ᠮᠠᠨ ᠤ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 12600 ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2018/12/27
     40 ᠰᠢᠬᠠᠮ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠴᠢᠨ ᠲᠠᠷᠢᠶᠠᠴᠢᠨ ᠤ ᠲᠠᠷᠢᠮᠠᠯ ᠤᠨ ᠦᠢᠯᠡᠰ᠂ ᠮᠠᠯ ᠠᠵᠤ ᠠᠬᠤᠶ ᠵᠡᠷᠭᠡ ᠠᠵᠤ ᠦᠢᠯᠡᠰ ᠤᠨ ᠬᠦᠭᠵᠢᠯᠲᠡ ᠶᠢ ᠳᠡᠮᠵᠢᠵᠦ᠂ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 1978 ᠣᠨ ᠤ 131 ᠲᠥᠭᠦᠷᠢᠭ ᠪᠠᠶᠢᠭᠰᠠᠨ ᠠᠴᠠ ᠪᠠᠨ ᠣᠳᠣᠬᠠᠨ ᠤ 12600 ᠲᠥᠭᠦᠷᠢᠭ ᠣᠷᠴᠢᠮ ᠪᠣᠯᠣᠨ ᠨᠡᠮᠡᠭᠳᠡᠵᠦ᠂ 95 ᠳᠠᠬᠢᠨ ᠭᠠᠷᠤᠢ ᠨᠡᠮᠡᠭᠳᠡᠨ᠂ ᠢᠳᠡᠵᠦ ᠡᠮᠦᠰᠬᠦ ᠳᠡᠭᠡᠨ ᠵᠥᠪ ᠦᠭᠡᠢ ᠪᠠᠶᠢᠭᠰᠠᠨ ᠠᠴᠠ ᠪᠠᠨ ᠬᠠᠮᠲᠤᠪᠠᠷ ᠪᠠᠶᠠᠵᠢᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠨ᠎ᠠ᠃      ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠲᠠᠰᠤᠷᠠᠯᠲᠠ ᠥᠬᠡᠶ ᠲᠣᠭᠲᠠᠪᠤᠷᠢᠵᠢᠭᠤᠯᠤᠨ ᠪᠦᠷᠢᠨᠰᠢᠭᠦᠯᠵᠦ᠂ 2004 ᠣᠨ᠂ 2005 ᠣᠨ ᠳᠤ ᠲᠤᠰ ᠲᠤᠰ ᠮᠠᠯ ᠠᠵᠤ ᠠᠬᠤᠶ ᠶᠢᠨ ᠭᠠᠶᠢᠯᠢ ᠂ ᠲᠠᠷᠢᠶᠠᠯᠠᠩ ᠤᠨ ᠭᠠᠶᠢᠯᠢ ᠶᠢ ᠬᠠᠰᠤᠵᠤ᠂ ᠪᠦᠬᠦ ᠤᠯᠤᠰ ᠤᠨ ᠬᠢ ᠠᠴᠠ ᠲᠤᠰ ᠲᠤᠰ 2 ᠵᠢᠯ᠂ 1 ᠵᠢᠯ ᠤᠷᠢᠳᠴᠢᠯᠠᠵᠤ᠂ ᠮᠠᠯᠴᠢᠨ ᠲᠠᠷᠢᠶᠠᠴᠢᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭᠠᠨ ᠤ ᠭᠠᠶᠢᠯᠢ ᠶᠢᠨ ᠰᠦᠢᠳᠬᠡᠯ ᠤᠨ ᠳᠠᠷᠤᠭᠠᠰᠤ ᠶᠢ ᠲᠦᠢᠯᠪᠤᠷᠢᠲᠠᠶ ᠡᠴᠦᠰᠯᠡᠭᠦᠯᠪᠡ︔ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 2017 ᠣᠨ ᠳᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠂ 2018 ᠣᠨ ᠤ 9 ᠳ᠋ᠦ᠋ᠭᠡᠷ ᠰᠠᠷ᠎ᠠ ᠳᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠲᠠᠷᠢᠶᠠᠴᠢᠳ ᠤᠨ ᠳᠠᠭᠠᠭᠠᠴᠢᠯᠠᠭᠰᠠᠨ ᠭᠠᠵᠠᠷ ᠪᠣᠯᠤᠨ ᠮᠠᠯᠴᠢᠳ ᠤᠨ ᠨᠤᠲᠤᠭ ᠪᠡᠯᠴᠢᠭᠡᠷ ᠢ ᠨᠢ ︽ᠪᠡᠶ᠎ᠡ ᠶᠢᠨ ᠦᠨᠡᠮᠯᠡᠯ︾᠎ ᠲᠠᠢ ᠪᠣᠯᠭᠠᠵᠤ᠂ ᠮᠠᠯᠴᠢᠨ ᠲᠠᠷᠢᠶᠠᠴᠢᠨ ᠤ ᠰᠠᠨᠠᠭ᠎ᠠ ᠶᠢ ᠠᠮᠤᠷᠤᠭᠤᠯᠤᠭᠰᠠᠨ ᠶᠤᠮ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠣᠯᠠᠨ ᠵᠦᠶᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠦᠢᠯᠡᠳᠪᠦᠷᠢᠯᠡᠯ ᠤᠨ ᠠᠰᠢᠭ ᠣᠯᠵᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 2011 ᠣᠨ ᠠᠴᠠ ᠨᠠᠭᠠᠰᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠨᠡᠶᠢᠲᠡ 455.6 ᠳ᠋ᠥᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠵᠢᠯ ᠪᠦᠷᠢ 140 ᠲᠦᠮᠡ ᠭᠠᠷᠤᠢ ᠡᠷᠦᠬᠡ ᠶᠢᠨ 490 ᠲᠦᠮᠡ ᠭᠠᠷᠤᠢ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠪᠦᠲᠦᠮᠵᠢᠲᠡᠶ ᠠᠬᠢᠭᠤᠯᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠭᠤᠣᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠨᠣᠷᠮ᠎ᠠ ᠪᠠ ᠭᠡᠷ ᠤᠨ ᠲᠡᠵᠢᠭᠡᠪᠦᠷᠢ ᠶᠢᠨ ᠡᠭᠦᠯᠳᠡᠷ ᠰᠠᠶᠢᠵᠢᠷᠠᠭᠤᠯᠤᠯᠲᠠ ᠶᠢᠨ ᠨᠤᠷᠮ᠎ᠠ ᠨᠢ ᠥᠭᠡᠷᠡᠴᠢᠯᠡᠯᠲᠡ ᠨᠡᠭᠡᠭᠡᠯᠲᠡ ᠶᠢᠨ ᠡᠬᠢᠨ ᠤ ᠬᠤᠭᠤᠴᠠᠭᠠᠨ ᠤ ᠳᠤ 60% ᠪᠠ 29% ᠪᠠᠶᠢᠭᠰᠠᠨ ᠠᠴᠠ ᠪᠠᠨ ᠨᠡᠮᠡᠭᠳᠡᠭᠡᠳ ᠣᠳᠣ ᠶᠢᠨ 98% ᠪᠠ 90%᠎ ᠠᠴᠠ ᠳᠡᠭᠡᠭᠰᠢ ᠪᠣᠯᠵᠤ᠂ ᠲᠠᠷᠢᠮᠠᠯ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠲᠥᠪᠰᠢᠨ 83.5%᠎ ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ 54%᠎ ᠳᠤ ᠬᠦᠷᠪᠡ᠃ ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠨᠢᠭᠡᠨᠲᠡ ᠳᠤᠮᠳᠠᠳᠤ ᠤᠯᠤᠰ ᠤᠨ ᠤᠮᠠᠷᠠᠲᠤ ᠶᠢᠨ ᠭᠤᠣᠯᠳᠠᠯᠭᠠᠲᠤ ᠪᠣᠬᠢᠷᠲᠤᠯ ᠦᠭᠡᠢ ᠠᠮᠢ ᠠᠬᠤᠶ ᠶᠢᠨ ᠬᠠᠯᠬᠠᠪᠴᠢ ᠪᠣᠯᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠵᠤ᠂ ᠦᠨᠢᠶᠡᠨ ᠰᠦ᠂ ᠬᠤᠨᠢᠠ ᠮᠢᠬ᠎ᠠ᠂ ᠨᠣᠣᠰᠣ ᠨᠣᠣᠯᠣᠭᠤᠷ᠂ ᠡᠪᠡᠰᠦ ᠪᠣᠷᠳᠣᠭᠠᠨ ᠤ ᠭᠠᠷᠤᠯᠲᠠ ᠨᠢ ᠪᠦᠷ ᠪᠦᠬᠦ ᠤᠯᠤᠰ ᠤᠨ ᠲᠡᠷᠢᠭᠦᠨ ᠪᠠᠶᠢᠷᠢᠨ ᠳᠤ ᠲᠣᠳᠣᠷᠠᠵᠤ᠂ ᠵᠢᠯ ᠪᠦᠷᠢ ᠣᠷᠣᠨ ᠤ ᠭᠠᠳᠠᠨ᠎ᠠ 1250 ᠲᠦᠮᠡᠨ ᠲᠣᠨ ᠠᠮᠤ ᠪᠤᠳᠠᠭ᠎ᠠ᠂ 500 ᠲᠦᠮᠡᠨ ᠲᠣᠨ ᠦᠨᠢᠶᠡᠨ ᠰᠦ᠂ 150 ᠲᠦᠮᠡᠨ ᠲᠣᠨ ᠮᠢᠬᠠᠨ ᠤ ᠵᠦᠢᠯ ᠢ ᠲᠣᠭᠲᠠᠭᠤᠨ ᠭᠠᠷᠭᠠᠵᠤ ᠳᠡᠶᠢᠯᠬᠦ ᠴᠢᠳᠠᠪᠤᠷᠢ ᠲᠠᠢ ᠪᠣᠯᠵᠤ᠂ ᠳᠤᠮᠳᠠᠳᠤ ᠤᠯᠤᠰ ᠤᠨ ᠨᠡᠷ᠎ᠡ ᠨᠢᠳᠡᠷ ᠲᠡᠭᠡᠨ ᠨᠡᠶᠢᠴᠡᠭᠰᠡᠨ ︽ᠠᠮᠤ ᠪᠤᠳᠠᠭᠠᠨ ᠤ ᠬᠥᠮᠥᠷᠭᠡ︾ ︽ᠰᠦ ᠶᠢᠨ ᠬᠥᠨᠥᠭ︾ ︽ᠮᠢᠬ᠎ᠠ ᠶᠢᠨ ᠬᠥᠮᠥᠷᠭᠡ︾ ᠪᠣᠯᠣᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号