2018 ᠤᠨ ᠳᠤ ᠦᠪᠦᠷ ᠮᠤᠩᠭᠤᠯ 23 ᠲᠦᠮᠡᠨ ᠢᠷᠭᠡᠳ ᠢ ᠶᠠᠲᠠᠭᠤ ᠠᠴᠠ ᠠᠩᠭᠢᠵᠢᠷᠠᠭᠤᠯᠵᠤ᠂ | ᠦᠯᠡᠳᠡᠭᠰᠡᠨ ᠶᠠᠳᠠᠭᠤ ᠬᠦᠴᠢᠷᠳᠡᠯᠲᠡᠢ ᠬᠥᠮᠥᠨ ᠠᠮᠠ ᠪᠠᠷᠤᠭ 15 ᠲᠦᠮᠡ ᠪᠤᠢ᠃ | ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠭᠠᠰᠢ ᠡᠯ᠎ᠡ ᠱᠠᠲᠤᠨ ᠤ ᠵᠠᠰᠠᠭ ᠤᠨ ᠤᠷᠲᠤᠨ ᠶᠠᠲᠠᠭᠤ ᠶᠢ | ᠲᠡᠳᠬᠦᠬᠦ ᠲᠤᠬᠠᠢ ᠪᠡᠯᠡ ᠮᠦᠩᠬᠦ 101 ᠳ᠋ᠦᠩᠰᠢᠭᠤᠷ ᠲᠦᠭᠦᠷᠢᠭ ᠪᠠᠭᠤᠯᠭᠠᠪᠠ᠂ ᠡᠭᠦᠨ ᠳᠤ ᠦᠪᠡᠷᠲᠡᠭᠡᠨ ᠵᠠᠰᠠᠬᠤ | ᠤᠷᠤᠨ ᠤ ᠲᠤᠰ ᠱᠠᠲᠤᠨ ᠤ 39.45 ᠳ᠋ᠦᠩᠰᠢᠭᠤᠷ ᠲᠦᠭᠦᠷᠢᠭ ᠪᠤᠢ᠃ ᠤᠨᠴᠠ ᠶᠠᠲᠠᠭᠤ ᠬᠦᠴᠢᠷᠲᠡᠯᠲᠡᠢ ᠤᠷᠤᠨ ᠢ | ᠭᠤᠤᠯᠲᠠᠯᠭ᠎ᠠ ᠪᠤᠯᠭᠠᠨ᠂ ᠲᠦᠪ ᠪᠠ ᠦᠪᠡᠷᠲᠡᠭᠡᠨ ᠵᠠᠰᠠᠬᠤ ᠤᠷᠤᠨ ᠠᠴᠠ ᠤᠨᠴᠠ ᠶᠠᠲᠠᠭᠤ ᠬᠦᠴᠢᠷᠲᠡᠯᠲᠡᠢ ᠬᠤᠰᠢᠭᠤ | ᠰᠢᠶᠠᠨ ᠳᠤ ᠶᠠᠲᠠᠭᠤ ᠶᠢ ᠲᠡᠳᠬᠦᠬᠦ ᠪᠡᠯᠡ ᠮᠦᠩᠬᠦ ᠶᠢ 10% ᠪᠠᠷ ᠨᠡᠮᠡᠭᠳᠡᠭᠦᠯᠪᠡ᠃ ᠡᠭᠦᠨ ᠠᠴᠠ ᠭᠠᠲᠠᠨ᠎ᠠ ᠤᠨᠴᠠ | ᠶᠠᠲᠠᠭᠤ ᠬᠦᠴᠢᠷᠲᠡᠯᠲᠡᠢ ᠬᠤᠰᠢᠭᠤ ᠰᠢᠶᠠᠨ ᠪᠤᠯᠭᠠᠨ ᠳᠤ ᠲᠤᠰᠬᠠᠢ ᠪᠡᠯᠡ ᠮᠦᠩᠬᠦ ᠶᠢ 1000 ᠲᠦᠮᠡᠨ ᠲᠦᠭᠦᠷᠢᠭ | ᠨᠡᠮᠡᠵᠦ᠂ ᠶᠠᠲᠠᠭᠤ ᠬᠦᠴᠢᠷᠲᠡᠯᠲᠡᠢ ᠬᠦᠮᠦᠨ ᠪᠦᠷᠢ ᠳᠤ 1000 ᠲᠦᠭᠦᠷᠢᠭ ᠨᠡᠮᠡᠵᠡᠢ᠃ ᠡᠭᠦᠨ ᠤ ᠬᠠᠮᠲᠤ᠂ | ᠦᠪᠦᠷ ᠮᠤᠩᠭᠤᠯ ᠶᠠᠲᠠᠭᠤ ᠬᠦᠴᠢᠷᠲᠡᠯᠲᠡᠢ ᠤᠯᠠᠨ ᠲᠦᠮᠡᠨ ᠤ ᠦᠷ᠎ᠡ ᠠᠰᠢᠭ ᠢ ᠭᠤᠤᠯᠲᠠᠯᠭ᠎ᠠ ᠪᠤᠯᠭᠠᠵᠤ᠂ ᠠᠵᠤ | ᠦᠢᠯᠡᠰ ᠢᠶᠠᠷ ᠲᠡᠮᠵᠢᠬᠦ᠂ ᠠᠵᠤ ᠠᠬᠤᠢᠯᠠᠯ ᠪᠤᠶᠤ ᠬᠤᠷᠰᠢᠶᠠᠵᠢᠯ ᠢᠶᠠᠷ ᠬᠦᠲᠦᠯᠦᠨ ᠲᠠᠭᠠᠭᠤᠯᠬᠤ᠂ ᠬᠦᠷᠦᠩᠭᠡ | ᠮᠦᠩᠭᠦᠨ ᠤ ᠤᠷᠤᠯᠭ᠎ᠠ ᠵᠡᠷᠭᠡ ᠬᠡᠯᠪᠡᠷᠢ ᠪᠠᠷ ᠶᠠᠲᠠᠭᠤ ᠶᠢ ᠲᠡᠳᠬᠦᠵᠦ᠂ ᠭᠡᠷᠡᠯ ᠸᠤᠯᠲ᠂ ᠡᠯᠧᠺᠲᠷᠤᠨ ᠬᠤᠲᠠᠯᠲᠤᠭ᠎ᠠ᠂ | ᠠᠶᠠᠯᠠᠯ ᠵᠢᠭᠤᠯᠴᠢᠯᠠᠯ ᠵᠡᠷᠭᠡ ᠰᠢᠨ᠎ᠡ ᠠᠷᠭ᠎ᠠ ᠬᠡᠮᠵᠢᠶ᠎ᠡ ᠪᠠᠷ ᠶᠠᠲᠠᠭᠤ ᠶᠢ ᠲᠡᠳᠬᠦᠭᠰᠡᠨ ᠪᠠᠶᠢᠨ᠎ᠠ᠃ ᠡᠨᠡ ᠵᠢᠯ ᠳᠤ | 14.8 ᠲᠦᠮᠡᠨ ᠬᠦᠮᠦᠨ ᠠᠵᠤ ᠦᠢᠯᠡᠰ ᠤᠨ ᠬᠦᠭᠵᠢᠯᠲᠠ ᠪᠠᠷ ᠶᠠᠲᠠᠭᠤ ᠠᠴᠠ ᠠᠩᠭᠢᠵᠢᠷᠠᠪᠠ︔ ᠠᠵᠢᠯ | ᠤᠯᠭᠤᠯᠲᠠ ᠪᠠᠷ ᠶᠠᠲᠠᠭᠤ ᠶᠢ ᠲᠡᠳᠬᠦᠬᠦ᠂ ᠮᠡᠷᠭᠡᠵᠢᠯ ᠤᠨ ᠪᠤᠯᠪᠠᠰᠤᠷᠠᠯ ᠬᠦᠷᠲᠡᠭᠡᠬᠦ᠂ ᠠᠵᠢᠯ ᠤᠨ ᠪᠠᠶᠢᠷᠢ ᠬᠠᠩᠭᠠᠬᠤ᠂ | ᠬᠦᠲᠡᠯᠮᠦᠷᠢ ᠬᠦᠴᠦᠨ ᠤ ᠬᠠᠮᠲᠤᠷᠠᠯᠴᠠᠭ᠎ᠠ᠂ ᠠᠵᠢᠯ ᠤᠯᠭᠤᠯᠲᠠ ᠶᠢᠨ ᠦᠢᠯᠡᠴᠢᠯᠡᠭᠡ ᠵᠡᠷᠭᠡ ᠪᠠᠷ ᠲᠠᠮᠵᠢᠭᠤᠯᠤᠨ | ᠳᠠᠩᠰᠠ ᠪᠠ ᠺᠠᠷᠲ ᠲᠠᠢ 16581 ᠶᠠᠲᠠᠭᠤ ᠬᠦᠴᠢᠷᠲᠡᠯᠲᠡᠢ ᠬᠦᠮᠦᠨ ᠳᠤ ᠲᠤᠭᠲᠠᠭᠤᠨ ᠠᠵᠢᠯ ᠤᠯᠭᠤᠪᠠ᠃ | ᠡᠨᠡ ᠵᠢᠯ ᠳᠤ ᠦᠪᠦᠷ ᠮᠤᠩᠭᠤᠯ ᠤᠨ ᠮᠦᠩᠭᠦᠨ ᠭᠦᠢᠯᠭᠡᠭᠡ ᠪᠠᠷ ᠶᠠᠲᠠᠭᠤ ᠶᠢ ᠲᠡᠳᠬᠦᠬᠦ ᠬᠦᠴᠦᠯᠡᠴᠡ | ᠮᠡᠲᠡᠭᠲᠡᠮ᠎ᠡ ᠲᠡᠭᠡᠭᠰᠢᠯᠡᠵᠦ᠂ ᠶᠠᠲᠠᠭᠤ ᠶᠢ ᠲᠡᠳᠬᠦᠬᠦ ᠪᠠᠭ᠎ᠠ ᠲᠤᠭᠠᠨ ᠤ ᠵᠢᠭᠡᠯᠡᠯᠭᠡ ᠶᠢ ᠰᠢᠨ᠎ᠡ ᠪᠠᠷ 19 ᠳ᠋ᠦᠩᠰᠢᠭᠤᠷ | ᠲᠦᠭᠦᠷᠢᠭ ᠲᠠᠯᠪᠢᠵᠤ᠂ 4.15 ᠲᠦᠮᠡᠨ ᠬᠦᠮᠦᠨ ᠢ ᠨᠡᠬᠦᠯᠭᠡᠨ ᠰᠢᠯᠵᠢᠬᠦᠯᠵᠦ᠂ ᠲᠦᠪᠯᠡᠷᠡᠬᠦᠯᠦᠨ ᠲᠦᠪᠬᠢᠨᠡᠬᠦᠯᠬᠦ | 353 ᠴᠢᠭ ᠤᠨ ᠪᠠᠷᠢᠯᠭ᠎ᠠ ᠢ ᠡᠬᠢᠯᠡᠬᠦᠯᠪᠡ︔ 1.15 ᠠᠮᠢ ᠠᠬᠤᠢ ᠪᠠᠷ ᠶᠠᠳᠠᠭᠤ ᠶᠢ ᠳᠡᠳᠬᠦᠬᠦ ᠲᠠᠯ᠎ᠠ ᠪᠠᠷ ᠲᠦᠮᠡᠨ | ᠶᠠᠲᠠᠭᠤ ᠬᠦᠴᠢᠷᠲᠡᠯᠲᠡᠢ ᠤᠯᠠᠨ ᠲᠦᠮᠡᠨ ᠳᠤ ᠨᠡᠢᠲᠡ ᠶᠢᠨ ᠠᠰᠠᠷᠠᠮᠵᠢ ᠶᠢᠨ ᠴᠢᠨᠠᠷᠲᠠᠢ ᠤᠢ ᠰᠢᠭᠤᠢ ᠶᠢ | ᠬᠠᠮᠠᠭᠠᠯᠠᠭᠴᠢ ᠶᠢᠨ ᠠᠵᠢᠯ ᠤᠨ ᠪᠠᠶᠢᠷᠢ ᠲᠤᠬᠢᠷᠠᠭᠤᠯᠵᠤ᠂ ᠵᠢᠯ ᠳᠤ ᠬᠥᠮᠥᠨ ᠪᠦᠷᠢ ᠳᠤᠮᠳᠠᠴᠢ ᠪᠠᠷ ᠲᠦᠮᠡᠨ | ᠲᠦᠭᠦᠷᠢᠭ ᠤᠨ ᠨᠦᠬᠦᠪᠦᠷᠢ ᠣᠯᠭᠤᠪᠠ᠃ ᠡᠭᠦᠨ ᠠᠴᠠ ᠭᠠᠲᠠᠨ᠎ᠠ᠂ ᠡᠷᠡᠬᠦᠯ ᠮᠡᠨᠲᠦ ᠪᠠᠷ ᠶᠠᠲᠠᠭᠤ ᠶᠢ ᠲᠠᠳᠬᠦᠬᠦ | ᠲᠠᠯ᠎ᠠ ᠪᠠᠷ ᠤᠷᠢᠲᠡᠪᠡᠷ ᠡᠮᠴᠢᠯᠡᠬᠦᠯᠵᠦ ᠲᠠᠷᠠᠭ᠎ᠠ ᠨᠢ ᠲᠤᠭᠠᠴᠠᠭ᠎ᠠ ᠬᠢᠬᠦ᠂ ᠦᠷᠲᠡᠭᠡᠴᠢᠯᠡᠭᠰᠡᠨ ᠦᠢᠯᠡᠴᠢᠯᠡᠭᠡ ᠬᠠᠩᠭᠠᠬᠤ | ᠵᠡᠷᠭᠡ ᠠᠷᠭ᠎ᠠ ᠬᠡᠮᠵᠢᠶ᠎ᠠ ᠠᠪᠴᠤ ᠶᠠᠲᠠᠭᠤ ᠬᠦᠴᠢᠷᠲᠡᠯᠲᠡᠢ ᠤᠯᠠᠨ ᠲᠦᠮᠨᠨ ᠤ ᠡᠮᠴᠢᠯᠡᠬᠦᠯᠦᠭᠰᠡᠨ ᠵᠠᠷᠤᠲᠠᠯ ᠤᠨ | ᠲᠠᠩᠰᠠ ᠲᠠᠶᠢᠯᠬᠤ ᠬᠠᠷᠢᠴᠠᠯ ᠢ 90% ᠣᠷᠴᠢᠮ ᠳᠤ ᠬᠦᠷᠭᠡᠵᠦ︔ ᠨᠦᠬᠦᠴᠡᠯ ᠳᠤ ᠲᠤᠬᠢᠷᠠᠭᠰᠠᠨ 16.94 | ᠲᠦᠮᠡᠨ ᠶᠠᠲᠠᠭᠤ ᠬᠦᠴᠢᠷᠲᠡᠯᠲᠡᠢ ᠬᠦᠮᠦᠨ ᠢ ᠪᠦᠬᠦᠨ ᠢ ᠨᠠᠭᠠᠲᠤ ᠵᠠᠬ᠎ᠠ ᠶᠢᠨ ᠪᠠᠲᠤᠯᠠᠭ᠎ᠠ ᠶᠢ ᠨᠢ ᠪᠠᠲᠤᠯᠠᠨ ᠳᠠᠭᠠᠭᠠᠬᠤ | ᠬᠡᠪᠴᠢᠶᠡᠨ ᠳᠤ ᠣᠷᠣᠭᠤᠯᠵᠤ᠂ ᠶᠠᠳᠠᠭᠤ ᠠᠴᠠ ᠠᠩᠭᠢᠵᠢᠷᠠᠵᠤ ᠳᠡᠶᠢᠯᠦᠭᠡᠳᠦᠢ ᠨᠦᠬᠦᠴᠡᠯ ᠳᠤ ᠲᠤᠬᠢᠷᠠᠭᠰᠠᠨ ᠶᠠᠲᠠᠭᠤ | ᠬᠦᠴᠢᠷᠲᠡᠯᠲᠡᠢ 17.48 ᠲᠦᠮᠡᠨ ᠬᠦᠮᠦᠨ ᠤ ᠦᠨᠳᠦᠰᠦᠨ ᠨᠠᠰᠤᠵᠢᠯ ᠤᠨ ᠲᠠᠭᠠᠳᠬᠠᠯ ᠢ ᠨᠢ ᠤᠷᠤᠯᠠᠨ ᠲᠤᠰᠢᠶᠠᠵᠤ᠂ | ᠪᠠᠲᠤᠯᠠᠬᠤ ᠶᠣᠰᠣᠲᠠᠢ ᠪᠦᠬᠦᠨ ᠢ ᠪᠠᠲᠤᠯᠠᠬᠤ ᠶᠢ ᠪᠡᠶᠡᠯᠡᠬᠦᠯᠦᠭᠰᠡᠨ ᠪᠠᠶᠢᠨ᠎ᠠ᠃ |