ᠪᠥ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ 2018 ᠣᠨ ᠤ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠪᠠ 2019 ᠣᠨ ᠤ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠰᠠᠨᠠᠭᠤᠯᠭ᠎ᠠ ᠶᠢ ᠰᠤᠳᠤᠯᠵᠠᠢ
ᠨᠡᠶᠢᠲᠡᠯᠡᠭᠰᠡᠨ ᠴᠠᠭ᠄
2018/12/28
     12 ᠳ᠋ᠤᠭᠠᠷ ᠰᠠᠷ᠎ᠠ ᠶᠢᠨ 26᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2018 ᠣᠨ ᠤ ᠪᠦᠬᠦ ᠤᠷᠤᠨ ᠤ ᠠᠵᠤ ᠠᠬᠤᠢ ᠶᠢᠨ ᠠᠵᠢᠯᠯᠠᠭ᠎ᠠ ᠶᠢᠨ ᠪᠠᠶᠢᠳᠠᠯ ᠪᠠ 2019 ᠣᠨ ᠤ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠰᠠᠨᠠᠭᠤᠯᠭ᠎ᠠ ᠶᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠡᠨᠡ ᠵᠢᠯ ᠠᠴᠠ ᠨᠠᠭᠠᠰᠢ᠂ ᠤᠷᠤᠨ ᠲᠠᠶᠠᠭᠠᠷ ᠢᠶᠠᠨ ᠡᠯ᠎ᠠ ᠵᠦᠢᠯ ᠤᠨ ᠬᠦᠴᠢᠷᠳᠡᠯ ᠪᠤᠯᠤᠨ ᠦᠷᠢᠰᠦᠯᠳᠦᠭᠡᠨ ᠢ ᠢᠳᠡᠪᠬᠢᠲᠠᠢ ᠬᠦᠴᠦᠲᠠᠢ ᠠᠷᠭᠠᠴᠠᠭᠠᠵᠤ᠂ ᠬᠦᠴᠢᠷ ᠢ ᠰᠦᠷᠦᠨ ᠤᠷᠤᠬᠰᠢᠯᠠᠵᠤ᠂ ᠯᠠᠪᠳᠠᠭᠤᠨ ᠪᠠᠳᠤᠳᠠᠢ ᠠᠵᠢᠯᠯᠠᠨ᠂ ᠠᠵᠤ ᠠᠬᠤᠢ ᠶᠢᠨ ᠠᠵᠢᠯᠯᠠᠭ᠎ᠠ ᠶᠢᠨ ᠶᠡᠷᠦᠩᠬᠡᠢ ᠳᠡᠭᠡᠨ ᠲᠤᠬᠳᠠᠭᠤᠨ ᠪᠠ ᠲᠤᠬᠳᠠᠭᠤᠨ ᠤ ᠲᠤᠮᠳᠠ ᠤᠷᠤᠬᠰᠢᠯᠠᠬᠤ ᠪᠠᠶᠢᠳᠠᠯ ᠢ ᠪᠠᠳᠤᠯᠠᠵᠤ᠂ ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠠ ᠠᠰᠢᠭ ᠢ ᠤᠯᠠᠮ ᠴᠢᠨᠠᠬᠰᠢᠳᠠ ᠲᠡᠭᠡᠭᠰᠢᠯᠡᠭᠦᠯᠵᠡᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ︽ᠲᠦᠷᠪᠡᠨ ᠤᠬᠠᠮᠰᠠᠷ︾᠎ ᠢᠶᠠᠨ ᠴᠢᠩᠭᠠᠳᠬᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠦᠵᠡᠯ ᠰᠠᠨᠠᠭ᠎ᠠ᠂ ᠠᠵᠢᠯᠯᠠᠭ᠎ᠠ ᠪᠠᠨ ᠲᠦᠪ ᠤᠨ ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠳᠠ ᠪᠤᠯᠤᠨ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠳᠠ ᠲᠠᠢ ᠨᠢᠭᠡᠳᠦᠯᠳᠡᠢ ᠪᠠᠶᠢᠯᠭᠠᠵᠤ᠂ ᠬᠦᠭᠵᠢᠯᠳᠡ ᠶᠢᠨ ᠶᠡᠭᠡ ᠬᠠᠨᠳᠤᠰᠢ ᠶᠢ ᠡᠵᠡᠮᠳᠡᠨ᠂ ᠬᠦᠭᠵᠢᠯᠳᠡ ᠶᠢᠨ ᠡᠷᠴᠢ ᠵᠤᠷᠢᠭ ᠢᠶᠠᠨ ᠬᠦᠪᠴᠢᠯᠡᠵᠤ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠶᠢ ᠪᠠᠳᠤᠯᠠᠵᠤ᠂ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠪᠠᠷ ᠵᠠᠮᠨᠠᠬᠤ ᠬᠡᠷᠡᠭᠳᠡᠢ ᠬᠡᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠂ ᠠᠵᠤ ᠠᠬᠤᠢ ᠶᠢᠨ ᠠᠵᠢᠯ ᠤᠨ ᠲᠤᠮᠳᠠᠬᠢ ᠪᠤᠳᠠᠳᠠᠢ ᠠᠰᠠᠭᠤᠳᠠᠯ ᠢ ᠨᠠᠷᠢᠨ ᠤᠨᠤᠪᠴᠢᠳᠠᠢ ᠵᠠᠳᠠᠯᠵᠤ᠂ ᠲᠤᠯᠭᠠᠷᠠᠵᠤ ᠪᠦᠬᠦᠢ ᠬᠦᠴᠢᠷᠳᠡᠯ ᠢ ᠬᠦᠢᠴᠡᠳ ᠲᠦᠰᠦᠭᠡᠯᠡᠵᠤ᠂ ᠠᠵᠢᠯ ᠤᠨ ᠰᠠᠨᠠᠭᠠᠴᠢᠯᠠᠭᠠᠳᠦ ᠡᠷᠭᠡ ᠶᠢ ᠡᠵᠡᠮᠳᠡᠭᠦ ᠬᠡᠷᠡᠭᠳᠡᠢ᠃ ᠮᠠᠨ ᠤ ᠤᠯᠤᠰ ᠤᠨ ᠬᠦᠭᠵᠢᠯᠳᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠤᠨ ᠬᠤᠭᠤᠴᠠᠭᠠᠨ ᠳᠠᠬᠢ ᠰᠢᠨ᠎ᠠ ᠠᠭᠤᠯᠤᠬᠳᠠᠬᠤᠨ ᠢ ᠬᠦᠨᠵᠡᠭᠡᠢ ᠤᠶᠢᠯᠠᠭᠠᠵᠤ᠂ ᠠᠵᠠ ᠲᠤᠬᠢᠶᠠᠯ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠠᠵᠠ ᠲᠤᠬᠢᠶᠠᠯ ᠢ ᠠᠮᠵᠢᠵᠤ᠂ ᠠᠵᠠ ᠲᠤᠬᠢᠶᠠᠯ ᠎ ᠢ ᠰᠠᠶᠢᠳᠤᠷ ᠠᠰᠢᠬᠯᠠᠬᠤ ᠬᠡᠷᠡᠭᠳᠡᠢ᠃ ᠡᠯ᠎ᠠ ᠱᠠᠳᠤᠨ ᠤ ᠬᠢᠨ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠯᠤᠭ᠎ᠠ ᠬᠠᠷᠢᠴᠠᠭᠤᠯᠤᠨ ᠬᠠᠷᠭᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠨᠡᠶᠢᠳᠡᠪᠦᠷᠢᠵᠢᠭᠤᠯᠤᠯᠳᠠ ᠶᠢ ᠴᠢᠩᠭᠠᠳᠬᠠᠵᠤ᠂ ᠠᠵᠢᠯ ᠤᠨ ᠰᠢᠨ᠎ᠠ ᠪᠠᠶᠢᠳᠠᠯ ᠢ ᠴᠢᠷᠮᠠᠶᠢᠨ ᠡᠭᠦᠳᠭᠦ ᠬᠡᠷᠡᠭᠳᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号