ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠳᠠᠷᠤᠭ᠎ᠠ ︽ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ︾ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/12/5
     ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠸᠠᠩ ᠵᠢᠶᠠᠩ ᠫᠢᠩ ︽ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ︾ ᠳᠤ ᠲᠠᠶᠢᠯᠤᠮᠵᠢ ᠬᠢᠪᠡ᠄      ᠣᠶᠢᠷ᠎ᠠ ᠶᠢᠨ ᠵᠢᠯ ᠤᠳ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠮᠣ ᠳᠤᠮᠳᠠ ᠵᠢᠵᠢᠭ ᠠᠵᠤ ᠠᠬᠤᠶᠢᠯᠠᠯ ᠢ ᠭᠦᠢᠯᠭᠡᠭᠡᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠪᠡ᠃ ᠶᠡᠷᠦᠩᠬᠡᠢ ᠱᠦᠵᠢ ᠰᠢ ᠶᠢᠨ ᠫᠢᠩ ᠭᠤᠸᠠᠩᠵᠧᠦ ᠳᠤ ᠰᠢᠯᠭᠠᠨ ᠪᠠᠶᠢᠴᠠᠭᠠᠬᠤ ᠬᠤᠭᠤᠴᠠᠭᠠᠨ ᠳᠤ ᠪᠠᠨ᠂ ᠳᠤᠮᠳᠠ ᠵᠢᠵᠢᠭ ᠠᠵᠤ ᠠᠬᠤᠶᠢᠯᠠᠯ ᠴᠤ ᠲᠣᠮᠣ ᠦᠢᠯᠡᠰ ᠪᠦᠲᠦᠭᠡᠵᠦ ᠴᠢᠳᠠᠨ᠎ᠠ᠂ ᠰᠢᠨ᠎ᠡ ᠶᠢ ᠡᠭᠦᠳᠦᠨ ᠵᠣᠬᠢᠶᠠᠨ ᠪᠦᠲᠦᠭᠡᠵᠦ ᠠᠳᠠᠯ ᠦᠢᠯᠡᠰ ᠴᠣᠭᠴᠠᠯᠠᠬᠤ ᠳᠤ ᠳᠤᠮᠳᠠ ᠵᠢᠵᠢᠭ ᠠᠵᠤ ᠠᠬᠤᠶᠢᠯᠠᠯ ᠠᠴᠠ ᠰᠠᠯᠵᠤ ᠴᠢᠳᠠᠬᠤ ᠦᠭᠡᠢ ᠭᠡᠵᠦ ᠣᠨᠴᠠᠭᠠᠶᠢᠯᠠᠨ ᠵᠢᠭᠠᠵᠤ ᠭᠠᠷᠭᠠᠪᠠ᠃ ᠶᠡᠷᠦᠩᠬᠡᠢ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠳᠡᠭᠡᠷ᠎ᠡ᠂ ᠲᠣᠮᠣ ᠳᠤᠮᠳᠠ ᠵᠢᠵᠢᠭ ᠠᠵᠤ ᠠᠬᠤᠶᠢᠯᠠᠯ ᠢ ᠭᠦᠢᠯᠭᠡᠭᠡᠨ ᠬᠥᠭᠵᠢᠭᠦᠯᠬᠦ ᠪᠣᠯ ᠳᠤᠮᠳᠠᠳᠤ ᠤᠯᠤᠰ ᠤᠨ ᠨᠢᠭᠡᠨ ᠳᠠᠪᠠᠭᠤᠯᠢᠭ ᠲᠠᠯ᠎ᠠ ᠪᠠᠶᠢᠵᠤ᠂ ᠦᠢᠯᠡᠳᠬᠡᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠳᠤ ᠡᠷᠬᠡᠪᠰᠢ ᠡᠨᠡ ᠬᠦ ᠳᠠᠪᠠᠭᠤᠯᠢᠭ ᠲᠠᠯ᠎ᠠ ᠶᠢ ᠯᠠᠪᠳᠠᠭᠤᠨ ᠪᠠᠲᠤᠲᠠᠢ ᠪᠠᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ︽ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠬᠡᠷᠡᠭᠯᠡᠬᠦ ᠶᠢ ᠵᠣᠬᠢᠴᠠᠭᠤᠯᠤᠨ᠂ ᠲᠣᠮᠣ ᠳᠤᠮᠳᠠ ᠵᠢᠵᠢᠭ ᠠᠵᠤ ᠠᠬᠤᠶᠢᠯᠠᠯ ᠶᠢ ᠠᠭᠤᠰᠤᠯᠴᠠᠭᠤᠯᠤᠭᠰᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠳᠡᠰ ᠳᠡᠪᠰᠢᠭᠰᠡᠨ ᠬᠡᠪᠯᠡᠯ ᠢ ᠪᠣᠢ ᠪᠣᠯᠭᠠᠬᠤ ᠬᠡᠷᠡᠭᠲᠡᠢ︾ ᠭᠡᠵᠦ ᠳᠤᠷᠠᠳᠤᠨ ᠭᠠᠷᠭᠠᠪᠠ᠃ ᠲᠣᠮᠣ ᠳᠤᠮᠳᠠ ᠵᠢᠵᠢᠭ ᠠᠵᠤ ᠠᠬᠤᠶᠢᠯᠠᠯ ᠢ ᠭᠦᠢᠯᠭᠡᠭᠡᠨ ᠬᠥᠭᠵᠢᠭᠦᠯᠬᠦ ᠬᠡᠯᠪᠡᠷᠢ ᠪᠠᠶᠢᠳᠠᠯ᠂ ᠠᠭᠤᠯᠤᠭᠳᠠᠬᠤᠨ᠂ ᠵᠠᠭᠪᠤᠷ ᠪᠠ ᠬᠦᠰᠡᠯ ᠱᠠᠭᠠᠷᠳᠠᠯᠭ᠎ᠠ ᠵᠡᠷᠭᠡ ᠵᠠᠩᠭᠢᠯᠠᠭ᠎ᠠ ᠶᠢᠨ ᠠᠰᠠᠭᠤᠳᠠᠯ ᠳᠤ ᠥᠷᠭᠡᠨ ᠳᠡᠯᠭᠡᠷ ᠪᠠᠶᠢᠴᠠᠭᠠᠯᠲᠠ ᠰᠤᠳᠤᠯᠤᠯᠲᠠ ᠪᠠ ᠭᠦᠨᠵᠡᠭᠡᠢ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ 2018 ᠣᠨ ᠤ 11 ᠳ᠋ᠦ᠋ᠭᠡᠷ ᠰᠠᠷ᠎ᠠ ᠶᠢᠨ 21 ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠡ ᠶᠢᠨ ᠶᠠᠮᠤᠨ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ︽ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠤᠯᠪᠣᠭᠠᠯᠠᠭᠰᠠᠨ ᠠᠵᠤ ᠠᠬᠤᠶᠢᠯᠠᠯ ﹇2018﹈ 248 ᠳ᠋ᠤᠭᠠᠷ ᠲᠣᠭᠠᠲᠤ᠂ ᠳᠣᠷᠣᠭᠰᠢ ︽ᠠᠵᠢᠯᠯᠠᠭ᠎ᠠ ᠶᠢᠨ ᠲᠥᠯᠥᠪᠯᠡᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠠᠢ᠃      ᠨᠢᠭᠡ᠂ ᠠᠴᠢ ᠬᠤᠯᠪᠣᠭᠳᠠᠯ ᠨᠢ ᠴᠢᠬᠤᠯᠠ ᠶᠡᠭᠡ      ᠣᠳᠣᠬᠠᠨ ᠳᠤ᠂ ᠮᠠᠨ ᠤ ᠤᠯᠤᠰ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠵᠠᠭᠪᠤᠷ ᠨᠢ ᠶᠠᠭ ᠰᠠᠶᠢᠬᠠᠨ ᠳᠠᠩ ᠭᠠᠭᠴᠠᠭᠠᠷ ᠢᠶᠠᠨ ᠠᠵᠢᠯᠯᠠᠭ᠎ᠠ ᠥᠷᠨᠢᠭᠦᠯᠵᠦ ᠪᠠᠶᠢᠭᠰᠠᠨ ᠠᠴᠠ ᠣᠯᠠᠨ ᠢᠶᠠᠷ ᠢᠶᠠᠨ ᠰᠢᠨ᠎ᠡ ᠶᠢ ᠡᠭᠦᠳᠬᠦ᠂ ᠬᠠᠮᠲᠤ ᠪᠠᠷ ᠢᠶᠠᠨ ᠠᠳᠠᠯ ᠦᠢᠯᠡᠰ ᠴᠣᠭᠴᠠᠯᠠᠬᠤ᠂ ᠥᠷᠭᠡᠨ ᠬᠡᠪᠴᠢᠶ᠎ᠡ ᠪᠠᠷ ᠬᠠᠮᠵᠢᠯᠴᠠᠬᠤ ᠲᠡᠶᠢᠰᠢ ᠵᠠᠮᠨᠠᠵᠤ᠂ ᠡᠬᠢ ᠪᠠᠶᠠᠯᠢᠭ ᠢ ᠨᠡᠶᠢᠯᠡᠭᠦᠯᠦᠨ ᠨᠢᠭᠡᠳᠬᠡᠬᠦ ᠨᠢ ᠠᠵᠤ ᠦᠢᠯᠡᠰ ᠤᠨ ᠬᠡᠯᠬᠢᠶᠡᠰᠦ ᠶᠢ ᠨᠡᠶᠢᠯᠡᠭᠦᠯᠦᠨ ᠨᠢᠭᠡᠳᠬᠡᠵᠦ ᠪᠠᠶᠢᠭᠰᠠᠨ ᠠᠴᠠ ᠠᠵᠢᠯ ᠲᠥᠷᠥᠯ ᠠᠯᠤᠰᠯᠠᠵᠤ᠂ ᠵᠠᠭᠠᠭ ᠬᠢᠵᠠᠭᠠᠷ ᠠᠯᠤᠰᠯᠠᠨ ᠠᠭᠤᠰᠤᠯᠴᠠᠭᠤᠯᠵᠤ ᠬᠠᠷᠢᠯᠴᠠᠨ ᠨᠥᠬᠦᠪᠦᠷᠢᠯᠡᠬᠦ ᠲᠡᠶᠢᠰᠢ ᠵᠠᠮᠨᠠᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠨᠢ ᠳᠠᠬᠢᠵᠤ ᠲᠤᠰᠠᠭᠠᠷ ᠲᠠᠰᠤᠳᠠᠨ ᠰᠠᠯᠭᠠᠭᠰᠠᠨ ᠪᠤᠳᠠᠭᠠᠯᠢ ᠴᠣᠭᠴᠠ ᠪᠢᠰᠢ ᠪᠣᠯᠵᠤ᠂ ᠬᠠᠷᠢᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠪᠠᠷ ᠬᠤᠯᠪᠣᠭᠠᠰᠤ ᠪᠣᠯᠭᠠᠨ ᠨᠢᠭᠡ ᠳᠣᠣᠷ᠎ᠠ ᠨᠢᠭᠲᠠ ᠬᠤᠯᠪᠣᠯᠳᠤᠬᠤ ᠪᠣᠯᠵᠠᠢ᠃ ᠲᠣᠮᠣ ᠠᠵᠤ ᠠᠬᠤᠶᠢᠯᠠᠯ ᠨᠢ ᠳᠤᠮᠳᠠ ᠵᠢᠵᠢᠭ ᠠᠵᠤ ᠠᠬᠤᠶᠢᠯᠠᠯ ᠳᠤ ᠡᠬᠢ ᠪᠠᠶᠠᠯᠢᠭ ᠨᠡᠭᠡᠭᠡᠨ ᠥᠭᠬᠦ ᠪᠠ ᠴᠢᠳᠠᠪᠤᠷᠢ ᠪᠠᠨ ᠬᠠᠮᠲᠤ ᠳᠤ ᠪᠠᠨ ᠬᠦᠷᠲᠡᠵᠦ᠂ ᠳ᠋ᠠᠶᠢᠲ᠋ᠠ ᠪᠠ ᠡᠬᠢ ᠪᠠᠶᠠᠯᠢᠭ ᠢᠶᠠᠷ ᠳᠤᠮᠳᠠ ᠵᠢᠵᠢᠭ ᠠᠵᠤ ᠠᠬᠤᠶᠢᠯᠠᠯ ᠳᠤ ᠡᠨᠧᠷᠭᠢ ᠣᠯᠭᠤᠵᠤ ᠪᠠᠶᠢᠨ᠎ᠠ᠃ ᠳᠤᠮᠳᠠ ᠵᠢᠵᠢᠭ ᠠᠵᠤ ᠠᠬᠤᠶᠢᠯᠠᠯ ᠨᠢ ᠠᠵᠤ ᠦᠢᠯᠡᠰ ᠤᠨ ᠰᠢᠨ᠎ᠡ ᠲᠥᠯᠥᠪ ᠪᠠᠶᠢᠳᠠᠯ ᠳᠣᠣᠷ᠎ᠠ ᠲᠦᠭᠡᠨ ᠢᠶᠠᠷ ᠳᠠᠪᠬᠤᠴᠠᠨ ᠣᠷᠣᠯᠠᠬᠤ  ᠶᠢ ᠪᠡᠶᠡᠯᠡᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ ᠰᠢᠨ᠎ᠡ ᠶᠢ ᠡᠭᠦᠳᠬᠦ ᠬᠡᠯᠬᠢᠶᠡᠰᠦ᠂ ᠬᠠᠩᠭᠠᠯᠭ᠎ᠠ ᠶᠢᠨ ᠬᠡᠯᠬᠢᠶᠡᠰᠦ᠂ ᠳ᠋ᠠᠶᠢᠲ᠋ᠠ ᠶᠢᠨ ᠬᠡᠯᠬᠢᠶᠡᠰᠦ ᠪᠠᠷ ᠳᠠᠮᠵᠢᠭᠤᠯᠤᠨ ᠲᠣᠮᠣ ᠠᠵᠤ ᠠᠬᠤᠶᠢᠯᠠᠯ ᠳᠤ ᠪᠤᠴᠠᠭᠠᠨ ᠣᠷᠣᠭᠤᠯᠵᠤ᠂ ᠲᠣᠮᠣ ᠠᠵᠤ ᠠᠬᠤᠶᠢᠯᠠᠯ ᠳᠤ ᠠᠮᠢᠵᠢᠷᠠᠯ ᠤᠨ ᠬᠦᠴᠦᠨ ᠣᠯᠭᠤᠵᠤ ᠪᠠᠶᠢᠨ᠎ᠠ᠃      ᠬᠤᠶᠠᠷ᠂ ᠬᠠᠷᠠᠯᠲᠠ ᠨᠢ ᠲᠣᠳᠣᠷᠬᠠᠢ      ︽ᠠᠵᠢᠯᠯᠠᠭ᠎ᠠ ᠶᠢᠨ ᠲᠥᠯᠥᠪᠯᠡᠭᠡ︾ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠠᠮᠵᠢᠯᠴᠠᠬᠤ᠂ ᠦᠢᠯᠡᠳᠪᠦᠷᠢᠯᠡᠬᠦ ᠴᠢᠳᠠᠪᠤᠷᠢ ᠪᠠᠨ ᠬᠠᠮᠲᠤ ᠳᠤ ᠪᠠᠨ ᠬᠦᠷᠲᠡᠬᠦ᠂ ᠬᠠᠩᠭᠠᠯᠭ᠎ᠠ ᠶᠢᠨ ᠬᠡᠯᠬᠢᠶᠡᠰᠦ ᠪᠠᠨ ᠬᠠᠷᠢᠯᠴᠠᠨ ᠨᠡᠪᠲᠡᠷᠡᠭᠦᠯᠬᠦ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠠᠮᠢ ᠠᠬᠤᠢ ᠪᠠᠷ ᠬᠠᠷᠠᠯᠲᠠ ᠪᠣᠯᠭᠠᠵᠤ᠂ ᠭᠦᠢᠯᠭᠡᠭᠡᠨ ᠬᠥᠭᠵᠢᠭᠦᠯᠬᠦ ᠵᠠᠭᠪᠤᠷ ᠢ ᠬᠦᠴᠦᠯᠡᠨ ᠰᠦᠪᠡᠭᠴᠢᠯᠡᠬᠦ ᠪᠠ ᠳᠡᠯᠭᠡᠷᠡᠭᠦᠯᠦᠨ᠎ᠡ᠃ ᠭᠦᠢᠯᠭᠡᠭᠡᠨ ᠨᠡᠪᠲᠡᠷᠡᠭᠦᠯᠬᠦ ᠠᠴᠢᠶᠠᠯᠠᠭᠴᠢ ᠶᠢ ᠪᠠᠲᠤᠳᠬᠠᠬᠤ᠂ ᠭᠦᠢᠯᠭᠡᠭᠡᠨ ᠨᠡᠪᠲᠡᠷᠡᠭᠦᠯᠬᠦ ᠣᠷᠴᠢᠨ ᠠᠬᠤᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠣᠮᠣ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠭᠴᠢ ᠡᠨᠧᠷᠭᠢ ᠶᠢ ᠬᠥᠮᠥᠵᠢᠭᠦᠯᠵᠦ᠂ ᠦᠢᠯᠡᠳᠬᠡᠯ ᠤᠨ ᠦᠢᠯᠡᠰ ᠤᠨ ᠰᠢᠨ᠎ᠡ ᠶᠢ ᠡᠭᠦᠳᠬᠦ ᠳᠤ ᠲᠤᠯᠭᠠᠭᠤᠷᠢᠯᠠᠵᠤ᠂ ᠪᠣᠳᠠᠲᠤ ᠴᠣᠭᠴᠠᠲᠤ ᠠᠵᠤ ᠠᠬᠤᠢ ᠶᠢᠨ ᠬᠥᠭᠵᠢᠯᠲᠡ ᠳᠤ ᠬᠦᠴᠦᠯᠡᠨ᠎ᠡ᠃ ᠪᠣᠳᠠᠲᠠᠢ ᠪᠠᠷ ᠬᠡᠯᠡᠪᠡᠯ᠂ ᠭᠤᠷᠪᠠᠨ ᠵᠢᠯ ᠤᠨ ᠴᠠᠭ ᠵᠠᠷᠤᠴᠠᠭᠤᠯᠵᠤ ᠪᠠᠶᠢᠭᠠᠳ᠂ ᠭᠦᠢᠯᠭᠡᠭᠡᠨ ᠬᠥᠭᠵᠢᠭᠦᠯᠬᠦ‍ ᠨᠢᠭᠡ ᠪᠦᠯᠦᠭ ᠵᠠᠭᠪᠤᠷ ᠢ ᠳ᠋ᠦᠩᠨᠡᠨ ᠳᠡᠯᠭᠡᠷᠡᠭᠦᠯᠵᠦ᠂ ᠦᠢᠯᠡᠳᠬᠡᠯ ᠤᠨ ᠦᠢᠯᠡᠰ ᠤᠨ ᠭᠦᠢᠯᠭᠡᠭᠡᠨ ᠬᠥᠭᠵᠢᠬᠦ ᠶᠢ ᠬᠥᠲᠥᠯᠥᠨ ᠳᠠᠭᠠᠭᠤᠯᠵᠤ ᠰᠢᠨ᠎ᠡ ᠳᠡᠭᠲᠡᠷ ᠲᠤ ᠭᠠᠷᠭᠠᠨ᠎ᠠ︔ ᠠᠳᠠᠭ ᠲᠤ ᠪᠠᠨ 50 ᠪᠣᠳᠠᠲᠤ ᠴᠣᠭᠴᠠᠲᠤ ᠬᠦᠷᠢᠶᠡᠯᠡᠩ ᠲᠣᠭᠤᠷᠢᠭ ᠢ ᠳᠡᠮᠵᠢᠨ ᠲᠣᠮᠣ ᠳᠤᠮᠳᠠ ᠵᠢᠵᠢᠭ ᠠᠵᠤ ᠠᠬᠤᠶᠢᠯᠠᠯ ᠢ ᠭᠦᠢᠯᠭᠡᠭᠡᠨ ᠬᠥᠭᠵᠢᠭᠦᠯᠬᠦ ᠥᠪᠡᠷᠮᠢᠴᠡ ᠣᠨᠴᠠᠯᠢᠭᠲᠤ ᠠᠴᠢᠶᠠᠯᠠᠭᠴᠢ ᠶᠢ ᠪᠣᠢ ᠪᠣᠯᠭᠠᠨ᠎ᠠ︔ ᠲᠤᠰᠬᠠᠶᠢᠵᠢᠭᠰᠠᠨ ᠰᠢᠯᠢᠳᠡᠭ ᠥᠪᠡᠷᠮᠢᠴᠡ 600 ᠰᠢᠨ᠎ᠡ ︽ᠵᠢᠵᠢᠭ ᠠᠪᠤᠷᠭᠤ︾ ᠪᠠ ᠦᠢᠯᠡᠳᠬᠡᠯ ᠤᠨ ᠦᠢᠯᠡᠰ ᠤᠨ ᠳᠠᠩ ᠵᠦᠢᠯ ᠤᠨ ᠨᠢᠭᠡ ᠪᠦᠯᠦᠭ ᠮᠠᠩᠯᠠᠶᠢᠯᠠᠭᠴᠢ ᠠᠵᠤ ᠠᠬᠤᠶᠢᠯᠠᠯ ᠢ ᠬᠥᠮᠥᠵᠢᠭᠦᠯᠦᠨ᠎ᠡ᠃      ᠭᠤᠷᠪᠠ᠂ ᠭᠢᠯᠠᠰ ᠴᠡᠭ ᠨᠢ ᠲᠣᠪᠣᠶᠢᠮ᠎ᠠ    ᠳᠥᠷᠪᠡᠨ ᠵᠦᠢᠯ ᠤᠨ ᠵᠠᠭᠪᠤᠷ ᠢᠶᠠᠷ ᠭᠦᠢᠯᠭᠡᠭᠡᠨ ᠬᠥᠭᠵᠢᠬᠦ ᠴᠢᠭᠯᠡᠯ ᠢ ᠬᠥᠲᠥᠯᠥᠨ ᠳᠠᠭᠠᠭᠤᠯᠤᠨ᠎ᠠ᠃ ᠣᠳᠣᠬᠠᠨ ᠤ ᠳᠡᠭᠡᠳᠦ ᠦᠵᠦᠭᠦᠷ ᠤᠨ ᠲᠣᠨᠣᠭᠯᠠᠯ ᠤᠨ ᠦᠢᠯᠡᠳᠬᠡᠯ ᠤᠨ ᠦᠢᠯᠡᠰ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠵᠢᠴᠢ ᠵᠠᠷᠢᠮ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠰᠣᠶᠣᠭᠠᠯᠠᠨ ᠡᠭᠦᠰᠦᠭᠰᠡᠨ ᠲᠣᠮᠣ ᠬᠡᠯᠪᠡᠷᠢ ᠶᠢᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠤᠨ ᠬᠤᠭᠤᠷᠣᠨᠳᠤ ᠪᠠᠨ ᠰᠢᠨ᠎ᠡ ᠶᠢ ᠡᠭᠦᠳᠦᠨ ᠬᠠᠮᠵᠢᠯᠴᠠᠬᠤ᠂ ᠦᠢᠯᠡᠳᠪᠦᠷᠢᠯᠡᠬᠦ ᠴᠢᠳᠠᠪᠤᠷᠢ ᠪᠠᠨ ᠬᠠᠮᠲᠤ ᠳᠤ ᠪᠠᠨ ᠬᠦᠷᠲᠡᠬᠦ᠂ ᠬᠠᠩᠭᠠᠯᠭ᠎ᠠ ᠶᠢᠨ ᠬᠡᠯᠬᠢᠶᠡᠰᠦ ᠪᠠᠨ ᠬᠠᠷᠢᠯᠴᠠᠨ ᠨᠡᠪᠲᠡᠷᠡᠭᠦᠯᠬᠦ᠂ ᠨᠡᠷᠡᠲᠦ ᠲᠡᠮᠳᠡᠭ ᠢᠶᠠᠷ ᠬᠠᠷᠢᠯᠴᠠᠨ ᠦᠢᠯᠡᠳᠦᠯᠴᠡᠬᠦ ᠭᠦᠢᠯᠭᠡᠭᠡᠨ ᠬᠥᠭᠵᠢᠬᠦ ᠬᠠᠨᠳᠤᠰᠢ  ᠲᠠᠢ ᠤᠶᠠᠯᠳᠤᠭᠤᠯᠵᠤ᠂ ︽ᠠᠵᠢᠯᠯᠠᠭ᠎ᠠ ᠶᠢᠨ ᠲᠥᠯᠥᠪᠯᠡᠭᠡ︾ ᠨᠢ ᠬᠠᠩᠭᠠᠯᠭ᠎ᠠ ᠶᠢᠨ ᠬᠡᠯᠬᠢᠶᠡᠰᠦ ᠪᠠᠷ ᠵᠣᠬᠢᠴᠠᠭᠤᠯᠵᠤ ᠭᠤᠯᠳᠤ ᠴᠢᠭᠯᠡᠯ ᠢᠶᠠᠷ ᠭᠦᠢᠯᠭᠡᠭᠡᠨ ᠬᠥᠭᠵᠢᠭᠦᠯᠬᠦ᠂ ᠣᠷᠣᠨ ᠪᠦᠰᠡ ᠶᠢᠨ ᠠᠮᠢ ᠠᠬᠤᠢ ᠳᠤ ᠲᠦᠰᠢᠭᠯᠡᠭᠰᠡᠨ ᠬᠡᠰᠡᠭᠯᠡᠯᠲᠦ ᠪᠠᠶᠢᠳᠠᠯ ᠢᠶᠠᠷ ᠭᠦᠢᠯᠭᠡᠭᠡᠨ ᠬᠥᠭᠵᠢᠭᠦᠯᠬᠦ᠂ ᠰᠢᠨ᠎ᠡ ᠶᠢ ᠡᠭᠦᠳᠬᠦ ᠴᠢᠳᠠᠪᠤᠷᠢ ᠳᠤ ᠰᠠᠭᠤᠷᠢᠯᠠᠨ ᠬᠠᠮᠲᠤ ᠳᠤ ᠪᠠᠨ ᠬᠦᠷᠲᠡᠭᠰᠡᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠠᠬᠢᠨ ᠪᠣᠢ ᠪᠣᠯᠭᠠᠬᠤ ᠮᠠᠶ᠋ᠢᠭ ᠢᠶᠠᠷ ᠭᠦᠢᠯᠭᠡᠭᠡᠨ ᠬᠥᠭᠵᠢᠭᠦᠯᠬᠦ᠂ ᠳ᠋ᠠᠶᠢᠲ᠋ᠠ ᠶᠢᠨ ᠬᠥᠳᠡᠯᠭᠡᠭᠦᠷ ᠲᠤ ᠰᠠᠭᠤᠷᠢᠯᠠᠨ ᠲᠣᠭᠠᠵᠢᠭᠤᠯᠵᠤ ᠬᠡᠯᠪᠡᠷᠢ ᠪᠠᠨ ᠬᠤᠪᠢᠷᠠᠭᠤᠯᠤᠨ ᠭᠦᠢᠯᠭᠡᠭᠡᠨ ᠬᠥᠭᠵᠢᠭᠦᠯᠬᠦ ᠳᠥᠷᠪᠡᠨ ᠵᠦᠢᠯ ᠤᠨ ᠨᠡᠶᠢᠲᠡᠯᠢᠭ ᠵᠠᠭᠪᠤᠷ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠠᠭᠤᠳᠠᠯᠬᠤ ᠪᠠ ᠳᠡᠯᠭᠡᠷᠡᠭᠦᠯᠬᠦ ᠶᠢᠨ ᠬᠠᠮᠲᠤ᠂ ᠵᠦᠢᠯ ᠪᠦᠷᠢ ᠶᠢᠨ ᠵᠠᠭᠪᠤᠷ ᠤᠨ ᠨᠡᠶᠢᠲᠡᠯᠢᠭ ᠲᠥᠯᠥᠪ ᠪᠠᠶᠢᠳᠠᠯ᠂ ᠣᠨᠴᠠᠯᠢᠭ ᠰᠢᠨᠵᠢ ᠪᠠ ᠴᠢᠬᠤᠯᠠ ᠡᠯᠧᠮᠧᠨ᠋ᠲ ᠳᠤ ᠥᠭᠦᠯᠡᠨ ᠲᠣᠭᠠᠴᠢᠯᠲᠠ ᠬᠢᠵᠦ᠂ ᠠᠵᠤ ᠠᠬᠤᠶᠢᠯᠠᠯ ᠪᠠ ᠣᠷᠣᠨ ᠨᠤᠲᠤᠭ ᠤᠨ ᠬᠢᠨ ᠤ ᠠᠵᠢᠯ ᠢᠶᠠᠨ ᠥᠷᠨᠢᠭᠦᠯᠬᠦ ᠳᠤ ᠵᠢᠯᠣᠭᠤᠳᠤᠯᠭ᠎ᠠ ᠪᠠ ᠯᠠᠪᠯᠠᠯᠲᠠ ᠬᠠᠩᠭᠠᠨ᠎ᠠ᠃      ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠨᠢ ᠭᠦᠢᠯᠭᠡᠭᠡᠨ ᠬᠥᠭᠵᠢᠭᠦᠯᠬᠦ ᠭᠤᠣᠯ ᠴᠣᠭᠴᠠ ᠪᠣᠯᠣᠭᠰᠠᠨ ᠤ ᠬᠤᠪᠢ ᠳᠤ᠂ ᠲᠣᠮᠣ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠶᠢ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠴᠢᠳᠠᠪᠤᠷᠢ ᠪᠠ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠳᠤ ᠣᠷᠣᠯᠴᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠶᠢ ᠪᠡᠶᠡᠯᠡᠭᠦᠯᠬᠦ ᠶᠢᠨ ᠦᠨᠳᠦᠰᠦ ᠪᠣᠯᠣᠨ᠎ᠠ᠃ ᠡᠭᠦᠨ ᠤ ᠲᠤᠰᠠᠳᠠ᠂ ︽ᠠᠵᠢᠯᠯᠠᠭ᠎ᠠ ᠶᠢᠨ ᠲᠥᠯᠥᠪᠯᠡᠭᠡ︾ ᠨᠢ ᠲᠣᠮᠣ ᠠᠵᠤ ᠠᠬᠤᠶᠢᠯᠠᠯ ᠤᠨ ᠬᠠᠮᠲᠤ ᠳᠤ ᠪᠠᠨ ᠬᠦᠷᠲᠡᠨ ᠦᠢᠯᠡᠳᠪᠦᠷᠢᠯᠡᠬᠦ ᠴᠢᠳᠠᠪᠤᠷᠢ᠂ ᠬᠠᠮᠲᠤ ᠳᠤ ᠪᠠᠨ ᠬᠦᠢᠲᠡᠨ ᠰᠢᠨ᠎ᠡ ᠶᠢ ᠡᠭᠦᠳᠬᠦ ᠴᠢᠳᠠᠪᠤᠷᠢ ᠶᠢ ᠠᠬᠢᠭᠤᠯᠬᠤ᠂ ᠳᠤᠮᠳᠠ ᠵᠢᠵᠢᠭ ᠠᠵᠤ ᠠᠬᠤᠶᠢᠯᠠᠯ ᠳᠤ ᠪᠡᠯᠡ ᠮᠥᠩᠭᠦ ᠪᠠ ᠴᠢᠳᠠᠪᠤᠷᠢᠲᠠᠨ ᠤ ᠳᠡᠮᠵᠢᠯᠭᠡ ᠬᠠᠩᠭᠠᠬᠤ ᠭᠤᠷᠪᠠᠨ ᠲᠠᠯ᠎ᠠ ᠠᠴᠠ ᠲᠣᠮᠣ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠶᠠᠪᠤᠴᠠ ᠳᠠᠬᠢ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶᠢᠵᠢᠭᠰᠠᠨ ᠴᠢᠳᠠᠪᠤᠷᠢ  ᠶᠢ  ᠴᠢᠬᠤᠯᠠᠴᠢᠯᠠᠨ  ᠴᠢᠩᠭᠠᠳᠬᠠᠵᠤ᠂ ᠨᠢᠭᠡ ᠪᠦᠯᠦᠭ ᠨᠠᠷᠢᠨ ᠬᠤᠪᠢᠶᠠᠭᠰᠠᠨ ᠬᠦᠷᠢᠶ᠎ᠡ ᠴᠠᠷᠠᠭᠠᠨ ᠤ ᠲᠤᠰᠬᠠᠶᠢᠵᠢᠭᠰᠠᠨ ᠰᠢᠯᠢᠳᠡᠭ ᠥᠪᠡᠷᠮᠢᠴᠡ ᠰᠢᠨ᠎ᠡ ︽ᠵᠢᠵᠢᠭ ᠠᠪᠤᠷᠭᠤ︾ ᠪᠠ ᠦᠢᠯᠡᠳᠬᠡᠯ ᠤᠨ ᠦᠢᠯᠡᠰ ᠤᠨ ᠳᠠᠩ ᠵᠦᠢᠯ ᠤᠨ ᠮᠠᠩᠯᠠᠶᠢᠯᠠᠭᠴᠢ ᠠᠵᠤ ᠠᠬᠤᠶᠢᠯᠠᠯ ᠢ ᠬᠥᠮᠥᠵᠢᠭᠦᠯᠬᠦ ᠪᠠᠷ ᠳᠠᠮᠵᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠲᠤᠰᠬᠠᠶᠢᠵᠢᠭᠰᠠᠨ ᠬᠥᠭᠵᠢᠯᠲᠡ ᠶᠢᠨ ᠵᠠᠮ ᠢᠶᠠᠷ ᠵᠠᠮᠨᠠᠭᠤᠯᠤᠨ᠎ᠠ︔ ︽ᠢᠨᠲ᠋ᠧᠷ ᠰᠦᠯᠵᠢᠶ᠎ᠡ + ᠵᠢᠵᠢᠭ ᠪᠢᠴᠢᠯ ᠠᠵᠤ ᠠᠬᠤᠶᠢᠯᠠᠯ︾ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢᠶᠠᠨ ᠡᠭᠦᠯᠡᠨ ᠦᠵᠦᠭᠦᠷ ᠲᠡᠶᠢᠰᠢ ᠰᠢᠯᠵᠢᠭᠦᠯᠬᠦ ᠳᠤ ᠳᠡᠮᠵᠢᠯᠭᠡ ᠦᠵᠡᠭᠦᠯᠵᠦ᠂ ᠡᠭᠦᠯᠡᠨ ᠲᠠᠪᠴᠠᠩ ᠳᠤ ᠲᠦᠰᠢᠭᠯᠡᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠳᠡᠰ ᠳᠠᠪᠬᠤᠷᠭ᠎ᠠ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃       ᠲᠠᠪᠴᠠᠩ ᠤᠨ ᠠᠴᠢᠶᠠᠯᠠᠭᠴᠢ ᠶᠢᠨ ᠪᠠᠶᠢᠭᠤᠯᠤᠯᠲᠠ ᠶᠢ ᠶᠡᠭᠡ ᠪᠠᠷ ᠳᠡᠮᠵᠢᠨ᠎ᠡ᠃ ᠲᠠᠪᠴᠠᠩ ᠤᠨ ᠠᠴᠢᠶᠠᠯᠠᠭᠴᠢ ᠶᠢ ᠳᠡᠭᠡᠭᠰᠢᠯᠡᠭᠦᠯᠬᠦ ᠪᠠᠷ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠮᠡᠳᠡᠭᠡ ᠵᠠᠩᠭᠢ᠂ ᠡᠬᠢ ᠪᠠᠶᠠᠯᠢᠭ᠂ ᠴᠢᠳᠠᠪᠤᠷᠢ᠂ ᠨᠡᠷᠡᠲᠦ ᠲᠡᠮᠳᠡᠭ ᠢ ᠵᠣᠯᠭᠠᠯᠳᠤᠭᠤᠯᠬᠤ ᠠᠷᠭ᠎ᠠ ᠵᠠᠮ ᠤᠨ ᠭᠦᠢᠯᠭᠡᠭᠡᠨ ᠲᠤᠯᠭᠠᠭᠤᠷᠢᠯᠠᠬᠤ ᠴᠢᠳᠠᠪᠤᠷᠢ ᠪᠣᠯᠭᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠡᠳ᠋ ᠤᠨ ᠵᠠᠰᠠᠭ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠲᠠᠢ ᠬᠠᠮᠲᠤᠷᠠᠵᠤ ᠲᠥᠪ ᠤᠨ ᠡᠳ᠋ ᠤᠨ ᠵᠠᠰᠠᠭ ᠠᠴᠠ ᠳᠤᠮᠳᠠ ᠵᠢᠵᠢᠭ ᠠᠵᠤ ᠠᠬᠤᠶᠢᠯᠠᠯ ᠢ ᠬᠥᠭᠵᠢᠭᠦᠯᠬᠦ ᠲᠤᠰᠬᠠᠢ ᠵᠦᠢᠯ ᠤᠨ ᠪᠡᠯᠡ ᠮᠥᠩᠭᠦ ᠪᠠᠷ ᠳᠠᠮᠵᠢᠭᠤᠯᠤᠨ᠂ ᠭᠤᠷᠪᠠᠨ ᠵᠢᠯ ᠬᠤᠪᠢᠶᠠᠨ 100 ᠳ᠋ᠦᠩᠰᠢᠭᠤᠷ ᠲᠥᠭᠦᠷᠢᠭ ᠣᠷᠣᠭᠤᠯᠵᠤ ᠪᠠᠶᠢᠭᠠᠳ 200 ᠰᠢᠯᠢᠳᠡᠭ ᠴᠢᠨᠠᠷᠲᠤ ᠪᠣᠳᠠᠲᠤ ᠴᠣᠭᠴᠠᠲᠤ ᠠᠵᠤ ᠠᠬᠤᠢ ᠶᠢᠨ ᠨᠡᠭᠡᠭᠡᠨ ᠬᠥᠭᠵᠢᠭᠦᠯᠬᠦ ᠲᠣᠭᠤᠷᠢᠭ ᠢ ᠳᠡᠮᠵᠢᠵᠦ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠤ ᠬᠡᠯᠪᠡᠷᠢ ᠶᠢᠨ ᠥᠪᠡᠷᠮᠢᠴᠡ ᠣᠨᠴᠠᠯᠢᠭᠲᠤ ᠠᠴᠢᠶᠠᠯᠠᠭᠴᠢ ᠶᠢ ᠪᠠᠭᠲᠠᠭᠠᠭᠰᠠᠨ ᠳᠥᠷᠪᠡᠨ ᠲᠥᠷᠥᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠥᠪᠡᠷᠮᠢᠴᠡ ᠣᠨᠴᠠᠯᠢᠭᠲᠤ ᠠᠴᠢᠶᠠᠯᠠᠭᠴᠢ ᠶᠢ ᠴᠣᠭᠴᠠᠯᠠᠨ ᠪᠠᠶᠢᠭᠤᠯᠵᠤ᠂ ᠥᠪᠡᠷᠮᠢᠴᠡ ᠣᠨᠴᠠᠯᠢᠭᠲᠤ ᠠᠴᠢᠶᠠᠯᠠᠭᠴᠢ ᠳᠤ ᠲᠦᠰᠢᠭᠯᠡᠨ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠠᠮᠢ ᠠᠬᠤᠢ ᠶᠢ ᠪᠣᠢ ᠪᠣᠯᠭᠠᠨ᠎ᠠ᠃ ᠡᠨᠡ ᠵᠢᠯ ᠨᠢᠭᠡᠨᠲᠡ 36 ᠪᠣᠳᠠᠲᠤ ᠴᠣᠭᠴᠠᠲᠤ ᠠᠵᠤ ᠠᠬᠤᠢ ᠶᠢᠨ ᠨᠡᠭᠡᠭᠡᠨ ᠬᠥᠭᠵᠢᠭᠦᠯᠬᠦ ᠲᠣᠭᠤᠷᠢᠭ ᠢ ᠴᠣᠬᠤᠯᠠᠪᠤᠷᠢᠯᠠᠵᠤ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠤ ᠬᠡᠯᠪᠡᠷᠢ ᠶᠢᠨ ᠥᠪᠡᠷᠮᠢᠴᠡ ᠣᠨᠴᠠᠯᠢᠭᠲᠤ ᠠᠵᠤ ᠠᠬᠤᠶᠢᠯᠠᠯ ᠢ ᠴᠣᠭᠴᠠᠯᠠᠨ ᠪᠠᠶᠢᠭᠤᠯᠵᠤ᠂ ᠢᠷᠡᠭᠡᠳᠦᠢ ᠳᠤ ᠲᠤᠰ ᠵᠦᠢᠯ ᠤᠨ ᠠᠵᠢᠯ ᠢ ᠦᠷᠭᠦᠯᠵᠢᠯᠡᠨ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠣᠳᠣ ᠶᠢᠨ ᠪᠠᠶᠢᠭ᠎ᠠ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠵᠢᠱᠢᠶ᠎ᠡ ᠦᠵᠡᠭᠦᠯᠬᠦ ᠲᠠᠪᠴᠠᠩ᠂ ᠤᠯᠤᠰ ᠤᠨ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠴᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠲᠠᠪᠴᠠᠩ ᠤᠨ ᠡᠬᠢ ᠪᠠᠶᠠᠯᠢᠭ ᠢ ᠨᠡᠶᠢᠯᠡᠭᠦᠯᠦᠨ ᠨᠢᠭᠡᠳᠬᠡᠬᠦ ᠪᠠ ᠵᠣᠯᠭᠠᠯᠳᠤᠭᠤᠯᠬᠤ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠳᠤ ᠲᠦᠰᠢᠭᠯᠡᠨ ᠠᠵᠤ ᠠᠬᠤᠶᠢᠯᠠᠯ ᠤᠨ ᠦᠢᠯᠡᠴᠢᠯᠡᠭᠡ ᠶᠢᠨ ᠣᠯᠠᠨ ᠳᠡᠰ ᠳᠠᠪᠬᠤᠷᠭ᠎ᠠ ᠶᠢᠨ ᠡᠭᠦᠯᠡᠨ ᠲᠠᠪᠴᠠᠩ ᠢ ᠪᠠᠶᠢᠭᠤᠯᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠶᠢ ᠠᠬᠢᠭᠤᠯᠤᠨ᠎ᠠ᠃      ᠭᠦᠢᠯᠭᠡᠭᠡᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠭᠦᠢᠯᠭᠡᠭᠡᠨ ᠬᠥᠭᠵᠢᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠲᠡᠭᠦᠯᠳᠡᠷᠵᠢᠭᠦᠯᠬᠦ ᠶᠢᠨ ᠭᠤᠣᠯ ᠨᠢ ᠠᠵᠤ ᠠᠬᠤᠶᠢᠯᠠᠯ ᠤᠳ ᠤᠨ ᠬᠤᠭᠤᠷᠣᠨᠳᠤ ᠪᠠᠨ ᠬᠠᠮᠵᠢᠯᠴᠠᠬᠤ᠂ ᠠᠭᠤᠰᠤᠯᠴᠠᠨ ᠬᠥᠭᠵᠢᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠡᠭᠦᠨ ᠤ ᠲᠤᠰᠠᠳᠠ᠂ ︽ᠠᠵᠢᠯᠯᠠᠭ᠎ᠠ ᠶᠢᠨ ᠲᠥᠯᠥᠪᠯᠡᠭᠡ︾ ᠨᠢ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠶᠢᠨ ᠰᠠᠭᠤᠷᠢ ᠰᠦᠯᠵᠢᠶᠡᠨ ᠤ ᠣᠷᠴᠢᠨ ᠨᠥᠬᠦᠴᠡᠯ ᠢ ᠪᠠᠲᠤᠳᠬᠠᠬᠤ᠂ ᠮᠡᠳᠡᠯᠭᠡ ᠶᠢᠨ ᠥᠮᠴᠢᠯᠡᠬᠦ ᠡᠷᠬᠡ ᠶᠢᠨ ᠪᠦᠷᠢᠨ ᠲᠡᠭᠦᠯᠳᠡᠷ ᠬᠠᠮᠢᠶᠠᠷᠤᠨ ᠦᠢᠯᠡᠴᠢᠯᠡᠬᠦ ᠰᠢᠰᠲ᠋ᠧᠮᠵᠢ ᠶᠢ ᠪᠠᠶᠢᠭᠤᠯᠬᠤ ᠪᠠ ᠠᠵᠤ ᠠᠬᠤᠶᠢᠯᠠᠯ ᠤᠨ ᠭᠠᠳᠠᠭᠰᠢ ᠪᠠᠨ ᠬᠠᠮᠲᠤᠷᠠᠯᠴᠠᠭ᠎ᠠ ᠬᠢᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠭᠤᠷᠪᠠᠨ ᠲᠠᠯ᠎ᠠ ᠠᠴᠠ ᠬᠠᠮᠢᠶ᠎ᠠ ᠪᠦᠬᠦᠢ ᠠᠵᠢᠯ ᠢ ᠠᠬᠢᠭᠤᠯᠵᠤ᠂ ᠠᠵᠤ ᠠᠬᠤᠶᠢᠯᠠᠯ ᠳᠤ ᠨᠡᠩ ᠢᠳᠡᠪᠬᠢᠲᠡᠢ ᠪᠥᠭᠡᠳ ᠪᠠᠭᠲᠠᠭᠠᠮᠵᠢ ᠲᠠᠢ ᠬᠥᠭᠵᠢᠯᠲᠡ ᠶᠢᠨ ᠣᠷᠴᠢᠨ ᠨᠥᠬᠦᠴᠡᠯ ᠢ ᠦᠨᠡᠨ ᠬᠦ ᠬᠠᠩᠭᠠᠨ᠎ᠠ᠃      ᠳᠥᠷᠪᠡ᠂ ᠪᠠᠲᠤᠯᠠᠭ᠎ᠠ ᠨᠢ ᠬᠦᠴᠦᠨ ᠲᠠᠢ      ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠤᠰᠠᠳᠠ᠂ ︽ᠠᠵᠢᠯᠯᠠᠭ᠎ᠠ ᠶᠢᠨ ᠲᠥᠯᠥᠪᠯᠡᠭᠡ︾ ᠳᠤ ᠲᠠᠪᠤᠨ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠨᠢᠭᠡ ᠳᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠠᠮᠵᠢᠯᠴᠠᠬᠤ ᠶᠢ ᠴᠢᠩᠭᠠᠳᠬᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠠᠯᠤᠰᠯᠠᠭᠰᠠᠨ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠦᠢᠯᠡᠰ ᠤᠨ ᠬᠤᠯᠪᠣᠭ᠎ᠠ ᠪᠠ ᠣᠶᠤᠨ ᠤ ᠬᠥᠮᠥᠷᠭᠡ ᠶᠢ ᠳᠠᠶᠢᠴᠢᠯᠠᠬᠤ ᠶᠢᠨ ᠬᠠᠮᠲᠤ᠂ ᠣᠷᠣᠨ ᠨᠤᠲᠤᠭ ᠤᠨ ᠭᠤᠣᠯᠴᠢᠯᠠᠨ ᠬᠠᠮᠢᠶᠠᠷᠬᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠦᠴᠦᠨ ᠢ ᠭᠦᠢᠴᠡᠳ ᠪᠠᠳᠠᠷᠠᠭᠤᠯᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠬᠢᠭᠤᠯᠬᠤ ᠲᠥᠰᠥᠯ ᠢ ᠲᠣᠭᠲᠠᠭᠠᠵᠤ᠂ ᠡᠭᠦᠷᠭᠡ ᠶᠢᠨ ᠬᠤᠪᠢᠶᠠᠷᠢᠯᠠᠯᠲᠠ ᠶᠢ ᠲᠣᠳᠣᠷᠬᠠᠶᠢᠯᠠᠵᠤ᠂ ᠲᠥᠷᠥᠯ ᠬᠤᠪᠢᠶᠠᠨ ᠵᠢᠯᠣᠭᠤᠳᠬᠤ ᠪᠠᠨ ᠴᠢᠩᠭᠠᠳᠬᠠᠨ᠂ ᠤᠷᠤᠭᠰᠢᠲᠠᠢ ᠬᠡᠷᠡᠭᠵᠢᠭᠦᠯᠬᠦ ᠶᠢ ᠪᠠᠲᠤᠯᠠᠨ᠎ᠠ᠃      ᠬᠤᠶᠠᠷ ᠲᠤ᠂ ᠡᠷᠬᠡ ᠲᠡᠭᠰᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠢ ᠪᠣᠯᠭᠠᠨ᠎ᠠ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠤᠮᠳᠠ ᠵᠢᠵᠢᠭ ᠠᠵᠤ ᠠᠬᠤᠶᠢᠯᠠᠯ ᠳᠤ ᠲᠣᠮᠣ ᠬᠡᠯᠪᠡᠷᠢ ᠶᠢᠨ ᠠᠵᠤ ᠠᠬᠤᠶᠢᠯᠠᠯ ᠲᠠᠢ ᠠᠳᠠᠯᠢ ᠪᠠᠷ ᠡᠷᠬᠡ ᠲᠡᠭᠰᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠢ ᠪᠣᠯᠭᠠᠨ᠎ᠠ᠃ ᠵᠠᠰᠠᠭ ᠤᠨ ᠣᠷᠳᠣᠨ ᠠᠴᠠ ᠬᠤᠳᠠᠯᠳᠤᠨ ᠠᠪᠴᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠠᠴᠠ ᠲᠤᠰ ᠰᠠᠯᠠᠭ᠎ᠠ ᠮᠥᠴᠢᠷ ᠤᠨ ᠢᠶᠠᠨ ᠣᠨ ᠤ ᠬᠤᠳᠠᠯᠳᠤᠨ ᠠᠪᠬᠤ ᠲᠥᠰᠥᠪ ᠤᠨ ᠶᠡᠷᠦᠩᠬᠡᠢ ᠲᠣᠭᠠᠨ ᠤ 30% ᠠᠴᠠ ᠳᠡᠭᠡᠭᠰᠢᠬᠢ ᠶᠢ ᠦᠯᠡᠳᠡᠭᠡᠨ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠵᠤ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠯᠤᠭ᠎ᠠ ᠬᠤᠯᠪᠣᠭᠠᠲᠤ ᠴᠣᠭᠴᠠ ᠪᠣᠯᠣᠨ ᠪᠦᠷᠢᠯᠳᠦᠵᠦ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠬᠠᠮᠲᠤ ᠪᠠᠷ ᠣᠷᠣᠯᠴᠠᠬᠤ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠢᠲᠡᠭᠡᠮᠵᠢ ᠶᠢᠨ ᠳᠠᠭᠠᠭᠠᠯᠲᠠ ᠶᠢᠨ ᠲᠤᠷᠰᠢᠯᠲᠠ ᠶᠢᠨ ᠴᠡᠭ ᠢ ᠠᠬᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠬᠢᠭᠡᠳ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠭᠦᠢᠯᠭᠡᠭᠡᠨ ᠬᠥᠭᠵᠢᠬᠦ ᠳᠤ ᠰᠠᠶᠢᠨ ᠰᠠᠶᠢᠬᠠᠨ ᠭᠠᠳᠠᠭᠠᠳᠤ ᠲᠠᠯ᠎ᠠ ᠶᠢᠨ ᠣᠷᠴᠢᠨ ᠨᠥᠬᠦᠴᠡᠯ ᠢ ᠬᠠᠩᠭᠠᠨ᠎ᠠ᠃      ᠭᠤᠷᠪᠠ ᠳᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠭᠦᠢᠯᠭᠡᠭᠡᠨ ᠬᠥᠭᠵᠢᠭᠦᠯᠬᠦ ᠳᠠᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠲᠥᠪ ᠤᠨ ᠡᠳ᠋ ᠤᠨ ᠵᠠᠰᠠᠭ ᠠᠴᠠ ᠵᠠᠯᠭᠠᠭ᠎ᠠ ᠪᠠᠷ ᠭᠤᠷᠪᠠᠨ ᠵᠢᠯ ᠳᠠᠷᠠᠭᠠᠯᠠᠨ ᠪᠣᠳᠠᠲᠤ ᠴᠣᠭᠴᠠᠲᠤ ᠠᠵᠤ ᠠᠬᠤᠢ ᠶᠢᠨ ᠨᠡᠭᠡᠭᠡᠨ ᠬᠥᠭᠵᠢᠭᠦᠯᠬᠦ ᠲᠣᠭᠤᠷᠢᠭ ᠢ ᠳᠡᠮᠵᠢᠨ ᠲᠣᠮᠣ ᠳᠤᠮᠳᠠ  ᠵᠢᠵᠢᠭ ᠠᠵᠤ ᠠᠬᠤᠶᠢᠯᠠᠯ ᠤᠨ ᠭᠦᠢᠯᠭᠡᠭᠡᠨ ᠤ ᠬᠡᠯᠪᠡᠷᠢ ᠶᠢᠨ ᠥᠪᠡᠷᠮᠢᠴᠡ ᠣᠨᠴᠠᠯᠢᠭᠲᠤ ᠠᠴᠢᠶᠠᠯᠠᠭᠴᠢ  ᠶᠢ  ᠴᠣᠭᠴᠠᠯᠠᠨ  ᠪᠠᠶᠢᠭᠤᠯᠵᠤ᠂ ᠨᠥᠬᠦᠴᠡᠯ ᠲᠠᠢ ᠣᠷᠣᠨ ᠨᠤᠲᠤᠭ ᠤᠨ ᠬᠢᠨ ᠲᠤᠰᠬᠠᠶᠢᠯᠠᠨ ᠪᠡᠯᠡ ᠮᠥᠩᠭᠦ ᠲᠣᠬᠢᠷᠠᠭᠤᠯᠤᠨ ᠳᠡᠮᠵᠢᠵᠦ᠂ ︽ᠠᠵᠤ ᠠᠬᠤᠶᠢᠯᠠᠯ ᠤᠨ ᠰᠢᠨ᠎ᠡ ᠡᠭᠦᠳᠦᠯᠲᠡ + ᠨᠡᠪᠴᠢᠭᠦᠯᠦᠭᠦᠷ︾ ᠤᠨ ᠬᠠᠮᠲᠤ ᠪᠠᠷ ᠡᠭᠦᠰᠴᠦ ᠬᠠᠮᠲᠤ ᠪᠠᠷ ᠢᠯᠠᠯᠲᠠ ᠣᠯᠬᠤ ᠲᠣᠭᠲᠠᠴᠠ ᠶᠢ ᠪᠦᠷᠢᠯᠳᠦᠭᠦᠯᠦᠨ᠎ᠡ᠃      ᠳᠥᠷᠪᠡ ᠳᠤ᠂ ᠪᠡᠯᠡ ᠲᠣᠬᠢᠷᠠᠭᠤᠯᠬᠤ ᠳᠡᠮᠵᠢᠯᠭᠡ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠭᠦᠢᠯᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠠᠵᠤ ᠠᠬᠤᠶᠢᠯᠠᠯ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠲᠣᠬᠢᠷᠠᠭᠤᠯᠬᠤ ᠮᠡᠳᠡᠭᠡ ᠵᠠᠩᠭᠢ ᠶᠢ ᠵᠣᠯᠭᠠᠯᠳᠤᠭᠤᠯᠬᠤ ᠨᠠᠷᠢᠨ ᠬᠠᠭᠤᠳᠠᠰᠤ ᠶᠢ ᠪᠠᠶᠢᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠪᠡᠯᠡ ᠲᠣᠬᠢᠷᠠᠭᠤᠯᠬᠤ ᠬᠠᠩᠭᠠᠯᠭ᠎ᠠ ᠪᠠᠨ ᠨᠡᠮᠡᠭᠳᠡᠭᠦᠯᠦᠨ᠂ ᠠᠳᠠᠯ ᠦᠢᠯᠡᠰ ᠴᠣᠭᠴᠠᠯᠠᠬᠤ ᠳᠤ ᠪᠡᠯᠡ ᠣᠷᠣᠭᠤᠯᠬᠤ ᠶᠢ ᠬᠥᠲᠥᠯᠥᠨ ᠵᠢᠯᠣᠭᠤᠳᠬᠤ ᠡᠯ᠎ᠡ ᠲᠥᠷᠥᠯ ᠤᠨ ᠰᠠᠭᠤᠷᠢ ᠮᠥᠩᠭᠦ᠂ ᠲᠦᠭᠰᠢᠭᠦᠷᠢ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠲᠣᠬᠢᠷᠠᠭᠤᠯᠬᠤ ᠶᠢ ᠵᠣᠷᠢᠭᠵᠢᠭᠤᠯᠵᠤ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢᠨ ᠳᠡᠮᠵᠢᠯᠭᠡ ᠪᠠᠨ ᠴᠢᠩᠭᠠᠷᠠᠭᠤᠯᠬᠤ ᠶᠢ ᠬᠥᠲᠥᠯᠥᠨ ᠵᠢᠯᠣᠭᠤᠳᠤᠨ᠎ᠠ᠃ ᠡᠭᠦᠨ ᠠᠴᠠ ᠭᠠᠳᠠᠨ᠎ᠠ᠂ ᠲᠤᠰᠬᠠᠢ ᠵᠦᠢᠯ ᠤᠨ ᠠᠵᠢᠯᠯᠠᠭ᠎ᠠ ᠥᠷᠨᠢᠭᠦᠯᠦᠨ ᠬᠠᠩᠭᠠᠯᠭ᠎ᠠ ᠶᠢᠨ ᠬᠡᠯᠬᠢᠶᠡᠰᠦ ᠶᠢᠨ ᠭᠤᠣᠯᠯᠠᠭᠴᠢ ᠠᠵᠤ ᠠᠬᠤᠶᠢᠯᠠᠯ ᠤᠨ ᠵᠢᠵᠢᠭ ᠪᠢᠴᠢᠯ ᠠᠵᠤ ᠠᠬᠤᠶᠢᠯᠠᠯ ᠤᠨ ᠬᠠᠩᠭᠠᠯᠭ᠎ᠠ ᠶᠢᠨ ᠬᠤᠳᠠᠯᠳᠤᠭᠠᠴᠢᠳ ᠢ ᠳᠡᠮᠵᠢᠨ ᠬᠤᠷᠢᠶᠠᠪᠠᠰᠤ ᠵᠣᠬᠢᠬᠤ ᠳᠠᠩᠰᠠᠨ ᠤ ᠵᠣᠭᠤᠰ ᠤᠨ ᠪᠡᠯᠡ ᠲᠣᠬᠢᠷᠠᠭᠤᠯᠤᠯᠲᠠ ᠥᠷᠨᠢᠭᠦᠯᠬᠦ ᠶᠢ ᠠᠬᠢᠭᠤᠯᠤᠨ᠎ᠠ᠃      ᠲᠠᠪᠤ ᠳᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠷᠠᠭᠤᠯᠤᠨ᠎ᠠ᠃ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡᠨ ᠬᠥᠭᠵᠢᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠪᠠ ᠵᠠᠭᠪᠤᠷ ᠤᠨ ᠰᠣᠯᠢᠯᠴᠠᠭ᠎ᠠ ᠶᠢ ᠵᠣᠬᠢᠶᠠᠨ ᠪᠠᠶᠢᠭᠤᠯᠵᠤ᠂ ᠲᠤᠰᠬᠠᠶᠢᠵᠢᠭᠰᠠᠨ ᠰᠢᠯᠢᠳᠡᠭ ᠥᠪᠡᠷᠮᠢᠴᠡ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ᠂ ᠦᠢᠯᠡᠳᠬᠡᠯ ᠤᠨ ᠦᠢᠯᠡᠰ ᠤᠨ ᠳᠠᠩ ᠵᠦᠢᠯ ᠤᠨ ᠮᠠᠩᠯᠠᠶᠢᠯᠠᠭᠴᠢ ᠪᠠ ᠲᠠᠪᠴᠠᠩ ᠤᠨ ᠠᠴᠢᠶᠠᠯᠠᠭᠴᠢ ᠶᠢᠨ ᠲᠤᠬᠠᠢ ᠤᠬᠠᠭᠤᠯᠬᠤ ᠡᠷᠴᠢᠮ ᠢ ᠴᠢᠩᠭᠠᠷᠠᠭᠤᠯᠤᠨ᠎ᠠ᠃      ᠢᠷᠡᠭᠡᠳᠦᠢ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ︽ᠠᠵᠢᠯᠯᠠᠭ᠎ᠠ ᠶᠢᠨ ᠲᠥᠯᠥᠪᠯᠡᠭᠡ︾ ᠶᠢᠨ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠬᠡᠷᠡᠭᠵᠢᠭᠦᠯᠬᠦ ᠠᠵᠢᠯ ᠢ ᠬᠦᠴᠦᠯᠡᠨ ᠰᠠᠶᠢᠲᠤᠷ ᠬᠢᠵᠦ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠠᠮᠵᠢᠯᠴᠠᠬᠤ᠂ ᠦᠢᠯᠡᠳᠪᠦᠷᠢᠯᠡᠬᠦ ᠴᠢᠳᠠᠪᠤᠷᠢ ᠪᠠᠨ ᠬᠠᠮᠲᠤ ᠳᠤ ᠪᠠᠨ ᠬᠦᠷᠲᠡᠬᠦ᠂ ᠬᠠᠩᠭᠠᠯᠭ᠎ᠠ ᠶᠢᠨ ᠬᠡᠯᠬᠢᠶᠡᠰᠦ ᠪᠠᠨ ᠬᠠᠷᠢᠯᠴᠠᠨ ᠨᠡᠪᠲᠡᠷᠡᠭᠦᠯᠬᠦ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠠᠮᠢ ᠠᠬᠤᠢ ᠶᠢ ᠴᠣᠭᠴᠠᠯᠠᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ᠂ ᠦᠢᠯᠡᠳᠬᠡᠯ ᠤᠨ ᠬᠦᠴᠦᠷᠬᠡᠭ ᠤᠯᠤᠰ ᠪᠠ ᠰᠦᠯᠵᠢᠶᠡᠨ ᠤ ᠬᠦᠴᠦᠷᠬᠡᠭ ᠤᠯᠤᠰ ᠢ ᠪᠠᠶᠢᠭᠤᠯᠵᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ