ᠰᠠᠭᠠᠯᠢ ᠶᠢᠨ ᠢᠮᠠᠭ᠎ᠠ ᠶᠢ ᠲᠡᠵᠢᠭᠡᠬᠦ ᠳᠤ ᠠᠩᠬᠠᠷᠬᠤ ᠪᠠ ᠴᠡᠭᠡᠷᠯᠡᠬᠦ ᠴᠢᠬᠤᠯᠠᠲᠠᠢ ᠵᠦᠢᠯ
ᠨᠡᠶᠢᠲᠡᠯᠡᠭᠰᠡᠨ ᠴᠠᠭ᠄
2018/12/7

       1. ᠢᠮᠠᠭ᠎ᠠ ᠲᠡᠵᠢᠭᠡᠬᠦ ᠳᠤ ᠬᠦᠴᠦ ᠣᠷᠣᠭᠤᠯᠬᠤ ᠦᠭᠡᠢ᠄ ᠣᠯᠠᠩᠬᠢ ᠢᠮᠠᠭ᠎ᠠ ᠲᠡᠵᠢᠭᠡᠬᠦ ᠡᠷᠦᠬᠡ ᠠᠮᠠᠷ ᠢ ᠪᠣᠳᠣᠵᠤ᠂ ᠡᠪᠡᠰᠦ ᠪᠤᠶᠤ ᠡᠰᠢ ᠰᠦᠷᠡᠯ ᠢ ᠪᠦᠬᠦᠯᠢ ᠢᠶᠠᠷ ᠰᠢᠭᠤᠳ ᠬᠠᠰᠢᠶ᠎ᠠ ᠬᠤᠷᠤᠭᠠᠨ ᠳᠤᠨᠢ ᠬᠠᠶᠠᠵᠤ ᠲᠡᠵᠢᠭᠡᠨ᠂ ᠴᠢᠨᠠᠭᠰᠢᠯᠠᠪᠠᠯ ᠨᠠᠷᠢᠯᠢᠭ ᠪᠣᠷᠳᠤᠭ᠎ᠠ ᠪᠤᠶᠤ ᠡᠷᠦᠳᠡᠰᠦ ᠪᠣᠳᠠᠰ᠂ ᠨᠡᠮᠡᠯᠲᠡ ᠡᠳ᠋ ᠨᠡᠮᠡᠵᠦ ᠲᠡᠵᠢᠭᠡᠬᠦ ᠦᠭᠡᠢ ᠪᠠᠶᠢᠳᠠᠭ᠃
       2. ᠬᠢᠵᠢᠭ ᠰᠡᠷᠭᠡᠶᠢᠯᠡᠬᠦ ᠪᠠ ᠬᠤᠷᠣᠬᠠᠢ ᠲᠠᠭᠤᠬᠤ ᠦᠭᠡᠢ᠄ ᠣᠯᠠᠩᠬᠢ ᠢᠮᠠᠭ᠎ᠠ ᠲᠡᠵᠢᠭᠡᠬᠦ ᠡᠷᠦᠬᠡ ᠨᠢ ᠢᠮᠠᠭ᠎ᠠ ᠶᠢ ᠠᠮᠠᠷᠬᠠᠨ ᠭᠡᠮᠨᠡᠬᠦ ᠦᠭᠡᠢ᠂ ᠰᠡᠷᠭᠡᠶᠢᠯᠡᠯᠲᠡ ᠶᠢᠨ ᠲᠠᠷᠢᠯᠭ᠎ᠠ ᠬᠢᠬᠦ ᠴᠢᠬᠤᠯᠠ ᠦᠭᠡᠢ᠂ ᠬᠤᠷᠣᠬᠠᠢ ᠲᠠᠭᠤᠬᠤ ᠨᠢ ᠨᠡᠩ ᠴᠦ ᠨᠢᠭᠡ ᠵᠦᠢᠯ ᠤᠨ ᠢᠯᠡᠭᠦᠴᠡ ᠬᠡᠷᠡᠭ᠂ ᠵᠣᠭᠤᠰ ᠢ ᠲᠠᠯᠠᠭᠠᠷ ᠪᠦᠷᠢᠯᠭᠡᠵᠦ ᠪᠠᠶᠢᠬᠤ ᠬᠡᠷᠡᠭ ᠭᠡᠵᠦ ᠦᠵᠡᠭᠡᠳ᠂ ᠬᠠᠷᠢᠨ ᠬᠠᠯᠳᠠᠪᠤᠷᠢᠲᠦ ᠭᠡᠮ᠂ ᠮᠦᠯᠵᠢᠭᠦᠷ ᠬᠤᠷᠣᠬᠠᠢ ᠶᠢᠨ ᠭᠡᠮ ᠤᠨ ᠢᠮᠠᠭ᠎ᠠ ᠲᠡᠵᠢᠭᠡᠬᠦ ᠦᠢᠯᠡᠰ ᠲᠠᠬᠢ ᠬᠠᠮᠤᠭ ᠤᠨ ᠶᠡᠭᠡ ᠬᠤᠤᠷ ᠬᠦᠨᠦᠭᠡᠯ ᠢ ᠮᠡᠳᠡᠬᠦ ᠦᠭᠡᠢ ᠪᠠᠶᠢᠳᠠᠭ᠃
       3. ᠣᠶᠢᠷ᠎ᠠ ᠲᠥᠷᠥᠯ ᠢᠶᠠᠷ ᠬᠡᠭᠡᠯᠲᠦᠬᠦ᠄ ᠢᠮᠠᠭ᠎ᠠ ᠶᠢ ᠦᠷᠡᠵᠢᠭᠦᠯᠬᠦ ᠳᠡᠭᠡᠷ᠎ᠡ ᠣᠯᠠᠩᠬᠢ ᠬᠥᠮᠥᠰ ᠳᠦᠭᠦᠮ ᠢ ᠪᠣᠳᠣᠵᠤ᠂ ᠤᠬᠤᠨ᠎ᠠ ᠶᠢ ᠰᠣᠩᠭᠤᠬᠤ ᠦᠭᠡᠢ᠂ ᠳᠣᠷ᠎ᠠ ᠪᠠᠷ ᠬᠡᠭᠡᠯᠲᠦᠭᠦᠯᠦᠭᠰᠡᠨ ᠠᠴᠠ ᠣᠶᠢᠷ᠎ᠠ ᠲᠦᠷᠦᠯ ᠢᠶᠠᠷ ᠬᠡᠭᠡᠯᠳᠦᠵᠦ᠂ ᠡᠭᠦᠯᠳᠡᠷ ᠳᠤᠷᠦ᠋ᠢᠲᠠᠭᠠᠳ᠂ ᠦᠷᠡᠵᠢᠯ ᠤᠨ ᠴᠢᠳᠠᠪᠤᠷᠢ ᠳᠣᠷᠣᠭᠰᠢᠯᠠᠬᠤ ᠪᠠᠶᠢᠳᠠᠯ ᠢᠯᠡᠷᠡᠭᠰᠡᠨ ᠪᠠᠶᠢᠨ᠎ᠠ᠃
       4. ᠡᠷ᠎ᠡ ᠡᠮ᠎ᠡ ᠢᠮᠠᠭ᠎ᠠ ᠶᠢ ᠬᠠᠮᠳᠤ ᠲᠡᠵᠢᠭᠡᠬᠦ᠄ ᠡᠷ᠎ᠡ ᠢᠮᠠᠭ᠎ᠠ ᠶᠢᠨ ᠪᠡᠯᠭᠡ ᠨᠢ ᠪᠣᠯᠪᠠᠰᠣᠷᠠᠭᠰᠠᠨ ᠤ ᠰᠡᠭᠦᠯᠡᠷ ᠵᠠᠪᠠᠯ ᠡᠮ᠎ᠡ ᠢᠮᠠᠭ᠎ᠠ ᠠᠴᠠ ᠰᠠᠯᠭᠠᠵᠦ ᠲᠡᠵᠢᠭᠡᠬᠦ ᠬᠡᠷᠡᠭᠲᠡᠢ᠃
       5. ᠢᠰᠢᠭᠡ ᠶᠢ ᠰᠦ ᠠᠴᠠ ᠨᠢ ᠬᠡᠳᠦ ᠡᠷᠲᠡ ᠰᠠᠯᠭᠠᠬᠤ᠄ ᠢᠰᠢᠭᠡ ᠶᠢ ᠰᠦ ᠠᠴᠠ ᠨᠢ ᠬᠡᠳᠦ ᠡᠷᠲᠡ ᠰᠠᠯᠭᠠᠪᠠᠯ᠂ ᠦᠰᠦᠯᠲᠡ ᠪᠤᠶᠢᠵᠢᠯᠲᠠ ᠶᠢ ᠨᠢ ᠨᠦᠯᠦᠭᠡᠯᠡᠵᠦ᠂ ᠴᠢᠨᠠᠭᠰᠢᠯᠠᠪᠠᠯ ᠦᠬᠦᠵᠦ ᠮᠡᠳᠡᠨ᠎ᠡ᠃
       6. ᠨᠠᠷᠢᠯᠢᠭ ᠪᠣᠷᠳᠤᠭ᠎ᠠ ᠪᠠᠷ ᠬᠡᠲᠦᠷᠡᠲᠡᠯ᠎ᠡ ᠲᠡᠵᠢᠭᠡᠬᠦ ᠪᠠ ᠲᠡᠵᠢᠭᠡᠯ ᠪᠣᠷᠳᠤᠭ᠎ᠠ ᠶᠢ ᠭᠡᠨᠡᠳᠲᠡ ᠰᠤᠯᠢᠬᠤ᠄ ᠲᠡᠵᠢᠭᠡᠬᠦ ᠡᠷᠦᠬᠡ ᠠᠴᠠ ᠢᠮᠠᠭ᠎ᠠ ᠶᠢᠨ ᠰᠦᠨ ᠭᠠᠷᠤᠯᠲᠠ ᠪᠤᠶᠤ ᠦᠰᠦᠯᠲᠡ ᠶᠢ ᠲᠦᠷᠭᠡᠳᠭᠡᠬᠦ ᠶᠢᠨ ᠲᠥᠯᠥᠭᠡ᠂ ᠨᠢᠭᠡ ᠯᠠ ᠬᠡᠪ ᠢᠶᠠᠷ ᠨᠠᠷᠢᠯᠢᠭ ᠪᠣᠷᠳᠤᠭ᠎ᠠ ᠪᠠᠷ ᠲᠡᠵᠢᠭᠡᠪᠡᠯ ᠢᠮᠠᠭ᠎ᠠ ᠶᠢᠨ ᠭᠦᠵᠡᠭᠡ ᠬᠥᠭᠡᠭᠡᠬᠦ ᠪᠤᠯᠤᠨ᠎ᠠ︔ ᠵᠠᠷᠢᠮ ᠲᠡᠵᠢᠭᠡᠬᠦ ᠡᠷᠦᠬᠡ ᠨᠢ ᠪᠠᠰᠠ ᠪᠣᠷᠳᠤᠭ᠎ᠠ ᠶᠢ ᠭᠡᠨᠡᠳᠲᠡ ᠰᠣᠯᠢᠵᠤ᠂ ᠬᠤᠳᠤᠭᠤᠳᠤ ᠭᠡᠳᠡᠰᠦ ᠶᠢ ᠡᠪ ᠦᠭᠡᠢ ᠪᠤᠯᠭᠠᠵᠦ ᠪᠤᠢ᠃
       7. ᠬᠠᠰᠢᠶ᠎ᠠ ᠬᠤᠷᠤᠭ᠎ᠠ ᠶᠢ ᠴᠢᠩᠭ᠎ᠠ ᠠᠷᠢᠭᠤᠳᠬᠠᠬᠤ ᠦᠭᠡᠢ᠄ ᠬᠠᠰᠢᠶ᠎ᠠ ᠬᠤᠷᠤᠭ᠎ᠠ ᠨᠢ ᠴᠢᠬᠢᠭ ᠶᠡᠭᠡ᠂ ᠰᠠᠯᠬᠢ ᠨᠡᠪᠲᠡᠷᠡᠯᠲᠡ ᠮᠠᠭᠤ ᠦᠶᠡᠰ ᠬᠡᠷᠪᠡ ᠲᠤᠭᠲᠠᠮᠠᠯ ᠬᠤᠭᠤᠴᠠᠭ᠎ᠠ ᠪᠠᠷ ᠠᠷᠢᠭᠤᠳᠬᠠᠬᠤ ᠦᠭᠡᠢ ᠪᠣᠯ ᠢᠮᠠᠭ᠎ᠠ ᠨᠢ ᠲᠤᠩ ᠠᠮᠠᠷᠬᠠᠨ ᠪᠠᠭᠠᠰᠤ ᠠᠯᠳᠠᠵᠦ᠂ ᠬᠠᠮᠠᠭᠤ᠂ ᠲᠤᠭᠤᠷᠠᠢ ᠢᠯᠵᠠᠷᠠᠬᠤ ᠭᠡᠮ ᠳᠤ ᠨᠡᠷᠪᠡᠭᠳᠡᠭᠡᠳ᠂ ᠬᠠᠯᠳᠠᠪᠤᠷᠢᠲᠦ ᠭᠡᠮ ᠢ ᠬᠢᠵᠠᠭᠠᠷᠯᠠᠬᠤ ᠳᠤ ᠬᠦᠴᠢᠷ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ