ᠪᠦᠬᠦ ᠤᠷᠤᠨ ᠤ ᠲᠠᠪᠤᠳᠤᠭᠠᠷ ᠤᠳᠠᠭᠠᠨ ᠤ ᠮᠤᠩᠭᠤᠯ ᠬᠡᠯᠡ ᠪᠢᠴᠢᠭ ᠢ ᠰᠤᠷᠴᠤ ᠬᠡᠷᠡᠭᠯᠡᠭᠰᠡᠨ ᠲᠡᠷᠢᠭᠦᠨ ᠤ ᠬᠠᠮᠳᠤ ᠨᠢᠭᠡᠴᠢ ᠪᠠ ᠲᠡᠷᠢᠭᠦᠨ ᠤ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ  ᠪᠦ᠋ ᠰᠢᠶᠤᠤ ᠯᠢᠨ ᠬᠦᠬᠢᠬᠦᠯᠦᠨ ᠰᠠᠶᠢᠰᠢᠶᠠᠭᠳᠠᠭᠰᠠᠨ ᠬᠠᠮᠳᠤ ᠨᠢᠭᠡᠴᠢ ᠪᠠ ᠬᠤᠪᠢ ᠬᠦᠮᠦᠨ ᠤ ᠲᠦᠯᠦᠭᠡᠯᠡᠭᠴᠢᠳ ᠲᠤ ᠱᠠᠩᠨᠠᠯ ᠭᠠᠷᠳᠠᠭᠤᠯᠵᠠᠢ
ᠨᠡᠶᠢᠲᠡᠯᠡᠭᠰᠡᠨ ᠴᠠᠭ᠄
2018/12/6
     12 ᠳ᠋ᠤᠭᠠᠷ ᠰᠠᠷ᠎ᠠ ᠶᠢᠨ 5᠎ ᠤ ᠡᠳᠦᠷ᠂ ᠪᠦᠬᠦ ᠤᠷᠤᠨ ᠤ ᠲᠠᠪᠤᠳᠤᠭᠠᠷ ᠤᠳᠠᠭᠠᠨ ᠤ ᠮᠤᠩᠭᠤᠯ ᠬᠡᠯᠡ ᠪᠢᠴᠢᠭ ᠢ ᠰᠤᠷᠴᠤ ᠬᠡᠷᠡᠭᠯᠡᠭᠰᠡᠨ ᠲᠡᠷᠢᠭᠦᠨ ᠤ ᠬᠠᠮᠳᠤ ᠨᠢᠭᠡᠴᠢ ᠪᠠ ᠲᠡᠷᠢᠭᠦᠨ ᠤ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠬᠦᠬᠡᠬᠤᠳᠠ ᠳᠤ ᠬᠤᠷᠠᠯᠳᠤᠵᠤ᠂ ᠪᠦᠬᠦ ᠤᠷᠤᠨ ᠤ ᠡᠯ᠎ᠠ ᠹᠷᠤᠨᠲ ᠤᠨ 98 ᠲᠡᠷᠢᠭᠦᠨ ᠤ ᠬᠠᠮᠳᠤ ᠨᠢᠭᠡᠴᠢ ᠪᠠ 147ᠨᠡᠷᠡᠰ ᠲᠡᠷᠢᠭᠦᠨ ᠤ ᠬᠤᠪᠢ ᠬᠦᠮᠦᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠦᠬᠢᠭᠦᠯᠦᠯ ᠢ ᠬᠦᠷᠳᠡᠪᠡ᠃        ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠢᠭᠡᠳᠦᠮᠠᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠡᠦ ᠲᠤᠸᠠᠨ ᠶᠢᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠯᠢᠦ ᠰᠢᠨ ᠯᠧ ᠶᠡᠭᠡ ᠬᠤᠷᠠᠯ ᠳᠤ ᠤᠷᠤᠯᠴᠠᠬᠰᠠᠨ ᠪᠦᠭᠡᠳ ᠬᠦᠬᠢᠬᠦᠯᠦᠨ ᠰᠠᠶᠢᠰᠢᠶᠠᠭᠳᠠᠭᠰᠠᠨ ᠲᠡᠷᠢᠭᠦᠨ ᠤ ᠬᠠᠮᠳᠤ ᠨᠢᠭᠡᠴᠢ ᠪᠠ ᠲᠡᠷᠢᠭᠦᠨ ᠤ ᠬᠤᠪᠢ ᠬᠦᠮᠦᠨ ᠤ ᠲᠦᠯᠦᠭᠡᠯᠡᠭᠴᠢᠳ ᠲᠤ ᠱᠠᠩᠨᠠᠯ ᠭᠠᠷᠳᠠᠭᠤᠯᠵᠠᠢ᠃      ᠬᠤᠷᠠᠯ ᠠᠴᠠ ᠮᠤᠩᠭᠤᠯ ᠬᠡᠯᠡ ᠪᠢᠴᠢᠭ ᠤᠨ ᠠᠵᠢᠯ ᠢ ᠴᠢᠨᠠᠬᠰᠢᠳᠠ ᠰᠠᠶᠢᠳᠤᠷ ᠬᠢᠭᠦ ᠲᠤᠬᠠᠢ ᠲᠤᠬᠢᠷᠠᠭᠤᠯᠤᠨ ᠪᠠᠶᠢᠷᠢᠯᠠᠭᠤᠯᠵᠤ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠠ ᠴᠠᠭ ᠦᠶ᠎ᠠ ᠶᠢᠨ ᠮᠤᠩᠭᠤᠯ ᠬᠡᠯᠡ ᠪᠢᠴᠢᠭ ᠤᠨ ᠠᠵᠢᠯ ᠢ ᠰᠠᠶᠢᠳᠤᠷ ᠬᠢᠭᠦ ᠬᠠᠷᠢᠭᠤᠴᠠᠯᠭᠠᠳᠦ ᠰᠡᠳᠬᠢᠯᠭᠡ ᠪᠤᠯᠤᠨ ᠲᠡᠤᠭᠡᠨ ᠡᠭᠦᠷᠭᠡᠳᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠬᠤ ᠬᠡᠷᠡᠭᠳᠡᠢ᠃ ᠦᠪᠦᠷ ᠮᠤᠩᠭᠤᠯ ᠤᠨ ᠪᠤᠳᠠᠳᠤ ᠪᠠᠶᠢᠳᠠᠯ ᠲᠠᠢ ᠨᠢᠬᠳᠠ ᠤᠶᠠᠯᠳᠤᠭᠤᠯᠵᠤ᠂ ᠰᠢᠨ᠎ᠠ ᠴᠠᠭ ᠦᠶ᠎ᠠ ᠶᠢᠨ ᠮᠤᠩᠭᠤᠯ ᠬᠡᠯᠡ ᠪᠢᠴᠢᠭ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠮᠤᠩᠭᠤᠯ ᠬᠡᠯᠡ ᠪᠢᠴᠢᠭ ᠤᠨ ᠬᠠᠤᠯᠢᠵᠢᠯᠳᠡ᠂ ᠲᠦᠷᠢᠮᠵᠢᠯᠳᠡ᠂ ᠪᠠᠷᠢᠮᠵᠢᠶᠠᠵᠢᠯᠳᠠ ᠪᠠ ᠮᠡᠳᠡᠭᠡ ᠵᠠᠩᠭᠢᠴᠢᠯᠠᠯᠲᠠ ᠶᠢ ᠠᠬᠢᠭᠤᠯᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠰᠢᠨ᠎ᠠ ᠴᠠᠭ ᠦᠶ᠎ᠠ ᠶᠢᠨ ᠮᠤᠩᠭᠤᠯ ᠬᠡᠯᠡ ᠪᠢᠴᠢᠭ ᠤᠨ ᠦᠢᠯᠡᠰ ᠤᠨ ᠴᠡᠴᠡᠭᠯᠡᠯᠳᠡ ᠬᠦᠭᠵᠢᠯᠳᠡ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ ᠬᠡᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠤ᠂ ᠮᠤᠩᠭᠤᠯ ᠬᠡᠯᠡ ᠪᠢᠴᠢᠭ ᠤᠨ ᠠᠵᠢᠯ ᠢ ︽ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠬᠤ︾ ᠲᠤᠪᠤᠶᠢᠮ᠎ᠠ ᠪᠠᠶᠢᠷᠢᠨ ᠳᠤ ᠲᠠᠯᠪᠢᠬᠰᠠᠨ ᠠᠴᠠ ᠮᠤᠩᠭᠤᠯ ᠢᠶᠠᠷ ᠬᠢᠴᠢᠶᠡᠯᠯᠡᠭᠦ ᠪᠠᠷ ᠭᠤᠤᠯ ᠪᠤᠯᠭᠠᠬᠰᠠᠨ ᠦᠨᠳᠦᠰᠦᠳᠡᠨ ᠤ ᠰᠤᠷᠭᠠᠨ ᠬᠦᠮᠦᠵᠢᠯ ᠡᠯᠪᠡᠭ ᠦᠷ᠎ᠠ ᠪᠦᠳᠦᠮᠵᠢ ᠤᠯᠵᠤ᠂ ᠨᠡᠶᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠡᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠭᠦ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠨᠠᠶᠢᠮᠠᠨ ᠮᠤᠵᠢ ᠤᠷᠤᠨ ᠤ ᠮᠤᠩᠭᠤᠯ ᠬᠡᠯᠡᠨ ᠤ ᠬᠠᠮᠵᠢᠯᠴᠠᠭᠠᠨ ᠤ ᠬᠦᠷᠢᠶ᠎ᠠ ᠪᠠᠨ ᠴᠢᠨᠠᠬᠰᠢᠳᠠ ᠦᠷᠭᠡᠳᠭᠡᠵᠤ᠂ ᠮᠤᠩᠭᠤᠯ ᠬᠡᠯᠡᠨ ᠤ ᠦᠢᠯᠡᠴᠢᠯᠡᠭᠡ ᠬᠠᠮᠢᠶᠠᠷᠤᠯᠳᠠ ᠶᠢᠨ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠦᠭᠰᠡᠨ ᠪᠠᠶᠢᠨ᠎ᠠ᠃      ᠬᠤᠷᠠᠯ ᠲᠡᠭᠡᠷ᠎ᠠ᠂ ᠬᠦᠬᠢᠬᠦᠯᠦᠨ ᠰᠠᠶᠢᠰᠢᠶᠠᠭᠳᠠᠭᠰᠠᠨ ᠲᠡᠷᠢᠭᠦᠨ ᠤ ᠬᠠᠮᠳᠤ ᠨᠢᠭᠡᠴᠢ ᠪᠠ ᠲᠡᠷᠢᠭᠦᠨ ᠤ ᠬᠤᠪᠢ ᠬᠦᠮᠦᠨ ᠤ ᠲᠥᠯᠦᠭᠡᠯᠡᠭᠴᠢ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号