ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤᠨᠤᠯ ᠰᠤᠷᠤᠯᠴᠠᠬᠤ ᠭᠤᠤᠯ ᠲᠤᠭᠤᠶᠢᠯᠠᠩ ᠤᠨ 13 ᠳ᠋ᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠢᠪᠠ  ᠪᠦ᠋ ᠰᠢᠶᠤᠤ ᠯᠢᠨ ᠬᠤᠷᠠᠯ ᠎ ᠢ ᠡᠷᠬᠢᠯᠡᠵᠡᠢ
ᠨᠡᠶᠢᠲᠡᠯᠡᠭᠰᠡᠨ ᠴᠠᠭ᠄
2018/12/27
     12 ᠳ᠋ᠤᠭᠠᠷ ᠰᠠᠷ᠎ᠠ ᠶᠢᠨ 26᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠎ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠎ ᠤᠨ ᠤᠷᠳᠤᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ 2018 ᠣᠨ ᠤ 13 ᠳ᠋ᠤᠭᠠᠷ ᠤᠳᠠᠭ᠎ᠠ  ᠶᠢᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶᠠᠨ ᠤ ᠠᠷᠪᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠤᠷᠤᠨ ᠤ ᠲᠦᠷᠭᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠶᠢᠨ ᠲᠤᠰᠬᠠᠢ ᠰᠡᠳᠦᠪᠳᠤ ᠮᠡᠳᠡᠭᠦᠯᠦᠯᠳᠡ ᠶᠢ ᠰᠤᠨᠤᠰᠪᠠ᠃      ᠪᠦ᠋ ᠰᠢᠶᠤᠤ ᠯᠢᠨ ᠵᠢᠭᠠᠭᠰᠠᠨ ᠨᠢ᠂ ᠲᠦᠪ ᠤᠨ ᠤᠯᠤᠰ ᠲᠦᠷᠦ ᠶᠢᠨ ᠲᠤᠪᠴᠢᠶᠠᠨ ᠤ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠮᠠᠨ ᠤ ᠤᠯᠤᠰ ᠤᠨ ᠲᠡᠤᠭᠡᠨ ᠳᠠᠬᠢ ᠵᠠᠰᠠᠭ ᠤᠨ ᠵᠠᠰᠠᠯᠳᠠ ᠶᠢᠨ ᠠᠯᠳᠠᠭ ᠤᠨᠤᠭ ᠢ ᠬᠦᠨᠵᠡᠭᠡᠢ ᠳ᠋ᠦᠩᠨᠡᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠳᠠ ᠲᠤᠮᠳᠠᠬᠢ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠬᠦᠨᠵᠡᠭᠡᠢ ᠲᠤᠳᠤᠷᠬᠠᠶᠢᠯᠠᠨ ᠦᠭᠦᠯᠡᠵᠤ᠂ ᠦᠨᠳᠦᠷ ᠬᠡᠪ ᠪᠤᠯᠪᠠᠰᠤᠷᠠᠯ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠲᠤᠳᠤᠷᠬᠠᠢ ᠱᠠᠭᠠᠷᠳᠠᠯᠭ᠎ᠠ ᠲᠤᠷᠠᠳᠴᠠᠢ᠃ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠢᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠤᠯᠠᠮ ᠴᠢᠨᠠᠬᠰᠢᠳᠠ ᠲᠡᠭᠡᠭᠰᠢᠯᠡᠭᠦᠯᠵᠤ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠨ᠂ ᠢᠮᠠᠬᠳᠠ ᠤᠯᠤᠰ ᠲᠦᠷᠦ ᠶᠢᠨ ᠪᠠᠷᠢᠮᠵᠢᠶ᠎ᠠ ᠪᠠᠷ ᠺᠠᠳ᠋ᠷ ᠢ ᠬᠡᠮᠵᠢᠭᠦ ᠲᠡᠷᠢᠭᠦᠨ ᠪᠠᠷᠢᠮᠵᠢᠶ᠎ᠠ ᠪᠤᠯᠭᠠᠬᠤ ᠬᠡᠷᠡᠭᠳᠡᠢ᠃ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠵᠤ᠂ ᠬᠤᠪᠢᠳᠠᠨ ᠬᠠᠮᠢᠶᠠᠷᠬᠤ ᠰᠠᠯᠠᠭ᠎ᠠ ᠮᠦᠴᠢᠷ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠴᠦᠭᠦᠷᠡᠰᠢ ᠦᠭᠡᠢ ᠰᠠᠶᠢᠳᠤᠷ ᠠᠳᠬᠤᠬᠤ ᠶᠢ ᠠᠬᠢᠭᠤᠯᠵᠦ᠂ ᠬᠦᠮᠦᠨ ᠢ ᠰᠤᠩᠭᠤᠵᠤ ᠬᠦᠮᠦᠨ ᠢ ᠬᠡᠷᠡᠭᠯᠡᠭᠦ ᠵᠦᠪ ᠤᠳᠤᠷᠢᠳᠤᠮᠵᠢ ᠶᠢ ᠪᠤᠢ ᠪᠤᠯᠭᠠᠨ᠂  ᠰᠤᠷᠲᠠᠯ ᠴᠢᠭᠡᠴᠢ ᠤᠪᠤᠷ ᠲᠦᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠬᠡᠷᠡᠭᠳᠡᠢ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠵᠤ᠂ ᠺᠠᠳ᠋ᠷ ᠢ ᠴᠢᠩᠭ᠎ᠠ ᠬᠠᠮᠢᠶᠠᠷᠤᠨ᠂ ᠬᠠᠷᠢᠭᠤᠴᠠᠯᠭ᠎ᠠ ᠶᠢᠨ ᠬᠢᠵᠠᠭᠠᠷᠯᠠᠯ ᠢ ᠴᠢᠩᠭᠠᠳᠬᠠᠬᠤ ᠶᠢᠨ ᠬᠠᠮᠳᠤ᠂ ᠰᠢᠨ᠎ᠠ ᠶᠢ ᠡᠭᠦᠳᠭᠦ ᠶᠢ ᠵᠤᠷᠢᠬᠵᠢᠭᠤᠯᠬᠤ᠂ ᠠᠯᠳᠠᠭ᠎ᠠ ᠪᠤᠷᠤᠭᠤ ᠶᠢ ᠨᠢ ᠪᠠᠭᠳᠠᠭᠠᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠵᠤ᠂ ᠺᠠᠳ᠋ᠷᠴᠤᠳ ᠤᠨ ᠬᠡᠭᠦᠳᠡᠭ ᠲᠦᠭᠦᠷᠡᠩ ᠬᠠᠯᠠᠭᠤᠨ ᠰᠡᠳᠬᠢᠯᠭᠡ ᠪᠠᠷ ᠠᠵᠢᠯ ᠬᠢᠵᠤ ᠦᠢᠯᠡᠰ ᠪᠤᠰᠬᠠᠬᠤ ᠶᠢ ᠨᠢ ᠲᠠᠶᠢᠴᠢᠯᠠᠬᠤ ᠬᠡᠷᠡᠭᠳᠡᠢ᠃ ︽ᠲᠦᠷᠪᠡᠨ ᠰᠤᠷᠳᠠᠯ︾᠎ ᠢ ᠴᠦᠭᠦᠷᠡᠰᠢ ᠦᠭᠡᠢ ᠴᠡᠭᠴᠡᠯᠡᠨ ᠵᠠᠰᠠᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠴᠡᠭᠡᠷᠯᠡᠵᠤ᠂ ᠦᠨᠳᠦᠰᠦᠨ ᠱᠠᠳᠤᠨ ᠤ ᠲᠠᠷᠤᠭᠠᠰᠦ ᠶᠢ ᠦᠨᠡᠨ ᠬᠦ ᠬᠦᠩᠭᠡᠷᠡᠭᠦᠯᠦᠨ᠂ ᠦᠷᠭᠡᠨ ᠤᠯᠠᠨ ᠺᠠᠳ᠋ᠷ ᠤᠨ ᠨᠡᠩ ᠤᠯᠠᠨ ᠴᠠᠭ ᠪᠤᠯᠤᠨ ᠤᠶᠤᠨ ᠤᠬᠠᠭᠠᠨ ᠢᠶᠠᠨ ᠰᠢᠪᠬᠠᠨ ᠨᠡᠶᠢᠳᠡᠪᠦᠷᠢᠵᠢᠭᠤᠯᠤᠯᠳᠠ ᠶᠢ ᠠᠳᠬᠤᠬᠤ ᠶᠢ ᠪᠠᠳᠤᠯᠠᠬᠤ ᠬᠡᠷᠡᠭᠳᠡᠢ ᠬᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠲᠦᠷᠭᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠬᠤᠴᠤᠷᠤᠩᠭᠤᠢ ᠪᠠᠶᠢᠬᠤ ᠪᠤᠯ ᠮᠠᠨ ᠤ ᠤᠷᠤᠨ ᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠬᠢ ᠨᠢᠭᠡ ᠲᠤᠪᠤᠶᠢᠮ᠎ᠠ ᠲᠤᠳᠠᠭᠤᠳᠠᠯ ᠪᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠯᠤᠰ ᠤᠨ ᠲᠡᠮᠵᠢᠯᠭᠡ ᠶᠢ ᠢᠳᠡᠪᠬᠢᠳᠡᠢ ᠣᠯᠵᠤ᠂ ᠲᠦᠷᠭᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠮᠠᠨ ᠤ ᠤᠷᠤᠨ ᠤ ᠲᠦᠷᠭᠡᠨ ᠤ ᠲᠡᠮᠦᠷ ᠵᠠᠮ ᠪᠦᠬᠦ ᠤᠯᠤᠰ ᠤᠨ ᠲᠦᠷᠭᠡᠨ ᠤ ᠲᠡᠮᠦᠷ ᠵᠠᠮ ᠤᠨ ᠲᠤᠤᠷ ᠲᠤ ᠲᠦᠷᠭᠡᠨ ᠠᠭᠤᠰᠤᠯᠴᠠᠬᠤ ᠶᠢ ᠠᠬᠢᠭᠤᠯᠬᠤ ᠬᠡᠷᠡᠭᠳᠡᠢ᠃ ᠡᠭᠦᠨ ᠤ ᠬᠠᠮᠳᠤ᠂ ᠰᠢᠨᠵᠢᠯᠡᠭᠦ ᠤᠬᠠᠭᠠᠨᠴᠢ ᠪᠠᠷ ᠲᠦᠯᠦᠪᠵᠢᠭᠦᠯᠦᠨ᠂ ᠬᠡᠷᠡᠭᠴᠡᠭᠡ ᠪᠤᠯᠤᠨ ᠪᠤᠯᠤᠮᠵᠢ ᠶᠢ ᠬᠦᠢᠴᠡᠳ ᠪᠤᠳᠤᠯᠬᠢᠯᠠᠵᠤ᠂ ᠪᠡᠯᠡ ᠤᠷᠤᠭᠤᠯᠬᠤ ᠦᠷ᠎ᠠ ᠠᠰᠢᠭ ᠢ ᠴᠢᠬᠤᠯᠠᠴᠢᠯᠠᠨ᠂ ᠵᠠᠰᠠᠭ ᠤᠨ ᠤᠷᠳᠤᠨ ᠤ ᠦᠷᠢ ᠦᠭᠴᠡᠭᠡᠨ ᠤ ᠠᠶᠤᠯ ᠲᠦᠭᠰᠢᠭᠦᠷᠢ ᠶᠢ ᠰᠡᠷᠬᠡᠶᠢᠯᠡᠭᠦ ᠬᠡᠷᠡᠭᠳᠡᠢ ᠬᠡᠵᠠᠢ᠃      ᠬᠤᠷᠠᠯ ᠲᠡᠭᠡᠷ᠎ᠠ᠂ ᠬᠦᠬᠡᠬᠤᠳᠠ ᠲᠡᠮᠦᠷ ᠵᠠᠮ ᠤᠨ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠲᠠᠷᠤᠭ᠎ᠠ ᠵᠠᠩ ᠵᠢᠢ ᠢ ᠤᠷᠢᠯᠭ᠎ᠠ ᠪᠠᠷ ᠲᠦᠷᠭᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠶᠢᠨ ᠲᠤᠰᠬᠠᠢ ᠰᠡᠳᠦᠪᠳᠤ ᠮᠡᠳᠡᠭᠦᠯᠦᠯᠳᠡ ᠬᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号