ᠰᠠᠭᠠᠯᠢ ᠶᠢᠨ ᠦᠨᠢᠶ᠎ᠡ ᠳᠤ  ᠡᠮ ᠬᠡᠷᠡᠭᠯᠡᠬᠦ ᠳᠤ ᠪᠣᠯᠭᠤᠮᠵᠢᠯᠠᠭᠠᠷᠠᠢ
ᠨᠡᠶᠢᠲᠡᠯᠡᠭᠰᠡᠨ ᠴᠠᠭ᠄
2018/12/6

       ᠡᠩ ᠤᠨ ᠪᠠᠶᠢᠳᠠᠯ ᠳᠤ᠂ ᠰᠠᠭᠠᠯᠢ ᠶᠢᠨ ᠦᠨᠢᠶ᠎ᠡ ᠶᠢᠨ ᠭᠡᠮᠨᠡᠭᠰᠡᠨ ᠨᠢ ᠲᠡᠳᠦᠢ ᠬᠦᠨᠳᠤ ᠪᠢᠰᠢ ᠪᠤᠯ ᠪᠠᠺᠲ᠋ᠧᠷᠢ ᠡᠰᠡᠷᠭᠦᠴᠡᠬᠦ ᠡᠳ᠋ ᠢ ᠪᠢᠳᠡᠬᠡᠢ ᠬᠡᠷᠡᠭᠯᠡᠭᠡᠷᠡᠢ᠃ ᠬᠡᠷᠪᠡ ᠪᠠᠺᠲ᠋ᠧᠷᠢ ᠡᠰᠡᠷᠭᠦᠴᠡᠬᠦ ᠡᠳ᠋ ᠢ ᠵᠠᠪᠠᠯ ᠬᠡᠷᠡᠭᠯᠡᠬᠦ ᠴᠢᠬᠤᠯᠠᠲᠠᠢ ᠪᠠᠶᠢᠪᠠᠯ᠂ ᠬᠠᠮᠤᠭ ᠤᠨ ᠰᠠᠶᠢᠨ ᠨᠢ ᠵᠡᠭᠦᠦ ᠲᠠᠷᠢᠬᠤ ᠠᠴᠠ ᠪᠢᠰᠢ᠂ ᠤᠤᠭᠤᠯᠭᠠᠬᠤ ᠦᠭᠡᠢ᠃
       ᠡᠭᠦᠨ ᠤ ᠤᠴᠢᠷ ᠨᠢ᠂ ᠦᠭᠡᠷ ᠨᠢ ᠤᠯᠠᠨ ᠬᠤᠳᠤᠭᠤᠳᠤ ᠲᠠᠢ ᠠᠮᠢᠳᠠᠨ ᠪᠠᠶᠢᠵᠤ᠂ ᠡᠮ ᠤᠤᠭᠤᠯᠭᠠᠬᠤ ᠦᠶᠡᠰ ᠪᠠᠺᠲ᠋ᠧᠷᠢ ᠡᠰᠡᠷᠭᠦᠴᠡᠬᠦ ᠡᠳ᠋ ᠨᠢ ᠰᠠᠭᠠᠯᠢ ᠶᠢᠨ ᠦᠨᠢᠶᠡᠨ ᠤ ᠭᠦᠵᠡᠭᠡᠨ ᠳᠠᠬᠢ ᠠᠰᠢᠭᠲᠤ ᠮᠢᠺᠷᠣᠪ ᠢ ᠠᠯᠠᠵᠦ᠂ ᠰᠠᠭᠠᠯᠢ ᠶᠢᠨ ᠦᠨᠢᠶᠡᠨ ᠤ ᠭᠦᠵᠡᠭᠡᠨ ᠳᠠᠬᠢ ᠮᠢᠺᠷᠤᠪ ᠤᠨ ᠪᠦᠯᠦᠭ ᠤᠨ ᠵᠣᠬᠢᠴᠠᠯ ᠢ ᠠᠯᠳᠠᠭᠤᠯᠬᠤ ᠪᠣᠯᠣᠨ᠎ᠠ᠃ ᠲᠤᠭᠤᠯ ᠤᠨ ᠭᠦᠵᠡᠭᠡᠨ ᠳᠠᠬᠢ ᠮᠢᠺᠷᠤᠪ ᠤᠨ ᠪᠦᠯᠦᠭ ᠢ ᠪᠦᠷᠢᠯᠳᠦᠬᠦ ᠠᠴᠠ ᠡᠮᠤᠨ᠎ᠡ᠂ ᠭᠡᠮ ᠬᠢᠵᠢᠭ ᠠᠴᠠ ᠰᠡᠷᠭᠡᠶᠢᠯᠡᠵᠦ᠂ ᠦᠰᠦᠯᠲᠠ ᠪᠤᠶᠢᠵᠢᠯᠲᠠ ᠶᠢ ᠠᠬᠢᠭᠤᠯᠬᠤ ᠶᠢᠨ ᠲᠦᠯᠦᠭᠡ᠂ ᠵᠤᠬᠢᠬᠤ ᠬᠡᠮᠵᠢᠶᠡᠨ ᠤ ᠪᠠᠺᠲ᠋ᠧᠷᠢ ᠡᠰᠡᠷᠭᠦᠴᠡᠬᠦ ᠡᠳ᠋ ᠢ ᠤᠤᠭᠤᠯᠭᠠᠵᠤ ᠪᠤᠯᠤᠨ᠎ᠠ᠃ ᠭᠡᠪᠡᠴᠦ ᠦᠰᠦᠭᠡᠳ 7~8 ᠰᠠᠷ᠎ᠠ ᠪᠤᠯᠪᠠᠯ ᠳᠠᠬᠢᠨ ᠤᠤᠭᠤᠯᠭᠠᠵᠤ ᠪᠤᠯᠬᠤ ᠦᠭᠡᠢ᠃
       ᠡᠭᠦᠨ ᠠᠴᠠ ᠭᠠᠳᠠᠨ᠎ᠠ᠂ ᠰᠠᠭᠠᠯᠢ ᠶᠢᠨ ᠦᠨᠢᠶ᠎ᠡ ᠳᠤ ᠪᠠᠰᠠ ᠪᠠᠺᠲ᠋ᠧᠷᠢ ᠡᠰᠡᠷᠭᠦᠴᠡᠬᠦ ᠡᠳ᠋ ᠢ ᠴᠦᠬᠡᠨ ᠲᠠᠷᠢᠪᠠᠯ ᠵᠣᠬᠢᠨ᠎ᠠ᠃ ᠤᠴᠢᠷ ᠨᠢ ᠰᠠᠭᠠᠯᠢ ᠶᠢᠨ ᠦᠨᠢᠶ᠎ᠡ ᠨᠢ ᠠᠶᠤᠮᠠᠳᠠᠭᠠᠢ ᠪᠦᠭᠡᠳ ᠲᠦᠢᠯ ᠤᠨ ᠰᠡᠷᠭᠡᠭ ᠪᠠᠶᠢᠵᠤ᠂ ᠵᠡᠭᠦᠦ ᠲᠠᠷᠢᠬᠤ ᠦᠶᠡᠰ ᠤᠨ ᠰᠡᠳᠡᠯᠲᠡ ᠨᠢ ᠰᠠᠭᠠᠯᠢ ᠶᠢᠨ ᠦᠨᠢᠶᠡᠨ ᠤ ᠰᠦᠨ ᠤ ᠭᠠᠷᠤᠯᠲᠠ ᠶᠢ ᠨᠦᠯᠦᠭᠡᠯᠡᠬᠦ ᠪᠤᠯᠤᠨ᠎ᠠ᠃ ᠸᠠᠺᠼᠢᠨ ᠲᠠᠷᠢᠬᠤ ᠨᠢ ᠪᠠᠰᠠ ᠰᠠᠭᠠᠯᠢ ᠶᠢᠨ ᠦᠨᠢᠶᠡᠨ ᠤ ᠰᠦᠨ ᠤ ᠭᠠᠷᠤᠯᠲᠠ ᠶᠢ ᠨᠥᠯᠥᠭᠡᠯᠡᠵᠦ᠂ ᠢᠯᠠᠩᠭᠤᠶ᠎ᠠ ᠬᠠᠯᠠᠭᠤᠨ ᠵᠤᠨ ᠤ ᠴᠠᠭ ᠲᠤ ᠨᠡᠩ ᠴᠦ ᠡᠶᠢᠮᠦ ᠪᠠᠶᠢᠳᠠᠭ᠂ ᠡᠶᠢᠮᠤ ᠠᠴᠠ ᠴᠢᠳᠠᠬᠤ ᠶᠢᠨ ᠲᠤᠳᠤᠷ᠎ᠠ ᠬᠤᠯᠪᠤᠭᠠᠯᠠᠭᠰᠠᠨ ᠸᠠᠺᠼᠢᠨ ᠢ ᠲᠠᠷᠢᠨ᠎ᠠ᠃
       ᠬᠡᠷᠪᠡ ᠰᠠᠭᠠᠯᠢ ᠶᠢᠨ ᠦᠨᠢᠶᠡᠨ ᠤ ᠭᠡᠮᠨᠡᠭᠰᠡᠨ ᠨᠢ ᠲᠡᠶᠢᠮᠦ ᠬᠦᠨᠳᠤ ᠪᠢᠰᠢ ᠪᠤᠯ ᠰᠦ ᠰᠠᠭᠠᠬᠤ ᠶᠢ ᠵᠤᠭᠰᠤᠭᠰᠠᠨ ᠤ ᠲᠠᠷᠠᠭ᠎ᠠ ᠳᠠᠬᠢᠨ ᠵᠠᠰᠠᠵᠤ᠂ ᠰᠦᠨ ᠤ ᠭᠠᠷᠤᠯᠲᠠ ᠶᠢ ᠨᠦᠯᠦᠭᠡᠯᠡᠬᠦ ᠠᠴᠠ ᠪᠤᠯᠭᠤᠮᠵᠢᠯᠠᠨ᠎ᠠ᠃ ᠬᠠᠮᠳᠤ ᠳᠤᠨᠢ᠂ ᠰᠠᠭᠠᠯᠢ ᠶᠢᠨ ᠦᠨᠢᠶ᠎ᠡ ᠶᠢ ᠰᠠᠭᠠᠬᠤ ᠪᠠᠨ ᠵᠤᠭᠰᠤᠭᠰᠠᠨ ᠤ ᠲᠠᠷᠠᠭᠠᠬᠢ ᠬᠤᠶᠠᠷ ᠰᠠᠷ᠎ᠠ ᠳᠤ᠂ ᠠᠷᠠᠴᠢᠯᠠᠭ᠎ᠠ ᠬᠠᠮᠢᠶᠠᠷᠤᠯᠲᠠ ᠶᠢ ᠴᠢᠩᠭᠠᠳᠬᠠᠨ᠂ ᠰᠠᠭᠠᠯᠢ ᠶᠢᠨ ᠦᠨᠢᠶ᠎ᠡ ᠶᠢ ᠰᠠᠶᠢᠲᠤᠷ ᠠᠷᠠᠴᠢᠯᠠᠨ ᠲᠡᠵᠢᠭᠡᠵᠦ᠂ ᠡᠷᠡᠭᠦᠯ ᠪᠡᠶ᠎ᠡ ᠪᠠᠶᠢᠳᠠᠯ ᠲᠠᠢ ᠪᠠᠷ ᠳᠠᠷᠠᠭᠠᠴᠢ ᠶᠢᠨ ᠡᠭᠡᠯᠵᠢ ᠶᠢᠨ ᠦᠢᠯᠡᠳᠪᠦᠷᠢᠯᠡᠯ ᠳᠤ ᠤᠷᠤᠭᠤᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ