2018 ᠣᠨ ᠳᠤ᠂ ᠥᠪᠥᠷ ᠮᠣᠩᠭᠤᠯ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ | ᠪᠦᠬᠦ ᠲᠠᠯ᠎ᠠ ᠪᠠᠷ ᠵᠢᠷᠤᠮᠵᠢᠭᠤᠯᠵᠤ᠂ ᠬᠡᠰᠡᠭ ᠭᠠᠵᠠᠷ ᠣᠷᠣᠨ ᠤ ᠥᠷᠢ ᠥᠭᠴᠡᠭᠡᠨ ᠤ ᠨᠤᠷᠮ᠎ᠠ ᠨᠡᠯᠢᠶᠡᠳ ᠥᠨᠳᠥᠷ | ᠪᠠᠶᠢᠭ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ ᠣᠨ ᠤ ᠥᠷᠢ | ᠥᠭᠴᠡᠭᠡ ᠠᠷᠢᠯᠭᠠᠬᠤ ᠡᠭᠦᠷᠭᠡ ᠶᠢ 117.4% ᠪᠠᠷ ᠪᠡᠶᠡᠯᠡᠭᠦᠯᠵᠡᠢ᠃ | ︽ᠬᠡᠨ ᠦᠷᠢᠲᠦᠭᠰᠡᠨ ᠪᠤᠯ ᠬᠡᠨ ᠨᠢ ᠲᠦᠯᠦᠬᠦ︾ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠ ᠡᠯ᠎ᠡ ᠠᠶᠢᠮᠠᠭ ᠬᠤᠳᠠ ᠨᠢ ᠥᠷᠢ ᠥᠭᠴᠡᠭᠡᠨ ᠤ ᠶᠡᠷᠦᠩᠬᠡᠢ | ᠬᠡᠮᠵᠢᠶ᠎ᠡ ᠶᠢ ᠲᠣᠳᠣᠷᠬᠠᠶ ᠤᠶᠢᠯᠠᠭᠠᠭᠰᠠᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠤ ᠥᠷᠢ ᠥᠭᠴᠡᠭᠡ ᠶᠢ | ᠠᠷᠢᠯᠭᠠᠬᠤ ᠲᠥᠰᠦᠯ ᠢ ᠱᠠᠲᠤ ᠳᠠᠷᠠᠭᠠᠯᠠᠨ ᠲᠣᠭᠲᠠᠭᠠᠵᠤ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠥᠷᠢ | ᠥᠭᠴᠡᠭᠡᠨ ᠤ ᠠᠶᠤᠯ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ᠂ ᠡᠳ᠋ ᠤᠨ ᠵᠠᠰᠠᠭ ᠤᠨ ᠲᠥᠰᠦᠪ ᠠᠴᠠ | ᠲᠤᠬᠢᠷᠠᠭᠤᠯᠬᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠬᠠᠳᠠᠭᠠᠯᠠᠭᠴᠠ ᠬᠥᠷᠥᠩᠭᠡ ᠶᠢ | ᠠᠮᠢᠳᠤᠯᠢᠭᠵᠢᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ᠂ ᠡᠯ᠎ᠡ ᠲᠦᠷᠦᠯ ᠤᠨ ᠵᠠᠰᠠᠭ ᠤᠨ | ᠣᠷᠳᠣᠨ ᠤ ᠥᠷᠢ ᠥᠭᠴᠡᠭᠡ ᠶᠢ ᠲᠦᠷᠦᠯ ᠬᠤᠪᠢᠶᠠᠨ ᠰᠢᠢᠳᠪᠦᠷᠢᠯᠡᠪᠡ᠃ 2017 ᠣᠨ ᠤ ᠳᠣᠣᠷ᠎ᠠ ᠬᠠᠭᠠᠰ | ᠵᠢᠯ ᠠᠴᠠ ᠡᠬᠢᠯᠡᠨ᠂ ᠥᠪᠥᠷ ᠮᠣᠩᠭᠤᠯ ᠨᠢᠭᠡ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ | ᠵᠦᠢᠯ ᠤᠨ ᠪᠠᠷᠢᠯᠭ᠎ᠠ ᠶᠢ ᠨᠢ ᠵᠤᠭᠰᠤᠭᠠᠬᠤ᠂ ᠬᠤᠶᠢᠰᠢᠯᠠᠭᠤᠯᠵᠤ ᠪᠠᠶᠢᠭᠤᠯᠬᠤ᠂ ︽ ᠮᠠᠷᠢᠶ᠎ᠠ ᠶᠢ ᠨᠢ | ᠰᠢᠭᠤᠷᠠᠭᠤᠯᠬᠤ︾ ᠠᠵᠢᠯ ᠤᠳ ᠢ ᠬᠢᠵᠦ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ | ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠤ ᠣᠯᠠᠨ | ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠪᠡᠯᠡ | ᠲᠣᠬᠢᠷᠠᠭᠤᠯᠬᠤ ᠲᠠᠪᠴᠠᠩ ᠤᠨ ᠺᠣᠮᠫᠠᠨᠢ ᠶᠢᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠬᠦ ᠶᠢ ᠨᠢ ᠠᠬᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠢᠨ᠎ᠡ ᠪᠠᠷ ᠪᠠᠶᠢᠭᠤᠯᠬᠤ | ᠲᠥᠷᠥᠯ ᠵᠦᠢᠯ ᠳᠤ ᠦᠷᠢ ᠥᠭᠴᠡᠭᠡ ᠶᠢᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠣᠰᠣᠴᠢ | ᠴᠢᠨᠠᠷᠲᠠᠢ ᠬᠢᠨᠠᠨ ᠪᠠᠶᠢᠴᠠᠭᠠᠯᠲᠠ ᠬᠢᠬᠦ ᠶᠢ ᠴᠢᠩᠭ᠎ᠠ ᠬᠡᠷᠡᠭᠵᠢᠭᠦᠯᠬᠦ ᠪᠠᠷ ᠲᠤᠭᠲᠠᠭᠠᠵᠠᠢ᠃ ᠥᠪᠥᠷ ᠮᠣᠩᠭᠤᠯ ᠪᠠᠰᠠ | ᠰᠢᠨ᠎ᠡ ᠪᠠᠷ ᠨᠡᠮᠡᠭᠳᠡᠬᠦ ᠵᠠᠰᠠᠭ ᠤᠨ ᠣᠷᠳᠣᠨ ᠤ ᠥᠷᠢ ᠥᠭᠴᠡᠭᠡ ᠳᠤ ᠴᠦᠮ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢ ᠲᠠᠷᠬᠠᠭᠠᠬᠤ ᠠᠷᠭ᠎ᠠ ᠬᠡᠯᠪᠡᠷᠢ ᠶᠢ ᠠᠪᠴᠤ᠂ 2018 ᠣᠨ ᠳᠤ ᠰᠢᠨ᠎ᠡ ᠪᠠᠷ ᠨᠡᠮᠡᠭᠳᠡᠬᠦ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 516.3 ᠳ᠋ᠦᠩᠰᠢᠭᠤᠷ ᠲᠦᠬᠦᠷᠢᠭ ᠲᠠᠷᠬᠠᠭᠠᠬᠤ ᠪᠠᠷ ᠱᠠᠭᠠᠷᠳᠠᠵᠠᠢ᠃ | ᠥᠪᠥᠷ ᠮᠣᠩᠭᠤᠯ᠂ ︽ᠲᠦᠷᠪᠡᠨ ᠨᠢᠷᠤᠭᠤ ᠨᠠᠢᠮᠠᠨ ᠲᠤᠯᠭᠠᠭᠤᠷᠢ︾ ᠶᠢᠨ ᠰᠢᠰᠲ᠋ᠧᠮᠲᠦ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠨᠡ | ᠵᠢᠯ ᠠᠴᠠ ᠨᠠᠭᠠᠰᠢ᠂ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠷᠡᠭᠦᠯ ᠪᠤᠰᠤ ᠵᠢᠭᠡᠯᠡᠯᠭᠡ ᠶᠢ 317. | 49 ᠳ᠋ᠦᠩᠰᠢᠭᠤᠷ ᠲᠦᠬᠦᠷᠢᠭ ᠠᠷᠢᠯᠭᠠᠵᠤ᠂ ᠠᠳᠠᠯᠢ ᠬᠤᠭᠤᠴᠠᠭᠠᠨ ᠤ ᠬᠢ ᠠᠴᠠ 77.4 ᠳ᠋ᠦᠩᠰᠢᠭᠤᠷ ᠲᠦᠬᠦᠷᠢᠭ | ᠨᠡᠮᠡᠭᠳᠡᠵᠦ᠂ 30.55% ᠨᠡᠮᠡᠭᠳᠡᠵᠡᠢ᠃ ᠡᠭᠦᠨ ᠳᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ | ᠪᠠᠶᠢᠭᠤᠯᠤᠮᠵᠢ ᠡᠷᠡᠭᠦᠯ ᠪᠤᠰᠤ ᠵᠢᠭᠡᠯᠡᠯᠭᠡ ᠶᠢ 111.33 ᠳ᠋ᠦᠩᠰᠢᠭᠤᠷ ᠲᠦᠬᠦᠷᠢᠭ ᠠᠷᠢᠯᠭᠠᠵᠤ᠂ ᠠᠳᠠᠯᠢ | ᠬᠤᠭᠤᠴᠠᠭᠠᠨ ᠤ ᠬᠢ ᠠᠴᠠ 60.05% ᠨᠡᠮᠡᠭᠳᠡᠵᠡᠢ᠃ | ᠥᠪᠥᠷ ᠮᠣᠩᠭᠤᠯ ᠥᠷᠢ ᠥᠭᠴᠡᠭᠡ ᠶᠢᠨ ᠠᠶᠤᠯ ᠲᠦᠭᠰᠢᠭᠦᠷᠢ ᠶᠢᠨ ᠭᠦᠢᠴᠡᠳᠬᠡᠯ ᠲᠤᠭ᠎ᠠ ᠪᠠᠷ ᠡᠰᠢ ᠪᠠᠷᠢᠮᠲᠠ | ᠪᠤᠯᠭᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ᠂ | ᠠᠰᠠᠭᠤᠳᠠᠯ ᠢ ᠭᠡᠳᠡᠷᠭᠦ ᠪᠠᠶᠢᠴᠠᠭᠠᠬᠤ ᠲᠣᠭᠲᠠᠴᠠ ᠪᠠ ᠨᠠᠰᠤᠨ ᠲᠤᠷᠰᠢᠳᠠ ᠬᠠᠷᠢᠭᠤᠴᠠᠯᠭ᠎ᠠ ᠲᠤᠯᠭᠠᠬᠤ ᠲᠦᠷᠢᠮ ᠢ | ᠪᠦᠷᠢᠨᠰᠢᠭᠦᠯᠵᠦ᠂ ᠪᠠᠶᠢᠩᠭᠤᠵᠢᠭᠤᠯᠵᠤ ᠰᠢᠮᠳᠠᠭᠤᠯᠤᠨ ᠪᠠᠶᠢᠴᠠᠭᠠᠬᠤ ᠪᠠ ᠬᠢᠨᠠᠨ ᠪᠤᠳᠤᠬᠤ ᠶᠢ ᠦᠷᠭᠦᠯᠵᠢᠯᠡᠨ | ᠴᠢᠩᠭᠠᠷᠠᠭᠤᠯᠵᠤ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠰᠡᠷᠡᠮᠵᠢᠯᠡᠭᠦᠯᠦᠨ ᠰᠠᠨᠠᠭᠤᠯᠬᠤ ᠡᠷᠴᠢᠮ ᠢᠶᠠᠨ | ᠴᠢᠩᠭᠠᠳᠬᠠᠵᠤ᠂ ᠥᠷᠢ ᠥᠭᠴᠡᠭᠡ ᠠᠷᠢᠯᠭᠠᠬᠤ ᠶᠠᠪᠤᠳᠠᠯ ᠢ ᠰᠢᠯᠵᠢᠭᠦᠯᠦᠨ ᠥᠭᠬᠦ ᠯᠦᠭᠡ ᠬᠤᠯᠪᠣᠭᠳᠠᠭᠤᠯᠬᠤ | ᠲᠣᠭᠲᠠᠴᠠ ᠶᠢ ᠪᠠᠶᠢᠭᠤᠯᠵᠤ᠂ ᠥᠷᠢ ᠥᠭᠴᠡᠭᠡ ᠶᠢ ᠡᠷᠡᠰ ᠴᠢᠩᠭ᠎ᠠ ᠪᠥᠭᠡᠳ ᠬᠦᠴᠦᠲᠡᠶ ᠠᠷᠢᠯᠭᠠᠬᠤ᠂ ᠬᠠᠤᠯᠢ | ᠲᠣᠭᠲᠠᠭᠠᠯ ᠶᠣᠰᠣᠭᠠᠷ ᠥᠷᠢ ᠲᠠᠯᠪᠢᠬᠤ ᠶᠢ ᠪᠡᠶᠡᠯᠡᠭᠦᠯᠪᠡ᠃ | ᠥᠪᠥᠷ ᠮᠣᠩᠭᠤᠯ ᠪᠠᠰᠠ ᠥᠷᠢ ᠥᠭᠴᠡᠭᠡ ᠠᠷᠢᠯᠭᠠᠬᠤ ᠤᠷᠮᠠᠰᠢᠭᠤᠯᠤᠯ ᠤᠨ ᠲᠣᠭᠲᠠᠴᠠ ᠶᠢ ᠪᠠᠶᠢᠭᠤᠯᠵᠤ᠂ | ᠥᠷᠢ ᠦᠭᠴᠡᠭᠡ ᠶᠢ ᠢᠳᠡᠪᠬᠢᠲᠡᠶ ᠠᠷᠢᠯᠭᠠᠵᠤ᠂ ᠡᠭᠦᠷᠭᠡ ᠪᠠᠨ ᠤᠷᠢᠳᠴᠢᠯᠠᠨ ᠪᠡᠶᠡᠯᠡᠭᠦᠯᠦᠭᠰᠡᠨ ᠠᠶᠢᠮᠠᠭ ᠬᠤᠲᠠ᠂ | ᠬᠤᠰᠢᠭᠤ ᠰᠢᠶᠠᠨ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠱᠠᠩᠨᠠᠨ ᠬᠥᠬᠢᠭᠦᠯᠵᠦ᠂ | ᠣᠳᠣᠬᠠᠨ ᠳᠤ ᠨᠢᠭᠡᠨᠲᠡ ᠥᠷᠢ ᠥᠭᠴᠡᠭᠡ ᠠᠷᠢᠯᠭᠠᠬᠤ ᠱᠠᠩᠨᠠᠯ ᠤᠨ ᠪᠠᠯᠠ ᠮᠦᠩᠭᠦ ᠶᠢ 76.5 ᠳ᠋ᠦᠩᠰᠢᠭᠤᠷ | ᠲᠥᠭᠦᠷᠢᠭ ᠪᠠᠭᠤᠯᠭᠠᠪᠠ᠃ |