ᠦᠪᠦᠷ ᠮᠤᠩᠭᠤᠯ ᠤᠨ ᠶᠤᠸᠠᠨ ᠰᠢᠩ ᠡᠨᠧᠷᠬᠢ ᠶᠢᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠨᠢ ᠭᠤᠸᠠᠩ ᠳ᠋ᠠ ᠪᠦᠯᠦᠭᠯᠡᠯ ᠯᠦᠭᠡ ᠠᠪᠴᠠᠭᠠᠨ ᠤ ᠡᠷᠬᠡ ᠶᠢ ᠰᠲ᠋ᠤᠺ ᠤᠨ ᠡᠷᠬᠡ ᠪᠤᠯᠭᠠᠨ ᠬᠤᠪᠢᠷᠠᠭᠤᠯᠬᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ  ᠪᠦ᠋ ᠰᠢᠶᠤᠤ ᠯᠢᠨ ᠯᠢ ᠰᠢᠶᠤᠤ ᠫᠧᠩ ᠭᠠᠷ ᠤᠨ ᠦᠰᠦᠭ ᠵᠢᠷᠤᠭᠰᠠᠨ ᠢ ᠬᠡᠷᠡᠴᠢᠯᠡᠵᠡᠢ
ᠨᠡᠶᠢᠲᠡᠯᠡᠭᠰᠡᠨ ᠴᠠᠭ᠄
2018/12/28
     12 ᠳ᠋ᠤᠭᠠᠷ ᠰᠠᠷ᠎ᠠ ᠶᠢᠨ 27᠎ ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠶᠤᠸᠠᠨ ᠰᠢᠩ ᠡᠨᠧᠷᠬᠢ ᠶᠢᠨ ᠬᠤᠪᠢ ᠤᠷᠤᠭᠤᠯᠤᠯᠲᠠ ᠶᠢᠨ ᠬᠢᠵᠠᠭᠠᠷᠳᠤ ᠺᠤᠮᠫᠠᠨᠢ ᠨᠢ ᠲᠤᠮᠳᠠᠳᠤ ᠤᠯᠤᠰ ᠤᠨ ᠭᠤᠸᠠᠩ ᠳ᠋ᠠ ᠪᠦᠯᠦᠭᠯᠡᠯ ᠯᠦᠭᠡ ᠪᠡᠭᠡᠵᠢᠩ ᠳᠤ ᠠᠪᠴᠠᠭᠠᠨ ᠤ ᠡᠷᠬᠡ ᠶᠢ ᠰᠲ᠋ᠤᠺ ᠤᠨ ᠡᠷᠬᠡ ᠪᠤᠯᠭᠠᠨ ᠬᠤᠪᠢᠷᠠᠭᠤᠯᠬᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠡᠨᠡ ᠨᠢ ᠦᠪᠦᠷ ᠮᠤᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠪᠴᠠᠭᠠᠨ ᠤ ᠡᠷᠬᠡ ᠶᠢ ᠰᠲ᠋ᠤᠺ ᠤᠨ ᠡᠷᠬᠡ ᠪᠤᠯᠭᠠᠨ ᠬᠤᠪᠢᠷᠠᠭᠤᠯᠤᠬᠰᠠᠨ ᠠᠩᠬᠠᠳᠠᠬᠴᠢ ᠲᠦᠷᠦᠯ ᠵᠦᠢᠯ ᠪᠤᠯᠤᠨ᠎ᠠ᠂ ᠪᠠᠰᠠ ᠴᠤ ᠪᠦᠬᠦ ᠤᠯᠤᠰ ᠤᠨ ᠬᠤᠪᠢ ᠤᠷᠤᠭᠤᠯᠤᠯᠲᠠ ᠶᠢᠨ ᠲᠦᠷᠢᠮᠳᠦ ᠪᠠᠩᠬᠢ ᠶᠢᠨ ᠪᠡᠯᠡᠳᠭᠡᠯ ᠮᠦᠩᠭᠦᠨ ᠤ ᠨᠤᠷᠮ᠎ᠠ ᠶᠢ ᠪᠠᠭᠤᠷᠠᠭᠤᠯᠵᠤ ᠪᠡᠯᠡ ᠮᠦᠩᠭᠦ ᠶᠢ ᠠᠰᠢᠬᠯᠠᠨ ᠬᠡᠷᠡᠭᠵᠢᠭᠦᠯᠦᠭᠰᠡᠨ ᠠᠪᠴᠠᠭᠠᠨ ᠤ ᠡᠷᠬᠡ ᠶᠢ ᠰᠲ᠋ᠤᠺ ᠤᠨ ᠡᠷᠬᠡ ᠪᠤᠯᠭᠠᠨ ᠬᠤᠪᠢᠷᠠᠭᠤᠯᠤᠬᠰᠠᠨ ᠠᠩᠬᠠᠳᠠᠬᠴᠢ ᠲᠦᠷᠦᠯ ᠵᠦᠢᠯ ᠪᠤᠯᠤᠨ᠎ᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠭᠤᠸᠠᠩ ᠳ᠋ᠠ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠲᠠᠷᠤᠭ᠎ᠠ ᠯᠢ ᠰᠢᠶᠤᠤ ᠫᠧᠩ ᠭᠠᠷ ᠤᠨ ᠦᠰᠦᠭ ᠵᠢᠷᠤᠭᠰᠠᠨ ᠢ ᠬᠡᠷᠡᠴᠢᠯᠡᠪᠡ᠃       ᠵᠦᠪᠳᠡᠯᠴᠡᠭᠡᠷ ᠢ ᠦᠨᠳᠦᠰᠦᠯᠡᠪᠡᠯ᠂ ᠭᠤᠸᠠᠩ ᠳ᠋ᠠ ᠪᠦᠯᠦᠭᠯᠡᠯ ᠨᠢ ᠶᠤᠸᠠᠨ ᠰᠢᠩ ᠡᠨᠧᠷᠬᠢ ᠶᠢᠨ ᠺᠤᠮᠫᠠᠨᠢ ᠵᠢᠴᠢ ᠲᠡᠭᠦᠨ ᠤ ᠬᠤᠪᠢᠶᠠᠷᠢ ᠺᠤᠮᠫᠠᠨᠢ ᠳᠤ ︽ᠬᠤᠪᠢ ᠤᠷᠤᠭᠤᠯᠦᠨ ᠦᠷᠢ ᠪᠤᠴᠠᠭᠠᠬᠤ︾ ᠪᠡᠯᠡ ᠮᠦᠩᠭᠦ 10 ᠳ᠋ᠦᠩᠰᠢᠭᠤᠷ ᠲᠦᠭᠦᠷᠢᠭ ᠤᠷᠤᠭᠤᠯᠤᠬᠰᠠᠨ ᠪᠦᠭᠡᠳ ᠠᠵᠤ ᠠᠬᠤᠶᠢᠯᠠᠯ ᠤᠨ ᠤᠤᠯ ᠤᠨ ᠢᠳᠡᠭᠡᠮᠵᠢ ᠪᠠᠷ ᠤᠯᠬᠤ ᠲᠤᠭ᠎ᠠ ᠬᠡᠮᠵᠢᠶ᠎ᠠ ᠬᠤᠪᠢᠷᠠᠬᠤ ᠦᠭᠡᠢ ᠶᠢ ᠪᠠᠳᠤᠯᠠᠪᠠ᠃ ᠡᠨᠡ ᠤᠳᠠᠭ᠎ᠠ ᠭᠤᠸᠠᠩ ᠳ᠋ᠠ ᠪᠦᠯᠦᠭᠡᠯ ᠨᠢ ᠰᠢᠩ ᠶᠤᠸᠠᠨ ᠡᠨᠧᠷᠬᠢ ᠶᠢᠨ ᠺᠤᠮᠫᠠᠨᠢ ᠯᠤᠭ᠎ᠠ ᠠᠪᠴᠠᠭᠠᠨ ᠤ ᠡᠷᠬᠡ ᠶᠢ ᠰᠲ᠋ᠤᠺ ᠤᠨ ᠡᠷᠬᠡ ᠪᠤᠯᠭᠠᠨ ᠬᠤᠪᠢᠷᠠᠭᠤᠯᠬᠤ ᠵᠦᠪᠳᠡᠯᠴᠡᠭᠡᠷ ᠲᠤᠬᠳᠠᠬᠰᠠᠨ ᠨᠢ ᠲᠦᠪ ᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠬᠤ ᠠᠷᠭ᠎ᠠ ᠬᠡᠮᠵᠢᠶ᠎ᠠ ᠪᠤᠯᠬᠤ ᠪᠦᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠤᠬᠢᠷᠠᠭᠤᠯᠬᠤ ᠳᠤ ᠬᠦᠴᠢᠷᠳᠠᠢ᠂ ᠪᠡᠯᠡ ᠲᠤᠬᠢᠷᠠᠭᠤᠯᠬᠤ ᠳᠤ ᠦᠨᠡᠳᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠵᠠᠬ᠎ᠠ ᠲᠡᠯᠭᠡᠭᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠭᠦ ᠪᠤᠳᠠᠳᠤ ᠦᠢᠯᠡᠳᠦᠯᠭᠡ ᠪᠤᠯᠤᠨ᠎ᠠ᠃ ᠮᠦᠨ ᠴᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠭᠡᠳ ᠭᠤᠸᠠᠩ ᠳ᠋ᠠ ᠪᠦᠯᠦᠭᠯᠡᠯ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠳᠡᠯᠴᠡᠭᠡᠷ ᠢ ᠨᠠᠶᠢᠳᠠᠪᠤᠷᠢᠵᠢᠭᠤᠯᠬᠤ ᠢᠯᠡᠷᠡᠯ ᠪᠤᠯᠤᠨ᠎ᠠ᠂ ᠡᠨᠡ ᠨᠢ ᠮᠦᠩᠭᠦᠨ ᠬᠦᠢᠯᠭᠡᠭᠡ ᠬᠢᠭᠡᠳ ᠠᠵᠤ ᠦᠢᠯᠡᠰ ᠤᠨ ᠬᠦᠨᠵᠡᠭᠡᠢ ᠠᠭᠤᠰᠤᠯᠴᠠᠯ ᠢ ᠠᠬᠢᠭᠤᠯᠬᠤ ᠳᠤ ᠠᠰᠢᠬᠳᠠᠢ ᠶᠤᠮ᠃      ᠭᠠᠷ ᠤᠨ ᠦᠰᠦᠭ ᠵᠢᠷᠤᠬᠤ ᠶᠤᠰᠤᠯᠠᠯ ᠠᠴᠠ ᠡᠮᠦᠨ᠎ᠠ᠂ ᠪᠦ᠋ ᠰᠢᠶᠤᠤ ᠯᠢᠨ ᠪᠤᠯᠤᠨ ᠯᠢ ᠰᠢᠶᠤᠤ ᠫᠧᠩ ᠵᠦᠪᠳᠡᠯᠴᠡᠭᠡᠷ ᠬᠢᠪᠠ᠃ ᠬᠤᠶᠠᠷ ᠲᠠᠯ᠎ᠠ ᠪᠠᠷ ᠢᠶᠠᠨ᠂ ᠵᠠᠰᠠᠭ ᠬᠢᠭᠡᠳ ᠪᠠᠩᠬᠢ ᠶᠢᠨ ᠬᠠᠮᠳᠤᠷᠠᠯᠴᠠᠭ᠎ᠠ ᠪᠠᠨ ᠴᠢᠨᠠᠬᠰᠢᠳᠠ ᠭᠦᠨᠵᠡᠭᠡᠶᠢᠷᠡᠭᠦᠯᠵᠦ᠂ ᠮᠦᠩᠭᠦᠨ ᠬᠦᠢᠯᠭᠡᠭᠡ ᠬᠢᠭᠡᠳ ᠪᠤᠳᠠᠳᠤ ᠴᠤᠬᠴᠠ ᠶᠢᠨ ᠠᠵᠤ ᠠᠬᠤᠢ ᠶᠢᠨ ᠰᠠᠶᠢᠨ ᠤᠷᠴᠢᠯ ᠢ ᠠᠬᠢᠭᠤᠯᠵᠤ᠂ ᠦᠪᠦᠷ ᠮᠤᠩᠭᠤᠯ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠭᠦ᠂ ᠴᠢᠨᠠᠷ ᠰᠠᠶᠢᠲᠠᠢ ᠬᠦᠭᠵᠢᠯᠳᠡ ᠶᠢ ᠪᠡᠶᠡᠯᠡᠭᠦᠯᠭᠦ ᠶᠢ ᠠᠬᠢᠭᠤᠯᠤᠨ᠎ᠠ ᠬᠡᠵᠤ ᠢᠯᠡᠷᠬᠡᠶᠢᠯᠡᠵᠡᠢ᠃      ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠵᠠᠩ ᠱᠤᠤ ᠴᠦᠨ᠂ ᠭᠤᠸᠠᠩ ᠳ᠋ᠠ ᠪᠦᠯᠦᠭᠯᠡᠯ ᠤᠨ ᠨᠠᠮ ᠤᠨ ᠬᠤᠷᠢᠶᠠᠨ ᠤ ᠲᠡᠳ᠋ ᠱᠦᠵᠢ᠂ ᠬᠡᠷᠡᠭ ᠬᠢᠨᠠᠬᠴᠢᠳ ᠤᠨ ᠲᠠᠷᠤᠭ᠎ᠠ ᠵᠦ ᠬᠤᠩ ᠪᠦᠸᠧ ᠵᠦᠪᠳᠡᠯᠴᠡᠭᠡᠷ ᠬᠢᠭᠦ ᠪᠠ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号