ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠭᠡᠳ ᠲᠤᠮᠳᠠᠳᠤ ᠤᠯᠤᠰ ᠤᠨ ᠲᠠᠪᠤᠨ ᠠᠭᠤᠷᠬᠠᠢ ᠶᠢᠨ ᠪᠦᠯᠦᠭᠯᠡᠯ ᠪᠠᠶᠢᠯᠳᠤᠬᠤ ᠪᠤᠳᠤᠯᠭ᠎ᠠ ᠶᠢᠨ ᠪᠦᠳᠦᠭᠦᠪᠴᠢ ᠵᠥᠪᠳᠡᠯᠴᠡᠭᠡᠷ ᠲᠤᠬᠳᠠᠵᠠᠢ  ᠪᠦ᠋ ᠰᠢᠶᠤᠤ ᠯᠢᠨ ᠺᠠᠩ ᠹᠦ᠋ ᠫᠢᠩ ᠭᠠᠷ ᠤᠨ ᠦᠰᠦᠭ  ᠵᠢᠷᠤᠭᠰᠠᠨ ᠢ ᠬᠡᠷᠡᠴᠢᠯᠡᠪᠠ
ᠨᠡᠶᠢᠲᠡᠯᠡᠭᠰᠡᠨ ᠴᠠᠭ᠄
2018/12/29
     12 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠢᠭᠡᠳ ᠲᠤᠮᠳᠠᠳᠤ ᠤᠯᠤᠰ ᠤᠨ ᠲᠠᠪᠤᠨ ᠠᠭᠤᠷᠬᠠᠢ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ᠂ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠺᠠᠩ ᠹᠦ᠋ ᠫᠢᠩ ᠪᠡᠭᠡᠵᠢᠩ ᠳᠤ ᠤᠷᠤᠨ ᠬᠢᠭᠡᠳ ᠠᠵᠤ ᠠᠬᠤᠢᠢᠯᠠᠯ ᠤᠨ ᠬᠠᠮᠳᠤᠷᠠᠯᠴᠠᠭ᠎ᠠ ᠶᠢ ᠬᠦᠨᠵᠡᠭᠡᠶᠢᠷᠡᠭᠦᠯᠭᠦ ᠲᠤᠭᠤᠷᠢᠨ ᠳᠤ ᠬᠡᠯᠡᠯᠴᠡᠭᠡ ᠬᠢᠵᠤ᠂ ᠦᠪᠡᠷᠳᠡᠭᠡᠨ ᠵᠠᠰᠠᠬᠤ ᠤᠷᠤᠨ ᠬᠢᠭᠡᠳ ᠲᠤᠮᠳᠠᠳᠤ ᠤᠯᠤᠰ ᠤᠨ ᠲᠠᠪᠤᠨ ᠠᠭᠤᠷᠬᠠᠢ ᠶᠢᠨ ᠪᠦᠯᠦᠭᠯᠡᠯ ᠤᠨ ᠪᠠᠶᠢᠯᠳᠤᠬᠤ ᠪᠤᠳᠤᠯᠭ᠎ᠠ ᠶᠢᠨ ᠪᠦᠳᠦᠭᠦᠪᠴᠢ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠢ ᠬᠡᠷᠡᠴᠢᠯᠡᠪᠡ᠃      ᠪᠦ᠋ ᠰᠢᠶᠤᠤ ᠯᠢᠨ ᠲᠤᠮᠳᠠᠳᠤ ᠤᠯᠤᠰ ᠤᠨ ᠲᠠᠪᠤᠨ ᠠᠭᠤᠷᠬᠠᠢ ᠶᠢᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠦᠪᠦᠷ ᠮᠤᠩᠭᠤᠯ ᠳᠤ ᠲᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠲᠤᠮᠳᠠᠳᠤ ᠤᠯᠤᠰ ᠤᠨ ᠲᠠᠪᠤᠨ ᠠᠭᠤᠷᠬᠠᠢ ᠶᠢᠨ ᠪᠦᠯᠦᠭᠯᠡᠯ ᠤᠨ ᠬᠢᠨ ᠠᠭᠤᠷᠬᠠᠢ ᠶᠢᠨ ᠡᠬᠢ ᠪᠠᠶᠠᠯᠢᠭ ᠤᠨ ᠬᠦᠷᠢᠶᠡᠨ ᠳᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠦᠷᠢᠰᠦᠯᠳᠦᠭᠡᠨ ᠤ ᠲᠠᠪᠠᠭᠤᠯᠢᠭ ᠲᠠᠢ ᠪᠦᠭᠡᠳ ᠶᠡᠷᠦᠩᠬᠡᠶᠢᠯᠡᠭᠰᠨᠨ ᠪᠤᠳᠠᠳᠤ ᠬᠦᠴᠦᠨ ᠴᠢᠩᠭ᠎ᠠ᠂ ᠲᠡᠯᠡᠭᠡᠶᠢᠵᠢᠯᠳᠡ ᠶᠢᠨ ᠲᠦᠪᠰᠢᠨ ᠦᠨᠳᠦᠷ ᠪᠠᠶᠢᠨ᠎ᠠ᠃ ᠦᠪᠦᠷ ᠮᠤᠩᠭᠤᠯ ᠡᠬᠢ ᠪᠠᠶᠠᠯᠢᠭ ᠤᠨ ᠤᠨᠴᠠᠭᠠᠢ ᠲᠠᠪᠠᠭᠤᠯᠢᠭ ᠨᠦᠬᠦᠴᠡᠯ ᠲᠠᠢ᠂ ᠤᠯᠤᠰ ᠤᠨ ᠴᠢᠬᠤᠯᠠ ᠦᠩᠭᠡᠳᠦ ᠲᠡᠮᠦᠷᠯᠢᠭ ᠤᠨ ᠦᠢᠯᠡᠳᠪᠦᠷᠢᠯᠡᠵᠤ ᠪᠤᠯᠪᠠᠰᠤᠷᠠᠭᠤᠯᠬᠤ ᠰᠠᠭᠤᠷᠢᠨ ᠪᠤᠯᠵᠤ ᠪᠤᠢ᠃ ᠬᠤᠶᠠᠷ ᠲᠠᠯ᠎ᠠ ᠪᠠᠷ ᠢᠶᠠᠨ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠤ᠂ ᠬᠠᠮᠳᠤᠷᠠᠨ ᠠᠵᠢᠯᠯᠠᠬᠤ ᠤᠷᠤᠨ ᠵᠠᠢ ᠦᠷᠭᠡᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠪᠦᠳᠦᠴᠡ ᠪᠠᠨ ᠬᠤᠪᠢᠷᠠᠭᠤᠯᠤᠨ ᠲᠡᠰ ᠲᠡᠪᠰᠢᠭᠦᠯᠭᠦ ᠶᠢ ᠠᠬᠢᠭᠤᠯᠬᠤ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢ ᠬᠦᠭᠵᠢᠭᠦᠯᠭᠦ᠂ ᠠᠵᠤ ᠦᠢᠯᠡᠰ ᠤᠨ ᠰᠢᠨᠵᠢᠯᠡᠭᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠭᠦ ᠪᠠ ᠪᠤᠬᠢᠷᠳᠦᠯ ᠦᠭᠡᠢ ᠴᠡᠪᠡᠷ ᠦᠢᠯᠡᠳᠪᠦᠷᠢᠯᠡᠯ᠂ ᠮᠦᠩᠭᠦᠨ ᠬᠦᠢᠯᠭᠡᠭᠡ ᠵᠡᠷᠭᠡ ᠲᠠᠯ᠎ᠠ ᠪᠠᠷ ᠬᠢ ᠬᠠᠮᠳᠤᠷᠠᠯᠴᠠᠭ᠎ᠠ ᠪᠠᠨ ᠴᠢᠩᠭᠠᠳᠬᠠᠵᠤ᠂ ᠦᠪᠦᠷ ᠮᠤᠩᠭᠤᠯ ᠤᠨ ᠡᠬᠢ ᠪᠠᠶᠠᠯᠢᠭ ᠤᠨ ᠲᠠᠪᠠᠭᠤᠯᠢᠭ ᠢ ᠠᠵᠤ ᠠᠬᠤᠢ ᠶᠢᠨ ᠲᠠᠪᠠᠭᠤᠯᠢᠭ ᠪᠠ ᠬᠦᠭᠵᠢᠯᠳᠡ ᠶᠢᠨ ᠲᠠᠪᠠᠭᠤᠯᠢᠭ ᠪᠤᠯᠭᠠᠨ ᠬᠤᠪᠢᠷᠠᠭᠤᠯᠬᠤ ᠳᠤ ᠬᠦᠴᠦ ᠨᠡᠮᠡᠷᠢᠯᠡᠭᠦ ᠶᠢ ᠬᠦᠰᠡᠵᠤ ᠪᠠᠶᠢᠨ᠎ᠠ ᠬᠡᠵᠡᠢ᠃      ᠺᠠᠩ ᠹᠦ᠋ ᠫᠢᠩ ᠢᠯᠡᠷᠬᠡᠶᠢᠯᠡᠭᠰᠡᠨ ᠨᠢ᠂ ᠦᠪᠦᠷ ᠮᠤᠩᠭᠤᠯ ᠪᠤᠯ ᠠᠭᠤᠷᠬᠠᠢ ᠶᠢᠨ ᠡᠬᠢ ᠪᠠᠶᠠᠯᠢᠭ ᠤᠨ ᠲᠤᠮᠤ ᠤᠷᠤᠨ ᠪᠤᠯᠤᠨ᠎ᠠ᠂ ᠠᠭᠤᠷᠬᠠᠢ ᠶᠢᠨ ᠨᠡᠭᠡᠭᠡᠨ ᠬᠦᠭᠵᠢᠭᠦᠯᠦᠯᠳᠡ᠂ ᠬᠤᠳᠠ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠵᠡᠷᠭᠡ ᠲᠠᠯ᠎ᠠ ᠪᠠᠷ ᠨᠡᠯᠢᠶᠡᠳ ᠶᠡᠭᠡ ᠬᠦᠭᠵᠢᠯᠳᠡ ᠶᠢᠨ ᠨᠦᠭᠡᠴᠡ ᠬᠦᠴᠦᠨ ᠲᠠᠢ ᠪᠠᠶᠢᠨ᠎ᠠ᠃ ᠲᠤᠮᠳᠠᠳᠤ ᠤᠯᠤᠰ ᠤᠨ ᠲᠠᠪᠤᠨ ᠠᠭᠤᠷᠬᠠᠢ ᠶᠢᠨ ᠪᠦᠯᠦᠭᠯᠡᠯ ᠦᠪᠦᠷ ᠮᠤᠩᠭᠤᠯ ᠳᠤ ᠠᠭᠤᠷᠬᠠᠢ ᠶᠢᠨ ᠡᠬᠢ ᠪᠠᠶᠠᠯᠢᠭ ᠎ ᠤᠨ ᠨᠡᠭᠡᠭᠡᠨ ᠬᠦᠭᠵᠢᠭᠦᠯᠦᠯᠳᠡ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠵᠡᠷᠭᠡ ᠬᠦᠷᠢᠶᠡᠨ ᠳᠠᠬᠢ ᠠᠬᠢᠭᠤᠯᠬᠤ ᠡᠷᠴᠢᠮ ᠢᠶᠠᠨ ᠤᠯᠠᠮ ᠴᠢᠨᠠᠬᠰᠢᠳᠠ ᠴᠢᠩᠭᠠᠷᠠᠭᠤᠯᠵᠤ᠂ ᠦᠪᠦᠷ ᠮᠤᠩᠭᠤᠯ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠬᠤᠪᠢ ᠨᠡᠮᠡᠷᠢ ᠦᠵᠡᠭᠦᠯᠦᠨ᠎ᠠ  ᠭᠡᠵᠡᠢ᠃      ᠲᠤᠮᠳᠠᠳᠤ ᠤᠯᠤᠰ ᠤᠨ ᠲᠠᠪᠤᠨ ᠠᠭᠤᠷᠬᠠᠢ ᠶᠢᠨ ᠪᠦᠯᠦᠭᠯᠡᠯ ᠤᠨ ᠲᠡᠳ᠋ ᠶᠡᠷᠦᠩᠬᠡᠢ ᠲᠠᠭᠠᠭᠠᠮᠠᠯ ᠯᠢᠦ ᠼᠠᠢ ᠮᠢᠩ ᠬᠡᠯᠡᠯᠴᠡᠭᠡ ᠬᠢᠭᠦ ᠵᠢᠴᠢ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠵᠤ᠂ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠵᠠᠩ ᠱᠤᠤ ᠴᠦᠨ᠂ ᠲᠤᠮᠳᠠᠳᠤ ᠤᠯᠤᠰ ᠤᠨ ᠲᠠᠪᠤᠨ ᠠᠭᠤᠷᠬᠠᠢ ᠶᠢᠨ ᠪᠦᠯᠦᠭᠯᠡᠯ ᠎ ᠤᠨ ᠲᠡᠳ᠋ ᠶᠡᠷᠦᠩᠬᠡᠢ ᠲᠠᠭᠠᠭᠠᠮᠠᠯ ᠵᠠᠩ ᠵᠤᠤ ᠰᠢᠶᠠᠩ ᠬᠤᠶᠠᠷ ᠲᠠᠯ᠎ᠠ ᠶᠢ ᠲᠦᠯᠦᠭᠡᠯᠡᠵᠦ ᠭᠠᠷ ᠤᠨ ᠦᠰᠦᠭ ᠵᠢᠷᠤᠪᠠ᠃ ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ︽ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠦ᠂ ᠬᠠᠮᠳᠤ ᠪᠠᠷ ᠠᠰᠢᠭ ᠬᠦᠷᠳᠡᠭᠦ᠂ ᠬᠤᠯᠠ ᠤᠢᠢᠷ᠎ᠠ ᠶᠢ ᠤᠶᠠᠯᠳᠤᠭᠤᠯᠬᠤ᠂ ᠪᠦᠬᠦ ᠠᠵᠤ ᠦᠢᠯᠡᠰ ᠢ ᠬᠡᠯᠬᠢᠶᠡᠵᠢᠭᠦᠯᠭᠦ︾ ᠬᠠᠮᠳᠤᠷᠠᠯᠴᠠᠭᠠᠨ ᠤ ᠵᠠᠷᠴᠢᠮ ᠶᠤᠰᠤᠭᠠᠷ᠂ ᠪᠦᠬᠦ ᠲᠠᠯ᠎ᠠ ᠶᠢᠨ ᠤᠯᠠᠨ ᠬᠦᠷᠢᠶᠡᠨ ᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠦᠷᠨᠢᠭᠦᠯᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠲᠠᠢ ᠬᠠᠮᠳᠤ ᠪᠠᠷ ᠠᠰᠢᠭ ᠬᠦᠷᠳᠡᠵᠤ᠂ ᠬᠠᠮᠳᠤ ᠪᠠᠷ ᠬᠦᠭᠵᠢᠭᠦ ᠶᠢ ᠪᠡᠶᠡᠯᠡᠭᠦᠯᠭᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号