ᠬᠦᠢᠲᠡᠨ ᠤᠯᠠᠷᠢᠯ ᠳᠤ ᠬᠤᠷᠠᠭ᠎ᠠ ᠶᠢ ᠶᠠᠭᠠᠬᠢᠵᠦ ᠠᠷᠠᠴᠢᠯᠠᠵᠦ ᠬᠠᠮᠠᠭᠠᠯᠠᠬᠤ ᠪᠣᠢ
ᠨᠡᠶᠢᠲᠡᠯᠡᠭᠰᠡᠨ ᠴᠠᠭ᠄
2018/12/6

     ᠬᠦᠢᠲᠡᠨ ᠠᠴᠠ ᠰᠡᠷᠭᠡᠶᠢᠯᠡᠵᠦ ᠳᠤᠯᠠᠭᠠᠯᠠᠬᠤ ᠠᠵᠢᠯ ᠢ ᠰᠠᠶᠢᠲᠤᠷ ᠬᠢᠨ᠎ᠡ᠂ ᠡᠬᠡ ᠬᠤᠨᠢ ᠪᠠ ᠬᠤᠷᠠᠭ᠎ᠠ ᠶᠢ ᠪᠤᠰᠤᠳ ᠬᠤᠨᠢᠨ ᠰᠦᠷᠦᠭ ᠠᠴᠠ ᠰᠠᠯᠭᠠᠵᠦ ᠲᠡᠵᠢᠭᠡᠨ᠂ ᠬᠤᠨᠢᠨ ᠬᠠᠰᠢᠶᠠᠨ ᠤ ᠳᠤᠯᠠᠭᠠᠯᠠᠬᠤ ᠴᠢᠳᠠᠪᠤᠷᠢ ᠶᠢ ᠰᠠᠶᠢᠵᠢᠷᠠᠭᠤᠯᠵᠦ᠂ ᠬᠠᠰᠢᠶ᠎ᠠ ᠶᠢ ᠬᠠᠭᠤᠷᠠᠢ᠂ ᠴᠡᠪᠡᠷ᠂ ᠲᠠᠭᠠᠯᠠᠮᠵᠢᠲᠠᠢ ᠪᠠᠶᠢᠯᠭᠠᠨ᠎ᠠ᠃ ᠬᠠᠰᠢᠶᠠᠨ ᠳᠤ ᠢᠯᠨ ᠭᠠᠯ ᠨᠣᠴᠣᠭᠠᠵᠤ ᠳᠤᠯᠠᠭᠠᠯᠠᠵᠤ ᠪᠣᠯᠬᠤ ᠦᠭᠡᠢ᠂ ᠬᠤᠷᠠᠭ᠎ᠠ ᠶᠢᠨ ᠤᠲᠤᠭᠳᠠᠵᠤ ᠠᠭᠤᠰᠬᠢᠨ ᠤ ᠦᠷᠪᠢᠰᠦᠯ ᠪᠠ ᠪᠤᠰᠤᠳ ᠭᠡᠮ ᠳᠤ ᠨᠡᠷᠪᠡᠭᠳᠡᠬᠦ ᠠᠴᠠ ᠰᠡᠷᠭᠡᠶᠢᠯᠡᠨ᠎ᠡ᠃ ᠰᠠᠯᠬᠢ ᠦᠭᠡᠢ ᠳᠤᠯᠠᠭᠠᠨ ᠡᠳᠦᠷ ᠢᠶᠠᠷ ᠡᠬᠡ ᠬᠤᠨᠢ ᠪᠠ ᠬᠤᠷᠠᠭ᠎ᠠ ᠶᠢ ᠬᠠᠰᠢᠶᠠᠨ ᠠᠴᠠ ᠭᠠᠷᠭᠠᠵᠤ ᠨᠠᠷᠠᠨ ᠳᠤ ᠡᠭᠡᠭᠡᠪᠡᠯ ᠡᠬᠡ ᠬᠤᠨᠢ ᠪᠠ ᠬᠤᠷᠠᠭ᠎ᠠ ᠶᠢᠨ ᠡᠷᠡᠭᠦᠯ ᠴᠢᠬᠢᠷᠠᠭ ᠲᠤ ᠠᠰᠢᠭᠲᠠᠢ ᠪᠠᠶᠢᠳᠠᠭ᠃
     ᠰᠦ ᠱᠦᠭᠦᠷᠡᠭᠦᠯᠵᠦ ᠪᠠᠶᠢᠭ᠎ᠠ ᠡᠬᠡ ᠬᠤᠨᠢ ᠳᠤ ᠪᠣᠷᠳᠤᠭ᠎ᠠ ᠨᠥᠬᠦᠪᠦᠷᠢᠯᠡᠬᠦ ᠶᠢ ᠨᠡᠮᠡᠭᠳᠡᠭᠦᠯᠵᠦ᠂ ᠡᠳᠦᠷ ᠪᠦᠷᠢ ᠰᠢᠯᠢᠳᠡᠭ ᠬᠠᠭᠤᠷᠠᠢ ᠬᠥᠬᠡ ᠡᠪᠡᠰᠦ 1.5 ᠺᠢᠯᠣᠭ᠍ᠷᠠᠮ᠂ ᠬᠥᠬᠡ ᠳᠠᠷᠤᠰᠢ ᠪᠣᠷᠳᠤᠭ᠎ᠠ 1 ᠺᠢᠯᠣᠭ᠍ᠷᠠᠮ᠂ ᠨᠠᠷᠢᠯᠢᠭ ᠪᠣᠷᠳᠤᠭ᠎ᠠ 0.5 ᠺᠢᠯᠣᠭ᠍ᠷᠠᠮ ᠨᠥᠬᠦᠪᠦᠷᠢᠯᠡᠵᠦ ᠲᠡᠵᠢᠭᠡᠨ᠎ᠡ᠂ ᠪᠠᠰᠠ ᠰᠢᠩᠭᠡᠨ ᠪᠤᠳᠠᠭ᠎ᠠ᠂ ᠬᠡᠮᠬᠡᠯᠵᠤ ᠪᠣᠯᠭᠤᠭᠰᠠᠨ ᠬᠤᠯᠤᠤᠪᠠᠨᠭ᠌ ᠵᠡᠷᠭᠡ ᠰᠢᠩᠭᠡᠨ ᠪᠣᠷᠳᠤᠭ᠎ᠠ ᠪᠠᠷ ᠲᠡᠵᠢᠭᠡᠨ᠂ ᠡᠬᠡ ᠬᠤᠨᠢ ᠶᠢᠨ ᠰᠦ ᠶᠢ ᠬᠦᠷᠦᠯᠴᠡᠬᠦ᠋ᠢᠴᠡ ᠪᠣᠯᠭᠠᠵᠤ᠂ ᠬᠤᠷᠠᠭ᠎ᠠ ᠶᠢ ᠴᠠᠳᠬᠠᠨ᠎ᠠ᠃
     ᠬᠤᠷᠠᠭ᠎ᠠ ᠦᠰᠦᠭᠡᠳ ᠬᠠᠭᠠᠰ ᠰᠠᠷ᠎ᠠ ᠪᠣᠯᠪᠠᠯ ᠡᠬᠢᠯᠡᠵᠦ ᠡᠪᠡᠰᠦ ᠪᠤᠷᠳᠤᠭ᠎ᠠ ᠢᠳᠡᠭᠦᠯᠵᠦ ᠰᠤᠷᠭᠠᠨ᠎ᠠ᠃ ᠡᠬᠢᠯᠡᠬᠦ ᠳᠤ ᠪᠣᠯᠭᠤᠭᠠᠭᠰᠠᠨ ᠬᠤᠯᠤᠤᠪᠠᠩ᠂ ᠨᠣᠭᠤᠭ᠎ᠠ ᠶᠢᠨ ᠨᠠᠪᠴᠢ ᠪᠠ ᠰᠢᠯᠢᠳᠡᠭ ᠬᠠᠭᠤᠷᠠᠢ ᠬᠥᠬᠡ ᠡᠪᠡᠰᠦ ᠪᠠᠷ ᠲᠡᠵᠢᠭᠡᠵᠦ᠂ ᠳᠠᠷᠠᠭ᠎ᠠ ᠨᠢ ᠬᠡᠮᠬᠡᠯᠦᠭᠰᠡᠨ ᠳ᠋ᠸᠤᠪᠢᠩ᠂ ᠡᠷᠳᠡᠨᠢ ᠰᠢᠰᠢ᠂ ᠰᠢᠰᠢ᠂ ᠬᠠᠲᠠᠭᠠᠭᠰᠠᠨ ᠭᠤᠸ᠋ᠨ ᠵᠡᠷᠭᠡ ᠬᠤᠯᠢᠮᠠᠭ ᠪᠣᠷᠳᠤᠭ᠎ᠠ ᠪᠠᠷ ᠲᠡᠵᠢᠭᠡᠵᠦ᠂ ᠬᠠᠮᠲᠤ ᠳᠤᠨᠢ ᠬᠡᠮᠬᠡᠯᠦᠭᠰᠡᠨ ᠲᠦᠭᠦᠬᠡᠢ ᠬᠤᠯᠤᠤᠪᠠᠩ ᠵᠡᠷᠭᠡ ᠰᠢᠭᠦᠰᠦᠯᠢᠭ ᠪᠣᠷᠳᠤᠭ᠎ᠠ ᠶᠢ ᠬᠤᠯᠢᠵᠤ᠂ ᠲᠡᠭᠦᠨ ᠤ ᠢᠳᠡᠭᠦᠰᠢ ᠴᠢᠨᠠᠷ ᠢ ᠨᠡᠮᠡᠭᠳᠡᠭᠦᠯᠦᠨ᠎ᠡ᠃ ᠡᠬᠢᠯᠡᠭᠡᠳ ᠬᠡᠲᠦᠷᠡᠲᠡᠯ᠎ᠡ ᠢᠳᠡᠭᠦᠯᠬᠦ ᠦᠭᠡᠢ᠂ ᠬᠤᠨᠤᠭ ᠤᠨ ᠨᠡᠮᠡᠭᠳᠡᠬᠦ ᠶᠢ ᠳᠠᠭᠠᠯᠳᠤᠨ ᠲᠡᠵᠢᠭᠡᠬᠦ ᠬᠡᠮᠵᠢᠶ᠎ᠡ ᠶᠢ ᠢᠳᠡᠭ ᠢᠳᠡᠭ ᠢᠶᠠᠷ ᠨᠡᠮᠡᠭᠳᠡᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ