ᠸᠢᠲ᠋ᠠᠮᠢᠨ  C ᠶᠢᠨ ᠭᠠᠭ᠋ᠠᠢ ᠲᠡᠵᠢᠭᠡᠬᠦ  ᠠᠵᠦ  ᠦᠢᠯᠡᠳᠪᠦᠷᠢᠯᠡᠯ  ᠳᠤᠮᠳᠠᠬᠢ  ᠬᠡᠷᠡᠭᠯᠡᠯᠲᠡ
ᠨᠡᠶᠢᠲᠡᠯᠡᠭᠰᠡᠨ ᠴᠠᠭ᠄
2018/12/6

     ᠸᠢᠲ᠋ᠠᠮᠢᠨ C ᠪᠣᠯ ᠭᠠᠭ᠋ᠠᠢ ᠲᠡᠵᠢᠭᠡᠬᠦ ᠠᠵᠦ ᠦᠢᠯᠡᠳᠪᠦᠷᠢᠯᠡᠯ ᠳᠤ ᠦᠷᠭᠦᠯᠵᠢ ᠬᠡᠷᠡᠭᠯᠡᠬᠦ ᠡᠮ ᠤᠨ ᠨᠢᠭᠡ ᠪᠣᠯᠣᠨ᠎ᠠ᠃ ᠳᠠᠩ ᠢᠶᠠᠷ ᠬᠡᠷᠡᠭᠯᠡᠬᠦ ᠪᠤᠶᠤ ᠪᠤᠰᠤᠳ ᠡᠮ ᠲᠠᠢ ᠨᠡᠶᠢᠯᠡᠭᠦᠯᠦᠨ ᠬᠡᠷᠡᠭᠯᠡᠪᠡᠯ ᠭᠠᠭ᠋ᠠᠢ ᠶᠢᠨ ᠬᠠᠯᠳᠠᠪᠤᠷᠢᠲᠦ ᠭᠡᠮ ᠢ ᠡᠰᠡᠷᠭᠦᠴᠡᠬᠦ ᠬᠦᠴᠦᠨ ᠢ ᠳᠡᠭᠡᠭᠰᠢᠯᠡᠭᠦᠯᠵᠦ ᠴᠢᠳᠠᠨ᠎ᠠ︔ ᠰᠢᠷᠬᠠᠨ ᠤ ᠡᠳᠡᠭᠡᠷᠡᠯᠲᠠ ᠶᠢ ᠠᠬᠢᠭᠤᠯᠤᠨ᠂ ᠡᠰ ᠤᠨ ᠬᠤᠭᠤᠷᠣᠨᠳᠤᠬᠢ ᠡᠳ᠋ ᠤᠨ ᠪᠦᠷᠢᠯᠳᠦᠯ ᠪᠠ ᠪᠡᠶ᠎ᠡ ᠳᠣᠲᠣᠷᠠᠬᠢ ᠢᠰᠦᠯᠳᠦᠨ ᠠᠩᠬᠢᠵᠢᠷᠠᠬᠤ ᠤᠷᠪᠠᠯ ᠳᠤ ᠣᠷᠣᠯᠴᠠᠵᠤ᠂ ᠬᠤᠣᠷ ᠲᠠᠶᠢᠯᠬᠤ ᠴᠢᠳᠠᠪᠤᠷᠢ ᠲᠠᠢ ᠪᠦᠭᠡᠳ ᠪᠠᠰᠠ ᠭᠡᠳᠡᠰᠦᠨ ᠤ ᠲᠡᠮᠦᠷ ᠢ ᠰᠢᠩᠭᠡᠭᠡᠵᠦ ᠠᠰᠢᠭᠯᠠᠬᠤ ᠶᠢ ᠠᠬᠢᠭᠤᠯᠵᠦ ᠴᠢᠳᠠᠨ᠎ᠠ᠃
     1. ᠰᠡᠷᠡᠯᠵᠢᠯ ᠢ ᠡᠰᠡᠷᠭᠦᠴᠡᠬᠦ
     ᠭᠠᠭ᠋ᠠᠢ ᠨᠢ ᠦᠰᠴᠦ ᠪᠤᠶᠢᠵᠢᠬᠤ ᠶᠠᠪᠤᠴᠠ ᠳᠤ ᠤᠯᠠᠨ ᠵᠦᠢᠯ ᠤᠨ ᠰᠡᠷᠡᠯᠵᠢᠯ ᠢ ᠦᠩᠭᠡᠷᠡᠭᠦᠯᠦᠨ᠎ᠡ᠂ ᠵᠢᠱᠢᠶᠡᠯᠡᠪᠡᠯ ᠤᠷᠴᠢᠨ ᠲᠣᠭᠤᠷᠢᠨ᠂ ᠠᠭᠤᠷ ᠠᠮᠢᠰᠬᠤᠯ ᠤᠨ ᠭᠡᠨᠡᠳᠲᠡ ᠶᠢᠨ ᠬᠤᠪᠢᠷᠠᠯᠲᠠ᠂ ᠵᠦᠭᠡᠭᠡᠪᠦᠷᠢᠯᠡᠬᠦ ᠵᠡᠷᠭᠡ ᠨᠢ ᠭᠠᠭ᠋ᠠᠢ ᠶᠢᠨ ᠪᠡᠶ᠎ᠡ ᠶᠢᠨ ᠸᠢᠲ᠋ᠠᠮᠢᠨ C ᠶᠢᠨ ᠨᠡᠶᠢᠯᠡᠯ ᠪᠣᠯᠣᠨ ᠠᠰᠢᠭᠯᠠᠯᠲᠠ ᠶᠢ ᠨᠦᠯᠦᠭᠡᠯᠡᠬᠦ ᠶᠢᠨ ᠤᠯᠠᠮ ᠠᠴᠠ ᠭᠠᠭ᠋ᠠᠢ ᠶᠢᠨ ᠪᠡᠶ᠎ᠡ ᠳᠤ ᠸᠢᠲ᠋ᠠᠮᠢᠨ C ᠳᠤᠲᠠᠭᠤᠯᠵᠤ᠂ ᠬᠥᠩᠭᠡᠨ ᠨᠢ ᠢᠳᠡᠰᠢᠯᠡᠯᠲᠠ ᠪᠠᠭᠠᠰᠴᠤ᠂ ᠬᠦᠨᠳᠦ ᠨᠢ ᠭᠡᠮᠨᠡᠬᠦ ᠪᠣᠯᠣᠨ᠎ᠠ᠃ ᠺᠢᠯᠣᠭ᠍ᠷᠠᠮ ᠪᠦᠷᠢ ᠪᠣᠷᠳᠣᠭᠠᠨ ᠳᠤ 20~50 ᠮᠢᠯᠢᠭᠷᠡᠮ ᠸᠢᠲ᠋ᠠᠮᠢᠨ C ᠨᠡᠮᠡᠪᠡᠯ᠂ ᠤᠯᠠᠨ ᠵᠦᠢᠯ ᠤᠨ ᠰᠡᠷᠡᠯᠵᠢᠯ ᠢ ᠬᠦᠴᠦᠨ ᠲᠠᠢ ᠪᠠᠭᠠᠰᠬᠠᠵᠦ᠂ ᠭᠠᠭ᠋ᠠᠢ ᠶᠢᠨ ᠰᠦᠷᠦᠭ ᠤᠨ ᠭᠡᠮᠨᠡᠬᠦ ᠪᠤᠯᠤᠮᠵᠢ ᠶᠢ ᠪᠠᠭᠠᠰᠬᠠᠵᠦ ᠴᠢᠳᠠᠨ᠎ᠠ᠃
     2. ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠬᠦ
     ᠸᠢᠲ᠋ᠠᠮᠢᠨ C ᠪᠣᠯ ᠭᠠᠭ᠋ᠠᠢ ᠶᠢᠨ ᠦᠯᠦ ᠬᠠᠯᠳᠠᠭᠠᠬᠤ ᠰᠢᠰᠲ᠋ᠧᠮ ᠤᠨ ᠬᠡᠪ ᠤᠨ ᠠᠵᠢᠯᠯᠠᠭ᠎ᠠ ᠶᠢ ᠪᠠᠳᠠᠷᠠᠭᠤᠯᠬᠤ ᠳᠤ ᠡᠷᠬᠡᠪᠰᠢ ᠬᠡᠷᠡᠭᠰᠡᠬᠦ ᠰᠢᠮ᠎ᠡ ᠲᠡᠵᠢᠭᠡᠯ ᠪᠣᠯᠣᠨ᠎ᠠ᠂ ᠴᠠᠭᠠᠨ ᠡᠰ ᠲᠤ ᠸᠢᠲ᠋ᠠᠮᠢᠨ C ᠡᠯᠪᠡᠭ ᠠᠭᠤᠯᠵᠤ᠂ ᠪᠡᠶ᠎ᠡ ᠬᠠᠯᠳᠠᠪᠤᠷᠢᠯᠠᠯ ᠲᠠᠢ ᠦᠶᠡᠰ ᠴᠠᠭᠠᠨ ᠡᠰ ᠲᠠᠬᠢ ᠸᠢᠲ᠋ᠠᠮᠢᠨ C ᠨᠢ ᠮᠠᠰᠢ ᠲᠦᠷᠭᠡᠨ ᠪᠠᠭᠠᠰᠳᠠᠭ᠂ ᠸᠢᠲ᠋ᠠᠮᠢᠨ C ᠨᠢ ᠰᠠᠭᠠᠷᠮᠠᠭ ᠮᠥᠬᠦᠯᠢᠭᠳᠦ ᠡᠰ ᠤᠨ ᠬᠢᠮᠢ ᠳᠤ ᠬᠠᠨᠳᠤᠬᠤ ᠴᠢᠨᠠᠷ ᠪᠠ ᠳᠦᠷᠰᠦ ᠬᠤᠪᠢᠷᠠᠬᠤ ᠴᠢᠳᠠᠪᠤᠷᠢ ᠶᠢ ᠨᠡᠮᠡᠭᠳᠡᠭᠦᠯᠦᠨ᠂ ᠪᠠᠺᠲ᠋ᠧᠷᠢ ᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠯᠢᠮᠪᠠ ᠶᠢᠨ ᠡᠰ ᠤᠨ ᠪᠦᠷᠢᠯᠳᠦᠯ ᠢ ᠠᠬᠢᠭᠤᠯᠤᠨ᠂ ᠦᠯᠦ ᠬᠠᠯᠳᠠᠭᠠᠬᠤ ᠤᠭᠤᠷᠠᠭ ᠤᠨ ᠨᠡᠶᠢᠯᠡᠯᠭᠡ ᠳᠤ ᠣᠷᠣᠯᠴᠠᠵᠤ᠂ ᠬᠠᠷᠰᠢᠯᠳᠤᠰᠤ ᠶᠢᠨ ᠪᠤᠢ ᠪᠣᠯᠬᠤ ᠶᠢ ᠠᠬᠢᠭᠤᠯᠤᠨ᠎ᠠ᠃ ᠪᠣᠷᠳᠤᠭ᠎ᠠ ᠳᠤ ᠸᠢᠲ᠋ᠠᠮᠢᠨ C ᠶᠢ ᠲᠤᠭᠲᠠᠮᠠᠯ ᠬᠤᠭᠤᠴᠠᠭ᠎ᠠ ᠪᠠᠷ ᠨᠡᠮᠡᠪᠡᠯ᠂ ᠭᠠᠭ᠋ᠠᠢ ᠶᠢᠨ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠲᠤᠩ ᠶᠡᠭᠡ ᠦᠢᠯᠡᠳᠦᠯ ᠲᠠᠢ ᠪᠠᠶᠢᠳᠠᠭ᠃
     3. ᠪᠡᠶ᠎ᠡ ᠶᠢᠨ ᠭᠡᠮ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠭᠦ
     ᠶᠡᠭᠡ ᠬᠡᠮᠵᠢᠶᠡᠨ ᠤ ᠸᠢᠲ᠋ᠠᠮᠢᠨ C ᠨᠢ ᠡᠰᠡᠷᠭᠦᠴᠡᠭᠴᠢ ᠪᠡᠶ᠎ᠡ ᠶᠢᠨ ᠪᠦᠷᠢᠯᠳᠦᠯ ᠢ ᠠᠬᠢᠭᠤᠯᠤᠨ᠂ ᠴᠠᠭᠠᠨ ᠡᠰ ᠤᠨ ᠵᠠᠯᠭᠢᠬᠤ ᠴᠢᠳᠠᠪᠤᠷᠢ ᠶᠢ ᠨᠡᠮᠡᠭᠳᠡᠭᠦᠯᠵᠦ ᠦᠷᠪᠢᠰᠦᠯ ᠢ ᠡᠰᠡᠷᠭᠦᠴᠡᠬᠦ᠂ ᠬᠠᠷᠰᠢᠯ ᠢ ᠡᠰᠡᠷᠭᠦᠴᠡᠬᠦ ᠦᠢᠯᠡᠳᠦᠯ ᠲᠠᠢ ᠪᠠᠶᠢᠳᠠᠭ᠃ ᠬᠠᠯᠳᠠᠪᠤᠷᠢᠲᠦ ᠭᠡᠮ ᠢ ᠰᠡᠷᠭᠡᠶᠢᠯᠡᠨ ᠵᠠᠰᠠᠬᠤ ᠳᠤ᠂ ᠪᠣᠷᠳᠣᠭᠠᠨ ᠳᠤ ᠸᠢᠲ᠋ᠠᠮᠢᠨ C ᠨᠡᠮᠡᠪᠡᠯ ᠪᠡᠶ᠎ᠡ ᠶᠢᠨ ᠭᠡᠮ ᠬᠢᠵᠢᠭ ᠢ ᠡᠰᠡᠷᠭᠦᠴᠡᠬᠦ ᠬᠦᠴᠦᠨ ᠢ ᠨᠡᠮᠡᠭᠳᠡᠭᠦᠯᠵᠦ᠂ ᠭᠡᠮᠨᠡᠬᠦ ᠶᠠᠪᠤᠴᠠ ᠶᠢ ᠪᠣᠭᠤᠨᠢᠰᠬᠠᠨ ᠦᠬᠦᠬᠦ ᠨᠤᠷᠮ᠎ᠠ ᠶᠢ ᠪᠠᠭᠠᠰᠬᠠᠵᠦ ᠴᠢᠳᠠᠨ᠎ᠠ᠃ ᠭᠠᠭ᠋ᠠᠢ ᠨᠢ ᠭᠡᠮᠨᠡᠭᠰᠡᠨ ᠤ ᠰᠡᠭᠦᠯᠡᠷᠬᠢ ᠡᠳᠡᠭᠡᠷᠡᠬᠦ ᠬᠤᠭᠤᠴᠠᠭᠠᠨ ᠳᠤ᠂ ᠭᠡᠮ ᠬᠢᠵᠢᠭ ᠤᠨ ᠰᠢᠷᠬ᠎ᠠ ᠰᠤᠷᠪᠢ ᠠᠴᠠ ᠶᠡᠭᠡ ᠬᠡᠮᠵᠢᠶᠡᠨ ᠤ ᠰᠢᠮ᠎ᠡ ᠲᠡᠵᠢᠭᠡᠯ ᠪᠠ ᠸᠢᠲ᠋ᠠᠮᠢᠨ ᠢ ᠬᠡᠷᠡᠭᠰᠡᠵᠦ ᠰᠡᠷᠭᠦᠵᠦ ᠡᠳᠡᠭᠡᠷᠡᠬᠦ ᠲᠤᠯᠠ ᠡᠨᠡ ᠦᠶᠡᠰ ᠭᠠᠭ᠋ᠠᠢ ᠶᠢᠨ ᠪᠡᠶ᠎ᠡ ᠳᠤ ᠸᠢᠲ᠋ᠠᠮᠢᠨ C ᠶᠡᠭᠡᠪᠡᠷ ᠳᠣᠲᠠᠭᠳᠠᠵᠤ᠂ ᠵᠠᠷᠢᠮ ᠨᠢ ᠴᠢᠨᠠᠭᠰᠢᠯᠠᠪᠠᠯ ᠸᠢᠲ᠋ᠠᠮᠢᠨ C ᠳᠤᠲᠠᠭᠳᠠᠭᠰᠠᠨ ᠬᠡᠮ ᠡᠭᠦᠰᠬᠦ ᠪᠣᠯᠣᠨ᠎ᠠ᠂ ᠪᠣᠷᠳᠣᠭᠠᠨ ᠳᠤ 0.02% ᠤᠨ ᠸᠢᠲ᠋ᠠᠮᠢᠨ C ᠶᠢ ᠨᠡᠮᠡᠪᠡᠯ᠂ ᠪᠡᠶ᠎ᠡ ᠶᠢᠨ ᠭᠡᠮ ᠢ ᠡᠰᠡᠷᠭᠦᠴᠡᠬᠦ ᠬᠦᠴᠦᠨ ᠢ ᠨᠡᠮᠡᠭᠳᠡᠭᠦᠯᠵᠦ ᠴᠢᠳᠠᠨ᠎ᠠ᠃
     4. ᠴᠢᠰᠤ ᠳᠤᠲᠠᠬᠤ ᠠᠴᠠ ᠰᠡᠷᠭᠡᠶᠢᠯᠡᠨ᠂ ᠴᠢᠰᠤ ᠵᠣᠭᠰᠤᠭᠠᠬᠤ
     ᠸᠢᠲ᠋ᠠᠮᠢᠨ C ᠨᠢ ᠪᠠᠰᠠ ᠠᠩᠬᠢᠵᠢᠷᠠᠭᠤᠯᠬᠤ ᠴᠢᠨᠠᠷᠲᠠᠢ ᠪᠠᠶᠢᠳᠠᠭ ᠠᠴᠠ ᠲᠡᠮᠦᠷᠯᠢᠭ ᠢᠶᠤᠨ ᠤ  ᠰᠣᠯᠢᠯᠴᠠᠭ᠎ᠠ ᠶᠢᠨ ᠶᠠᠪᠤᠴᠠ ᠳᠤ ᠴᠢᠬᠤᠯᠠ ᠦᠢᠯᠡᠳᠦᠯ ᠦᠵᠡᠭᠦᠯᠦᠨ᠎ᠡ᠂ ᠸᠢᠲ᠋ᠠᠮᠢᠨ C ᠨᠢ ᠪᠣᠷᠳᠤᠭ᠎ᠠ ᠳᠠᠬᠢ ᠠᠮᠠᠷᠬᠠᠨ ᠰᠢᠩᠭᠡᠭᠡᠭᠳᠡᠬᠦ ᠦᠭᠡᠢ ᠭᠤᠷᠪᠠᠨ ᠸᠯᠧᠨ᠋ᠲᠳᠤ ᠲᠡᠮᠦᠷ ᠢ ᠬᠤᠶᠠᠷ ᠸᠯᠧᠨ᠋ᠲᠳᠤ ᠲᠡᠮᠦᠷ ᠪᠣᠯᠭᠠᠨ ᠠᠩᠭᠢᠵᠢᠷᠠᠭᠤᠯᠵᠤ᠂ ᠭᠡᠳᠡᠰᠦᠨ ᠤ ᠲᠡᠮᠦᠷ ᠢ ᠰᠢᠩᠭᠡᠭᠡᠵᠦ ᠠᠰᠢᠭᠯᠠᠬᠤ ᠶᠢ ᠠᠬᠢᠭᠤᠯᠤᠨ᠂ ᠡᠯᠢᠭᠡ ᠶᠢᠨ ᠲᠡᠮᠦᠷ ᠤᠨ ᠠᠰᠢᠭᠯᠠᠮᠵᠢ ᠶᠢ ᠳᠡᠭᠡᠭᠰᠢᠯᠡᠭᠦᠯᠵᠦ᠂ ᠲᠡᠮᠦᠷ ᠳᠤᠲᠠᠬᠤ ᠴᠢᠨᠠᠷᠲᠠᠢ ᠴᠢᠰᠤ ᠳᠤᠲᠠᠬᠤ ᠭᠡᠮ ᠢ ᠵᠠᠰᠠᠬᠤ ᠳᠤ ᠠᠰᠢᠭᠲᠠᠢ ᠪᠠᠶᠢᠳᠠᠭ᠃ ᠡᠭᠦᠨ ᠠᠴᠠ ᠭᠠᠳᠠᠨ᠎ᠠ᠂ ᠸᠢᠲ᠋ᠠᠮᠢᠨ C ᠶᠢ ᠨᠦᠬᠦᠪᠦᠷᠢᠯᠡᠪᠡᠯ ᠪᠠᠰᠠ ᠬᠢᠯᠭᠠᠰᠤᠨ ᠰᠤᠳᠠᠯ ᠤᠨ ᠨᠡᠪᠲᠡᠷᠡᠯᠲᠡ ᠶᠢᠨ ᠴᠢᠨᠠᠷ ᠪᠠ ᠬᠡᠪᠡᠷᠡᠭ ᠴᠢᠨᠠᠷ ᠢ ᠳᠤᠷᠤᠭᠰᠢᠯᠠᠭᠤᠯᠬᠤ ᠶᠢᠨ ᠤᠯᠠᠮ ᠠᠴᠠ ᠴᠢᠰᠤ ᠵᠣᠭᠰᠤᠭᠠᠬᠤ ᠵᠣᠷᠢᠯᠭ᠎ᠠ ᠳᠤ ᠬᠦᠷᠴᠦ ᠴᠢᠳᠠᠨ᠎ᠠ᠃ ᠡᠮᠴᠢᠯᠡᠭᠡᠨ ᠳᠡᠭᠡᠷ᠎ᠡ ᠭᠠᠭ᠋ᠠᠢ ᠭᠡᠮᠨᠡᠭᠡᠳ ᠴᠢᠴᠠᠭ᠎ᠠ ᠠᠯᠳᠠᠬᠤ ᠦᠶᠡᠰ ᠸᠢᠲ᠋ᠠᠮᠢᠨ C ᠨᠡᠮᠡᠪᠡᠯ᠂ ᠴᠢᠰᠤ ᠵᠣᠭᠰᠣᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠠᠯᠳᠠᠪᠤᠷᠢᠯᠠᠭᠰᠠᠨ ᠤ ᠳᠠᠷᠠᠭᠠᠬᠢ ᠡᠳᠡᠭᠡᠷᠡᠬᠦ ᠬᠤᠭᠤᠴᠠᠭ᠎ᠠ ᠶᠢ ᠪᠣᠭᠤᠨᠢᠰᠬᠠᠵᠤ᠂ ᠦᠬᠦᠯᠲᠡ ᠶᠢᠨ ᠨᠤᠷᠮ᠎ᠠ ᠶᠢ ᠪᠠᠭᠠᠰᠬᠠᠵᠦ ᠴᠢᠳᠠᠨ᠎ᠠ᠃
     5. ᠲᠣᠷᠦ᠋ᠢᠯᠠᠬᠤ ᠨᠣᠷᠮ᠎ᠠ ᠶᠢ ᠳᠡᠭᠡᠭᠰᠢᠯᠡᠭᠦᠯᠬᠦ
     ᠮᠡᠭᠡᠵᠢ ᠶᠢᠨ ᠬᠡᠭᠡᠯ ᠤᠨ ᠬᠤᠭᠤᠴᠠᠭᠠᠨ ᠳᠤ᠂ ᠸᠢᠲ᠋ᠠᠮᠢᠨ C ᠨᠢ ᠮᠡᠭᠡᠵᠢ ᠶᠢᠨ ᠪᠡᠶ᠎ᠡ ᠳᠣᠲᠣᠷ᠎ᠠ ᠨᠡᠶᠢᠯᠡᠬᠦ ᠪᠦᠭᠡᠳ ᠬᠡᠷᠡᠭᠴᠡᠭᠡ ᠶᠢ ᠬᠠᠩᠭᠠᠵᠦ ᠴᠢᠳᠠᠳᠠᠭ᠂ ᠭᠡᠪᠡᠴᠦ ᠬᠠᠯᠠᠭᠤᠨ ᠤ ᠰᠡᠷᠡᠯᠵᠢᠯ᠂ ᠤᠷᠴᠢᠨ ᠲᠤᠭᠤᠷᠢᠨ ᠤ ᠰᠡᠷᠡᠯᠵᠢᠯ᠂ ᠭᠡᠮ ᠬᠢᠵᠢᠭ ᠤᠨ ᠰᠡᠷᠡᠯᠵᠢᠯ ᠵᠡᠷᠭᠡ ᠪᠠᠶᠢᠳᠠᠯ ᠳᠣᠣᠷ᠎ᠠ᠂  ᠸᠢᠲ᠋ᠠᠮᠢᠨ C ᠶᠢᠨ ᠨᠡᠶᠢᠯᠡᠯᠭᠡ ᠳᠣᠷᠣᠭᠰᠢᠯᠠᠵᠤ᠂ ᠴᠢᠰᠤᠨ ᠳᠠᠬᠢ ᠠᠭᠤᠯᠤᠭᠳᠠᠴᠠ ᠨᠢ ᠪᠠᠭᠤᠷᠠᠭᠠᠳ᠂ ᠲᠣᠷᠦ᠋ᠢᠯᠠᠬᠤ ᠨᠣᠷᠮ᠎ᠠ ᠶᠢ ᠨᠦᠯᠦᠭᠡᠯᠡᠳᠡᠭ ᠠᠴᠠ ᠸᠢᠲ᠋ᠠᠮᠢᠨ C ᠶᠢ ᠴᠠᠭ ᠲᠤᠬᠠᠢ ᠳᠤᠨᠢ ᠨᠡᠮᠡᠬᠦ ᠬᠡᠷᠡᠭᠲᠡᠢ᠂ ᠲᠣᠨ ᠪᠦᠷᠢ ᠪᠣᠷᠳᠣᠭᠠᠨ ᠳᠤ 150~200 ᠭᠷᠡᠮ ᠸᠢᠲ᠋ᠠᠮᠢᠨ C ᠶᠢ ᠨᠡᠮᠡᠪᠡᠯ᠂ ᠶᠠᠳᠠᠷ ᠲᠣᠷᠣᠢ ᠲᠣᠷᠦ᠋ᠢᠯᠠᠬᠤ ᠠᠴᠠ ᠰᠡᠷᠭᠡᠶᠢᠯᠡᠨ᠂ ᠲᠣᠷᠣᠢ ᠶᠢᠨ ᠡᠳᠡᠭᠡᠷᠡᠯᠲᠡ ᠶᠢ ᠳᠡᠭᠡᠭᠰᠢᠯᠡᠭᠦᠯᠵᠦ ᠴᠢᠳᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ