ᠬᠢᠩᠭᠠᠨ ᠠᠶᠢᠮᠠᠭ ᠬᠦᠬᠡᠬᠤᠳᠠ ᠳᠤ ᠡᠪᠦᠯ ᠤᠨ ᠤᠯᠠᠷᠢᠯ ᠤᠨ ᠵᠢᠭᠤᠯᠴᠢᠯᠠᠯ ᠢᠶᠠᠨ ᠲᠠᠨᠢᠯᠴᠠᠭᠤᠯᠵᠠᠢ  ᠪᠦ᠋ ᠰᠢᠶᠤᠤ ᠯᠢᠨ ᠲᠠᠨᠢᠯᠴᠠᠭᠤᠯᠬᠤ ᠠᠵᠢᠯᠯᠠᠭ᠎ᠠ ᠳᠤ ᠤᠷᠤᠯᠴᠠᠪᠠ
ᠨᠡᠶᠢᠲᠡᠯᠡᠭᠰᠡᠨ ᠴᠠᠭ᠄
2018/12/7
      12 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠠ᠂ ᠬᠢᠩᠭᠠᠨ ᠠᠶᠢᠮᠠᠭ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠵᠢᠴᠢ ᠷᠠᠰᠢᠶᠠᠨ ᠤ ᠤᠯᠠᠨ ᠤᠯᠤᠰ ᠤᠨ ᠪᠡᠶ᠎ᠠ ᠰᠤᠪᠢᠯᠠᠯᠳᠠ ᠶᠢᠨ ᠮᠦᠰᠦ ᠴᠠᠰᠦᠨ ᠤ ᠨᠠᠶᠢᠷ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠲᠠᠨᠢᠯᠴᠠᠭᠤᠯᠬᠤ ᠠᠵᠢᠯᠯᠠᠭ᠎ᠠ ᠳᠤ ᠤᠷᠤᠯᠴᠠᠬᠤ ᠶᠢᠨ ᠬᠠᠮᠳᠤ ︽ᠬᠢᠩᠭᠠᠨ ᠠᠶᠢᠮᠠᠭ ᠤᠨ ᠮᠦᠰᠦ ᠴᠠᠰᠦᠨ ᠤ ᠵᠢᠭᠤᠯᠴᠢᠯᠠᠯ ᠤᠨ ᠤᠯᠠᠷᠢᠯ︾᠎ ᠤᠨ ᠠᠵᠢᠯᠯᠠᠭ᠎ᠠ ᠶᠢ ᠡᠬᠢᠯᠡᠭᠦᠯᠪᠠ᠃      ᠰᠤᠨᠢᠨ ᠮᠡᠳᠡᠭᠡ ᠨᠡᠶᠢᠲᠡᠯᠡᠬᠦ ᠬᠤᠷᠠᠯ ᠨᠢ ᠲᠠᠨᠢᠯᠴᠠᠭᠤᠯᠭ᠎ᠠ ᠪᠠ ᠦᠵᠡᠬᠦᠯᠭᠡ ᠶᠢᠨ ᠬᠡᠯᠪᠡᠷᠢ ᠪᠠᠷ ᠬᠢᠩᠭᠠᠨ ᠠᠶᠢᠮᠠᠭ ᠤᠨ ᠵᠢᠭᠤᠯᠴᠢᠯᠠᠯ ᠤᠨ ᠡᠬᠢ ᠪᠠᠶᠠᠯᠢᠭ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠳᠭᠦᠨ ᠪᠠ ᠬᠠᠷᠠᠭᠠᠯᠵᠠᠯ ᠤᠨ ᠡᠵᠡᠩᠨᠡᠨ ᠪᠤᠷᠤᠯᠠᠭᠤᠯᠬᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠨᠢᠯᠴᠠᠭᠤᠯᠵᠤ᠂ ᠬᠢᠩᠭᠠᠨ ᠠᠶᠢᠮᠠᠭ ᠤᠨ ︽ᠡᠪᠦᠯ ᠤᠨ ᠤᠯᠠᠷᠢᠯ ᠤᠨ ᠵᠢᠭᠤᠯᠴᠢᠯᠠᠯ︾᠎ ᠤᠨ ᠲᠦᠷᠦᠯ ᠲᠡᠮᠳᠡᠭ ᠢ ᠴᠤᠬᠴᠠᠯᠠᠵᠤ᠂ ᠷᠠᠰᠢᠶᠠᠨ ᠤ ᠤᠯᠠᠨ ᠤᠯᠤᠰ ᠤᠨ ᠪᠡᠶ᠎ᠠ ᠰᠤᠪᠢᠯᠠᠯᠳᠠ ᠶᠢᠨ ᠮᠦᠰᠦ ᠴᠠᠰᠤᠨ ᠤ ᠨᠠᠶᠢᠷ ᠤᠨ ᠠᠵᠢᠯᠯᠠᠭ᠎ᠠ ᠪᠠᠷ ᠡᠬᠢᠯᠡᠭᠦᠯᠦᠨ᠂ ᠬᠢᠩᠭᠠᠨ ᠠᠶᠢᠮᠠᠭ ᠤᠨ ︽ᠵᠢᠭᠤᠯᠴᠢᠯᠠᠯ ᠤᠨ ᠦᠢᠯᠡᠰ ᠤᠨ ᠲᠠᠪᠠᠯᠳᠠᠳᠤ ᠬᠦᠭᠵᠢᠯᠳᠡ ᠶᠢᠨ ᠲᠦᠷᠦ ᠶᠢᠨ ᠪᠤᠳᠤᠯᠭ᠎ᠠ︾᠎ ᠶᠢᠨ ᠬᠦᠰᠢᠭᠡ ᠶᠢ ᠰᠡᠭᠦᠵᠡᠢ᠃      ᠤᠶᠢᠯᠠᠭᠠᠭᠰᠠᠨ ᠢᠶᠠᠷ᠂ ᠠᠷᠪᠠᠨ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ᠂ ᠷᠠᠰᠢᠶᠠᠨ ᠤ ᠤᠯᠠᠨ ᠤᠯᠤᠰ ᠤᠨ ᠪᠡᠶ᠎ᠠ ᠰᠤᠪᠢᠯᠠᠯᠳᠠ ᠶᠢᠨ ᠮᠦᠰᠦ ᠴᠠᠰᠦᠨ ᠤ ᠨᠠᠶᠢᠷ ᠨᠢ 12 ᠳ᠋ᠤᠭᠠᠷ ᠰᠠᠷ᠎ᠠ ᠶᠢᠨ 21᠎ ᠤ ᠡᠳᠦᠷ ᠷᠠᠰᠢᠶᠠᠨ ᠬᠤᠳᠠ ᠳᠤ ᠡᠬᠢᠯᠡᠭᠦ ᠪᠤᠯᠤᠨ᠎ᠠ᠂ ᠨᠠᠶᠢᠷ ᠤᠨ ᠬᠤᠭᠤᠴᠠᠭᠠᠨ ᠳᠤ 25 ᠵᠦᠢᠯ ᠤᠨ ᠪᠠᠶᠢᠩᠭᠤᠵᠢᠭᠰᠠᠨ ᠵᠢᠭᠤᠯᠴᠢᠯᠠᠯ ᠤᠨ ᠦᠢᠯᠡᠳᠭᠦᠨ᠂ 15 ᠲᠦᠷᠦᠯ ᠤᠨ ᠪᠠᠶᠠᠷ ᠨᠠᠶᠢᠷ᠂ ᠤᠷᠤᠯᠳᠤᠭᠠᠨ ᠤ ᠲᠦᠷᠦᠯ᠂ ᠶᠠᠷᠢᠶᠠᠨ ᠤ ᠲᠠᠪᠴᠠᠩ ᠤᠨ ᠠᠵᠢᠯᠯᠠᠭ᠎ᠠ ᠪᠠ 4 ᠵᠤᠷᠪᠤᠰ ᠰᠤᠳᠤᠨ ᠵᠠᠮ ᠱᠤᠭᠤᠮ ᠢ ᠬᠠᠩᠭᠠᠵᠤ᠂ ᠦᠷᠭᠡᠨ ᠤᠯᠠᠨ ᠵᠢᠭᠤᠯᠴᠢᠯᠠᠭᠰᠠᠳ ᠤᠨ ᠮᠦᠰᠦ ᠴᠠᠰᠦ ᠶᠢ ᠰᠤᠨᠢᠷᠬᠠᠨ ᠮᠦᠰᠦ ᠴᠠᠰᠦᠨ ᠳᠤ ᠨᠠᠭᠠᠳᠬᠤ ᠬᠡᠷᠡᠭᠴᠡᠭᠡ ᠶᠢ ᠬᠠᠩᠭᠠᠵᠤ᠂ ᠨᠡᠩ ᠤᠯᠠᠨ ᠬᠦᠮᠦᠨ ᠢ ᠲᠠᠳᠠᠨ ᠬᠢᠩᠭᠠᠨ ᠠᠶᠢᠮᠠᠭ ᠢ ᠤᠶᠢᠯᠠᠭᠠᠭᠤᠯᠵᠤ᠂ ᠷᠠᠰᠢᠶᠠᠨ ᠳᠤ ᠬᠦᠷᠴᠤ᠂ ᠦᠨᠳᠦᠷ ᠰᠦᠷᠯᠢᠭ ᠬᠢᠩᠭᠠᠨ ᠲᠠᠪᠠᠭ᠎ᠠ᠂ ᠵᠡᠭᠦᠳᠦ ᠵᠡᠷᠭᠡᠯᠭᠡᠨ ᠮᠡᠳᠦ ᠷᠠᠰᠢᠶᠠᠨ ᠤ ᠷᠢᠳᠢ ᠰᠢᠳᠢ ᠶᠢ ᠮᠡᠳᠡᠷᠡᠭᠦᠯᠭᠦ ᠪᠤᠯᠤᠨ᠎ᠠ᠃      ᠬᠢᠩᠭᠠᠨ ᠠᠶᠢᠮᠠᠭ ᠤᠨ ᠵᠢᠭᠤᠯᠴᠢᠯᠠᠯ ᠰᠤᠶᠤᠯ ᠤᠨ ᠡᠬᠢ ᠪᠠᠶᠠᠯᠢᠭ ᠡᠯᠪᠡᠭ ᠲᠡᠯᠪᠡᠭ ᠪᠦᠭᠡᠳ ᠦᠪᠡᠷᠮᠢᠴᠠ ᠤᠨᠴᠠᠯᠢᠭ ᠲᠠᠢ᠂ ︽ᠬᠤᠶᠠᠷ ᠲᠦᠷᠦᠯ ᠤᠨ ᠲᠤᠳᠤᠷᠭ᠎ᠠ ᠬᠤᠶᠠᠷ ᠡᠭᠦᠯᠳᠡᠷ ᠤᠨ ᠦᠭᠡᠷ᠂ ᠵᠢᠭᠤᠯᠴᠢᠯᠠᠯ ᠤᠨ ᠦᠢᠯᠡᠰ ᠎ ᠢ ᠬᠦᠭᠵᠢᠶᠡᠨᠳᠡᠢ ᠬᠦᠭᠵᠢᠭᠦᠯᠭᠦ︾ ᠬᠦᠭᠵᠢᠯᠳᠡ ᠶᠢᠨ ᠰᠡᠳᠬᠢᠴᠠ ᠶᠤᠰᠤᠭᠠᠷ᠂ ᠤᠷᠤᠨ ᠪᠦᠰᠡ ᠶᠢᠨ ᠵᠢᠭᠤᠯᠴᠢᠯᠠᠯ᠂ ᠲᠦᠷᠪᠠᠨ ᠤᠯᠠᠷᠢᠯ ᠤᠨ ᠵᠢᠭᠤᠯᠴᠢᠯᠠᠯ ᠢ ᠶᠡᠭᠡ ᠪᠠᠷ ᠬᠡᠷᠡᠭᠵᠢᠭᠦᠯᠵᠤ᠂ ᠷᠠᠰᠢᠶᠠᠨ ᠢᠶᠠᠷ ᠲᠠᠭᠠᠭᠤᠯᠤᠭᠤᠯᠤᠨ ᠭᠤᠤᠯ ᠪᠤᠯᠭᠠᠬᠰᠠᠨ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ ᠪᠠ ᠤᠯᠠᠭᠠᠨᠬᠤᠳᠠ ᠪᠠᠷ ᠬᠤᠶᠠᠷ ᠵᠢᠭᠦᠷ ᠪᠤᠯᠭᠠᠬᠰᠠᠨ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠪᠠ ᠲᠦᠴᠢᠤᠸᠠᠨ ᠰᠢᠶᠠᠨ ᠢᠶᠠᠷ ᠲᠤᠯᠭᠠᠭᠤᠷᠢᠯᠠᠯ ᠪᠤᠯᠭᠠᠬᠰᠠᠨ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠳᠡ ᠶᠢᠨ ᠰᠢᠨ᠎ᠠ ᠪᠠᠶᠢᠷᠢᠰᠢᠯ ᠢ ᠬᠦᠴᠦᠯᠡᠨ ᠴᠤᠬᠴᠠᠯᠠᠵᠤ᠂ ᠵᠢᠭᠤᠯᠴᠢᠯᠠᠯ ᠤᠨ ᠲᠦᠷᠦᠯ ᠲᠡᠮᠳᠡᠭᠳᠦ ᠶᠢᠨ ᠰᠢᠨ᠎ᠠ ᠲᠦᠷᠢ ᠲᠦᠷᠭᠦ ᠶᠢ ᠪᠤᠢ ᠪᠤᠯᠭᠠᠨ᠂ ᠵᠢᠭᠤᠯᠴᠢᠯᠠᠯ ᠤᠨ ᠠᠵᠤ ᠦᠢᠯᠡᠰ ᠤᠨ  ᠦᠷᠢᠰᠦᠯᠳᠦᠬᠦ  ᠬᠦᠴᠦᠨ ᠢ  ᠪᠦᠳᠦᠮᠵᠢᠳᠡᠢ  ᠲᠡᠭᠡᠭᠰᠢᠯᠡᠭᠦᠯᠪᠡ᠃      ᠬᠦᠬᠡᠬᠤᠳᠠ ᠤᠷᠤᠨ ᠤ 104 ᠵᠢᠭᠤᠯᠴᠢᠯᠠᠯ ᠤᠨ ᠭᠠᠵᠠᠷ ᠪᠠ 80 ᠭᠠᠷᠤᠢ ᠰᠤᠨᠢᠨ ᠮᠡᠳᠡᠭᠡ ᠵᠠᠭᠤᠴᠢᠯᠠᠭᠤᠷ ᠎ ᠤᠨ ᠬᠢᠨ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号