12 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠲᠦᠪ ᠤᠨ ᠤᠬᠠᠭᠤᠯᠬᠤ ᠬᠡᠯᠳᠡᠰ᠂ | ᠬᠠᠤᠯᠢ ᠴᠠᠭᠠᠵᠠ ᠶᠢᠨ ᠶᠠᠮᠤᠨ᠂ ᠪᠦᠭᠦ ᠤᠯᠤᠰ ᠤᠨ ᠬᠠᠤᠯᠢ ᠴᠠᠭᠠᠵᠠ ᠶᠢᠨ ᠶᠠᠷᠤ ᠶᠢᠨ ᠮᠡᠳᠡᠯᠭᠡ ᠶᠢ ᠲᠦᠭᠡᠮᠡᠯᠵᠢᠭᠦᠯᠭᠦ | ᠠᠯᠪᠠᠨ ᠭᠡᠷ ᠬᠠᠮᠳᠤᠷᠠᠨ ᠬᠦᠬᠡᠬᠤᠳᠠ ᠳᠤ 2018 ᠣᠨ ᠤ ᠪᠦᠭᠦ ᠤᠯᠤᠰ ᠤᠨ ︽ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠢ ᠶᠠᠪᠤᠭᠤᠯᠵᠠᠢ᠃ | ᠤᠶᠢᠷ᠎ᠠ ᠶᠢᠨ ᠡᠳᠦᠷ᠂ ᠲᠦᠪ ᠤᠨ ᠤᠬᠠᠭᠤᠯᠬᠤ ᠬᠡᠯᠳᠡᠰ᠂ ᠬᠠᠤᠯᠢ ᠴᠠᠭᠠᠵᠠ ᠶᠢᠨ ᠶᠠᠮᠤᠨ᠂ ᠪᠦᠭᠦ ᠤᠯᠤᠰ | ᠤᠨ ᠬᠠᠤᠯᠢ ᠴᠠᠭᠠᠵᠠ ᠶᠢᠨ ᠶᠠᠷᠤ ᠶᠢᠨ ᠮᠡᠳᠡᠯᠭᠡ ᠶᠢ ᠲᠦᠭᠡᠮᠡᠯᠵᠢᠭᠦᠯᠭᠦ ᠠᠯᠪᠠᠨ ᠭᠡᠷ ᠬᠠᠮᠳᠤᠷᠠᠨ ᠮᠡᠳᠡᠭᠳᠡᠯ ᠭᠠᠷᠭᠠᠵᠦ᠂ | ︽ᠦᠨᠳᠦᠰᠦᠨ ᠬᠠᠤᠯᠢ ᠶᠢ ᠲᠡᠭᠡᠳᠤᠯᠡᠵᠦ᠂ ᠦᠨᠳᠦᠰᠤᠨ ᠬᠠᠤᠯᠢ ᠶᠢ ᠰᠤᠷᠤᠯᠴᠠᠵᠦ᠂ ᠦᠨᠳᠤᠰᠤᠨ ᠬᠠᠤᠯᠢ ᠶᠢ | ᠵᠢᠷᠤᠮᠯᠠᠵᠦ᠂ ᠦᠨᠳᠦᠰᠦᠨ ᠬᠠᠤᠯᠢ ᠶᠢ ᠬᠠᠮᠠᠭᠠᠯᠠᠵᠦ᠂ ᠦᠨᠳᠦᠰᠦᠨ ᠬᠠᠤᠯᠢ ᠶᠢ ᠬᠡᠷᠡᠭᠯᠡᠭᠦ︾ ᠭᠤᠤᠯ ᠰᠡᠳᠦᠪ ᠢᠶᠠᠷ | 2018 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠪᠦᠭᠦ ᠤᠯᠤᠰ | ᠤᠨ ᠬᠤᠳᠠ ᠬᠦᠳᠡᠭᠡ ᠳᠤ ᠥᠷᠭᠡᠨ ᠳᠡᠯᠭᠡᠷ ᠦᠷᠨᠢᠭᠦᠯᠪᠡ᠃ | ᠬᠠᠤᠯᠢ ᠴᠠᠭᠠᠵᠠ ᠶᠢᠨ ᠶᠠᠮᠤᠨ ᠤ ᠰᠠᠶᠢᠳ᠂ ᠪᠦᠭᠦ ᠤᠯᠤᠰ ᠤᠨ ᠬᠠᠤᠯᠢ ᠴᠠᠭᠠᠵᠠ ᠶᠢᠨ ᠶᠠᠷᠤ ᠶᠢᠨ | ᠮᠡᠳᠡᠯᠭᠡ ᠶᠢ ᠲᠦᠭᠡᠮᠡᠯᠵᠢᠭᠦᠯᠭᠦ ᠠᠯᠪᠠᠨ ᠭᠡᠷ ᠤᠨ ᠡᠷᠬᠢᠯᠡᠭᠴᠢ ᠹᠦ᠋ ᠵᠸᠡᠭ ᠬᠤᠸᠠ ᠡᠬᠢᠯᠡᠯᠳᠡ ᠶᠢᠨ ᠶᠤᠰᠤᠯᠠᠯ ᠲᠡᠭᠡᠷ᠎ᠠ | ᠬᠡᠯᠡᠭᠰᠡᠨ ᠨᠢ᠂ ᠦᠨᠳᠦᠰᠦᠨ ᠬᠠᠤᠯᠢ ᠶᠢᠨ ᠤᠬᠠᠭᠤᠯᠭ᠎ᠠ ᠬᠦᠮᠦᠵᠢᠯ ᠢ ᠦᠷᠨᠢᠭᠦᠯᠭᠦ ᠳᠤ ᠪᠠᠨ ᠰᠢ ᠶᠢᠨ ᠫᠢᠡᠭ ᠤᠨ | ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠦ᠂ ᠶᠡᠷᠦᠩᠭᠡᠢ ᠱᠦᠵᠢ ᠰᠢ ᠶᠢᠨ ᠫᠢᠡᠭ ᠤᠨ ᠪᠦᠭᠦ ᠲᠠᠯ᠎ᠠ ᠪᠠᠷ ᠬᠠᠤᠯᠢ ᠪᠠᠷ ᠤᠯᠤᠰ ᠢ | ᠵᠠᠰᠠᠬᠤ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠦᠨᠳᠦᠰᠦᠨ ᠬᠠᠤᠯᠢ ᠶᠢ ᠰᠤᠷᠤᠯᠴᠠᠨ ᠤᠬᠠᠭᠤᠯᠵᠦ ᠲᠤᠭᠤᠰᠢᠯᠠᠭᠤᠯᠤᠨ | ᠬᠡᠷᠡᠭᠵᠢᠭᠦᠯᠭᠦ ᠶᠢ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ | ᠡᠭᠦᠷᠭᠡ ᠪᠠᠨ ᠪᠤᠯᠭᠠᠵᠦ᠂ ᠪᠦᠭᠦ ᠬᠦᠴᠦᠨ ᠢᠶᠠᠷ ᠴᠢᠩᠭ᠎ᠠ ᠠᠳᠬᠤᠵᠦ ᠪᠤᠳᠠᠳᠠᠢ ᠠᠳᠬᠤᠨ ᠰᠠᠶᠢᠳᠤᠷ ᠠᠳᠬᠤᠵᠦ᠂ ︽ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠬ︾ ᠤᠨ ᠤᠬᠠᠭᠤᠯᠭ᠎ᠠ ᠶᠢᠨ ᠠᠵᠢᠯᠯᠠᠭ᠎ᠠ ᠨᠤᠭᠤᠳ ᠢ | ᠬᠦᠴᠦ ᠪᠠᠨ ᠲᠦᠪᠯᠡᠷᠡᠭᠦᠯᠦᠨ ᠰᠠᠶᠢᠳᠤᠷ ᠬᠢᠵᠦ᠂ ᠦᠨᠳᠦᠰᠦᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ | ᠲᠤᠭ ᠢ ᠲᠤᠮᠳᠠᠳᠤ ᠶᠢᠨ ᠡᠭᠡ ᠭᠠᠵᠠᠷ ᠲᠤ ᠦᠨᠳᠤᠷ ᠨᠠᠮᠢᠷᠠᠭᠤᠯᠬᠤ ᠬᠡᠷᠡᠭᠳᠡᠢ ᠭᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ ᠦᠭᠡ ᠬᠡᠯᠡᠭᠦ ᠳᠤ ᠪᠠᠨ᠂ ᠦᠪᠤᠷ | ᠮᠤᠩᠭᠤᠯ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠯᠢ ᠤᠯᠠᠨ ᠪᠦᠲᠦᠮᠵᠢᠳᠠᠢ ᠠᠷᠭ᠎ᠠ ᠪᠠᠷᠢᠯ ᠠᠪᠴᠤ᠂ ᠤᠯᠠᠭᠠᠨᠮᠦ᠋ᠴᠢᠷ | ᠤᠨ ᠰᠢᠨ᠎ᠠ ᠴᠠᠬ ᠦᠶ᠎ᠠ ᠳᠤ ᠰᠢᠨ᠎ᠠ ᠬᠦᠭᠵᠢᠯᠳᠠ ᠲᠠᠢ ᠪᠤᠯᠬᠤ ᠶᠢ ᠠᠬᠢᠭᠤᠯᠤᠨ᠂ ᠬᠠᠤᠯᠢᠵᠢᠯ ᠤᠨ ᠤᠯᠠᠭᠠᠨᠮᠦ᠋ᠴᠢᠷ | ᠤᠨ ᠬᠠᠤᠯᠢ ᠴᠠᠭᠠᠵᠠ ᠶᠢᠨ ᠶᠠᠷᠤ ᠶᠢᠨ ᠮᠡᠳᠡᠯᠭᠡ ᠶᠢ ᠲᠦᠭᠡᠮᠡᠯᠵᠢᠭᠦᠯᠵᠤ ᠤᠬᠠᠭᠤᠯᠬᠤ ᠨᠡᠷᠡᠳᠬᠦᠨ ᠢ ᠴᠤᠬᠴᠠᠯᠠᠵᠦ᠂ | ᠮᠠᠰᠢ ᠰᠠᠶᠢᠨ ᠦᠷ᠎ᠠ ᠪᠦᠲᠦᠮᠵᠢ ᠤᠯᠪᠠ᠃ ᠦᠪᠤᠷ ᠮᠤᠩᠭᠤᠯ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ | ᠭᠠᠷᠠᠬ︾ ᠤᠨ ᠠᠵᠢᠯᠯᠠᠭ᠎ᠠ ᠦᠷᠨᠢᠭᠦᠯᠭᠦ ᠪᠠᠷ ᠠᠵᠠ ᠲᠤᠬᠢᠶᠠᠯ ᠢᠶᠠᠨ ᠪᠤᠯᠭᠠᠨ᠂ ᠬᠠᠤᠯᠢᠵᠢᠯ ᠤᠨ ᠤᠯᠠᠭᠠᠨᠮᠦ᠋ᠴᠢᠷ | ᠵᠡᠷᠭᠡ ᠪᠦᠳᠦᠮᠵᠢᠳᠠᠢ ᠠᠴᠢᠶᠠᠯᠠᠪᠤᠷᠢ ᠳᠤ ᠲᠦᠰᠢᠭᠯᠡᠭᠦ ᠪᠠ ᠰᠢᠨ᠎ᠠ ᠶᠢ ᠡᠭᠦᠳᠴᠤ᠂ ᠦᠨᠳᠦᠰᠦᠨ ᠬᠠᠤᠯᠢ ᠶᠢᠨ | ᠤᠬᠠᠭᠤᠯᠭ᠎ᠠ ᠬᠦᠮᠦᠵᠢᠯ ᠢ ᠴᠢᠩᠭᠠᠳᠬᠠᠨ᠂ ᠬᠠᠤᠯᠢᠵᠢᠯ ᠤᠨ ᠦᠪᠤᠷ ᠮᠤᠩᠭᠤᠯ ᠤᠨ ᠪᠦᠲᠦᠭᠡᠨ ᠪᠠᠶᠢᠭᠤᠯᠤᠯᠳᠠ ᠶᠢᠨ | ᠲᠦᠪᠰᠢᠨ ᠢ ᠴᠢᠨᠠᠬᠰᠢᠳᠠ ᠲᠡᠭᠡᠭᠰᠢᠯᠡᠭᠦᠯᠤᠨ᠎ᠡ ᠬᠡᠪᠡ᠃ | ᠶᠤᠰᠤᠯᠠᠯ ᠳᠤ ᠤᠷᠤᠯᠴᠠᠬᠰᠠᠨ ᠤᠳᠤᠷᠢᠳᠤᠯᠭ᠎ᠠ ᠨᠠᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠬᠠᠤᠯᠢᠵᠢᠯ ᠤᠨ ᠤᠯᠠᠭᠠᠨᠮᠦ᠋ᠴᠢᠷ ᠲᠤ ᠲᠤᠭ ᠤᠯᠭᠤᠬᠰᠠᠨ ᠪᠦᠭᠡᠳ ᠮᠠᠯᠴᠢᠨ ᠲᠠᠷᠢᠶᠠᠴᠢᠨ᠂ ᠨᠡᠶᠢᠭᠡᠮ ᠲᠤᠭᠤᠷᠢᠭ ᠤᠨ | ᠰᠠᠭᠤᠭᠠᠯᠢ ᠠᠷᠠᠳ᠂ ᠰᠤᠷᠤᠬᠴᠢ ᠶᠢᠨ ᠲᠦᠯᠦᠭᠡᠯᠡᠭᠴᠢᠳ ᠲᠤ ᠮᠤᠩᠭᠤᠯ ᠬᠢᠳᠠᠳ ᠬᠤᠤᠰ ᠬᠡᠯᠡᠨ ᠤ ᠦᠨᠳᠦᠰᠦᠨ | ᠬᠠᠤᠯᠢ ᠶᠢᠨ ᠪᠢᠴᠢᠭ ᠬᠦᠷᠭᠡᠪᠡ᠃ ᠲᠦᠪ ᠤᠨ ᠤᠬᠠᠭᠤᠯᠬᠤ ᠬᠡᠯᠳᠡᠰ ᠤᠨ ᠲᠡᠳ᠋ ᠲᠠᠷᠤᠭ᠎ᠠ ᠯᠢᠶᠠᠩ ᠶᠠᠨ ᠱᠦᠨ | ᠡᠬᠢᠯᠡᠯᠳᠡ ᠶᠢᠨ ᠶᠤᠰᠤᠯᠠᠯ ᠢ ᠡᠷᠬᠢᠯᠡᠵᠠᠢ᠃ | ᠡᠭᠢᠯᠡᠯᠳᠡ ᠶᠢᠨ ᠶᠤᠰᠤᠯᠠᠯ ᠲᠠᠭᠤᠰᠤᠬᠰᠠᠨ ᠤ ᠲᠠᠷᠠᠭ᠎ᠠ᠂ ᠨᠡᠶᠢᠭᠡᠮ ᠤᠨ ᠡᠯ᠎ᠠ ᠡᠳᠡᠭᠡᠳ ᠤᠨ ᠺᠠᠳ᠋ᠷ ᠤᠯᠠᠨ | ᠲᠦᠮᠡᠨ ᠤ ᠲᠦᠯᠦᠭᠡᠯᠡᠭᠴᠢᠳ ᠬᠠᠤᠯᠢᠵᠢᠯ ᠤᠨ ᠤᠯᠠᠭᠠᠨᠮᠦ᠋ᠴᠢᠷ ᠤᠨ ᠲᠤᠬᠯᠠᠯᠳᠠ ᠶᠢ ᠬᠠᠮᠳᠤ ᠪᠠᠷ ᠰᠤᠨᠢᠷᠬᠠᠪᠠ᠃ | ᠤᠶᠢᠯᠠᠭᠠᠬᠰᠠᠨ ᠢᠶᠠᠷ᠂ ᠬᠤᠶᠢᠰᠢᠳᠠ ᠵᠢᠯ ᠪᠦᠷᠢ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠤᠨ | ᠦᠶ᠎ᠠ ᠪᠠᠷ ︽ᠦᠨᠳᠤᠰᠤᠨ ᠬᠠᠤᠯᠢ ᠶᠢᠨ ᠤᠬᠠᠭᠤᠯᠭ᠎ᠠ ᠶᠢᠨ ᠭᠠᠷᠠᠬ︾ ᠤᠨ ᠠᠵᠢᠯᠯᠠᠭ᠎ᠠ ᠥᠷᠨᠢᠭᠦᠯᠬᠦ ᠪᠤᠯᠤᠨ᠎ᠠ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠡᠭ ᠭᠠᠨᠭ᠌᠂ ᠡᠤ ᠲᠤᠸᠠᠨ ᠶᠢᠩ᠂ ᠶᠠᠩ ᠸᠧᠢ | ᠳ᠋ᠦᠩ᠂ ᠳ᠋ᠦᠩ ᠾᠸᠡᠭ ᠢᠤᠢ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃ |