ᠥᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠮᠡᠳᠡᠭᠳᠡᠯ ᠪᠠᠭᠤᠯᠭᠠᠵᠤ ︽ᠠᠷᠪᠠᠨ ᠬᠤᠶᠠᠷ ᠢ ᠴᠢᠩᠭ᠎ᠠ ᠴᠠᠭᠠᠵᠠᠯᠠᠬᠤ︾᠎ ᠪᠠᠷ ᠳᠠᠮᠵᠢᠨ ᠰᠢᠨ᠎ᠠ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠤᠷᠳᠠᠯ ᠴᠢᠭᠡᠴᠢ ᠤᠪᠤᠷ ᠲᠦᠪ ᠪᠠᠶᠢᠬᠤ ᠶᠢ ᠦᠨᠡᠨ ᠬᠦ ᠪᠠᠲᠤᠯᠠᠬᠤ ᠪᠠᠷ ᠪᠤᠢ
ᠨᠡᠶᠢᠲᠡᠯᠡᠭᠰᠡᠨ ᠴᠠᠭ᠄
2018/12/27
     ᠲᠦᠷᠦᠭᠦᠭᠡᠨ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ︽ᠲᠦᠪ ᠤᠨ ᠨᠠᠢᠮᠠᠨ ᠲᠤᠬᠳᠠᠭᠠᠯ ᠤᠨ ᠵᠤᠷᠢᠭ ᠰᠠᠨᠠᠭ᠎ᠠ ᠶᠢ ᠨᠡᠶᠢᠳᠡᠪᠦᠷᠢᠵᠢᠭᠤᠯᠬᠤ ᠦᠷ᠎ᠠ ᠪᠦᠳᠦᠭᠡᠯ ᠢ ᠬᠦᠨᠵᠡᠭᠡᠶᠢᠷᠡᠭᠦᠯᠵᠤ᠂ 2019 ᠣᠨ ᠤ ᠰᠢᠨ᠎ᠠ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠤᠷᠳᠠᠯ ᠴᠢᠭᠡᠴᠢ ᠤᠪᠤᠷ ᠲᠦᠪ ᠪᠠᠶᠢᠬᠤ ᠶᠢ ᠪᠠᠳᠤᠯᠠᠬᠤ ᠲᠤᠬᠠᠢ ᠮᠡᠳᠡᠭᠳᠡᠯ︾ ︵ᠲᠤᠷᠤᠬᠰᠢ ︽ᠮᠡᠳᠡᠭᠳᠡᠯ︾ ᠬᠡᠵᠤ ᠲᠦᠭᠦᠮᠴᠢᠯᠡᠨ᠎ᠠ︶᠎ ᠢ ᠪᠠᠭᠤᠯᠭᠠᠵᠤ᠂ ︽ᠠᠷᠪᠠᠨ ᠬᠤᠶᠠᠷ ᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠳᠤ ᠶᠢ ᠴᠢᠩᠭᠠᠳᠬᠠᠬᠤ ᠱᠠᠭᠠᠷᠳᠠᠯᠭ᠎ᠠ ᠶᠢ ᠲᠤᠳᠤᠷᠬᠠᠢ ᠲᠤᠷᠠᠳᠴᠤ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠦ᠂ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠨᠠ ᠪᠠᠶᠢᠴᠠᠭᠠᠬᠤ ᠪᠠᠶᠢᠭᠤᠯᠭ᠎ᠠ ᠪᠠ ᠦᠷᠭᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠰᠢᠨ᠎ᠠ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠤᠷᠳᠠᠯ ᠴᠢᠭᠡᠴᠢ ᠤᠪᠤᠷ ᠲᠦᠪ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠤ ᠱᠠᠭᠠᠷᠳᠠᠵᠠᠢ᠃      ᠮᠡᠳᠡᠭᠳᠡᠯ ᠳᠤ ᠱᠠᠭᠠᠷᠳᠠᠭᠰᠠᠨ ᠨᠢ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠡᠯ᠎ᠠ ᠪᠠᠶᠢᠭᠤᠯᠭ᠎ᠠ ᠨᠢᠭᠡᠴᠢ ᠵᠢᠴᠢ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠪᠤᠯᠤᠨ ᠠᠯᠪᠠᠨ ᠲᠤᠰᠢᠶᠠᠯᠳᠠᠳ ᠲᠦᠪ ᠤᠨ ᠨᠠᠢᠮᠠᠨ ᠲᠤᠬᠳᠠᠭᠠᠯ ᠵᠢᠴᠢ ᠬᠡᠷᠡᠭᠵᠢᠭᠦᠯᠭᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ᠂ ᠬᠠᠮᠢᠶ᠎ᠠ ᠪᠦᠬᠦᠢ ᠰᠠᠬᠢᠯᠭ᠎ᠠ ᠪᠠᠳᠤ ᠶᠢᠨ ᠲᠤᠬᠳᠠᠭᠠᠯ ᠢ ᠴᠢᠩᠭ᠎ᠠ ᠵᠢᠷᠤᠮᠯᠠᠨ ᠰᠠᠬᠢᠵᠤ᠂ ᠠᠷᠢᠭᠤᠨ ᠴᠢᠭᠡᠴᠢ ᠪᠠᠷ ᠪᠠᠶᠠᠷ ᠤᠨ ᠡᠳᠦᠷ ᠢᠶᠠᠨ ᠦᠩᠭᠡᠷᠡᠭᠦᠯᠦᠨ᠂ ︽ᠪᠠᠶᠠᠷ ᠤᠨ ᠡᠳᠦᠷ ᠤᠨ ᠡᠪᠡᠳᠴᠢᠨ︾᠎ ᠢ ᠡᠷᠡᠰ ᠲᠡᠪᠴᠢᠭᠦ ᠬᠡᠷᠡᠭᠳᠡᠢ᠃ ᠲᠤᠬᠳᠠᠭᠠᠯ ᠠᠴᠠ ᠵᠦᠷᠢᠴᠡᠨ ᠨᠦᠬᠦᠪᠦᠷᠢ ᠦᠭᠬᠦ᠂ ᠱᠠᠩᠨᠠᠯ ᠤᠨ ᠮᠦᠩᠭᠦ ᠪᠤᠯᠤᠨ ᠡᠳ᠋ ᠪᠤᠳᠠᠰ ᠬᠤᠪᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ︔ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠭᠦ ᠪᠠᠷ ᠣᠨ ᠤ ᠬᠤᠷᠠᠯ ᠴᠤᠬᠯᠠᠭᠠᠨ ᠬᠢᠭᠦ᠂ ᠡᠵᠡᠩᠨᠡᠯᠳᠡ ᠶᠢᠨ ᠴᠢᠨᠠᠷᠳᠠᠢ ᠦᠳᠡᠰᠢᠯᠡᠭᠡ ᠡᠷᠬᠢᠯᠡᠭᠦ ᠶᠢ ᠴᠢᠩᠭ᠎ᠠ ᠴᠠᠭᠠᠵᠠᠯᠠᠬᠤ ᠬᠡᠷᠡᠭᠳᠡᠢ︔ ᠲᠤᠬᠳᠠᠭᠠᠯ ᠠᠴᠠ ᠵᠦᠷᠢᠴᠡᠨ ᠠᠯᠪᠠᠨ ᠤ ᠵᠤᠭᠤᠰ ᠢᠶᠠᠷ ᠬᠠᠷᠢᠯᠴᠠᠨ ᠵᠤᠴᠢᠯᠠᠬᠤ᠂ ᠢᠳᠡᠵᠤ ᠤᠤᠭᠤᠬᠤ᠂ ᠵᠤᠭᠠᠴᠠᠬᠤ ᠪᠠ ᠦᠨᠳᠦᠷ ᠬᠡᠷᠡᠭᠯᠡᠭᠡᠨ ᠤ ᠵᠤᠭ᠎ᠠ ᠴᠡᠩᠭᠡᠯ ᠪᠡᠶ᠎ᠠ ᠴᠢᠬᠢᠷᠠᠬᠵᠢᠭᠤᠯᠬᠤ ᠠᠵᠢᠯᠯᠠᠭ᠎ᠠ ᠳᠤ ᠤᠷᠤᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ︔ ᠠᠯᠪᠠᠨ ᠤ ᠵᠤᠭᠤᠰ ᠢᠶᠠᠷ ᠰᠢᠨ᠎ᠠ ᠵᠢᠯ ᠤᠨ ᠪᠠᠶᠠᠷ ᠤᠨ ᠺᠠᠷᠲ᠂ ᠢᠯᠡ ᠵᠠᠬᠢᠳᠠᠯ ᠤᠨ ᠺᠠᠷᠲ᠂ ᠬᠤᠸᠠᠩᠯᠢ ᠵᠡᠷᠭᠡ ᠪᠤᠳᠠᠰ ᠲᠠᠷᠤᠮᠠᠯᠯᠠᠨ ᠵᠤᠬᠢᠶᠠᠬᠤ᠂ ᠬᠤᠳᠠᠯᠳᠤᠨ ᠠᠪᠬᠤ᠂ ᠪᠡᠯᠡᠭᠯᠡᠵᠤ ᠬᠦᠷᠭᠡᠭᠦ ᠶᠢ ᠴᠢᠩᠭ᠎ᠠ ᠴᠠᠭᠠᠵᠠᠯᠠᠬᠤ ᠬᠡᠷᠡᠭᠳᠡᠢ︔ ᠠᠯᠪᠠᠨ ᠤ ᠵᠤᠭᠤᠰ ᠢᠶᠠᠷ ᠬᠤᠸᠠᠷ ᠫᠤᠤᠵᠢᠩ᠂ ᠠᠷᠢᠬᠢ ᠲᠠᠮᠠᠬᠢ᠂ ᠬᠤᠸᠠᠷ ᠴᠡᠴᠡᠭ᠂ ᠢᠳᠡᠭᠡᠨ ᠤ ᠵᠦᠢᠯᠡᠰ ᠵᠡᠷᠭᠡ ᠰᠢᠨ᠎ᠠ ᠵᠢᠯ ᠤᠨ ᠪᠠᠷᠠᠭ᠎ᠠ ᠪᠡᠯᠡᠭ ᠰᠡᠯᠳᠡ ᠬᠤᠳᠠᠯᠳᠤᠨ ᠠᠪᠬᠤ᠂ ᠪᠡᠯᠡᠭᠯᠡᠵᠤ ᠬᠦᠷᠭᠡᠭᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠲᠤᠬᠳᠠᠭᠠᠯ ᠠᠴᠠ ᠵᠦᠷᠢᠴᠡᠨ ᠡᠯ᠎ᠠ ᠲᠦᠷᠦᠯ ᠤᠨ ᠦᠨᠡᠳᠦ ᠨᠤᠳᠤᠭ ᠤᠨ ᠭᠠᠷᠤᠯᠳᠠ ᠵᠢᠴᠢ ᠪᠤᠰᠤᠳ ᠪᠡᠯᠡᠭ᠂ ᠸᠢᠴᠠᠲ ᠤᠨ ᠤᠯᠠᠭᠠᠨ ᠪᠠᠭᠯᠠᠭ᠎ᠠ ᠵᠢᠴᠢ ᠪᠤᠰᠤᠳ ᠬᠡᠯᠪᠡᠷᠢ ᠶᠢᠨ ᠪᠡᠯᠡᠭ ᠰᠡᠯᠳᠡ ᠵᠤᠭᠤᠰ ᠮᠦᠩᠭᠦ᠂ ᠬᠡᠷᠡᠭᠯᠡᠭᠡᠨ ᠤ ᠺᠠᠷᠲ ᠵᠡᠷᠭᠡ ᠶᠢ ᠠᠪᠴᠤ ᠬᠦᠷᠭᠡᠭᠦ ᠶᠢ ᠴᠢᠩᠭ᠎ᠠ ᠴᠠᠭᠠᠵᠠᠯᠠᠬᠤ ᠬᠡᠷᠡᠭᠳᠡᠢ︔ ᠲᠤᠬᠳᠠᠭᠠᠯ ᠠᠴᠠ ᠵᠦᠷᠢᠴᠡᠨ ᠬᠤᠷᠢᠮ ᠪᠤᠶᠠᠨ ᠤ ᠶᠠᠪᠤᠳᠠᠯ ᠬᠢᠭᠦ ᠪᠤᠶᠤ ᠵᠠᠪᠰᠢᠶᠠᠨ ᠢ ᠲᠠᠯᠢᠮᠳᠠᠭᠤᠯᠤᠨ ᠡᠳ᠋ ᠠᠰᠢᠭ ᠴᠤᠬᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠳᠡᠢ︔ ᠠᠯᠪᠠᠨ ᠤ ᠲᠠᠷᠭᠡ ᠶᠢ ᠬᠤᠪᠢ ᠶᠢᠨ ᠤᠴᠢᠷ ᠲᠤ ᠬᠡᠷᠡᠭᠯᠡᠭᠦ ᠪᠤᠶᠤ ︽ᠬᠤᠪᠢ ᠶᠢᠨ ᠲᠡᠷᠭᠡ ᠶᠢ ᠠᠯᠪᠠᠨ ᠤ ᠵᠤᠭᠤᠰ ᠢᠶᠠᠷ ᠠᠷᠠᠴᠢᠯᠠᠬᠤ︾᠎ ᠶᠢ ᠴᠢᠩᠭ᠎ᠠ ᠴᠠᠭᠠᠵᠠᠯᠠᠬᠤ ᠬᠡᠷᠡᠭᠳᠡᠢ︔ ᠲᠤᠬᠳᠠᠭᠠᠯ ᠠᠴᠠ ᠵᠦᠷᠢᠴᠡᠨ ᠬᠤᠪᠢ ᠬᠦᠮᠦᠨ ᠤ ᠵᠤᠭ᠎ᠠ ᠴᠡᠩᠭᠡᠯ ᠤᠨ ᠭᠠᠵᠠᠷ ᠢᠶᠠᠷ ᠤᠷᠤᠵᠤ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠳᠡᠢ︔ ᠲᠤᠬᠳᠠᠭᠠᠯ ᠠᠴᠠ ᠵᠦᠷᠢᠴᠡᠨ ᠨᠤᠳᠤᠭ ᠨᠢᠭᠡᠳᠡᠨ ᠤ ᠴᠤᠬᠯᠠᠭᠠᠨ᠂ ᠬᠠᠮᠳᠤ ᠰᠤᠷᠤᠯᠭᠠᠳᠠᠨ ᠤ ᠴᠤᠬᠯᠠᠭᠠᠨ᠂ ᠲᠠᠶᠢᠴᠢᠨ ᠨᠦᠬᠦᠳ ᠤᠨ ᠴᠤᠬᠯᠠᠭᠠᠨ ᠳᠤ ᠤᠷᠤᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ︔ ᠲᠤᠬᠳᠠᠭᠠᠯ ᠠᠴᠠ ᠵᠦᠷᠢᠴᠡᠨ ᠬᠠᠮᠢᠶᠠᠷᠤᠬᠳᠠᠬᠤ ᠪᠠ ᠦᠢᠯᠡᠴᠢᠯᠡᠭᠦ ᠡᠳᠡᠭᠡᠳ ᠤᠨ ᠲᠤᠬᠢᠷᠠᠭᠤᠯᠤᠬᠰᠠᠨ ᠲᠠᠶᠢᠯᠠᠯᠭ᠎ᠠ ᠪᠠ ᠵᠢᠭᠤᠯᠴᠢᠯᠠᠯ ᠵᠡᠷᠭᠡ ᠠᠵᠢᠯᠯᠠᠭ᠎ᠠ ᠶᠢ ᠬᠦᠯᠢᠶᠡᠨ ᠠᠪᠬᠤ ᠶᠢ ᠴᠢᠩᠭ᠎ᠠ ᠴᠠᠭᠠᠵᠠᠯᠠᠬᠤ ᠬᠡᠷᠡᠭᠳᠡᠢ︔ ᠵᠤᠭᠤᠰ ᠮᠦᠷᠦ᠋ᠢᠴᠡᠭᠦ ᠵᠡᠷᠭᠡ ᠲᠤᠬᠳᠠᠭᠠᠯ ᠠᠴᠠ ᠵᠦᠷᠢᠴᠡᠵᠤ ᠰᠠᠬᠢᠯᠭ᠎ᠠ ᠪᠠᠳᠤ ᠠᠴᠠ ᠵᠦᠷᠢᠴᠡᠭᠦ ᠠᠵᠢᠯᠯᠠᠭ᠎ᠠ ᠳᠤ ᠤᠷᠤᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ ᠭᠡᠵᠡᠢ᠃      ᠮᠡᠳᠡᠭᠳᠡᠯ ᠳᠤ ᠴᠢᠬᠤᠯᠠᠴᠢᠯᠠᠭᠰᠠᠨ ᠨᠢ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠤ᠂ ︽ᠲᠦᠷᠪᠡᠨ ᠰᠤᠷᠳᠠᠯ︾᠎ ᠢ ᠵᠠᠯᠠᠷᠠᠭᠤᠯᠬᠤ ᠠᠵᠢᠯ ᠢ ᠴᠦᠭᠦᠷᠡᠰᠢ ᠦᠭᠡᠢ ᠬᠦᠨᠵᠡᠭᠡᠶᠢᠷᠡᠭᠦᠯᠦᠨ ᠠᠬᠢᠭᠤᠯᠵᠤ᠂ ᠦᠨᠳᠦᠰᠦᠨ ᠱᠠᠳᠤ ᠲᠡᠶᠢᠰᠢ ᠠᠬᠢᠭᠤᠯᠵᠤ᠂ ᠪᠠᠶᠠᠷ ᠎ ᠤᠨ ᠡᠳᠦᠷ ᠤᠨ ᠬᠤᠭᠤᠴᠠᠭᠠᠨ ᠳᠠᠬᠢ ᠰᠤᠷᠳᠠᠯ ᠴᠢᠭᠡᠴᠢ ᠤᠪᠤᠷ ᠲᠦᠪ ᠪᠠᠶᠢᠬᠤ ᠶᠢ ᠪᠠᠳᠤᠯᠠᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠪᠡᠶ᠎ᠠ ᠪᠠᠷ ᠢᠶᠠᠨ ᠬᠡᠪ ᠲᠦᠷᠢᠮ ᠪᠤᠯᠵᠤ᠂ ᠲᠤᠰ ᠪᠡᠶ᠎ᠠ ᠶᠢᠨ ᠢᠶᠠᠨ ᠬᠡᠪ ᠪᠤᠯᠪᠠᠰᠤᠷᠠᠯ ᠪᠤᠯᠤᠨ ᠰᠠᠬᠢᠯᠭ᠎ᠠ ᠪᠠᠳᠤ᠂ ᠦᠪᠡᠷ ᠢ ᠪᠠᠨ ᠪᠠᠷᠢᠬᠤ ᠤᠬᠠᠮᠰᠠᠷ ᠢᠶᠠᠨ ᠴᠢᠩᠭᠠᠳᠬᠠᠨ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠴᠢᠩᠭᠠᠷᠠᠭᠤᠯᠵᠤ᠂ ︽ᠲᠦᠷᠦᠭᠦᠴᠢ ᠭᠠᠯᠠᠭᠤᠨ ᠤ ᠦᠢᠯᠡᠳᠦᠯ︾᠎ ᠢ ᠰᠠᠶᠢᠳᠤᠷ ᠪᠠᠳᠠᠷᠠᠭᠤᠯᠬᠤ ᠬᠡᠷᠡᠭᠳᠡᠢ᠃ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠢᠯᠠ ᠪᠠᠷ ᠪᠠᠶᠢᠴᠠᠭᠠᠨ ᠨᠢᠭᠤᠴᠠ ᠪᠠᠷ ᠰᠤᠷᠪᠤᠯᠵᠢᠯᠠᠬᠤ᠂ ᠰᠤᠭᠤᠴᠢᠨ ᠪᠠᠶᠢᠴᠠᠭᠠᠬᠤ᠂ ᠬᠡᠨᠡᠳᠡᠭᠦᠯᠦᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠬᠢᠨᠠᠯᠳᠠ ᠪᠠᠶᠢᠴᠠᠭᠠᠯᠳᠠ ᠶᠢᠨ ᠡᠷᠴᠢᠮ ᠢᠶᠠᠨ ᠲᠠᠰᠤᠷᠠᠯᠳᠠ ᠦᠭᠡᠢ ᠴᠢᠩᠭᠠᠳᠬᠠᠵᠤ᠂ ᠤᠨᠴᠠᠭᠠᠢᠢᠯᠠᠨ ᠤᠯᠤᠰ ᠤᠨ ᠦᠮᠴᠢᠯᠡᠯ ᠤᠨ ᠠᠵᠤ ᠠᠬᠤᠢᠢᠯᠠᠯ᠂ ᠮᠦᠩᠭᠦᠨ ᠬᠦᠢᠯᠭᠡᠭᠡᠨ ᠤ ᠪᠠᠶᠢᠭᠤᠯᠤᠮᠵᠢ᠂ ᠬᠤᠰᠢᠭᠤ ᠰᠢᠶᠠᠨ ᠪᠠ ᠰᠤᠮᠤ ᠰᠢᠶᠠᠩ ᠪᠠᠯᠭᠠᠰᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ ᠵᠡᠷᠭᠡ ᠨᠢᠭᠡᠴᠢ ᠳᠤ ᠠᠩᠬᠠᠷᠤᠯ ᠢᠶᠠᠨ ᠲᠦᠪᠯᠡᠷᠡᠭᠦᠯᠭᠦ ᠬᠡᠷᠡᠭᠳᠡᠢ᠃ ᠭᠤᠤᠯ ᠴᠤᠬᠴᠠ ᠶᠢᠨ ᠬᠠᠷᠢᠭᠤᠴᠠᠯᠭ᠎ᠠ᠂ ᠬᠢᠨᠠᠯᠳᠠ ᠲᠠᠯᠪᠢᠬᠤ ᠬᠠᠷᠢᠭᠤᠴᠠᠯᠭ᠎ᠠ ᠪᠠ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠬᠰᠠᠨ ᠨᠢ ᠬᠦᠷᠦᠯᠴᠡᠭᠦ ᠦᠭᠡᠢ ᠠᠴᠠ ᠪᠤᠯᠵᠤ ᠪᠠᠶᠠᠷ ᠤᠨ ᠡᠳᠦᠷ ᠤᠨ ᠬᠤᠭᠤᠴᠠᠭᠠᠨ ᠳᠤ ᠲᠦᠷᠢᠮ ᠲᠤᠬᠳᠠᠭᠠᠯ ᠰᠠᠬᠢᠯᠭ᠎ᠠ ᠪᠠᠳᠤ ᠶᠢ ᠬᠦᠨᠳᠦ ᠨᠤᠴᠢᠳᠠᠢ ᠵᠦᠷᠢᠴᠡᠭᠰᠡᠨ ᠠᠵᠢᠯᠯᠠᠭ᠎ᠠ ᠭᠠᠷᠴᠤ᠂ ᠬᠦᠨᠳᠦ ᠨᠤᠴᠢᠳᠠᠢ ᠦᠷ᠎ᠠ ᠳ᠋ᠦᠩ ᠪᠤᠶᠤ ᠲᠦᠢᠯ ᠤᠨ ᠮᠠᠭᠤ ᠮᠠᠭᠤᠬᠠᠢ ᠨᠦᠯᠦᠭᠡ ᠲᠤᠰᠬᠠᠯ ᠭᠠᠷᠭᠠᠬᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ᠃ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠯᠤᠨ ᠦᠷᠭᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠡᠷᠬᠡᠪᠰᠢ ᠡᠯ᠎ᠠ ᠲᠦᠷᠦᠯ ᠤᠨ ᠰᠠᠬᠢᠯᠭ᠎ᠠ ᠪᠠᠳᠤ ᠶᠢᠨ ᠲᠦᠷᠢᠮ ᠲᠤᠬᠳᠠᠭᠠᠯ ᠢ ᠲᠦᠷᠦᠭᠦᠯᠡᠨ ᠴᠢᠩᠭ᠎ᠠ ᠰᠠᠬᠢᠵᠤ᠂ ᠦᠨᠡᠨ ᠬᠦ ᠰᠠᠶᠢᠳᠤᠷ ᠳᠠᠭᠤᠷᠢᠶᠠᠯ ᠦᠵᠡᠭᠦᠯᠬᠦ ᠬᠡᠷᠡᠭᠳᠡᠢ ᠭᠡᠵᠡᠢ᠃      ᠮᠡᠳᠡᠭᠳᠡᠯ ᠳᠤ ᠪᠠᠰᠠ ᠢᠯᠡᠴᠢᠯᠡᠨ ᠮᠡᠳᠡᠭᠦᠯᠭᠦ ᠠᠷᠭ᠎ᠠ ᠬᠡᠯᠪᠡᠷᠢ ᠶᠢ ᠨᠡᠶᠢᠳᠡᠯᠡᠪᠡ᠃      ᠢᠯᠡᠴᠢᠯᠡᠨ ᠮᠡᠳᠡᠭᠦᠯᠭᠦ ᠤᠳᠠᠰᠦ᠄ 0471-12388      ᠢᠯᠡᠴᠢᠯᠡᠨ ᠮᠡᠳᠡᠭᠦᠯᠭᠦ ᠰᠦᠯᠵᠢᠶ᠎ᠠ᠄ neimeng.12388.gov.cn      ᠢᠯᠡᠴᠢᠯᠡᠨ ᠮᠡᠳᠡᠭᠦᠯᠭᠦ ᠵᠠᠬᠢᠳᠠᠯ ᠤᠨ ᠬᠠᠶᠢᠷᠴᠠᠭ᠄ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠵᠠᠬᠢᠳᠠᠯ ᠰᠤᠷᠪᠤᠯᠵᠢᠯᠠᠯ ᠤᠨ ᠲᠠᠰᠤᠭ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号