤᠨ ᠰᠢᠮᠳᠠᠭᠤᠯᠤᠨ ᠪᠠᠶᠢᠴᠠᠭᠠᠬᠤ ᠠᠵᠢᠯ ᠢ ᠦᠷᠨᠢᠭᠦᠯᠵᠦ᠂ | ᠦᠭᠡᠷᠡᠴᠢᠯᠡᠯᠲᠡ ᠶᠢᠨ ᠡᠭᠦᠷᠭᠡ ᠪᠠᠨ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠳᠥᠷᠪᠡ︶ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ᠎ᠠ᠃ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠬᠤ᠂ ᠲᠤᠰᠬᠠᠢ ᠮᠡᠷᠭᠡᠵᠢᠯᠲᠡᠨ ᠲᠠᠢ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠰᠢᠨ᠎ᠡ ᠲᠥᠷᠥ ᠶᠢᠨ ᠪᠣᠳᠣᠯᠭ᠎ᠠ ᠶᠢ | ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠦᠷᠨᠢᠭᠦᠯᠦᠨ᠂ ᠲᠥᠷᠥ ᠶᠢᠨ ᠪᠣᠳᠣᠯᠭ᠎ᠠ ᠶᠢᠨ ᠲᠣᠬᠠᠢ ᠣᠶᠢᠯᠠᠭᠠᠯᠲᠠ | ᠪᠣᠯᠣᠨ ᠬᠡᠷᠡᠭᠯᠡᠭᠡᠨ ᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠪᠣᠯᠣᠨ | ᠨᠡᠶᠢᠭᠡᠮ ᠤᠨ ᠬᠢᠨ ᠤ ᠰᠠᠨᠠᠯ ᠢᠶᠠᠨ ᠲᠤᠰᠬᠠᠬᠤ ᠵᠠᠮ ᠮᠥᠷ ᠢ ᠨᠢ ᠥᠷᠭᠡᠳᠭᠡᠵᠦ᠂ ᠣᠯᠠᠨ ᠲᠦᠮᠡᠨ ᠢ ᠭᠦᠨᠵᠡᠭᠡᠢ | ᠳᠠᠶᠢᠴᠢᠯᠠᠵᠤ ᠪᠠᠶᠢᠭᠠᠳ ᠦᠷ᠎ᠡ ᠨᠦᠯᠦᠭᠡ ᠶᠢ ᠦᠨᠡᠯᠡᠬᠦ ᠠᠵᠢᠯ ᠳᠤ ᠣᠷᠤᠯᠴᠠᠭᠤᠯᠵᠤ᠂ ᠬᠠᠮᠲᠤ ᠪᠠᠷ ᠠᠷᠭ᠎ᠠ | ᠰᠦᠪᠡᠭᠴᠢᠯᠡᠵᠦ ᠬᠠᠮᠲᠤ ᠪᠠᠷ ᠪᠠᠶᠢᠭᠤᠯᠵᠤ᠂ ᠬᠠᠮᠲᠤ ᠪᠠᠷ ᠬᠠᠮᠢᠶᠠᠷᠴᠤ ᠬᠠᠮᠲᠤ ᠳᠤ ᠪᠠᠨ ᠬᠦᠷᠲᠡᠵᠦ᠂ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠢ ᠨᠡᠶᠢᠭᠡᠮ ᠳᠠᠶᠠᠭᠠᠷ ᠬᠠᠮᠲᠤ ᠪᠠᠷ ᠰᠢᠯᠢᠳᠡᠭᠵᠢᠭᠦᠯᠬᠦ ᠭᠦᠨ ᠵᠤᠵᠠᠭᠠᠨ ᠠᠭᠤᠷ | ᠠᠮᠢᠰᠬᠤᠯ ᠢ ᠪᠣᠢ ᠪᠣᠯᠭᠠᠬᠤ ᠬᠡᠷᠡᠭᠲᠡᠢ᠃ | ᠳᠠᠭᠠᠯᠳᠤᠭᠤᠯᠤᠯ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠦᠬᠦᠴᠡᠯ ᠢ ᠰᠢᠯᠢᠳᠡᠭᠵᠢᠭᠦᠯᠬᠦ ᠡᠭᠦᠷᠭᠡ ᠳᠠᠬᠢ ᠠᠵᠢᠯ ᠤᠨ ᠬᠤᠪᠢᠶᠠᠷᠢᠯᠠᠯ ᠤᠨ ᠬᠦᠰᠦᠨᠦᠭᠲᠦ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠢ ᠰᠢᠯᠢᠳᠡᠭᠵᠢᠭᠦᠯᠬᠦ ᠡᠭᠦᠷᠭᠡ ᠳᠠᠬᠢ ᠠᠵᠢᠯ ᠤᠨ ᠬᠤᠪᠢᠶᠠᠷᠢᠯᠠᠯ ᠤᠨ ᠬᠦᠰᠦᠨᠦᠭᠲᠦ | | ᠳᠠᠭᠠᠯᠳᠤᠭᠤᠯᠤᠯ ᠬᠦᠰᠦᠨᠦᠭᠲᠦ | | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |