ᠦᠪᠦᠷ ᠵᠠᠰᠠᠭ ᠲᠠᠷᠬᠠᠭᠠᠭᠰᠠᠨ ﹇2018﹈ 31 ᠳ᠋ᠤᠭᠡᠷ ᠲᠣᠭᠠᠲᠤ | 2018 ᠤᠨ ᠤ 8 ᠳ᠋ᠤᠭᠠᠷ ᠰᠠᠷ᠎ᠠ ᠶᠢᠨ 15 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠬᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦᠯᠬᠦ ᠪᠠ | ᠲᠦᠷᠭᠡᠨ ᠳᠤᠰᠬᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ | ᠠᠰᠢᠭ ᠢ ᠦᠨᠡᠨ ᠭᠦ ᠬᠠᠮᠠᠭᠠᠯᠠᠬᠤ ᠶᠢᠨ ᠬᠡᠷᠡᠭᠵᠢᠭᠦᠯᠬᠦ ᠲᠥᠰᠦᠯ︾ ᠢ ᠡᠳᠦᠬᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ | ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ | ᠤᠷᠢᠳᠴᠢᠯᠡᠨ ᠰᠡᠷᠡᠮᠵᠢᠯᠡᠬᠦᠯᠬᠦ ᠪᠠ ᠲᠦᠷᠭᠡᠨ ᠳᠤᠰᠬᠠᠯ ᠭᠠᠷᠭᠠᠬᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨ ᠭᠦ | ᠬᠠᠮᠠᠭᠠᠯᠠᠬᠤ ᠶᠢᠨ ᠬᠡᠷᠡᠭᠵᠢᠭᠦᠯᠬᠦ ᠲᠥᠰᠦᠯ | | | | ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ | ᠲᠦᠪᠰᠢᠨ ᠤ ᠲᠦᠭᠰᠢᠭᠦᠷᠢ ᠶᠢ ᠤᠷᠢᠳᠴᠢᠯᠡᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨ ᠭᠦ ᠬᠠᠮᠠᠭᠠᠯᠠᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2017﹈ 43 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠭᠠᠳᠠᠭᠠᠳᠤ ᠠᠴᠠ ᠣᠷᠣᠭᠤᠯᠬᠤ | ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠦᠬᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠬᠡᠶᠢᠷᠡᠬᠦᠯᠦᠨ᠂ ᠮᠠᠨ ᠤ ᠣᠷᠣᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ | ᠤᠷᠢᠳᠴᠢᠯᠡᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ | ᠪᠦᠷᠢᠨᠰᠢᠬᠦᠯᠦᠨ ᠲᠡᠭᠦᠯᠳᠡᠷᠵᠢᠬᠦᠯᠵᠦ᠂ ᠬᠡᠷᠡᠭᠯᠡᠭᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ | ᠲᠦᠭᠰᠢᠭᠦᠷᠢ ᠶᠢᠨ ᠬᠠᠮᠢᠶᠠᠷᠤᠯᠳᠠ ᠪᠠᠷ ᠭᠤᠣᠯ ᠱᠤᠭᠤᠮ ᠪᠤᠯᠭᠠᠨ᠂ ᠶᠠᠰᠤ ᠴᠢᠨᠠᠷ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠳᠠ ᠪᠠᠷ ᠬᠠᠷᠠᠯᠲᠠ ᠪᠣᠯᠭᠠᠵᠤ᠂ ᠤᠯᠤᠰ ᠤᠨ ᠡᠭᠦᠳᠡᠨ ᠤ ᠠᠮᠤᠷ | ᠲᠦᠪᠰᠢᠨ ᠢ ᠪᠠᠲᠤᠯᠠᠬᠤ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠪᠠᠷ ᠭᠤᠤᠯ ᠪᠤᠯᠭᠠᠨ᠂ ᠪᠥᠬᠦ | ᠣᠷᠣᠨ ᠤ ᠶᠠᠰᠤ ᠴᠢᠨᠠᠷ ᠤᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ᠶᠠᠰᠤ ᠴᠢᠨᠠᠷ ᠤᠨ ᠠᠮᠤᠷ ᠲᠦᠪᠰᠢᠨ ᠢᠶᠠᠷ ᠦᠨᠳᠦᠰᠦ ᠪᠣᠯᠭᠠᠨ᠎ᠠ᠃ ᠠᠷᠠᠳ ᠲᠦᠮᠡᠨ ᠤ ᠠᠮᠢ ᠪᠡᠶ᠎ᠡ ᠶᠢᠨ | ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠶᠠᠰᠤ ᠴᠢᠨᠠᠷ ᠤᠨ ᠠᠮᠤᠷ ᠲᠦᠪᠰᠢᠨ ᠤ ᠰᠢᠰᠲ᠋ᠧᠮ ᠤᠨ | ᠴᠢᠨᠠᠷᠳᠠᠢ᠂ ᠤᠷᠤᠨ ᠪᠦᠰᠡ ᠶᠢᠨ ᠴᠢᠨᠠᠷᠳᠠᠢ᠂ ᠠᠵᠢᠯ ᠲᠥᠷᠥᠯ ᠤᠨ ᠴᠢᠨᠠᠷᠲᠠᠶ ᠲᠦᠭᠰᠢᠭᠦᠷᠢ ᠦᠯᠦ ᠡᠭᠦᠰᠬᠦ ᠰᠠᠭᠤᠷᠢ | ᠱᠤᠭᠤᠮ ᠢ ᠪᠠᠲᠤ ᠰᠠᠬᠢᠨ᠎ᠠ᠃ | ᠲᠦᠭᠰᠢᠭᠦᠷᠢ ᠶᠢᠨ ᠬᠠᠮᠢᠶᠠᠷᠤᠯᠳᠠ ᠪᠠᠷ ᠭᠤᠤᠯ ᠪᠤᠯᠭᠠᠨ᠎ᠠ᠃ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠶᠢ ᠤᠷᠢᠳᠴᠢᠯᠡᠨ ᠰᠡᠷᠬᠡᠶᠢᠯᠡᠬᠦ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ | ᠲᠦᠭᠰᠢᠭᠦᠷᠢ ᠶᠢ ᠬᠢᠨᠠᠨ ᠰᠢᠨᠵᠢᠬᠦ᠂ ᠤᠷᠢᠳᠴᠢᠯᠡᠨ ᠰᠡᠷᠡᠮᠵᠢᠯᠡᠭᠦᠯᠬᠦ ᠪᠠ ᠭᠦᠮᠦᠵᠢᠬᠦᠯᠵᠦ ᠬᠥᠲᠥᠯᠥᠨ ᠵᠢᠯᠣᠭᠤᠳᠬᠤ | ᠵᠡᠷᠭᠡ ᠠᠷᠭ᠎ᠠ ᠬᠡᠮᠵᠢᠶ᠎ᠡ ᠶᠢ ᠢᠳᠡᠪᠬᠢᠳᠡᠢ ᠬᠡᠷᠡᠭᠵᠢᠬᠦᠯᠵᠦ᠂ ᠠᠭᠢᠨ ᠳᠠᠪᠰᠢᠬᠤ ᠮᠠᠶ᠋ᠢᠭ ᠂ ᠪᠣᠰᠤᠭ᠎ᠠ ᠴᠣᠭᠴᠠᠲᠤ | ᠮᠠᠶ᠋ᠢᠭ ᠤᠨ ᠤᠷᠢᠳᠴᠢᠯᠠᠨ ᠰᠡᠷᠭᠡᠶᠢᠯᠡᠬᠦ ᠰᠢᠰᠲ᠋ᠧᠮᠵᠢ ᠶᠢ ᠴᠤᠨᠨᠴᠠᠯᠠᠨ ᠪᠠᠶᠢᠭᠤᠯᠤᠨ᠎ᠠ᠃ | ᠮᠡᠳᠡᠭᠡ ᠵᠠᠩᠭᠢ ᠶᠢᠨ ᠮᠡᠷᠭᠡᠵᠢᠯ ᠢᠶᠠᠷ ᠪᠠᠳᠤᠯᠠᠭ᠎ᠠ ᠪᠤᠯᠭᠠᠨ᠎ᠠ᠃ ᠲᠦᠭᠰᠢᠭᠦᠷᠢ ᠶᠢᠨ ᠬᠠᠮᠢᠶᠠᠷᠤᠯᠳᠠ ᠶᠢᠨ ᠲᠣᠮᠣ | ᠳ᠋ᠠᠶᠢᠲ᠋ᠠ ᠶᠢᠨ ᠲᠠᠪᠴᠠᠩ ᠳᠤ ᠲᠦᠰᠢᠭᠯᠡᠵᠦ᠂ ︽ᠢᠨᠲ᠋ᠧᠷ ᠰᠦᠯᠵᠢᠶ᠎ᠡ + ᠬᠢᠨᠠᠯᠳᠠ ᠬᠠᠮᠢᠶᠠᠷᠤᠯᠲᠠ︾ ᠶᠢ | ᠠᠬᠢᠭᠤᠯᠤᠨ᠂ ᠬᠠᠮᠢᠶᠠᠷᠤᠯᠲᠠ ᠶᠢᠨ ᠠᠷᠭ᠎ᠠ ᠠᠪᠴᠢᠯ᠂ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠮᠡᠳᠡᠭᠡ | ᠵᠠᠩᠬᠢᠵᠢᠭᠤᠯᠬᠤ ᠪᠠ ᠤᠶᠤᠨᠵᠢᠭᠤᠯᠬᠤ ᠶᠢ ᠪᠡᠶᠡᠯᠡᠬᠦᠯᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ | ᠰᠤᠳᠤᠯᠤᠨ ᠮᠠᠭᠠᠳᠯᠠᠨ᠎ᠠ᠃ | ᠨᠡᠶᠢᠭᠡᠮ ᠲᠠᠶᠠᠭᠠᠷ ᠬᠠᠮᠳᠤ ᠳᠤ ᠪᠠᠨ ᠵᠠᠰᠠᠬᠤ ᠪᠠᠷ ᠠᠷᠭ᠎ᠠ ᠠᠪᠴᠢᠯ ᠪᠤᠯᠭᠠᠨ᠎ᠠ᠃ ᠮᠡᠳᠡᠭᠡ ᠵᠠᠩᠭᠢ ᠶᠢ | ᠬᠠᠷᠢᠯᠴᠠᠨ ᠰᠤᠯᠢᠯᠴᠠᠬᠤ᠂ ᠬᠢᠨᠠᠯᠲᠠ ᠬᠠᠮᠢᠶᠠᠷᠤᠯᠲᠠ ᠪᠠᠨ ᠬᠠᠷᠢᠯᠴᠠᠨ ᠮᠡᠳᠡᠷᠡᠬᠦ᠂ ᠬᠠᠤᠯᠢ ᠬᠡᠷᠡᠭᠵᠢᠭᠦᠯᠦᠯᠲᠡ ᠳᠤ | ᠬᠠᠷᠢᠯᠴᠠᠨ ᠬᠠᠪᠰᠤᠷᠤᠯᠴᠠᠬᠤ ᠶᠢ ᠭᠦᠨᠵᠡᠬᠡᠢ ᠠᠬᠢᠭᠤᠯᠵᠦ᠂ ᠬᠠᠤᠯᠢ ᠬᠡᠷᠡᠭᠵᠢᠬᠦᠯᠦᠯᠳᠡ ᠳᠤ ᠰᠠᠯᠠᠭ᠎ᠠ ᠮᠥᠴᠢᠷ ᠤᠳ | ᠬᠤᠭᠤᠷᠤᠨᠳᠤ ᠪᠠᠨ ᠬᠠᠮᠵᠢᠯᠴᠠᠨ ᠠᠵᠢᠯᠯᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ | ᠵᠤᠷᠢᠨᠨᠵᠢᠭᠤᠯᠵᠦ ᠪᠠᠶᠢᠭᠠᠳ ᠥᠷᠭᠡᠨ ᠢᠶᠠᠷ ᠤᠷᠤᠯᠴᠠᠭᠤᠯᠤᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠲᠠᠶᠠᠭᠠᠷ ᠬᠠᠮᠳᠤ ᠳᠤ ᠪᠠᠨ ᠵᠠᠰᠠᠬᠤ ᠪᠠ ᠬᠠᠮᠳᠤ ᠳᠤ ᠪᠠᠨ ᠭᠦᠷᠳᠡᠬᠦ | ᠬᠥᠭᠵᠢᠯᠲᠡ ᠶᠢ ᠪᠡᠶᠡᠯᠡᠬᠦᠯᠦᠨ᠎ᠠ᠃ | ︵ᠭᠤᠷᠪᠠ︶ ᠠᠵᠢᠯ ᠤᠨ ᠬᠠᠷᠠᠯᠲᠠ | ︽13·5︾ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠤ ᠭᠦᠴᠦᠯᠡᠨ ᠴᠢᠷᠮᠠᠶᠢᠵᠦ ᠪᠠᠶᠢᠭᠠᠳ᠂ | ᠲᠦᠭᠰᠢᠭᠦᠷᠢ ᠶᠢᠨ ᠮᠡᠳᠡᠭᠡ ᠵᠠᠩᠭᠢ ᠶᠢ ᠰᠤᠯᠢᠯᠴᠠᠵᠦ ᠬᠠᠮᠲᠤ ᠳᠤ ᠪᠠᠨ ᠭᠦᠷᠳᠡᠬᠦ ᠠᠷᠭ᠎ᠠ ᠵᠠᠮ ᠢ ᠰᠢᠯᠤᠭᠤᠳᠬᠠᠵᠦ᠂ | ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ᠂ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠰᠶᠢᠳᠪᠦᠷᠢᠳᠦ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠤᠨ᠂ ᠬᠡᠷᠡᠭᠯᠡᠭᠴᠢᠳ ᠤᠨ | ᠡᠷᠬᠡ ᠠᠰᠢᠭ ᠪᠣᠯᠤᠨ ᠤᠯᠤᠰ ᠤᠨ ᠡᠭᠦᠳᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠬᠢᠨᠠᠨ ᠰᠢᠨᠵᠢᠯᠳᠠ ᠶᠢ ᠪᠦᠭᠦ ᠲᠠᠯ᠎ᠠ ᠪᠠᠷ | ᠴᠢᠩᠭᠠᠳᠬᠠᠨ᠎ᠠ | 1. ᠲᠦᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠶᠢ ᠬᠡᠷᠡᠭᠵᠢᠬᠦᠯᠦᠨ᠎ᠠ᠃ ᠪᠥᠬᠦ ᠣᠷᠣᠨ ᠤ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠳᠤ ᠨᠢᠭᠡᠳᠦᠯᠲᠡᠶ ᠬᠢᠨᠠᠨ ᠰᠢᠨᠵᠢᠯᠳᠡ ᠦᠷᠨᠢᠬᠦᠯᠵᠦ᠂ ᠡᠷᠡᠭᠦᠯ ᠴᠢᠬᠢᠷᠠᠭ ᠲᠤ ᠤᠴᠠᠷᠠᠭᠤᠯᠬᠤ ᠬᠤᠤᠷ | ᠬᠥᠨᠥᠭᠡᠯ᠂ ᠹᠢᠽᠢᠺ ᠤᠨ ᠬᠤᠣᠷ ᠬᠥᠨᠥᠭᠡᠯ᠂ ᠬᠢᠮᠢ ᠶᠢᠨ ᠬᠤᠣᠷ ᠬᠥᠨᠥᠭᠡᠯ᠂ ᠠᠮᠢᠳᠤ ᠪᠣᠳᠠᠰ ᠤᠨ ᠬᠤᠣᠷ ᠬᠥᠨᠥᠭᠡᠯ᠂ | ᠣᠷᠴᠢᠨ ᠲᠣᠭᠤᠷᠢᠨ ᠤ ᠬᠤᠣᠷ ᠬᠥᠨᠥᠭᠡᠯ ᠵᠡᠷᠭᠡ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ | ᠰᠢᠰᠲ᠋ᠧᠮ ᠲᠠᠢ ᠪᠠᠷ ᠦᠷᠭᠦᠯᠵᠢᠯᠡᠨ ᠬᠢᠨᠠᠨ ᠰᠢᠨᠵᠢᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠬᠢᠨᠠᠨ | ᠰᠢᠨᠵᠢᠯᠳᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ | ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠡᠷᠡᠭᠵᠢᠬᠦᠯᠦᠨ᠎ᠠ᠃ | 2. ᠲᠦᠭᠰᠢᠭᠦᠷᠢ ᠶᠢᠨ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ ᠢ ᠦᠷᠬᠡᠳᠬᠡᠨ᠎ᠠ᠃ ᠬᠡᠷᠡᠭᠯᠡᠭᠴᠢᠳ ᠤᠨ | ᠵᠠᠭᠠᠯᠳᠤᠯᠭ᠎ᠠ ᠪᠠ ᠠᠵᠤ ᠠᠬᠤᠶᠢᠯᠠᠯ ᠤᠨ ᠮᠡᠳᠡᠬᠦᠯᠦᠯᠳᠡ ᠬᠢᠬᠦ ᠠᠷᠭ᠎ᠠ ᠵᠠᠮ ᠢ ᠲᠡᠭᠦᠯᠳᠡᠷᠵᠢᠭᠦᠯᠵᠦ᠂ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠬᠦ ᠪᠠᠶᠢᠭᠤᠯᠤᠮᠵᠢ ᠶᠢᠨ ᠲᠦᠭᠰᠢᠭᠦᠷᠢ ᠶᠢᠨ ᠮᠡᠳᠡᠭᠡ ᠵᠠᠩᠭᠢ ᠶᠢᠨ | ᠮᠡᠳᠡᠬᠦᠯᠦᠯᠳᠡ ᠶᠢᠨ ᠲᠦᠷᠢᠮ ᠢ ᠬᠡᠷᠡᠭᠵᠢᠭᠦᠯᠦᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠬᠢᠨᠠᠨ | ᠰᠢᠨᠵᠢᠵᠦ ᠴᠤᠭᠯᠠᠭᠤᠯᠬᠤ ᠶᠢ ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠭᠡᠮᠲᠦᠯ ᠤᠨ | ᠮᠡᠳᠡᠭᠡ ᠵᠠᠩᠬᠢ ᠪᠠ ᠢᠳᠡᠭᠡᠨ ᠠᠴᠠ ᠢᠷᠡᠯᠳᠡ ᠲᠠᠢ ᠡᠪᠡᠳᠴᠢᠨ ᠤ ᠮᠡᠳᠡᠭᠡ ᠵᠠᠩᠭᠢ ᠶᠢ ᠬᠤᠷᠢᠶᠠᠨ ᠴᠤᠨᠨᠯᠠᠭᠤᠯᠵᠦ | ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠤᠶᠠᠯᠳᠤᠭᠤᠯᠤᠨᠨᠰᠠᠨ | ᠲᠠᠸᠠᠷ ᠤᠨ ᠵᠠᠬ᠎ᠠ ᠳᠡᠯᠭᠡᠭᠦᠷ᠂ ᠡᠯᠧᠺᠲᠷᠣᠨ ᠬᠤᠳᠠᠯᠳᠤᠭ᠎ᠠ᠂ ᠬᠢᠯᠢ ᠶᠢᠨ ᠠᠷᠠᠯᠵᠢᠶ᠎ᠠ ᠵᠡᠷᠭᠡ ᠭᠤᠣᠯᠳᠠᠯᠭ᠎ᠠ ᠲᠠᠢ | ᠭᠦᠷᠢᠶᠡᠨ ᠳᠠᠬᠢ ᠬᠠᠭᠤᠷᠮᠠᠭ ᠮᠠᠭᠤ ᠲᠠᠸᠠᠷ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠴᠢᠩᠭᠠᠳᠬᠠᠨ᠎ᠠ᠃ | ᠳᠤᠮᠳᠠᠳᠤ ᠣᠷᠣᠰ᠂ ᠳᠤᠮᠳᠠᠳᠤ ᠮᠣᠩᠭᠤᠯ ᠵᠡᠷᠭᠡ ᠤᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢ | ᠴᠢᠩᠭᠠᠳᠬᠠᠵᠦ᠂ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ | ᠵᠠᠩᠭᠢ ᠶᠢ ᠮᠡᠳᠡᠬᠡᠯᠡᠨ ᠨᠡᠪᠳᠡᠷᠡᠬᠦᠯᠬᠦ᠂ ᠪᠠᠶᠢᠴᠠᠭᠠᠵᠦ ᠬᠠᠮᠳᠤᠷᠠᠯᠴᠠᠬᠤ ᠶᠢ ᠦᠷᠨᠢᠬᠦᠯᠦᠨ᠎ᠠ᠃ | 3. ᠲᠦᠭᠰᠢᠭᠦᠷᠢ ᠶᠢ ᠬᠢᠨᠠᠨ ᠰᠢᠨᠵᠢᠬᠦ ᠰᠠᠭᠤᠷᠢ ᠪᠠᠲᠤᠯᠠᠭ᠎ᠠ ᠶᠢ ᠲᠡᠭᠦᠯᠳᠡᠷᠵᠢᠬᠦᠯᠦᠨ᠎ᠠ᠃ ᠮᠠᠨ ᠤ ᠣᠷᠣᠨ ᠤ | ᠭᠤᠣᠯ ᠪᠣᠯᠬᠤ ᠠᠷᠠᠯᠵᠢᠶᠠᠨ ᠤ ᠤᠯᠤᠰ ᠪᠠ ᠭᠠᠵᠠᠷ ᠣᠷᠣᠨ ᠳᠤ ᠬᠠᠨᠳᠤᠭᠤᠯᠵᠦ᠂ ᠭᠤᠣᠯᠳᠠᠯᠭ᠎ᠠ ᠲᠠᠢ ᠪᠣᠭᠤᠮᠲᠠ ᠶᠢᠨ | ᠣᠷᠣᠨ ᠪᠠᠶᠢᠷᠢ ᠶᠢᠨ ᠳᠠᠪᠠᠭᠤᠯᠢᠭ ᠢ ᠨᠢᠭᠡᠳᠦᠯᠲᠡᠶ ᠲᠥᠯᠥᠪᠯᠡᠵᠦ᠂ ᠮᠠᠨ ᠤ ᠣᠷᠣᠨ ᠤ ᠭᠤᠣᠯᠳᠠᠯᠭ᠎ᠠ ᠲᠠᠢ ᠠᠵᠤ | ᠦᠢᠯᠡᠰ᠂ ᠭᠤᠣᠯᠳᠠᠯᠭ᠎ᠠ ᠲᠠᠢ ᠲᠠᠸᠠᠷ ᠪᠤᠯᠤᠨ ᠰᠢᠨ᠎ᠡ ᠪᠠᠷ ᠪᠤᠢ ᠪᠤᠯᠤᠨᠨᠰᠠᠨ ᠡᠵᠡᠩᠨᠡᠯᠲᠡ ᠶᠢᠨ ᠪᠠᠶᠢᠳᠠᠯ ᠢ | ᠲᠤᠪᠤᠶᠢᠯᠭᠠᠨ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠴᠡᠭ ᠤᠳ ᠢ | ᠲᠦᠯᠦᠪᠵᠢᠬᠦᠯᠵᠦ ᠪᠠᠶᠢᠷᠢᠰᠢᠭᠤᠯᠤᠨ᠎ᠠ᠃ | 4. ᠲᠦᠭᠰᠢᠭᠦᠷᠢ ᠶᠢᠨ ᠮᠡᠳᠡᠭᠡ ᠵᠠᠩᠭᠢ ᠶᠢ ᠬᠠᠮᠳᠤ ᠳᠤ ᠪᠠᠨ ᠭᠥᠷᠳᠡᠵᠦ ᠰᠣᠯᠢᠯᠴᠠᠬᠤ ᠲᠣᠭᠲᠠᠴᠠ ᠶᠢ | ᠪᠠᠶᠢᠭᠤᠯᠤᠨ᠎ᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠤᠩᠬᠤᠪᠴᠢ︾ ᠶᠢᠨ ᠦᠢᠯᠡᠳᠦᠯ ᠢ | ᠪᠠᠳᠠᠷᠠᠭᠤᠯᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠬᠠᠮᠢᠶ᠎ᠠ ᠪᠥᠬᠦᠶ ᠲᠤᠭ᠎ᠠ | ᠪᠠᠷᠢᠮᠲᠠ ᠶᠢ ᠴᠤᠭᠯᠠᠭᠤᠯᠬᠤ ᠪᠠ ᠬᠠᠮᠳᠤ ᠳᠤ ᠪᠠᠨ ᠭᠦᠷᠳᠡᠨ᠎ᠠ᠃ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ | ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠬᠡᠮᠳᠦᠯ ᠤᠨ ᠮᠡᠳᠡᠭᠡ ᠵᠠᠩᠭᠢ ᠶᠢ ᠨᠡᠪᠳᠡᠷᠡᠭᠦᠯᠦᠨ ᠮᠡᠳᠡᠬᠡᠯᠡᠬᠦ ᠳᠤ | ᠬᠠᠮᠵᠢᠯᠴᠠᠨ ᠠᠵᠢᠯᠯᠠᠬᠤ ᠶᠢ ᠠᠬᠢᠭᠤᠯᠤᠨ᠂ ᠲᠠᠸᠠᠷ ᠲᠠᠢ ᠬᠠᠮᠢᠶ᠎ᠠ ᠪᠥᠬᠦᠶ ᠬᠡᠮᠳᠦᠯ ᠤᠨ ᠮᠡᠳᠡᠭᠦᠯᠦᠯᠲᠡ᠂ | ᠢᠳᠡᠭᠡᠨ ᠠᠴᠠ ᠢᠷᠡᠯᠳᠡ ᠲᠠᠢ ᠡᠪᠡᠳᠴᠢᠨ ᠡᠮᠭᠡᠭ᠂ ᠵᠠᠮ ᠬᠠᠷᠢᠯᠴᠠᠭᠠᠨ ᠤ ᠠᠳᠡᠯ ᠬᠡᠷᠡᠭ᠂ ᠭᠠᠯ ᠲᠦᠢᠮᠡᠷ ᠤᠨ ᠠᠳᠡᠯ | ᠬᠡᠷᠡᠭ ᠵᠡᠷᠭᠡ ᠮᠡᠳᠡᠭᠡ ᠵᠠᠩᠭᠢ ᠶᠢ ᠬᠠᠮᠳᠤ ᠳᠤ ᠪᠠᠨ ᠭᠦᠷᠳᠡᠬᠦ ᠶᠢ ᠲᠦᠷᠬᠡᠬᠡᠨ ᠪᠡᠶᠡᠯᠡᠬᠦᠯᠦᠨ᠎ᠠ᠃ | ︵ᠬᠤᠶᠠᠷ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠳᠡ ᠶᠢ ᠰᠢᠨᠵᠢᠯᠡᠬᠦ | ᠤᠬᠠᠭᠠᠨᠴᠢ ᠪᠠᠷ ᠰᠢᠯᠢᠳᠡᠭᠵᠢᠬᠦᠯᠦᠨ᠎ᠠ | 5. ᠲᠦᠭᠰᠢᠭᠦᠷᠢ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠤᠨ᠎ᠠ᠃ ᠣᠲᠣ ᠶᠢᠨ | ᠪᠠᠶᠢᠭ᠎ᠠ ᠡᠬᠢ ᠪᠠᠶᠠᠯᠢᠭ ᠢᠶᠠᠨ ᠠᠰᠢᠨᠨᠯᠠᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ | ᠦᠨᠡᠯᠡᠨ ᠵᠢᠱᠢᠬᠦ ᠲᠥᠪ ᠢ ᠪᠠᠶᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠰᠢᠨᠵᠢᠯᠡᠬᠦ | ᠤᠬᠠᠭᠠᠨ ᠤ ᠰᠤᠳᠤᠯᠤᠯ ᠤᠨ ᠲᠠᠪᠴᠠᠩ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠰᠤ ᠴᠢᠨᠠᠷ ᠤᠨ | ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠳᠤ ᠨᠡᠶᠢᠭᠡᠮ ᠤᠨ ᠬᠦᠴᠦᠨ ᠤ ᠤᠷᠤᠯᠴᠠᠬᠤ ᠶᠢ | ᠲᠡᠮᠵᠢᠵᠦ᠂ ᠨᠡᠶᠢᠭᠡᠮ ᠤᠨ ᠦᠨᠡᠯᠡᠨ ᠵᠢᠱᠢᠬᠦ ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ | ᠬᠥᠭᠵᠢᠬᠦ ᠶᠢ ᠠᠬᠢᠭᠤᠯᠤᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠳᠡ ᠶᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ | ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠡᠷᠡᠭᠵᠢᠬᠦᠯᠦᠨ᠎ᠠ᠃ | 6. ᠲᠦᠭᠰᠢᠭᠦᠷᠢ ᠶᠢ ᠦᠨᠡᠯᠡᠨ ᠵᠢᠱᠢᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠶᠠᠰᠤ | ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠮᠡᠳᠡᠭᠡ ᠵᠠᠩᠭᠢ ᠶᠢᠨ | ᠲᠡᠷᠢᠭᠦᠨ ᠤ ᠮᠡᠷᠭᠡᠵᠢᠯ ᠤᠨ ᠬᠡᠷᠡᠭᠯᠡᠭᠡ ᠶᠢ ᠴᠢᠩᠭᠠᠷᠠᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ | ᠢᠯᠭᠠᠨ ᠲᠠᠨᠢᠬᠤ᠂ ᠵᠠᠳᠠᠯᠤᠯᠲᠠ ᠬᠢᠬᠦ ᠬᠢᠬᠡᠳ ᠦᠨᠡᠯᠡᠬᠦ ᠲᠡᠰ ᠲᠠᠷᠠᠭᠠᠯᠠᠯ ᠢ ᠵᠢᠷᠤᠮᠵᠢᠭᠤᠯᠵᠦ᠂ ᠰᠢᠨᠵᠢᠯᠡᠬᠦ | ᠤᠬᠠᠭᠠᠨᠴᠢ ᠪᠦᠬᠡᠳ ᠪᠤᠳᠠᠳᠤ ᠬᠡᠷᠡᠭᠴᠡᠭᠡ ᠲᠠᠢ ᠲᠦᠭᠰᠢᠭᠦᠷᠢ ᠶᠢ ᠦᠨᠡᠯᠡᠨ ᠵᠢᠱᠢᠬᠦ ᠠᠷᠭ᠎ᠠ ᠬᠡᠯᠪᠡᠷᠢ ᠶᠢ ᠰᠤᠳᠤᠯᠤᠨ᠂ | ᠲᠦᠭᠰᠢᠭᠦᠷᠢ ᠶᠢ ᠦᠨᠡᠯᠡᠨ ᠵᠢᠱᠢᠬᠦ᠂ ᠲᠦᠭᠰᠢᠭᠦᠷᠢ ᠶᠢ ᠰᠢᠯᠭᠠᠨ ᠪᠠᠲᠤᠯᠠᠬᠤ ᠵᠢᠴᠢ ᠲᠤᠳ᠋ᠬᠠᠳᠠᠯ ᠢ ᠦᠨᠡᠯᠡᠬᠦ ᠵᠡᠷᠭᠡ | ᠲᠠᠯ᠎ᠠ ᠪᠠᠷ ᠬᠢ ᠰᠠᠭᠤᠷᠢ ᠰᠤᠳᠤᠯᠭᠠᠨ ᠤ ᠴᠢᠳᠠᠪᠤᠷᠢ ᠪᠠ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ | ᠲᠡᠬᠡᠭᠰᠢᠯᠡᠬᠦᠯᠦᠨ᠎ᠠ᠃ | 7. ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠭᠡ ᠶᠢ ᠴᠢᠩᠭᠠᠷᠠᠭᠤᠯᠤᠨ᠎ᠠ᠃ ᠶᠠᠰᠤ | ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠤᠷᠢᠳᠠᠴᠢ ᠦᠢᠯᠡᠳᠦᠯ ᠢ ᠨᠢ | ᠪᠠᠳᠠᠷᠠᠭᠤᠯᠵᠤ᠂ ᠲᠦᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠲᠤᠨᠨᠳᠠᠭᠠᠬᠤ᠂ ᠨᠢᠭᠤᠨᠨᠳᠠᠮᠠᠯ ᠬᠤᠤᠷ ᠬᠥᠨᠥᠭᠡᠯ ᠤᠨ | ᠬᠦᠴᠦᠨ ᠵᠦᠢᠯ ᠢ ᠢᠯᠡᠷᠡᠬᠦᠯᠬᠦ ᠪᠠ ᠵᠠᠶᠢᠯᠠᠰᠬᠢᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠰᠶᠢᠳᠪᠦᠷᠢᠯᠡᠬᠦ | ᠠᠷᠭ᠎ᠠ ᠬᠡᠮᠵᠢᠶ᠎ᠡ ᠲᠤᠨᠨᠳᠠᠭᠠᠬᠤ ᠳᠤ ᠲᠡᠮᠵᠢᠯᠬᠡ ᠦᠵᠡᠬᠦᠯᠦᠨ᠎ᠠ᠂ ᠬᠠᠤᠯᠢ ᠲᠣᠭᠲᠠᠭᠠᠯ ᠪᠣᠯᠤᠨ ᠲᠣᠭᠲᠠᠭᠠᠯ ᠳᠦᠷᠢᠮ ᠢ | ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠵᠢᠴᠢ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ | ᠲᠣᠭᠲᠠᠭᠠᠬᠤ ᠳᠤ ᠯᠠᠪᠯᠠᠯᠲᠠ ᠬᠠᠩᠭᠠᠨ᠎ᠠ᠃ | ︵ᠭᠤᠷᠪᠠ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ | ᠭᠦᠴᠦᠯᠡᠨ ᠲᠡᠭᠦᠯᠳᠡᠷᠵᠢᠬᠦᠯᠦᠨ᠎ᠠ | 8. ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠤ ᠲᠡᠰ ᠬᠤᠪᠢᠶᠠᠬᠤ ᠶᠢ ᠬᠡᠷᠡᠭᠵᠢᠬᠦᠯᠦᠨ᠎ᠠ᠃ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ ᠢ ᠰᠠᠯᠭᠠᠨ ᠬᠤᠪᠢᠶᠠᠷᠢᠯᠠᠬᠤ ᠪᠦᠬᠦ ᠤᠯᠤᠰ ᠤᠨ | ᠨᠢᠭᠡᠳᠦᠯᠲᠡᠶ ᠪᠠᠷᠢᠮᠵᠢᠶ᠎ᠠ ᠪᠠ ᠬᠥᠳᠡᠯᠦᠩᠭᠦᠶ ᠲᠤᠬᠢᠷᠠᠭᠤᠯᠤᠯᠳᠠ ᠬᠢᠬᠦ ᠶᠤᠰᠤ ᠳᠦᠷᠢᠮ ᠶᠤᠰᠤᠭᠠᠷ᠂ ᠥᠪᠡᠷᠲᠡᠭᠡᠨ | ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ | ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠤ ᠲᠡᠰ ᠬᠤᠪᠢᠶᠠᠨ᠎ᠠ᠃ ᠢᠳᠡᠭᠡᠨ ᠤ ᠠᠮᠤᠷ | ᠲᠦᠪᠰᠢᠨ ᠤ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦᠯᠬᠦ ᠶᠢ ︽ᠤᠯᠤᠰ ᠤᠨ ᠢᠳᠡᠭᠡᠨ ᠤ ᠠᠮᠤᠷ | ᠲᠦᠪᠰᠢᠨ ᠤ ᠠᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠶᠣᠰᠣᠭᠠᠷ | ᠬᠡᠷᠡᠭᠵᠢᠭᠦᠯᠦᠨ᠎ᠡ᠃ | 9. ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠲᠦᠷᠦᠯ ᠠᠩᠬᠢᠯᠠᠨ ᠬᠡᠷᠡᠭᠵᠢᠬᠦᠯᠦᠨ᠎ᠠ᠃ | ᠪᠣᠭᠤᠮᠲᠠ ᠳᠤ ᠡᠵᠡᠮᠰᠢᠨ ᠵᠠᠰᠠᠬᠤ ᠵᠡᠷᠭᠡ ᠲᠦᠷᠭᠡᠨ ᠳᠤᠰᠬᠠᠯ ᠭᠠᠷᠭᠠᠬᠤ ᠠᠷᠭ᠎ᠠ ᠬᠡᠮᠵᠢᠶ᠎ᠡ ᠬᠡᠷᠡᠭᠵᠢᠬᠦᠯᠬᠦ ᠴᠢᠬᠤᠯᠠᠳᠠᠢ | ᠪᠠᠶᠢᠪᠠᠯ᠂ ᠲᠦᠭᠰᠢᠭᠦᠷᠢ ᠶᠢ ᠰᠡᠷᠡᠮᠵᠢᠯᠡᠬᠦᠯᠬᠦ ᠨᠡᠪᠳᠡᠷᠡᠬᠦᠯᠬᠡ ᠨᠡᠶᠢᠳᠡᠯᠡᠬᠦ ᠬᠡᠷᠡᠭᠳᠡᠢ︔ ᠲᠦᠭᠰᠢᠭᠦᠷᠢ ᠶᠢ ᠠᠷᠢᠯᠭᠠᠨ | ᠪᠠᠭᠠᠰᠬᠠᠬᠤ ᠠᠷᠭ᠎ᠠ ᠬᠡᠮᠵᠢᠶ᠎ᠡ ᠬᠡᠷᠡᠭᠯᠡᠬᠦ ᠶᠢ ᠦᠢᠯᠡᠳᠪᠦᠷᠢᠯᠡᠯ ᠡᠵᠡᠩᠨᠡᠭᠴᠢ ᠳᠤ ᠴᠠᠭ ᠲᠤᠬᠠᠶ ᠳᠤ ᠨᠢ ᠰᠠᠨᠠᠭᠤᠯᠬᠤ | ᠴᠢᠬᠤᠯᠠᠳᠠᠢ ᠪᠠᠶᠢᠪᠠᠯ᠂ ᠲᠦᠭᠰᠢᠭᠦᠷᠢ ᠶᠢ ᠰᠡᠷᠡᠮᠵᠢᠯᠡᠬᠦᠯᠬᠦ ᠮᠡᠳᠡᠭᠳᠡᠯ ᠨᠡᠶᠢᠳᠡᠯᠡᠬᠦ ᠬᠡᠷᠡᠭᠳᠡᠢ︔ ᠠᠯᠪᠠᠳᠠᠯᠭ᠎ᠠ ᠶᠢᠨ | ᠴᠢᠨᠠᠷᠲᠠᠶ ᠠᠷᠭ᠎ᠠ ᠬᠡᠮᠵᠢᠶ᠎ᠡ ᠬᠡᠷᠡᠭᠵᠢᠬᠦᠯᠵᠦ ᠪᠠᠶᠢᠭᠠᠳ ᠲᠦᠭᠰᠢᠭᠦᠷᠢ ᠪᠠ ᠬᠤᠤᠷ ᠭᠦᠨᠦᠬᠡᠯ ᠢ ᠡᠵᠡᠮᠳᠡᠬᠦ ᠶᠢᠨ ᠬᠠᠮᠳᠤ᠂ | ᠬᠡᠷᠡᠭᠯᠡᠭᠴᠢᠳ ᠢ ᠴᠠᠭ ᠲᠤᠬᠠᠶ ᠳᠤ ᠨᠢ ᠰᠡᠷᠡᠮᠵᠢᠯᠡᠬᠦᠯᠬᠦ ᠴᠢᠬᠤᠯᠠᠳᠠᠢ ᠪᠠᠶᠢᠪᠠᠯ᠂ ᠲᠦᠭᠰᠢᠭᠦᠷᠢ ᠶᠢ ᠰᠡᠷᠡᠮᠵᠢᠯᠡᠬᠦᠯᠬᠦ | ᠠᠯᠪᠠᠨ ᠵᠠᠷ ᠨᠡᠶᠢᠳᠡᠯᠡᠬᠦ ᠬᠡᠷᠡᠭᠳᠡᠢ᠃ | 10. ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠦᠷᠢᠨᠰᠢᠬᠦᠯᠦᠨ᠎ᠠ᠃ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢᠨ ᠨᠡᠶᠢᠳᠡᠯᠡᠬᠦ ᠶᠤᠰᠤ ᠲᠦᠷᠢᠮ ᠢ ᠲᠡᠭᠦᠯᠳᠡᠷᠵᠢᠭᠦᠯᠵᠦ᠂ | ᠤᠯᠤᠰ ᠠᠴᠠ ᠲᠤᠳᠤᠷᠬᠠᠶᠢᠯᠬᠠᠰᠠᠨ ᠴᠠᠭ ᠬᠤᠭᠤᠴᠠᠭ᠎ᠠ᠂ ᠡᠷᠬᠡ ᠶᠢᠨ ᠬᠢᠵᠠᠭᠠᠷ᠂ ᠴᠤᠪᠤᠷᠠᠯ᠂ ᠠᠷᠭ᠎ᠠ ᠵᠠᠮ ᠬᠢᠭᠡᠳ | ᠨᠡᠶᠢᠲᠡᠯᠡᠬᠦ ᠲᠡᠰ ᠲᠠᠷᠠᠭᠠᠯᠠᠯ ᠶᠤᠰᠤᠭᠠᠷ᠂ ᠤᠷᠢᠳᠴᠢᠯᠠᠨ ᠰᠡᠷᠡᠮᠵᠢᠯᠡᠭᠦᠯᠬᠦ ᠲᠡᠰ ᠢᠯᠭᠠᠯ᠂ ᠤᠷᠢᠳᠴᠢᠯᠠᠨ | ᠰᠡᠷᠡᠮᠵᠢᠯᠡᠭᠦᠯᠬᠦ ᠬᠡᠪᠴᠢᠶ᠎ᠡ᠂ ᠰᠡᠷᠡᠮᠵᠢᠯᠡᠭᠦᠯᠬᠦ ᠵᠦᠢᠯᠡᠰ ᠵᠡᠷᠭᠡ ᠨᠡᠶᠢᠳᠡᠯᠡᠬᠦ ᠠᠭᠤᠯᠭ᠎ᠠ ᠶᠢ ᠵᠢᠷᠤᠮᠵᠢᠭᠤᠯᠵᠦ᠂ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠯᠲᠡᠶ ᠨᠡᠶᠢᠳᠡᠯᠡᠨ᠎ᠡ᠃ ᠨᠡᠶᠢᠲᠡᠯᠡᠬᠦ ᠠᠷᠭ᠎ᠠ ᠬᠡᠯᠪᠡᠷᠢ ᠳᠤ | ᠰᠢᠨ᠎ᠠ ᠶᠢ ᠡᠭᠦᠳᠴᠤ᠂ ᠨᠡᠶᠢᠲᠡᠯᠡᠬᠦ ᠠᠷᠭ᠎ᠠ ᠠᠪᠴᠢᠯ ᠢ ᠪᠠᠶᠠᠯᠢᠨᠨᠵᠢᠭᠤᠯᠤᠨ᠂ ᠪᠠᠶᠢᠴᠠᠭᠠᠨ ᠯᠠᠪᠯᠠᠬᠤ ᠠᠷᠭ᠎ᠠ ᠵᠠᠮ ᠢ | ᠰᠢᠯᠤᠭᠤᠳᠬᠠᠵᠦ᠂ ᠲᠦᠭᠰᠢᠭᠦᠷᠢ ᠶᠢᠨ ᠲᠠᠯ᠎ᠠ ᠪᠠᠷ ᠬᠢ ᠨᠡᠶᠢᠳᠡ ᠤᠯᠠᠨ ᠤ ᠲᠠᠨᠢᠯᠳᠠ ᠮᠡᠳᠡᠷᠡᠮᠵᠢ ᠶᠢ | ᠲᠡᠬᠡᠭᠰᠢᠯᠡᠬᠦᠯᠦᠨ᠎ᠠ᠃ | ︵ᠳᠥᠷᠪᠡ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠰᠢᠢᠳᠪᠦᠷᠢᠯᠡᠯᠲᠡ ᠶᠢ ᠦᠳᠲᠡᠷ | ᠲᠦᠷᠭᠡᠨ ᠬᠡᠷᠡᠭᠵᠢᠭᠦᠯᠦᠨ᠎ᠡ | 11. ᠦᠳᠳᠡᠷ ᠲᠦᠷᠭᠡᠨ ᠲᠤᠰᠬᠠᠯ ᠭᠠᠷᠭᠠᠬᠤ ᠠᠷᠭ᠎ᠠ ᠬᠡᠮᠵᠢᠶ᠎ᠡ ᠶᠢ ᠪᠦᠷᠢᠨᠰᠢᠬᠦᠯᠦᠨ᠎ᠠ᠃ ᠢᠲᠡᠭᠡᠮᠵᠢ ᠶᠢᠨ | ᠵᠡᠷᠭᠡ ᠳᠡᠰ ᠢ ᠨᠢ ᠪᠠᠭᠤᠷᠠᠭᠤᠯᠬᠤ᠂ ᠪᠠᠶᠢᠴᠠᠭᠠᠨ ᠮᠥᠷᠳᠡᠬᠦ᠂ ᠲᠤᠳ᠋ᠬᠠᠳᠠᠯ ᠲᠠᠢ ᠶᠢ ᠨᠢ ᠡᠭᠡᠭᠦᠯᠦᠨ ᠠᠪᠴᠢᠷᠠᠬᠤ᠂ | ᠬᠢᠨᠠᠯᠳᠠ ᠬᠠᠮᠢᠶᠠᠷᠤᠯᠳᠠ ᠪᠠᠨ ᠤᠯᠠᠮ ᠴᠢᠩᠭᠠᠷᠠᠭᠤᠯᠬᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠶᠢ ᠬᠢᠵᠠᠭᠠᠷᠯᠠᠬᠤ ᠪᠤᠶᠤ ᠴᠠᠭᠠᠵᠠᠯᠠᠬᠤ᠂ ᠪᠠᠶᠢᠴᠠᠭᠠᠨ ᠪᠢᠳᠡᠬᠦᠮᠵᠢᠯᠡᠵᠦ ᠬᠤᠷᠢᠶᠠᠨ ᠬᠤᠴᠤᠷᠠᠭᠠᠬᠤ᠂ | ᠪᠤᠴᠠᠭᠠᠨ ᠲᠡᠬᠡᠬᠡᠪᠦᠷᠢᠯᠡᠬᠦᠯᠬᠦ᠂ ᠪᠤᠷᠤᠯᠠᠭᠤᠯᠭ᠎ᠠ ᠶᠢ ᠲᠦᠷ ᠵᠣᠭᠰᠣᠭᠠᠬᠤ᠂ ᠤᠰᠠᠳᠬᠠᠬᠤ ᠵᠡᠷᠭᠡ ᠠᠷᠭ᠎ᠠ ᠠᠪᠴᠢᠯ ᠢ | ᠶᠡᠷᠦᠩᠬᠡᠶᠢᠯᠡᠨ ᠬᠡᠷᠡᠭᠯᠡᠵᠦ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠦᠴᠦᠨ ᠦᠭᠡᠢ ᠪᠤᠯᠭᠠᠳᠠᠯ᠎ᠠ ᠲᠦᠭᠰᠢᠭᠦᠷᠢ ᠶᠢᠨ | ᠵᠡᠷᠭᠡ ᠳᠡᠰ ᠲᠤ ᠭᠦᠳᠡᠯᠦᠩᠬᠦᠢ ᠲᠤᠬᠢᠷᠠᠭᠤᠯᠤᠯᠳᠠ ᠬᠢᠨ᠎ᠠ᠃ ᠪᠣᠭᠤᠮᠲᠠ ᠶᠢᠨ ᠠᠮᠤᠷ ᠲᠦᠪᠰᠢᠨ ᠢ ᠬᠤᠯᠪᠤᠭᠠᠯᠠᠵᠦ | ᠰᠡᠷᠭᠡᠶᠢᠯᠡᠨ ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠪᠤᠭᠤᠮᠳᠠ ᠠᠴᠠ ᠵᠠᠬ᠎ᠠ ᠳᠡᠯᠭᠡᠭᠦᠷ ᠲᠤ ᠬᠦᠷᠲᠡᠯᠡᠬᠢ | ᠪᠥᠬᠦ ᠶᠠᠪᠤᠴᠠ ᠳᠤ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠬᠦ ᠶᠢ ᠪᠡᠶᠡᠯᠡᠬᠦᠯᠦᠨ᠎ᠠ᠃ | 12. ᠭᠠᠳᠠᠭᠠᠳᠤ ᠠᠴᠠ ᠤᠷᠤᠭᠤᠯᠤᠨᠨᠰᠠᠨ ᠲᠤᠳ᠋ᠬᠠᠳᠠᠯ ᠲᠠᠢ ᠲᠠᠸᠠᠷ ᠢ ᠡᠭᠡᠭᠦᠯᠦᠨ ᠠᠪᠴᠢᠷᠠᠬᠤ ᠪᠠᠨ | ᠴᠢᠩᠭᠠᠳᠬᠠᠨ᠎ᠠ᠃ ᠭᠠᠳᠠᠭᠠᠳᠤ ᠠᠴᠠ ᠤᠷᠤᠭᠤᠯᠤᠨᠨᠰᠠᠨ ᠲᠤᠳ᠋ᠬᠠᠳᠠᠯ ᠲᠠᠢ ᠬᠡᠷᠡᠭᠯᠡᠬᠡᠨ ᠤ ᠵᠦᠢᠯ ᠢ ᠡᠭᠡᠭᠦᠯᠦᠨ | ᠠᠪᠴᠢᠷᠠᠬᠤ ᠬᠠᠮᠢᠶᠠᠷᠤᠯᠲᠠ ᠪᠠᠨ ᠴᠢᠩᠭᠠᠳᠬᠠᠵᠦ᠂ ᠭᠠᠳᠠᠭᠠᠳᠤ ᠠᠴᠠ ᠤᠷᠤᠭᠤᠯᠤᠨᠨᠰᠠᠨ ᠮᠠᠰᠢᠨᠲᠤ ᠲᠡᠷᠭᠡ ᠪᠠ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠣᠷᠴᠢᠨ ᠠᠬᠤᠢ ᠶᠢᠨ ᠬᠠᠮᠠᠭᠠᠯᠠᠯᠲᠠ ᠳᠤ ᠡᠭᠡᠭᠦᠯᠦᠨ | ᠠᠪᠴᠢᠷᠠᠬᠤ ᠶᠢ ᠬᠡᠷᠡᠭᠵᠢᠬᠦᠯᠦᠨ᠎ᠠ᠃ ᠡᠭᠡᠭᠦᠯᠦᠨ ᠠᠪᠴᠢᠷᠬᠠᠰᠠᠨ ᠤ ᠲᠠᠷᠠᠭᠠᠬᠢ ᠬᠢᠨᠠᠯᠲᠠ ᠬᠠᠮᠢᠶᠠᠷᠤᠯᠲᠠ ᠪᠠ ᠦᠷ᠎ᠡ | ᠨᠦᠯᠦᠬᠡ ᠳᠤ ᠦᠨᠡᠯᠡᠯᠲᠡ ᠬᠢᠬᠦ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠡᠭᠡᠭᠦᠯᠦᠨ ᠠᠪᠴᠢᠷᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠬᠦ ᠦᠢᠯᠡᠰ ᠤᠨ ᠬᠤᠳᠠᠯᠳᠤᠭᠠᠴᠢᠨ᠂ ᠭᠠᠳᠠᠭᠠᠳᠤ | ᠤᠷᠤᠭᠤᠯᠤᠯᠳᠠ ᠶᠢᠨ ᠬᠤᠳᠠᠯᠳᠤᠭᠠᠴᠢᠨ ᠢ ᠵᠤᠷᠢᠨᠨᠵᠢᠭᠤᠯᠵᠦ ᠪᠠᠶᠢᠭᠠᠳ ᠰᠠᠨᠠᠭᠠᠴᠢᠯᠠᠭ᠎ᠠ ᠠᠴᠠ ᠪᠠᠨ ᠡᠭᠡᠭᠦᠯᠦᠨ | ᠠᠪᠴᠢᠷᠠᠬᠤ ᠶᠢ ᠦᠷᠨᠢᠭᠦᠯᠦᠨ᠂ ᠳᠤᠲᠠᠭᠳᠠᠯ ᠲᠠᠢ ᠪᠠᠨ ᠨᠢᠭᠤᠨ ᠲᠠᠯᠳᠠᠯᠠᠬᠤ᠂ ᠲᠦᠭᠰᠢᠭᠦᠷᠢ ᠶᠢᠨ ᠮᠡᠳᠡᠭᠡ ᠵᠠᠩᠭᠢ ᠶᠢ | ᠮᠡᠳᠡᠬᠦᠯᠬᠦ ᠦᠬᠡᠢ ᠨᠢᠭᠤᠬᠤ᠂ ᠲᠤᠳ᠋ᠬᠠᠳᠠᠯ ᠢ ᠨᠢ ᠪᠠᠶᠢᠴᠠᠭᠠᠬᠤ ᠳᠤ ᠬᠠᠮᠵᠢᠯᠴᠠᠬᠤ ᠦᠬᠡᠢ ᠪᠤᠶᠤ ᠲᠣᠭᠲᠠᠭᠠᠯ | ᠶᠣᠰᠣᠭᠠᠷ ᠡᠭᠡᠭᠦᠯᠦᠨ ᠠᠪᠴᠢᠷᠠᠬᠤ ᠦᠭᠡᠶ ᠪᠠᠶᠢᠪᠠᠯ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | 13. ᠶᠠᠰᠤ ᠴᠢᠨᠠᠷ ᠤᠨ ᠢᠳᠡᠬᠡᠮᠵᠢ ᠶᠢᠨ ᠲᠠᠯ᠎ᠠ ᠳᠤ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠪᠠᠨ | ᠴᠢᠩᠭᠠᠳᠬᠠᠨ᠎ᠠ᠃ ᠠᠵᠤ ᠠᠬᠤᠶᠢᠯᠠᠯ ᠤᠳ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠦᠭᠰᠢᠬᠦᠷᠢ ᠶᠢ ᠪᠠᠭᠠᠰᠬᠠᠬᠤ ᠡᠭᠦᠷᠬᠡ ᠪᠠᠨ ᠭᠦᠢᠴᠡᠳᠬᠡᠭᠰᠡᠨ | ᠪᠠᠶᠢᠳᠠᠯ ᠢ ᠨᠢ ᠶᠠᠰᠤ ᠴᠢᠨᠠᠷ ᠤᠨ ᠢᠳᠡᠬᠡᠮᠵᠢ ᠶᠢᠨ ᠬᠠᠮᠢᠶᠠᠷᠤᠯᠳᠠ ᠳᠤ ᠤᠷᠤᠭᠤᠯᠤᠨ᠎ᠠ᠃ ᠢᠳᠡᠬᠡᠮᠵᠢᠳᠡᠢ ᠠᠵᠤ | ᠠᠬᠤᠶᠢᠯᠠᠯ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠶᠠᠰᠤ ᠴᠢᠨᠠᠷ ᠤᠨ ᠲᠠᠯ᠎ᠠ ᠳᠤ ᠢᠳᠡᠬᠡᠮᠵᠢ | ᠠᠯᠳᠠᠭᠰᠠᠨ ᠦᠢᠯᠡ ᠠᠵᠢᠯᠯᠠᠭ᠎ᠠ ᠶᠢ ᠬᠤᠯᠪᠤᠭᠠᠯᠠᠵᠦ ᠵᠠᠯᠬᠠᠭᠠᠨ ᠴᠡᠬᠡᠷᠯᠡᠬᠦᠯᠬᠦ ᠶᠢ ᠦᠷᠭᠦᠯᠵᠢᠯᠡᠨ ᠠᠬᠢᠭᠤᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠢᠳᠡᠬᠡᠮᠵᠢ ᠶᠢᠨ ᠮᠡᠳᠡᠭᠡ ᠵᠠᠩᠬᠢ ᠶᠢᠨ ᠦᠵᠡᠬᠦᠯᠬᠦ ᠤᠷᠮᠠᠰᠢᠭᠤᠯᠬᠤ ᠪᠠ | ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 14. ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠶᠠᠯᠠᠯᠠᠨ ᠰᠢᠢᠳᠬᠡᠬᠦ ᠶᠢ ᠴᠢᠩᠭᠠᠷᠠᠭᠤᠯᠤᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠪᠠᠷ | ᠬᠠᠤᠯᠢ ᠠᠴᠠ ᠵᠥᠷᠢᠴᠡᠭᠰᠡᠨ ︽ᠬᠠᠷ᠎ᠠ ᠳᠠᠩᠰᠠ︾ ᠪᠠ ᠬᠠᠤᠯᠢ ᠠᠴᠠ ᠬᠦᠨᠳᠦ ᠨᠣᠴᠢᠲᠠᠢ ᠵᠦᠷᠢᠴᠡᠭᠰᠡᠨ ᠠᠵᠤ | ᠠᠬᠤᠶᠢᠯᠠᠯ ᠢ ᠠᠯᠪᠠᠳᠠᠯᠭ᠎ᠠ ᠪᠠᠷ ᠪᠤᠴᠠᠭᠠᠵᠤ ᠭᠠᠷᠭᠠᠬᠤ ᠳᠦᠷᠢᠮ ᠢ ᠪᠠᠶᠢᠭᠤᠯᠤᠨ᠎ᠠ᠃ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠪᠦᠬᠡᠮᠨᠡᠷᠡᠯ ᠤᠨ ᠳᠠᠪᠠᠭᠤᠯᠢᠭ ᠪᠠ | ᠶᠠᠰᠤ ᠴᠢᠨᠠᠷ ᠤᠨ ᠲᠠᠯ᠎ᠠ ᠪᠠᠷ ᠵᠢᠱᠢᠶ᠎ᠡ ᠦᠵᠡᠬᠦᠯᠵᠦ ᠭᠦᠳᠦᠯᠦᠨ ᠲᠠᠭᠠᠭᠤᠯᠬᠤ ᠦᠢᠯᠡᠳᠦᠯ ᠢ ᠨᠢ ᠭᠦᠢᠴᠡᠳ | ᠪᠠᠳᠠᠷᠠᠭᠤᠯᠤᠨ᠎ᠠ᠃ | 15. ᠡᠷᠬᠡ ᠳᠤ ᠬᠠᠯᠳᠠᠬᠤ ᠪᠠ ᠬᠠᠭᠤᠷᠮᠠᠭ ᠵᠦᠢᠯ ᠦᠢᠯᠡᠳᠬᠦ ᠳᠤ ᠴᠣᠬᠢᠯᠲᠠ ᠥᠭᠬᠦ ᠠᠵᠢᠯ ᠤᠨ | ᠡᠷᠴᠢᠮ ᠢᠶᠠᠨ ᠴᠢᠩᠭᠠᠷᠠᠭᠤᠯᠤᠨ᠎ᠠ᠃ ︽ᠴᠡᠭᠴᠡᠯᠡᠨ ᠴᠡᠪᠡᠷᠯᠡᠬᠦ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ | ᠬᠠᠭᠤᠷᠮᠠᠭ ᠮᠠᠭᠤ ᠲᠠᠸᠠᠷ ᠦᠢᠯᠡᠳᠬᠦ ᠦᠢᠯᠡ ᠠᠵᠢᠯᠯᠠᠭ᠎ᠠ ᠳᠤ ᠴᠣᠬᠢᠯᠲᠠ ᠥᠭᠬᠦ ᠪᠠ ᠴᠡᠭᠴᠡᠯᠡᠨ ᠵᠠᠰᠠᠯᠳᠠ | ᠦᠷᠨᠢᠬᠦᠯᠦᠨ᠂ ᠬᠢᠯᠢ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠠᠷᠠᠯᠵᠢᠶ᠎ᠠ᠂ ᠵᠠᠬ᠎ᠠ ᠳᠡᠯᠭᠡᠭᠦᠷ ᠤᠨ ᠬᠤᠳᠠᠯᠳᠤᠨ | ᠠᠪᠤᠯᠳᠠ ᠵᠢᠴᠢ ︽ᠨᠢᠭᠡ ᠪᠦᠰᠡ ᠨᠢᠭᠡ ᠵᠠᠮ︾ ᠤᠨ ᠳᠠᠭᠠᠤ ᠳᠠᠬᠢ ᠤᠯᠤᠰ ᠪᠠ ᠭᠠᠵᠠᠷ ᠣᠷᠣᠨ ᠳᠤ ᠭᠠᠷᠭᠠᠬᠤ | ᠭᠤᠣᠯᠳᠠᠯᠭ᠎ᠠ ᠲᠠᠢ ᠲᠠᠸᠠᠷ ᠪᠠ ᠬᠦᠷᠢᠶ᠎ᠡ ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠪᠠᠨ ᠭᠤᠤᠯᠳᠠᠯᠭ᠎ᠠ ᠲᠠᠢ | ᠴᠢᠩᠭᠠᠳᠬᠠᠨ᠎ᠠ᠃ ᠳᠤᠮᠳᠠᠳᠤ ᠣᠷᠣᠰ᠂ ᠳᠤᠮᠳᠠᠳᠤ ᠮᠣᠩᠭᠤᠯ ᠤᠨ ᠬᠤᠭᠤᠷᠣᠨᠳᠣᠬᠢ ᠬᠠᠤᠯᠢ ᠬᠡᠷᠡᠭᠵᠢᠬᠦᠯᠦᠯᠳᠡ ᠳᠤ | ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ᠎ᠠ᠃ | 16. ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠶᠠᠰᠤ ᠴᠢᠨᠠᠷ ᠤᠨ ᠠᠮᠤᠷ ᠲᠦᠪᠰᠢᠨ ᠤ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠠᠵᠢᠯ ᠢ ᠴᠢᠩᠭᠠᠳᠬᠠᠨ᠎ᠠ᠃ ᠪᠦᠬᠦ ᠣᠷᠣᠨ ᠤ ᠡᠯ᠎ᠡ ᠱᠠᠲᠤᠨ ᠤ ᠪᠠᠶᠢᠴᠠᠭᠠᠬᠤ | ᠪᠠᠶᠢᠭᠤᠯᠭ᠎ᠠ ᠨᠤᠭᠤᠳ ᠬᠠᠤᠯᠢ ᠶᠣᠰᠣᠭᠠᠷ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠠᠮᠢ ᠠᠬᠤᠶ ᠶᠢᠨ | ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠵᠡᠷᠭᠡ ᠭᠦᠷᠢᠶ᠎ᠡ ᠴᠠᠷᠠᠭᠠᠨ ᠳᠤ ᠢᠷᠭᠡᠨ ᠤ ᠬᠡᠷᠡᠭ ᠤᠨ | ᠨᠡᠶᠢᠲᠡ ᠶᠢᠨ ᠠᠰᠠᠷᠠᠮᠵᠢ ᠶᠢᠨ ᠵᠠᠷᠭᠤ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ | ᠦᠷᠨᠢᠬᠦᠯᠦᠨ᠎ᠠ᠃ ᠬᠠᠤᠯᠢ ᠴᠠᠭᠠᠵᠠ ᠶᠢᠨ ᠪᠠᠶᠢᠭᠤᠯᠭ᠎ᠠ ᠬᠢᠬᠡᠳ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ | ᠤᠶᠢᠯᠠᠭᠠᠯᠴᠠᠵᠦ ᠨᠡᠪᠳᠡᠷᠡᠯᠴᠡᠬᠦ ᠲᠣᠭᠲᠠᠴᠠ ᠵᠢᠴᠢ ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ | ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠠᠯᠪᠠᠨ ᠲᠤᠰᠢᠶᠠᠯᠲᠤ ᠬᠠᠤᠯᠢᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠤᠯᠢ ᠴᠠᠭᠠᠵᠠ ᠶᠢᠨ ᠦᠷ᠎ᠡ | ᠨᠦᠯᠦᠬᠡ ᠪᠠ ᠨᠡᠶᠢᠭᠡᠮ ᠤᠨ ᠦᠷ᠎ᠡ ᠨᠦᠯᠦᠬᠡ ᠶᠢ ᠴᠢᠩᠭᠠᠷᠠᠭᠤᠯᠤᠨ᠎ᠠ᠃ | 17. ᠪᠣᠭᠤᠮᠲᠠ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠪᠠᠨ | ᠲᠡᠭᠦᠯᠳᠡᠷᠵᠢᠬᠦᠯᠦᠨ᠎ᠠ᠃ ᠪᠥᠬᠦ ᠣᠷᠣᠨ ᠤ ᠭᠠᠳᠠᠭᠠᠳᠤ ᠠᠴᠠ ᠤᠷᠤᠭᠤᠯᠬᠤ ᠪᠠ ᠭᠠᠳᠠᠭᠠᠳᠤ ᠳᠤ ᠭᠠᠷᠭᠠᠬᠤ | ᠭᠦᠢᠯᠬᠡᠬᠡᠨ ᠶᠡᠬᠡᠳᠡᠢ ᠡᠬᠢ ᠪᠠᠶᠠᠯᠢᠭ ᠤᠨ ᠴᠢᠨᠠᠷᠲᠠᠶ ᠲᠠᠸᠠᠷ᠂ ᠠᠶᠤᠯᠳᠤ ᠪᠠᠷᠠᠭ᠎ᠠ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠵᠡᠷᠭᠡ ᠲᠠᠸᠠᠷ ᠤᠨ ᠠᠮᠤᠷ ᠲᠦᠪᠰᠢᠨ ᠤ ᠲᠦᠭᠰᠢᠭᠦᠷᠢ ᠶᠢ ᠭᠤᠤᠯᠳᠠᠯᠭ᠎ᠠ ᠲᠠᠢ ᠠᠩᠬᠠᠷᠴᠤ᠂ ᠲᠦᠭᠰᠢᠭᠦᠷᠢ ᠶᠢᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠤᠨᠨᠳᠠᠭᠠᠨ᠂ ᠪᠠᠴᠢᠮ ᠪᠠᠶᠢᠳᠠᠯ ᠢ ᠠᠷᠭᠠᠴᠠᠬᠤ | ᠡᠳ᠋ ᠪᠠᠷᠠᠭ᠎ᠠ ᠶᠢ ᠪᠡᠯᠡᠳᠬᠡᠬᠦ ᠪᠠ ᠰᠣᠷᠢᠯᠲᠠ ᠬᠢᠬᠦ ᠪᠠᠨ ᠴᠢᠩᠭᠠᠷᠠᠭᠤᠯᠵᠦ᠂ ᠪᠣᠭᠤᠮᠲᠠ ᠶᠢᠨ ᠲᠦᠭᠰᠢᠭᠦᠷᠢ ᠶᠢᠨ ᠪᠠᠴᠢᠮ | ᠪᠠᠶᠢᠳᠠᠯ ᠢ ᠠᠷᠭᠠᠴᠠᠨ ᠰᠶᠢᠳᠪᠦᠷᠢᠯᠡᠬᠦ ᠴᠢᠳᠠᠪᠤᠷᠢ ᠶᠢ ᠲᠡᠬᠡᠭᠰᠢᠯᠡᠬᠦᠯᠦᠨ᠎ᠠ᠃ | ︵ᠲᠠᠪᠤ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢᠨ ᠦᠷ᠎ᠡ ᠳ᠋ᠦᠩ ᠢ | ᠬᠡᠷᠡᠭᠯᠡᠬᠦ ᠶᠢ ᠴᠢᠬᠤᠯᠠᠴᠢᠯᠠᠨ᠎ᠠ | 18. ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠬᠢᠨ ᠤ ᠳᠤᠲᠠᠭᠳᠠᠯ ᠢᠶᠠᠨ ᠠᠷᠢᠯᠭᠠᠬᠤ᠂ | ᠮᠡᠷᠭᠡᠵᠢᠯ ᠢᠶᠠᠨ ᠦᠬᠡᠷᠡᠴᠢᠯᠡᠬᠦ ᠪᠠ ᠭᠠᠷ ᠤᠷᠠᠯᠠᠯ ᠢᠶᠠᠨ ᠬᠠᠯᠠᠨ ᠰᠠᠶᠢᠵᠢᠷᠠᠭᠤᠯᠬᠤ ᠠᠵᠢᠯ ᠦᠷᠨᠢᠬᠦᠯᠵᠦ᠂ ᠶᠠᠰᠤ | ᠴᠢᠨᠠᠷ ᠤᠨ ᠬᠢᠷᠢ ᠲᠦᠪᠰᠢᠨ ᠢᠶᠠᠨ ᠲᠡᠬᠡᠭᠰᠢᠯᠡᠬᠦᠯᠬᠦ ᠶᠢ ᠵᠤᠷᠢᠨᠨᠵᠢᠭᠤᠯᠤᠨ ᠲᠡᠮᠵᠢᠨ᠎ᠠ᠃ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠦᠢᠯᠡᠳᠪᠦᠷᠢᠯᠡᠯ ᠡᠵᠡᠩᠨᠡᠭᠴᠢ ᠶᠢ ᠰᠢᠮᠳᠠᠭᠤᠯᠵᠦ ᠪᠠᠶᠢᠭᠠᠳ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠴᠢᠩᠭ᠎ᠠ ᠭᠦᠢᠴᠡᠳᠬᠡᠯᠬᠡᠵᠦ᠂ ᠲᠦᠭᠰᠢᠭᠦᠷᠢ ᠶᠢᠨ ᠮᠡᠳᠡᠭᠡ ᠵᠠᠩᠭᠢ | ᠪᠤᠶᠤ ᠶᠠᠰᠤ ᠴᠢᠨᠠᠷ ᠤᠨ ᠬᠦᠨᠳᠦ ᠬᠡᠴᠡᠬᠦᠦ ᠠᠳᠡᠯ ᠬᠡᠷᠡᠭ ᠭᠠᠷᠤᠨᠨᠰᠠᠨ ᠠᠵᠤ ᠠᠬᠤᠶᠢᠯᠠᠯ ᠢ ᠮᠡᠳᠡᠬᠦᠯᠬᠦ ᠪᠠ | ᠲᠦᠭᠰᠢᠭᠦᠷᠢ ᠶᠢ ᠠᠷᠢᠯᠭᠠᠨ ᠪᠠᠭᠠᠰᠬᠠᠬᠤ ᠡᠭᠦᠷᠭᠡ ᠶᠢ ᠨᠢ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ᠠᠮᠤᠷ | ᠲᠦᠪᠰᠢᠨ ᠤ ᠡᠷᠬᠡ ᠳᠤ ᠬᠠᠯᠳᠠᠭᠰᠠᠨ ᠪᠠᠶᠢᠪᠠᠯ ᠲᠦᠯᠦᠪᠦᠷᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ | ᠡᠭᠦᠷᠬᠡᠯᠡᠨ᠎ᠠ᠃ | 19. ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠬᠠᠮᠢᠶ᠎ᠠ ᠪᠦᠭᠦᠢ ᠠᠵᠢᠯ ᠢ | ᠴᠢᠩᠭᠠᠳᠬᠠᠨ᠎ᠠ᠃ ᠭᠠᠳᠠᠭᠠᠳᠤ ᠶᠢᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠭᠦᠳᠡᠯᠦᠯ | ᠬᠤᠪᠢᠷᠠᠯᠲᠠ ᠶᠢ ᠨᠢᠨᠨᠳᠠ ᠮᠦᠷᠳᠡᠵᠦ᠂ ᠮᠠᠨ ᠤ ᠣᠷᠣᠨ ᠤ ᠬᠠᠮᠢᠶ᠎ᠠ ᠪᠥᠬᠦᠶ ᠠᠵᠤ ᠦᠢᠯᠡᠰ ᠪᠠ ᠭᠠᠳᠠᠭᠠᠳᠤ ᠳᠤ | ᠭᠠᠷᠭᠠᠬᠤ ᠠᠷᠠᠯᠵᠢᠶ᠎ᠠ ᠳᠤ ᠦᠵᠡᠬᠦᠯᠦᠭᠰᠡᠨ ᠲᠡᠭᠦᠨ ᠤ ᠨᠥᠯᠥᠭᠡ ᠶᠢ ᠦᠨᠡᠯᠡᠨ ᠵᠢᠱᠢᠵᠦ᠂ ᠤᠷᠢᠳᠴᠢᠯᠠᠨ | ᠰᠡᠷᠡᠮᠵᠢᠯᠡᠭᠦᠯᠬᠦ᠂ ᠵᠦᠪᠯᠡᠯᠬᠡ ᠦᠭᠬᠦ᠂ ᠦᠨᠡᠯᠡᠨ ᠵᠦᠪᠳᠡᠯᠴᠡᠬᠦ ᠵᠡᠷᠭᠡ ᠠᠷᠭᠠᠴᠠᠬᠤ ᠠᠵᠢᠯ ᠢ ᠰᠠᠶᠢᠳᠤᠷ ᠬᠢᠵᠦ᠂ ᠠᠵᠤ | ᠠᠬᠤᠶᠢᠯᠠᠯ ᠤᠨ ᠭᠠᠳᠠᠭᠠᠳᠤ ᠳᠤ ᠭᠠᠷᠭᠠᠬᠤ ᠳᠤ ᠨᠢ ᠭᠦᠴᠦ ᠨᠡᠮᠡᠷᠢᠯᠡᠨ᠎ᠠ᠃ | 20. ᠬᠠᠤᠯᠢ ᠳᠤ ᠲᠣᠭᠲᠠᠭᠠᠭᠰᠠᠨ ᠰᠢᠯᠭᠠᠨ ᠪᠠᠶᠢᠴᠠᠭᠠᠬᠤ ᠭᠠᠷᠴᠠᠭ ᠠᠴᠠ ᠭᠠᠳᠠᠨᠠᠬᠢ ᠲᠠᠸᠠᠷ ᠲᠤ ᠬᠢᠨᠠᠯᠲᠠ | ᠲᠠᠯᠪᠢᠵᠦ ᠰᠤᠭᠤᠴᠢᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ᠃ ︽ᠬᠤᠶᠠᠷ ᠢ ᠲᠠᠰᠢᠷᠠᠮ ᠢᠶᠠᠷ ᠭᠦᠢᠴᠡᠳᠬᠡᠵᠦ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠳᠤ | ᠲᠣᠭᠲᠠᠭᠠᠭᠰᠠᠨ ᠰᠢᠯᠭᠠᠨ ᠪᠠᠶᠢᠴᠠᠭᠠᠬᠤ ᠭᠠᠷᠴᠠᠭ ᠠᠴᠠ ᠭᠠᠳᠠᠨᠠᠬᠢ ᠲᠠᠸᠠᠷ ᠲᠤ ᠬᠢᠨᠠᠯᠲᠠ ᠲᠠᠯᠪᠢᠵᠦ ᠰᠤᠭᠤᠴᠢᠨ | ᠪᠠᠶᠢᠴᠠᠭᠠᠬᠤ ᠶᠢ ᠰᠠᠶᠢᠳᠤᠷ ᠬᠢᠵᠦ᠂ ᠰᠤᠭᠤᠴᠢᠨ ᠪᠠᠶᠢᠴᠠᠭᠠᠬᠤ ᠮᠡᠳᠡᠭᠡ ᠵᠠᠩᠭᠢ ᠶᠢ ᠨᠡᠶᠢᠳᠡ ᠳᠤ ᠵᠠᠷᠯᠠᠬᠤ ᠪᠠ ᠦᠷ᠎ᠡ | ᠳ᠋ᠦᠩ ᠢ ᠢᠯᠡ ᠪᠣᠯᠭᠠᠬᠤ ᠪᠠᠨ ᠴᠢᠩᠭᠠᠷᠠᠭᠤᠯᠤᠨ᠎ᠠ᠃ | 21. ᠰᠢᠯᠭᠠᠨ ᠪᠠᠶᠢᠴᠠᠭᠠᠵᠦ ᠬᠢᠵᠢᠭ ᠪᠠᠶᠢᠴᠠᠭᠠᠬᠤ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠲᠤ | ᠦᠬᠡᠷᠡᠴᠢᠯᠡᠯᠳᠡ ᠬᠢᠨ᠎ᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠤᠩᠬᠤᠪᠴᠢ︾ ᠶᠢᠨ | ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠦᠭᠰᠢᠭᠦᠷᠢ ᠶᠢ ᠦᠨᠡᠯᠡᠨ ᠵᠢᠱᠢᠬᠦ ᠶᠢᠨ ᠤᠷᠢᠳᠡᠴᠢ | ᠵᠠᠷᠴᠢᠮ ᠢ ᠪᠠᠷᠢᠮᠳᠠᠯᠠᠵᠦ᠂ ᠡᠩ ᠤᠨ ᠲᠦᠭᠰᠢᠭᠦᠷᠢ ᠲᠠᠢ ᠲᠠᠸᠠᠷ ᠲᠤ ᠪᠤᠯ᠂ ᠬᠢᠨᠠᠯᠲᠠ ᠬᠠᠮᠢᠶᠠᠷᠤᠯᠲᠠ ᠶᠢᠨ | ᠴᠤᠪᠤᠷᠠᠯ ᠢᠶᠠᠨ ᠰᠢᠯᠢᠳᠡᠭᠵᠢᠬᠦᠯᠦᠨ᠎ᠠ︔ ᠠᠮᠤᠷ ᠲᠦᠪᠰᠢᠨ ᠤ ᠬᠡᠮ ᠰᠤᠭᠤᠭ ᠪᠠ ᠬᠠᠭᠤᠷᠮᠠᠭ ᠴᠢᠨᠠᠷ ᠮᠠᠭᠤ | ᠲᠦᠭᠰᠢᠭᠦᠷᠢ ᠤᠷᠤᠰᠢᠵᠦ ᠪᠠᠶᠢᠭ᠎ᠠ ᠲᠠᠸᠠᠷ ᠲᠤ ᠪᠤᠯ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠪᠠᠷ ᠤᠷᠤᠯᠴᠠᠬᠤ ᠶᠢ | ᠬᠡᠷᠡᠭᠵᠢᠬᠦᠯᠵᠦ᠂ ᠦᠢᠯᠡᠳᠬᠦᠨ ᠤ ᠠᠯᠪᠠᠳᠠᠯᠭᠠᠳᠤ ᠬᠡᠷᠡᠴᠢᠯᠡᠭᠡ ᠶᠢᠨ ᠬᠢᠯᠢ ᠪᠠᠷ ᠤᠷᠤᠬᠤ ᠬᠡᠷᠡᠴᠢ ᠶᠢ ᠨᠢ ᠰᠢᠯᠭᠠᠨ | ᠪᠠᠳᠤᠯᠠᠬᠤ ᠬᠢᠨᠠᠯᠳᠠ ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠦᠨ᠎ᠠ᠃ | 22. ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠢᠳᠡᠬᠡᠮᠵᠢᠯᠡᠭᠰᠡᠨ | ᠬᠠᠮᠢᠶᠠᠷᠤᠯᠲᠠ ᠶᠢ ᠲᠦᠷᠬᠡᠳᠬᠡᠨ ᠲᠡᠭᠦᠯᠳᠡᠷᠵᠢᠬᠦᠯᠦᠨ᠎ᠠ᠃ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ | ᠦᠷ᠎ᠡ ᠳ᠋ᠦᠩ ᠳᠤ ᠢᠳᠡᠬᠡᠮᠵᠢᠯᠡᠭᠰᠡᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ | ᠬᠡᠪᠴᠢᠶ᠎ᠡ ᠶᠢ ᠠᠯᠬᠤᠮ ᠠᠯᠬᠤᠮ ᠢᠶᠠᠷ ᠦᠷᠬᠡᠳᠬᠡᠵᠦ᠂ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ | ᠪᠠᠶᠢᠭᠤᠯᠤᠮᠵᠢ ᠨᠤᠭᠤᠳ ᠢ ᠵᠤᠷᠢᠨᠨᠵᠢᠭᠤᠯᠵᠦ ᠲᠦᠭᠰᠢᠭᠦᠷᠢ ᠶᠢ ᠬᠢᠨᠠᠨ ᠰᠢᠨᠵᠢᠬᠦ ᠪᠦᠲᠦᠮᠵᠢᠲᠦ ᠴᠢᠨᠠᠷ ᠤᠨ | ᠦᠨᠡᠯᠡᠯᠳᠡ ᠳᠤ ᠤᠷᠤᠯᠴᠠᠭᠤᠯᠤᠨ᠎ᠠ᠃ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ ᠪᠠ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ | ᠢᠯᠡᠴᠢᠯᠡᠬᠦ ᠪᠠᠨ ᠴᠢᠩᠭᠠᠷᠠᠭᠤᠯᠵᠦ᠂ ᠵᠠᠬ᠎ᠠ ᠳᠡᠯᠭᠡᠭᠦᠷ ᠠᠴᠠ ᠪᠤᠴᠠᠭᠠᠨ ᠭᠠᠷᠭᠠᠬᠤ ᠲᠣᠭᠲᠠᠴᠠ ᠶᠢ | ᠲᠡᠭᠦᠯᠳᠡᠷᠵᠢᠬᠦᠯᠦᠨ᠎ᠠ᠃ | 23. ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠨ ᠤᠬᠤᠴᠢᠯᠠᠬᠤ ᠬᠠᠮᠢᠶᠠᠷᠤᠯᠳᠠ ᠶᠢ ᠠᠬᠢᠭᠤᠯᠤᠨ᠎ᠠ᠃ | ᠠᠵᠤ ᠠᠬᠤᠶᠢᠯᠠᠯ ᠤᠳ ᠤᠨ ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠨ ᠤᠬᠤᠴᠢᠯᠠᠬᠤ ᠰᠢᠰᠲ᠋ᠧᠮᠵᠢ ᠪᠠᠨ | ᠠᠯᠬᠤᠮ ᠠᠯᠬᠤᠮ ᠢᠶᠠᠷ ᠲᠡᠭᠦᠯᠳᠡᠷᠵᠢᠬᠦᠯᠬᠦ ᠶᠢ ᠵᠤᠷᠢᠨᠨᠵᠢᠭᠤᠯᠤᠨ᠎ᠠ᠃ ᠬᠡᠷᠡᠭᠯᠡᠭᠡᠨ ᠤ ᠵᠦᠢᠯ᠂ ᠢᠳᠡᠭᠡᠨ ᠤ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠭᠤᠣᠯᠳᠠᠯᠭ᠎ᠠ ᠲᠠᠢ ᠲᠠᠸᠠᠷ ᠲᠤ ᠡᠬᠢ ᠡᠭᠦᠰᠦᠯ ᠢ ᠨᠢ ᠮᠦᠷᠳᠡᠬᠦ ᠲᠤᠷᠰᠢᠯᠲᠠ ᠶᠢ ᠦᠷᠨᠢᠬᠦᠯᠬᠦ ᠶᠢᠨ ᠬᠠᠮᠳᠤ᠂ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠤᠰᠤᠳ ᠭᠤᠣᠯᠳᠠᠯᠭ᠎ᠠ ᠲᠠᠢ ᠭᠦᠷᠢᠶ᠎ᠡ ᠴᠠᠷᠠᠭ᠎ᠠ ᠳᠤ | ᠠᠯᠬᠤᠮ ᠠᠯᠬᠤᠮ ᠢᠶᠠᠷ ᠲᠡᠯᠬᠡᠷᠡᠭᠦᠯᠦᠨᠠ᠃ ᠮᠦᠷᠳᠡᠨ ᠤᠬᠤᠴᠢᠯᠠᠬᠤ ᠬᠡᠯᠬᠢᠶᠡᠰᠦ ᠶᠢ ᠠᠯᠬᠤᠮ ᠠᠯᠬᠤᠮ ᠢᠶᠠᠷ | ᠤᠷᠳᠤᠳᠬᠠᠵᠦ᠂ ᠡᠬᠢ ᠡᠭᠦᠰᠦᠯ ᠢ ᠨᠢ ᠮᠦᠷᠳᠡᠬᠦ ᠤᠯᠠᠨ ᠨᠡᠶᠢᠲᠡ ᠶᠢᠨ ᠦᠢᠯᠡᠴᠢᠯᠡᠭᠡᠨ ᠤ ᠲᠤᠷᠰᠢᠯᠲᠠ ᠶᠢ | ᠦᠷᠨᠢᠬᠦᠯᠦᠨ᠎ᠠ᠃ | ᠭᠤᠷᠪᠠ᠂ ᠪᠠᠳᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ | ᠰᠢᠰᠲ᠋ᠧᠮᠵᠢ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠦᠬᠦ | ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ | ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ | ᠠᠵᠢᠯ ᠢ ᠨᠠᠶᠢᠳᠠᠪᠤᠷᠢᠵᠢᠭᠤᠯᠬᠤ᠂ ᠵᠤᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ ᠶᠢ ᠨᠢᠬᠡᠳᠦᠯᠳᠡᠢ ᠲᠦᠯᠦᠪᠯᠡᠨ | ᠠᠬᠢᠭᠤᠯᠬᠤ ᠶᠢ ᠬᠠᠷᠢᠭᠤᠴᠠᠨ᠎ᠠ᠃ ᠬᠠᠮᠳᠤᠷᠬᠠᠰᠠᠨ ᠬᠤᠷᠠᠯ ᠤᠨ ᠠᠯᠪᠠᠨ ᠬᠡᠷ ᠢ ᠬᠥᠬᠡᠬᠤᠲᠠ ᠪᠣᠭᠤᠮᠲᠠ ᠳᠤ | ᠲᠤᠬᠢᠷᠠᠭᠤᠯᠤᠨ᠎ᠠ᠃ ᠡᠯ᠎ᠡ ᠪᠦᠷᠢᠯᠳᠦᠬᠦᠨ ᠨᠢᠬᠡᠴᠢ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ᠂ ᠨᠠᠷᠢᠨ ᠨᠢᠮᠪᠠᠶ ᠵᠣᠬᠢᠶᠠᠨ ᠪᠠᠶᠢᠭᠤᠯᠵᠦ᠂ ᠨᠢᠭᠲᠠ ᠬᠠᠮᠵᠢᠯᠴᠠᠨ ᠠᠵᠢᠯᠯᠠᠵᠦ᠂ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠦ ᠪᠠᠶᠢᠴᠠᠭᠠᠬᠤ᠂ ᠮᠥᠷᠳᠡᠨ ᠵᠠᠳᠠᠯᠤᠯᠳᠠ ᠬᠢᠭᠦ ᠪᠠ | ᠨᠡᠪᠳᠡᠷᠡᠭᠦᠯᠦᠨ ᠮᠡᠳᠡᠬᠡᠯᠡᠬᠦ ᠪᠠᠨ ᠦᠨᠡᠨ ᠭᠦ ᠴᠢᠩᠭᠠᠳᠬᠠᠨ᠎ᠠ᠃ | ︵ᠬᠤᠶᠠᠷ︶ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠷᠢᠮ ᠤᠨ ᠲᠤᠬᠢᠷᠠᠭᠤᠯᠤᠯᠳᠠ ᠶᠢ | ᠦᠨᠡᠨ ᠭᠦ ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ | ᠴᠢᠨᠠᠷ ᠤᠨ ᠠᠮᠤᠷ ᠲᠦᠪᠰᠢᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠭᠴᠢ ᠪᠠ ᠪᠠᠶᠢᠴᠠᠭᠠᠨ ᠰᠢᠯᠭᠠᠵᠤ ᠪᠠᠶᠢᠴᠠᠭᠠᠨ | ᠰᠢᠨᠵᠢᠬᠦ ᠶᠢᠨ ᠬᠡᠷᠡᠴᠢᠯᠡᠬᠦ ᠪᠠᠶᠢᠭᠤᠯᠤᠮᠵᠢ ᠨᠤᠭᠤᠳ ᠤᠨ ᠲᠦᠭᠰᠢᠭᠦᠷᠢ ᠶᠢᠨ ᠮᠡᠳᠡᠭᠡ ᠵᠠᠩᠭᠢ ᠶᠢ ᠮᠡᠳᠡᠬᠦᠯᠬᠦ ᠵᠢᠴᠢ | ᠲᠦᠭᠰᠢᠭᠦᠷᠢ ᠶᠢ ᠠᠷᠢᠯᠭᠠᠨ ᠪᠠᠭᠠᠰᠬᠠᠬᠤ ᠵᠡᠷᠭᠡ ᠡᠭᠦᠷᠭᠡ ᠪᠠᠨ ᠭᠦᠢᠴᠡᠳᠬᠡᠬᠦ ᠶᠢ ᠲᠤᠳᠤᠷᠬᠠᠶᠢᠯᠠᠵᠦ᠂ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦᠯᠬᠦ ᠪᠠ ᠲᠦᠷᠭᠡᠨ | ᠳᠤᠰᠬᠠᠬᠤ ᠵᠡᠷᠭᠡ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠳᠤᠯᠠᠨ᠎ᠠ᠃ | ︵ᠭᠤᠷᠪᠠ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠤᠳᠤ ᠶᠢᠨ ᠪᠠᠶᠢᠭ᠎ᠠ ᠪᠡᠯᠡ | ᠮᠥᠩᠭᠦ ᠶᠢᠨ ᠠᠷᠭ᠎ᠠ ᠵᠠᠮ ᠢ ᠨᠢᠬᠡᠳᠦᠯᠳᠡᠢ ᠲᠦᠯᠦᠪᠯᠡᠵᠦ᠂ ᠪᠡᠯᠡ ᠮᠦᠩᠭᠦ ᠣᠷᠣᠭᠤᠯᠬᠤ ᠡᠷᠴᠢᠮ ᠢᠶᠠᠨ | ᠴᠢᠩᠭᠠᠷᠠᠭᠤᠯᠤᠨ᠂ ᠪᠣᠭᠤᠮᠲᠠ ᠶᠢᠨ ᠪᠠᠶᠢᠴᠠᠭᠠᠨ ᠰᠢᠯᠭᠠᠬᠤ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ | ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ | ᠬᠠᠮᠢᠶᠠᠷᠤᠯᠳᠠ ᠶᠢᠨ ᠠᠵᠢᠯ ᠤᠨ ᠦᠷᠨᠢᠬᠦ ᠶᠢ ᠦᠨᠡᠨ ᠭᠦ ᠪᠠᠳᠤᠯᠠᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠠᠷᠢᠯᠴᠠᠨ ᠲᠤᠬᠢᠷᠠᠯᠴᠬᠠᠰᠠᠨ ᠵᠠᠷᠤᠳᠠᠯ ᠤᠨ | ᠪᠠᠳᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ | ᠤᠷᠤᠭᠤᠯᠤᠨ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢ | ᠬᠡᠷᠡᠭᠯᠡᠬᠦ ᠦᠷ᠎ᠡ ᠠᠰᠢᠭ ᠢᠶᠠᠨ ᠲᠡᠬᠡᠭᠰᠢᠯᠡᠬᠦᠯᠦᠨ᠎ᠠ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠳ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠨᠨᠯᠠᠵᠦ᠂ ᠴᠢᠬᠤᠯᠠ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠠᠷᠭᠠᠬᠤ ᠪᠠ ᠱᠠᠳᠤᠴᠢ ᠴᠢᠨᠠᠷᠲᠠᠶ ᠦᠷ᠎ᠡ ᠪᠦᠲᠦᠮᠵᠢ ᠶᠢ ᠤᠬᠠᠭᠤᠯᠬᠤ | ᠡᠷᠴᠢᠮ ᠢᠶᠠᠨ ᠨᠡᠮᠡᠭᠳᠡᠬᠦᠯᠵᠦ᠂ ᠨᠡᠶᠢᠬᠡᠮ ᠤᠨ ᠨᠡᠶᠢᠳᠡ ᠤᠯᠠᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ | ᠪᠠᠶᠢᠭᠠᠳ ᠥᠭᠡᠷᠡᠴᠢᠯᠡᠯᠲᠡ ᠳᠤ ᠤᠷᠤᠯᠴᠠᠭᠤᠯᠬᠤ ᠬᠡᠷᠡᠭᠳᠡᠢ᠃ ᠶᠠᠰᠤ ᠴᠢᠨᠠᠷ ᠢ ᠲᠡᠬᠡᠭᠰᠢᠯᠡᠬᠦᠯᠬᠦ ᠶᠢᠨ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠨᠡᠶᠢᠳᠡ ᠤᠯᠠᠨ ᠤ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ᠂ | ᠤᠬᠠᠮᠵᠢᠳᠠᠢ ᠪᠠᠷ ᠬᠡᠷᠡᠭᠯᠡᠭᠡ ᠬᠢᠬᠦ ᠴᠢᠳᠠᠪᠤᠷᠢ ᠶᠢ ᠨᠢ ᠲᠡᠬᠡᠭᠰᠢᠯᠡᠬᠦᠯᠵᠦ᠂ ᠨᠡᠶᠢᠭᠡᠮ ᠳᠠᠶᠠᠭᠠᠷ ᠢᠶᠠᠷ ᠢᠶᠠᠨ | ᠴᠢᠬᠤᠯᠠᠴᠢᠯᠠᠭᠰᠠᠨ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠲᠡᠮᠵᠢᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ᠃ | |