ᠵᠤᠨ ᠤ  ᠬᠠᠯᠠᠭᠤᠨ ᠳᠤ ᠰᠠᠭᠠᠯᠢ ᠶᠢᠨ ᠦᠨᠢᠶ᠎ᠡ ᠳᠤ ᠤᠰᠤ ᠤᠤᠭᠤᠯᠭᠠᠵᠤ ᠰᠡᠷᠢᠭᠦᠴᠡᠭᠦᠯᠬᠦ ᠠᠷᠭ᠎ᠠ
ᠨᠡᠶᠢᠲᠡᠯᠡᠭᠰᠡᠨ ᠴᠠᠭ᠄
2018/12/6

       ᠰᠠᠭᠠᠯᠢ ᠶᠢᠨ ᠬᠤᠭᠤᠴᠠᠭᠠᠨ ᠤ ᠦᠨᠢᠶᠡᠨ ᠤ ᠬᠡᠷᠡᠭᠰᠡᠬᠦ ᠤᠰᠤᠨ ᠤ ᠬᠡᠮᠵᠢᠶ᠎ᠡ ᠨᠢ ᠰᠠᠭᠠᠯᠢ ᠶᠢᠨ ᠪᠤᠰᠤ ᠬᠤᠭᠤᠴᠠᠭᠠᠨ ᠤ ᠦᠨᠢᠶ᠎ᠡ ᠠᠴᠠ ᠬᠤᠯᠠ ᠠᠷᠪᠢᠨ ᠪᠠᠶᠢᠳᠠᠭ᠃ ᠬᠡᠷᠪᠡ ᠡᠳᠤᠷ ᠤᠨ ᠰᠦᠨ ᠭᠠᠷᠤᠯᠲᠠ ᠨᠢ 30 ᠺᠢᠯᠤᠭ᠍ᠷᠡᠮ ᠪᠤᠯ ᠡᠳᠤᠷ ᠪᠦᠷᠢ 90~110 ᠺᠢᠯᠤᠭ᠍ᠷᠡᠮ ᠤᠰᠤ ᠬᠠᠩᠭᠠᠪᠠᠯ ᠰᠠᠶ᠋ᠢ ᠰᠠᠭᠠᠯᠢ ᠶᠢᠨ ᠦᠨᠢᠶᠡᠨ ᠤ ᠬᠡᠷᠡᠭᠴᠡᠭᠡ ᠶᠢ ᠬᠠᠩᠭᠠᠵᠤ ᠴᠢᠳᠠᠨ᠎ᠠ᠃ ᠵᠠᠯᠠᠭᠤ ᠰᠠᠭᠠᠯᠢ ᠶᠢᠨ ᠦᠨᠢᠶ᠎ᠡ ᠪᠠ ᠲᠤᠭᠤᠯ ᠤᠨ ᠡᠳᠤᠷ ᠪᠦᠷᠢ ᠶᠢᠨ ᠬᠡᠷᠡᠭᠰᠡᠬᠦ ᠤᠰᠤᠨ ᠤ ᠬᠡᠮᠵᠢᠶ᠎ᠡ ᠨᠢ ᠢᠯᠭᠠᠭ᠎ᠠ ᠲᠠᠢ ᠪᠠᠶᠢᠳᠠᠭ᠂ 1 ᠰᠠᠷ᠎ᠠ ᠪᠣᠯᠣᠭᠰᠠᠨ ᠲᠤᠭᠤᠯ ᠤᠨ ᠬᠡᠷᠡᠭᠰᠡᠬᠦ ᠤᠰᠤ ᠨᠢ ᠭᠤᠤᠯᠳᠠᠭᠤ ᠰᠦᠨ ᠲᠤᠳᠤᠷᠠᠬᠢ ᠤᠰᠤᠨ ᠠᠴᠠ ᠢᠷᠡᠯᠲᠡᠢ ᠪᠠᠶᠢᠵᠤ᠂ 1~3 ᠰᠠᠷ᠎ᠠ ᠪᠣᠯᠣᠭᠰᠠᠨ ᠲᠤᠭᠤᠯ ᠳᠤ ᠡᠳᠤᠷ ᠪᠦᠷᠢ 10 ᠺᠢᠯᠤᠭ᠍ᠷᠡᠮ ᠣᠷᠴᠢᠮ ᠤᠨ ᠤᠰᠤ ᠬᠠᠩᠭᠠᠬᠤ ᠶᠢ ᠱᠠᠭᠠᠷᠳᠠᠨ᠎ᠠ᠂ 3~6 ᠰᠠᠷ᠎ᠠ ᠪᠣᠯᠣᠭᠰᠠᠨ ᠲᠤᠭᠤᠯ ᠨᠢ 15 ᠺᠢᠯᠤᠭ᠍ᠷᠡᠮ ᠱᠠᠭᠠᠷᠳᠠᠨ᠎ᠠ᠂ ᠵᠠᠯᠠᠭᠤ ᠦᠨᠢᠶ᠎ᠡ ᠨᠢ ᠲᠤᠮᠳᠠᠴᠢ ᠪᠠᠷ ᠡᠳᠤᠷ ᠪᠦᠷᠢ 30 ᠺᠢᠯᠤᠭ᠍ᠷᠡᠮ ᠤᠷᠴᠢᠮ ᠤᠰᠤ ᠬᠡᠷᠡᠭᠰᠡᠨ᠎ᠡ᠃ ᠨᠦᠬᠦᠴᠡᠯ ᠲᠠᠢ ᠦᠭᠡᠷ ᠲᠡᠵᠢᠭᠡᠬᠦ ᠲᠠᠯᠠᠪᠠᠢ ︵ᠠᠶᠢᠯ︶ ᠪᠣᠯ ᠦᠬᠡᠷ ᠤᠨ ᠬᠠᠰᠢᠶᠠᠨ ᠳᠤ ᠠᠦ᠋ᠲ᠋ᠤ᠋ ᠤᠰᠤᠨ ᠤ ᠮᠠᠰᠢᠨ ᠲᠠᠭᠠᠷᠠᠭᠤᠯᠵᠤ᠂ ᠦᠬᠡᠷ ᠲᠤ ᠴᠠᠭ ᠢᠮᠠᠭᠲᠠ ᠤᠰᠤ ᠬᠠᠩᠭᠠᠨ᠎ᠠ᠃ ᠡᠰᠡᠭᠦᠯ᠎ᠡ ᠦᠬᠡᠷ ᠲᠤ ᠡᠳᠤᠷ ᠪᠦᠷᠢ ᠲᠣᠭᠲᠠᠮᠠᠯ ᠴᠠᠭ ᠲᠤ ᠤᠰᠤ ᠬᠠᠩᠭᠠᠨ᠎ᠠ᠂ ᠶᠡᠷᠦ ᠳᠡᠭᠡᠨ ᠡᠳᠤᠷ ᠪᠦᠷᠢ 3~4 ᠤᠳᠠᠭ᠎ᠠ᠂ ᠵᠤᠨ ᠤ ᠤᠯᠠᠷᠢᠯ ᠳᠤ ᠪᠣᠯ ᠡᠳᠤᠷ ᠪᠦᠷᠢ 5~6 ᠤᠳᠠᠭ᠎ᠠ ᠤᠰᠤᠯᠠᠨ᠎ᠠ᠃ ᠬᠦᠳᠡᠯᠭᠡᠭᠡᠨ ᠤ ᠲᠠᠯᠠᠪᠤᠷ ᠲᠤ ᠤᠰᠤᠨ ᠤ ᠤᠩᠭᠤᠴᠠ ᠲᠤᠬᠢᠷᠠᠭᠤᠯᠵᠤ᠂ ᠴᠡᠪᠡᠷ ᠤᠰᠤ ᠬᠠᠩᠭᠠᠬᠤ ᠶᠢ ᠪᠠᠳᠤᠯᠠᠨ᠎ᠠ᠃ ᠶᠡᠷᠤᠩᠬᠡᠶᠢᠯᠡᠪᠡᠯ᠂ ᠶᠠᠮᠠᠷ ᠠᠷᠭ᠎ᠠ ᠪᠠᠷ ᠤᠰᠤ ᠬᠠᠩᠭᠠᠭᠰᠠᠨ ᠴᠦ ᠰᠠᠭᠠᠯᠢ ᠶᠢᠨ ᠦᠨᠢᠶᠡᠨ ᠤ ᠬᠦᠢᠴᠡᠳ ᠤᠰᠤ ᠣᠯᠵᠤ ᠤᠤᠭᠤᠬᠤ ᠶᠢ ᠪᠠᠳᠤᠯᠠᠬᠤ ᠬᠡᠷᠡᠭᠲᠡᠢ᠃
       ᠵᠤᠨ ᠤ ᠤᠯᠠᠷᠢᠯ ᠳᠤ ᠰᠠᠭᠠᠯᠢ ᠶᠢᠨ ᠦᠨᠢᠶ᠎ᠡ ᠳᠤ ᠬᠦᠢᠳᠡᠨ ᠤᠰᠤ ᠬᠠᠩᠭᠠᠬᠤ ᠪᠤᠶᠤ ᠤᠤᠭᠤᠬᠤ ᠤᠰᠤᠨ ᠳᠤᠨᠢ ᠬᠠᠯᠠᠭᠤᠨ ᠤ ᠰᠡᠷᠡᠯᠵᠢᠯ ᠢ ᠰᠡᠷᠭᠡᠶᠢᠯᠡᠬᠦ ᠡᠮ ᠨᠡᠮᠡᠪᠡᠯ ᠵᠣᠬᠢᠨ᠎ᠠ᠂ ᠵᠢᠱᠢᠶᠡᠯᠡᠪᠡᠯ ᠪᠠᠭ᠎ᠠ ᠰᠤᠳᠠ᠂ ᠸᠢᠲ᠋ᠠᠮᠢᠨ C ᠮᠡᠳᠤ᠂ ᠤᠤᠭᠤᠬᠤ ᠤᠰᠤᠨ ᠤ ᠲᠦᠬᠦᠭᠡᠷᠤᠮᠵᠢ ᠶᠢ ᠨᠡᠮᠡᠭᠳᠡᠭᠦᠯᠵᠦ᠂ ᠤᠰᠤ ᠬᠦᠢᠴᠡᠳ ᠪᠠᠶᠢᠬᠤ ᠶᠢ ᠪᠠᠲᠤᠯᠠᠨ᠂ ᠤᠰᠤᠯᠠᠬᠤ ᠤᠳᠠᠭ᠎ᠠ ᠪᠠ ᠤᠰᠤ ᠤᠤᠭᠤᠬᠤ ᠴᠠᠭ ᠢ ᠨᠡᠮᠡᠭᠳᠡᠭᠦᠯᠬᠦ ᠪᠤᠶᠤ ᠦᠨᠳᠦᠷ ᠬᠠᠯᠠᠭᠤᠨ ᠡᠳᠤᠷ ᠢᠶᠠᠷ ᠰᠠᠭᠠᠯᠢ ᠶᠢᠨ ᠦᠨᠢᠶ᠎ᠡ ᠳᠤ ᠨᠤᠭᠤᠭᠠᠨ ᠪᠤᠷᠴᠠᠭ ᠤᠨ ᠰᠦᠮᠦᠰᠦ ᠤᠤᠭᠤᠯᠭᠠᠵᠤ᠂ ᠰᠠᠭᠠᠯᠢ ᠶᠢᠨ ᠦᠨᠢᠶᠡᠨ ᠤ ᠬᠠᠯᠠᠭᠤᠨ ᠤ ᠰᠡᠷᠡᠯᠵᠢᠯ ᠢ ᠪᠠᠭᠠᠰᠬᠠᠵᠤ᠂ ᠰᠦᠨ ᠭᠠᠷᠤᠯᠲᠠ ᠶᠢ ᠨᠡᠮᠡᠭᠳᠡᠭᠦᠯᠦᠨ᠎ᠡ᠃ ᠲᠤᠭᠤᠯᠯᠠᠭᠰᠠᠨ ᠤ ᠲᠠᠷᠠᠭᠠᠬᠢ ᠰᠠᠭᠠᠯᠢ ᠶᠢᠨ ᠦᠨᠢᠶ᠎ᠡ ᠳᠤ ᠵᠣᠬᠢᠬᠤ ᠬᠡᠮᠵᠢᠶᠡᠨ ᠤ ᠬᠠᠯᠠᠭᠤᠨ ᠤᠰᠤ ᠤᠤᠭᠤᠯᠭᠠᠪᠠᠯ᠂ ᠰᠠᠭᠠᠯᠢ ᠶᠢᠨ ᠦᠨᠢᠶᠡᠨ ᠤ ᠬᠠᠷᠪᠢᠰᠤ ᠶᠢᠨ ᠤᠷᠤᠭᠰᠢᠲᠠᠢ ᠭᠠᠳᠠᠭᠰᠢᠯᠠᠬᠤ ᠶᠢ ᠠᠬᠢᠭᠤᠯᠵᠤ ᠴᠢᠳᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ