ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠥ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠤᠷᠢᠳᠤ ᠢᠯᠡᠯᠳᠡ ᠶᠢ ᠤᠯᠵᠤ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠡ | ᠪᠠᠶᠢᠳᠠᠯ ᠢ ᠬᠦᠴᠦᠯᠡᠨ ᠨᠡᠬᠡᠬᠡᠰᠦᠬᠡᠢ | —— ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ | ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠤᠨ ᠲᠡᠬᠦᠰᠬᠦ ᠬᠤᠷᠡᠯ ᠲᠡᠭᠡᠷᠡᠬᠢ ᠶᠠᠷᠢᠶ᠎ᠠ | ︵2018 ᠣᠨ ᠤ 1 ᠳ᠋ᠦ᠋ᠭᠡᠷ ᠰᠠᠷ᠎ᠠ ᠶᠢᠨ 31 ᠤ ᠡᠳᠤᠷ︶ | ᠯᠢ ᠵᠢᠢ ᠡᡁᠧᠩ | | | | | | 1 ᠳ᠋ᠦ᠋ᠭᠡᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠸᠡᠭ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷ᠎ᠡ ᠶᠠᠷᠢᠶ᠎ᠠ ᠲᠠᠯᠪᠢᠪᠠ᠃ | | ᠲᠦᠯᠥᠬᠡᠯᠡᠭᠴᠢᠳ ᠡ᠂ ᠨᠦᠬᠦᠳ ᠡ᠄ | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠪᠦᠬᠦ ᠲᠦᠯᠦᠭᠡᠯᠡᠭᠴᠢ ᠪᠤᠯᠤᠨ | ᠬᠤᠷᠡᠯ ᠳᠤ ᠤᠷᠤᠯᠴᠠᠭᠰᠠᠠ ᠨᠦᠬᠦᠳ ᠤᠨ ᠬᠠᠮᠳᠤ ᠶᠢᠨ ᠴᠢᠷᠮᠡᠶᠢᠯᠭ᠎ᠠ ᠪᠠᠷ᠂ ᠡᠯ᠎ᠡ ᠵᠦᠢᠯ ᠤᠨ ᠵᠦᠪᠯᠡᠬᠦ ᠵᠦᠢᠯ ᠢᠶᠠᠨ | ᠠᠮᠵᠢᠯᠳᠠ ᠲᠠᠢ ᠲᠠᠭᠤᠰᠬᠠᠭᠠᠳ᠂ ᠠᠮᠵᠢᠯᠳᠡ ᠲᠠᠢ ᠲᠡᠬᠦᠰᠬᠦ ᠪᠤᠯᠤᠯ᠎ᠠ᠃ | ᠬᠤᠷᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠥ᠂ ᠨᠠᠮ ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ | ᠲᠤᠤᠱᠯᠠᠭᠤᠯᠵᠥ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ᠂ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠥᠯᠳᠡ ᠪᠤᠯᠤᠨ ᠪᠤᠰᠤᠳ ᠮᠡᠳᠡᠬᠦᠯᠥᠯᠳᠡ ᠶᠢ ᠬᠢᠨᠠᠨ | ᠵᠦᠪᠯᠡᠵᠥ ᠪᠠᠳᠤᠯᠠᠵᠥ᠂ ᠡᠯ᠎ᠡ ᠵᠦᠢᠯ ᠤᠨ ᠰᠢᠢᠳᠪᠤᠷᠢ ᠶᠢ ᠬᠢᠨᠠᠨ ᠵᠦᠪᠯᠡᠵᠥ ᠪᠠᠳᠤᠯᠠᠪᠠ︔ ᠮᠠᠨ ᠤ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ | ᠤᠷᠤᠯᠴᠠᠬᠤ ᠲᠦᠯᠦᠭᠡᠯᠡᠭᠴᠢ ᠶᠢ ᠰᠤᠩᠭᠤᠨ ᠭᠠᠷᠭᠠᠪᠠ᠃ ᠶᠡᠷᠤᠩᠭᠡᠢ ᠱᠦᠵᠢ ᠰᠢ ᠶᠢᠨ ᠫᠢᠩ ᠪᠦᠷᠢᠨ ᠪᠢᠯᠧᠲ ᠢᠶᠠᠷ | ᠰᠤᠩᠭᠤᠬᠳᠠᠬᠰᠠᠨ ᠳᠤ ᠬᠤᠷᠠᠯ ᠤᠨ ᠲᠠᠯᠠᠪᠡᠢ ᠶᠢᠨ ᠲᠤᠲᠤᠨᠡ ᠭᠠᠳᠠᠨ᠎ᠡ ᠠᠷᠠᠳ ᠲᠦᠮᠠᠨ ᠤ ᠤᠷᠮ᠎ᠡ ᠵᠤᠷᠢᠭ | ᠬᠦᠭᠵᠢᠨ ᠪᠠᠳᠠᠷᠠᠵᠤ᠂ ᠮᠢᠩᠭᠠᠨ ᠭᠠᠵᠠᠷ ᠤᠨ ᠲᠠᠯ᠎ᠡ ᠨᠤᠲᠤᠭ ᠪᠠᠶᠠᠷᠯᠠᠨ ᠵᠤᠷᠢᠬᠵᠢᠵᠤ᠂ ᠦᠪᠡᠷᠲᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ 530 ᠭᠠᠷᠤᠢ ᠲᠦᠯᠦᠭᠡᠯᠡᠭᠴᠢ ᠶᠢᠨ ᠬᠠᠮᠲᠤ ᠶᠢᠨ | ᠵᠤᠷᠢᠭ ᠰᠠᠨᠠᠭ᠎ᠠ ᠶᠢ ᠬᠦᠢᠴᠡᠳ ᠲᠤᠰᠬᠠᠵᠥ᠂ ᠲᠠᠯ᠎ᠡ ᠨᠤᠲᠤᠭ ᠤᠨ ᠡᠯ᠎ᠡ ᠦᠨᠳᠦᠰᠦᠲᠡᠨ ᠤ 2500 ᠭᠠᠷᠤᠢ | ᠲᠦᠮᠡᠨ ᠬᠦᠪᠡᠭᠦᠳ ᠦᠬᠢᠳ ᠤᠨ ᠰᠡᠳᠬᠢᠯ ᠤᠨ ᠲᠠᠭᠤᠨ ᠢ ᠬᠦᠢᠴᠡᠳ ᠢᠯᠡᠷᠡᠬᠦᠯᠵᠥ᠂ ᠥᠪᠦᠷ ᠮᠤᠩᠭᠤᠯ ᠤᠨ | ᠦᠷᠭᠡᠨ ᠤᠯᠠᠨ ᠺᠠᠳ᠋ᠷ ᠤᠯᠠᠨ ᠲᠦᠮᠡᠨ ᠤ ᠶᠡᠷᠦᠩᠭᠡᠢ ᠱᠦᠵᠢ ᠪᠠᠨ ᠴᠢᠩ ᠰᠡᠳᠬᠢᠯ ᠠᠴᠠ ᠪᠠᠨ ᠬᠠᠶᠢᠷᠠᠯᠠᠨ | ᠬᠦᠨᠳᠦᠳᠭᠡᠵᠤ᠂ ᠨᠠᠮ ᠤᠨ ᠲᠦᠪ ᠬᠤᠷᠢᠶ᠎ᠠ ᠪᠠᠨ ᠴᠢᠩ ᠰᠡᠳᠬᠢᠯ ᠠᠴᠠ ᠪᠠᠨ ᠬᠦᠷᠢᠶᠡᠯᠡᠵᠤ ᠪᠠᠶᠢᠭ᠎ᠠ ᠶᠢ ᠬᠦᠢᠴᠡᠳ | ᠬᠠᠷᠠᠭᠤᠯᠵᠠᠢ᠃ | ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠨᠡᠩ ᠢᠯᠡᠬᠦᠦ ᠴᠤᠬ ᠵᠢᠪᠬᠤᠭ᠎ᠠ ᠪᠠᠳᠠᠷᠠᠵᠤ | ᠢᠳᠡᠬᠡᠯ ᠵᠤᠷᠢᠬ ᠤᠷᠬᠢᠯᠤᠭᠠᠳ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ | ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ︽ᠦᠵᠡᠰᠬᠦᠯᠡᠩᠳᠦ ᠰᠠᠶᠢᠬᠠᠨ ᠥᠪᠦᠷ ᠮᠤᠩᠭᠤᠯ ᠢᠶᠠᠨ ᠪᠦᠳᠦᠭᠡᠨ | ᠪᠠᠶᠢᠭᠤᠯᠵᠦ᠂ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤᠪᠡᠷ ᠳᠡᠷᠭᠡᠯᠰᠢᠬᠦᠯᠬᠦ︾ ᠬᠠᠷᠠᠯᠳᠠ ᠵᠦᠭ | ᠢᠳᠡᠷᠡᠬᠦᠨ ᠠᠯᠬᠤᠮ ᠢᠶᠠᠷ ᠤᠷᠤᠬᠰᠢᠯᠠᠵᠦ ᠪᠠᠶᠢᠨ᠎ᠠ᠃ ᠬᠤᠷᠠᠯ ᠠᠴᠠ ᠪᠠᠰᠠ ᠰᠢᠨ᠎ᠠ ᠨᠢᠭᠡ ᠬᠤᠭᠤᠴᠠᠭᠠᠨ ᠤ | ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ | ᠤᠳᠤᠷᠢᠳᠬᠤ ᠪᠠᠭ ᠪᠤᠯᠤᠨ ᠦᠪᠡᠷᠲᠡᠭᠡᠨ ᠵᠠᠰᠠᠬᠤ ᠤᠷᠤᠨ ᠤ ᠬᠢᠨᠡᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ | ᠰᠢᠬᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠶᠢ ᠰᠤᠩᠭᠤᠨ ᠭᠠᠷᠭᠠᠵᠠᠢ᠃ ᠬᠤᠷᠠᠯ ᠮᠠᠰᠢ | ᠠᠮᠵᠢᠯᠳᠠ ᠲᠠᠢ ᠪᠤᠯᠵᠦ᠂ ᠨᠢᠭᠡ ᠤᠳᠠᠭ᠎ᠠ ᠶᠢᠨ ᠲᠤᠭ ᠢ ᠦᠨᠳᠦᠷ ᠮᠠᠨᠳᠤᠭᠤᠯᠵᠦ᠂ ᠭᠤᠤᠯᠯᠠᠬᠴᠢ ᠶᠢ ᠬᠠᠮᠠᠭᠠᠯᠠᠵᠦ᠂ | ᠰᠡᠳᠬᠢᠯ ᠢᠶᠠᠨ ᠨᠢᠭᠡᠳᠭᠡᠵᠤ ᠬᠦᠴᠦ ᠪᠠᠨ ᠬᠠᠮᠳᠤᠳᠬᠠᠬᠰᠠᠨ ᠶᠡᠭᠡ ᠬᠤᠷᠠᠯ᠂ ᠠᠷᠠᠳᠴᠢᠯᠠᠯ ᠪᠦᠯᠬᠦᠮᠳᠡᠯ ᠲᠠᠢ᠂ | ᠪᠤᠳᠠᠳᠠᠢ ᠶᠢ ᠡᠷᠬᠢᠮᠯᠡᠨ ᠤᠷᠤᠬᠰᠢᠯᠠᠬᠰᠠᠨ᠂ ᠰᠤᠷᠳᠠᠯ ᠴᠢᠭᠡᠴᠢ ᠤᠪᠤᠷ ᠲᠦᠪ ᠶᠡᠭᠡ ᠬᠤᠷᠠᠯ ᠪᠤᠯᠤᠯ᠎ᠠ᠃ ᠶᠡᠭᠡ | ᠬᠤᠷᠠᠯ ᠤᠨ ᠤᠯᠤᠬᠰᠠᠨ ᠡᠯ᠎ᠠ ᠲᠦᠷᠦᠯ ᠤᠨ ᠠᠮᠵᠢᠯᠳᠠ ᠪᠦᠳᠦᠮᠵᠢ ᠨᠢ ᠥᠪᠦᠷ ᠮᠤᠩᠭᠤᠯ ᠤᠨ ᠦᠭᠡᠷᠡᠴᠢᠯᠡᠯᠳᠠ | ᠨᠡᠭᠡᠭᠡᠯᠳᠠ ᠪᠠ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠴᠢᠬᠤᠯᠠ ᠶᠡᠭᠡ ᠪᠦᠭᠡᠳ ᠬᠦᠨ ᠬᠦᠨᠵᠡᠭᠡᠢ | ᠨᠥᠯᠥᠭᠡ ᠦᠵᠡᠭᠦᠯᠬᠦ ᠨᠢ ᠯᠠᠪᠳᠠᠢ ᠶᠤᠮ᠃ | ᠬᠤᠷᠠᠯ ᠤᠨ ᠬᠤᠭᠤᠴᠠᠭᠠᠨ ᠳᠤ᠂ ᠲᠦᠯᠦᠭᠡᠯᠡᠭᠴᠢᠳ ᠪᠦᠬᠦ ᠤᠷᠤᠨ ᠤ ᠦᠨᠳᠦᠰᠦᠲᠡᠨ ᠨᠦᠭᠦᠳ ᠤᠨ | 2500 ᠭᠠᠷᠤᠢ ᠲᠦᠮᠡᠨ ᠠᠷᠠᠳ ᠲᠦᠮᠡᠨ ᠤ ᠬᠦᠰᠡᠯ ᠡᠷᠡᠮᠡᠯᠵᠡᠯ ᠪᠤᠯᠤᠨ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ | ᠡᠵᠡᠨ ᠬᠦᠮᠦᠨ ᠤ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠳᠦ ᠪᠤᠳᠤᠯ ᠢᠶᠠᠷ᠂ ᠦᠨᠳᠦᠰᠦᠨ ᠬᠠᠤᠯᠢ ᠪᠠ ᠬᠠᠤᠯᠢ | ᠴᠠᠭᠠᠵᠠ ᠠᠴᠠ ᠤᠯᠭᠤᠭᠰᠠᠨ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠢᠳᠡᠪᠬᠢᠲᠠᠢ ᠪᠠᠷ | ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠭᠠᠷᠭᠠᠨ᠂ ᠬᠦᠭᠵᠢᠯᠲᠡ ᠶᠢᠨ ᠠᠷᠭ᠎ᠠ ᠪᠤᠳᠤᠯᠭ᠎ᠠ ᠶᠢ ᠬᠠᠮᠲᠤᠪᠡᠷ | ᠵᠦᠪᠯᠡᠵᠦ᠂ ᠭᠤᠤᠯᠯᠠᠭᠴᠢ ᠶᠢ ᠬᠠᠮᠠᠭᠠᠯᠠᠬᠤ᠂ ᠲᠦᠪ ᠬᠤᠷᠢᠶ᠎ᠠ ᠲᠠᠢ ᠨᠢᠭᠡᠲᠦᠯᠲᠡᠢ ᠪᠠᠶᠢᠬᠤ ᠳᠡᠭᠡᠳᠦ ᠬᠡᠮᠵᠢᠶᠡᠨ ᠤ | ᠤᠯᠤᠰ ᠲᠦᠷᠦ ᠶᠢᠨ ᠤᠬᠠᠮᠰᠠᠷ ᠪᠠ ᠦᠵᠡᠯ ᠰᠠᠨᠠᠭᠠᠨ ᠤ ᠤᠬᠠᠮᠰᠠᠷ ᠢ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠨ ᠬᠦᠢᠴᠡᠳᠭᠡᠬᠦ᠂ ᠦᠨᠡᠨ ᠢ ᠪᠠᠷᠢᠮᠳᠠᠯᠠᠨ ᠪᠤᠳᠠᠲᠠᠢ ᠶᠢ ᠡᠷᠬᠢᠮᠯᠡᠬᠦ ᠰᠠᠶᠢᠨ ᠰᠠᠶᠢᠬᠠᠨ ᠤᠶᠤᠨ ᠰᠠᠨᠠᠭᠠᠨ ᠤ | ᠲᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃ ᠲᠦᠪ ᠤᠨ ᠵᠤᠬᠢᠶᠠᠨ ᠪᠠᠶᠢᠭᠤᠯᠬᠤ ᠬᠡᠯᠲᠡᠰ ᠤᠨ ᠬᠢᠨᠠᠨ | ᠵᠢᠯᠤᠭᠤᠳᠬᠤ ᠳᠤᠭᠤᠢᠢᠯᠠᠩ ᠤᠨ ᠨᠦᠬᠦᠳ ᠰᠢᠷᠭᠠᠭᠤ ᠬᠠᠲᠠᠭᠤᠵᠢᠯᠲᠠᠢ ᠠᠵᠢᠯᠯᠠᠵᠤ᠂ ᠰᠡᠳᠬᠢᠯ ᠲᠠᠯᠪᠢᠨ | ᠵᠢᠯᠤᠭᠤᠳᠴᠤ᠂ ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠳᠤ ᠬᠦᠴᠦᠲᠡᠢ ᠳᠡᠮᠵᠢᠯᠭᠡ ᠬᠠᠨᠭ᠍ᠭᠠᠵᠠᠢ᠂ ᠪᠢᠳᠡ | ᠬᠠᠯᠠᠭᠤᠨ ᠠᠯᠠᠭ᠎ᠠ ᠲᠠᠰᠢᠯᠲᠠ ᠪᠠᠷ ᠢᠶᠠᠨ ᠲᠡᠳᠡᠨ ᠳᠤ ᠪᠠᠶᠠᠷ ᠲᠠᠯᠠᠷᠬᠠᠯ ᠢᠶᠠᠨ ᠢᠯᠡᠷᠭᠡᠶᠢᠯᠡᠶ᠎ᠡ︕ | ᠶᠡᠭᠡ ᠬᠤᠷᠡᠯ ᠠᠴᠠ ᠨᠠᠮᠠᠢᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠲᠤᠰᠢᠶᠠᠯ ᠢ ᠦᠷᠬᠦᠯᠵᠢᠯᠡᠨ ᠡᠭᠦᠷᠭᠡᠯᠡᠭᠦᠯᠬᠦ ᠪᠠᠷ | ᠰᠤᠩᠭᠤᠪᠠ᠂ ᠡᠨᠡ ᠪᠤᠯ ᠪᠦᠬᠦ ᠲᠦᠯᠥᠬᠡᠯᠡᠭᠴᠢᠳ ᠤᠨ ᠨᠠᠮᠠᠢᠢ ᠢᠳᠡᠬᠡᠵᠥ ᠪᠠᠶᠢᠬᠤ ᠶᠠᠪᠤᠳᠠᠯ ᠪᠤᠯᠬᠤ ᠪᠦᠬᠡᠳ ᠪᠦᠬᠦ | ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠨᠠᠳᠠᠳᠤ ᠲᠠᠯᠪᠢᠵᠥ ᠪᠠᠶᠢᠭ᠎ᠠ ᠬᠦᠰᠡᠯ ᠨᠠᠶᠢᠳᠠᠯᠭ᠎ᠠ | ᠪᠤᠯᠬᠤ ᠶᠤᠮ᠃ ᠪᠢ ᠵᠠᠪᠠᠯ ᠡᠬᠦᠷᠬᠡ ᠬᠠᠷᠢᠭᠤᠴᠠᠯᠭ᠎ᠠ ᠪᠠᠨ ᠭᠤᠳᠤᠭᠠᠬᠤ ᠦᠭᠡᠢ᠂ ᠬᠦᠨᠳᠤ ᠨᠡᠶᠢᠳᠡᠯᠭ᠎ᠠ ᠶᠢ | ᠬᠦᠰᠡᠷᠳᠡᠬᠦᠯᠬᠦ ᠦᠭᠡᠢ ᠪᠠᠷ᠂ ᠨᠠᠮ ᠪᠤᠯᠤᠨ ᠠᠷᠠᠳ ᠲᠦᠮᠡᠨ ᠳᠤ ᠲᠡᠭᠡᠳᠤ ᠬᠡᠮᠵᠢᠶ᠎ᠡ ᠪᠠᠷ ᠬᠠᠷᠢᠭᠤᠴᠠᠬᠤ ᠵᠤᠷᠢᠭ | ᠰᠠᠨᠠᠭ᠎ᠠ ᠪᠠᠷ᠂ ᠡᠬᠦᠷᠬᠡ ᠲᠤᠰᠢᠶᠠᠯ ᠢᠶᠠᠨ ᠬᠦᠢᠴᠡᠳᠬᠡᠵᠥ᠂ ᠯᠠᠪᠳᠠᠭᠤᠨ ᠪᠠᠳᠤᠳᠠᠢ ᠠᠵᠢᠯᠯᠠᠵᠥ᠂ ᠠᠷᠠᠳ ᠤᠨ | ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠠᠷ ᠲᠠᠢ ᠬᠠᠮᠳᠤᠪᠡᠷ᠂ ᠪᠦᠬᠦ | ᠲᠦᠯᠥᠬᠡᠯᠡᠭᠴᠢᠳ ᠲᠤ ᠲᠦᠰᠢᠭᠯᠡᠵᠥ᠂ ᠰᠢᠨ᠎ᠡ ᠴᠠᠭ ᠦᠶ᠎ᠡ ᠶᠢᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠥᠬᠡᠯᠡᠭᠴᠢᠳ ᠤᠨ ᠶᠡᠭᠡ ᠬᠤᠷᠡᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠡᠶᠢᠨ ᠨᠡᠬᠡᠬᠡᠨ ᠡᠬᠦᠳᠦᠨ᠎ᠡ᠃ | ︽ᠠᠵᠢᠯᠳᠠᠨ ᠤ ᠶᠠᠪᠤᠳᠠᠯ ᠳᠤ ᠡᠬᠡᠯᠵᠢ ᠬᠠᠯᠠᠭ᠎ᠠ ᠲᠠᠢ ᠪᠠᠶᠢᠵᠥ᠂ ᠤᠯᠠᠷᠢᠵᠤ ᠬᠤᠪᠢᠷᠠᠬᠰᠠᠭᠠᠷ ᠡᠷᠳᠡᠡ | ᠡᠳᠦᠬᠡ ᠪᠦᠷᠢᠯᠳᠦᠳᠡᠭ︾᠃ ᠨᠠᠰᠤ ᠵᠢᠯ ᠤᠨ ᠰᠢᠯᠳᠠᠭᠠᠨ ᠪᠤᠯᠤᠨ ᠠᠵᠢᠯ ᠤᠨ ᠬᠡᠷᠡᠭᠴᠡᠭᠡ ᠠᠴᠠ ᠪᠤᠯᠵᠥ ᠵᠠᠷᠢᠮ | ᠨᠦᠬᠦᠳ ᠰᠢᠨ᠎ᠡ ᠨᠢᠬᠡ ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠥᠬᠡᠯᠡᠭᠴᠢᠳ ᠤᠨ | ᠶᠡᠭᠡ ᠬᠤᠷᠡᠯ᠂ ᠵᠠᠰᠠᠭ ᠤᠨ ᠤᠷᠳᠤᠨ ᠵᠢᠴᠢ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠤᠳᠤᠷᠢᠳᠤᠯᠭ᠎ᠠ ᠶᠢᠨ | ᠲᠤᠰᠢᠶᠠᠯ ᠢ ᠡᠬᠦᠷᠬᠡᠯᠡᠬᠦ ᠪᠠᠨ ᠪᠤᠯᠢᠵᠠᠢ᠃ ᠤᠯᠠᠨ ᠵᠢᠯ ᠤᠨ ᠲᠤᠷᠰᠢ᠂ ᠲᠡᠳᠡ ᠡᠬᠦᠷᠬᠡ ᠬᠠᠷᠢᠭᠤᠴᠠᠯᠭ᠎ᠠ ᠪᠠᠨ | ᠦᠨᠡᠨᠴᠢ ᠪᠠᠷ ᠬᠦᠢᠴᠡᠳᠭᠡᠵᠥ᠂ ᠠᠯᠢᠪᠠ ᠪᠠᠨ ᠬᠠᠷᠠᠮ ᠦᠬᠡᠢ ᠡᠷᠬᠦᠵᠥ᠂ ᠦᠪᠤᠷ ᠮᠤᠩᠭᠤᠯ ᠤᠨ ᠦᠭᠡᠷᠡᠴᠢᠯᠡᠯᠳᠡ | ᠨᠡᠬᠡᠬᠡᠯᠳᠡ ᠪᠤᠯᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠪᠡᠶ᠎ᠡ ᠰᠡᠳᠬᠢᠯ ᠢᠶᠠᠨ ᠵᠦᠳᠡᠬᠡᠵᠥ᠂ | ᠰᠢᠷᠭᠠᠭᠤ ᠬᠦᠳᠡᠯᠮᠤᠷᠢ ᠪᠠᠨ ᠡᠷᠬᠦᠵᠥ᠂ ᠴᠢᠬᠤᠯᠠ ᠬᠤᠪᠢ ᠨᠡᠮᠡᠷᠢ ᠦᠵᠡᠬᠦᠯᠪᠡ᠃ ᠠᠳᠡ᠂ ᠪᠢᠳᠠ ᠬᠠᠯᠠᠭᠤᠨ | ᠠᠯᠠᠭ᠎ᠠ ᠲᠠᠰᠢᠯᠳᠡ ᠪᠠᠷ ᠢᠶᠠᠨ ᠲᠡᠳᠡᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠬᠡᠳᠤ ᠬᠦᠨᠳᠦᠳᠬᠡᠯ ᠢᠶᠠᠨ | ᠲᠡᠪᠰᠢᠬᠦᠯᠦᠶ᠎ᠠ︕ | ᠲᠦᠯᠦᠭᠡᠯᠡᠭᠴᠢᠳ ᠡ᠂ ᠨᠦᠭᠦᠳ ᠡ︕ | ᠦᠩᠭᠡᠷᠡᠭᠰᠡᠨ ᠲᠠᠪᠤᠨ ᠵᠢᠯ ᠪᠤᠯ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ | ᠤ ᠡᠷᠡᠮᠡᠬᠡᠶᠢᠯᠡᠨ ᠳᠠᠪᠰᠢᠭᠰᠠᠨ ᠲᠠᠪᠤᠨ ᠵᠢᠯ ᠪᠤᠯᠤᠨ᠎ᠠ᠂ ᠮᠦᠨᠴᠤ ᠦᠪᠦᠷ ᠮᠤᠩᠭᠤᠯ ᠤᠨ ᠡᠯ᠎ᠠ ᠵᠦᠢᠯ ᠤᠨ ᠦᠢᠯᠡᠰ | ᠤᠨ ᠬᠦᠭᠵᠢᠯᠳᠡ ᠦᠨᠳᠦᠷ ᠠᠮᠵᠢᠯᠳᠠ ᠤᠯᠤᠭᠰᠠᠨ ᠲᠠᠪᠤᠨ ᠵᠢᠯ ᠪᠤᠯᠤᠨ᠎ᠠ᠃ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠨᠠᠮ ᠤᠨ ᠲᠦᠪ | ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ | ᠦᠶ᠎ᠠ ᠳᠤ ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠮᠠᠨ ᠤ ᠤᠷᠤᠨ ᠤ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠤᠰᠤᠭᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠤ᠂ ᠠᠵᠤ ᠠᠬᠤᠢ ᠶᠢᠨ ᠬᠦᠭᠵᠢᠯᠳᠡ ᠲᠤᠭᠳᠠᠭᠤᠨ ᠤ ᠳᠤᠮᠳᠠ ᠰᠠᠶᠢᠵᠢᠷᠠᠵᠤ᠂ ᠦᠭᠡᠷᠡᠴᠢᠯᠡᠯᠳᠡ | ᠨᠡᠬᠡᠬᠡᠯᠳᠡ ᠲᠠᠰᠤᠷᠠᠯᠳᠠ ᠦᠭᠡᠢ ᠭᠦᠨᠵᠡᠭᠡᠶᠢᠷᠡᠵᠤ᠂ ᠪᠦᠲᠦᠴᠡ ᠶᠢᠨ ᠲᠤᠬᠢᠷᠠᠭᠤᠯᠤᠯᠳᠠ ᠢᠯᠡᠷᠬᠡᠢ ᠰᠠᠶᠢᠨ ᠦᠷ᠎ᠠ | ᠪᠦᠳᠤᠮᠵᠢ ᠤᠯᠵᠤ᠂ ᠦᠷᠭᠦᠯᠵᠢᠯᠡᠬᠦ ᠬᠦᠭᠵᠢᠯᠳᠡ ᠶᠢᠨ ᠴᠢᠳᠠᠪᠤᠷᠢ ᠡᠳᠦᠷ ᠢᠷᠡᠬᠦᠶ᠎ᠠ ᠴᠢᠩᠭᠠᠷᠠᠨ᠂ ᠠᠷᠠᠳ ᠤᠨ | ᠠᠮᠢᠳᠤᠷᠠᠯ ᠤᠨ ᠪᠠᠲᠤᠯᠠᠪᠤᠷᠢ ᠶᠢᠨ ᠡᠷᠴᠢᠮ ᠴᠢᠩᠭᠠᠷᠠᠵᠤ᠂ ᠬᠤᠲᠠ ᠬᠦᠳᠡᠭᠡ ᠶᠢᠨ ᠤᠷᠴᠢᠨ ᠲᠤᠭᠤᠷᠢᠨ | ᠦᠷᠬᠦᠯᠵᠢᠯᠡᠨ ᠰᠠᠶᠢᠵᠢᠷᠠᠵᠤ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ | ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠯᠠᠪᠳᠠᠭᠤᠨ ᠪᠠᠳᠤᠳᠠᠢ ᠠᠬᠢᠵᠤ᠂ ᠨᠠᠮ ᠤᠨ | ᠪᠠᠶᠢᠭᠤᠯᠤᠯᠳᠠ ᠪᠦᠬᠦ ᠲᠠᠯ᠎ᠠ ᠪᠠᠷ ᠴᠢᠩᠭᠠᠷᠠᠵᠤ᠂ ᠡᠬᠡ ᠤᠯᠤᠰ ᠤᠨ ᠤᠮᠠᠷᠠᠳᠤ ᠶᠢᠨ ᠦᠵᠡᠰᠭᠦᠯᠡᠩᠳᠦ ᠰᠠᠶᠢᠬᠠᠨ | ᠦᠵᠡᠮᠵᠢ ᠶᠢᠨ ᠤᠷᠤᠨ ᠢ ᠴᠤᠭᠴᠠᠯᠠᠬᠤ ᠳᠤ ᠴᠢᠬᠤᠯᠠ ᠶᠡᠭᠡ ᠠᠮᠵᠢᠯᠳᠠ ᠪᠦᠲᠦᠮᠵᠢ ᠤᠯᠵᠤ᠂ ᠢᠳᠡᠷᠡᠬᠦᠨ | ᠠᠯᠬᠤᠮ ᠢᠶᠠᠷ ᠠᠯᠬᠤᠵᠤ ᠪᠠᠶᠢᠨ᠎ᠠ᠃ | ᠤᠳᠤ᠂ ᠦᠪᠦᠷ ᠮᠤᠩᠭᠤᠯ ᠤᠨ ᠬᠦᠭᠵᠢᠯᠳᠡ ᠶᠢᠨ ᠪᠤᠤᠭᠢᠶ᠎ᠠ ᠪᠢᠳᠡᠨ ᠤ ᠭᠠᠷ ᠲᠤ ᠳᠠᠮᠵᠢᠭᠳᠠᠨ ᠢᠷᠡᠪᠡ᠂ | ᠪᠢᠳᠡ ᠵᠠᠪᠠᠯ ᠤᠷᠢᠳᠤᠬᠢ ᠬᠦᠮᠦᠰ ᠤᠨ ᠲᠡᠮᠡᠴᠡᠯ ᠤᠨ ᠰᠠᠭᠤᠷᠢᠨ ᠲᠡᠬᠡᠷ᠎ᠠ᠂ ᠴᠦᠬᠦᠷᠡᠰᠢ ᠦᠭᠡᠢ ᠵᠤᠷᠢᠭ ᠰᠠᠨᠠᠭᠠᠨ ᠤ | ᠪᠠᠶᠢᠳᠠᠯ ᠲᠦᠷᠬᠦ ᠪᠤᠯᠤᠨ ᠴᠤᠴᠠᠯᠳᠠ ᠦᠭᠡᠢ ᠤᠷᠤᠭᠰᠢᠯᠠᠬᠤ ᠲᠡᠮᠡᠴᠡᠯ ᠤᠨ ᠳᠦᠷᠢ ᠳᠦᠷᠬᠦ ᠪᠠᠷ ᠰᠢᠨ᠎ᠠ ᠠᠶᠠᠨ | ᠵᠠᠮ ᠢᠶᠠᠨ ᠡᠬᠢᠯᠡᠭᠦᠯᠵᠤ᠂ ᠰᠢᠨ᠎ᠠ ᠠᠮᠵᠢᠯᠳᠠ ᠪᠦᠲᠦᠮᠵᠢ ᠭᠠᠷᠭᠠᠬᠤ ᠬᠡᠷᠡᠭᠲᠠᠢ᠃ | ᠲᠤᠭ ᠢᠶᠠᠨ ᠦᠨᠳᠦᠷ ᠡᠷᠭᠦᠵᠤ᠂ ᠭᠤᠤᠯᠯᠠᠭᠴᠢ ᠪᠠᠨ ᠬᠠᠮᠠᠭᠠᠯᠠᠬᠤ ᠬᠡᠷᠡᠭᠲᠠᠢ᠃ ᠲᠠᠯ᠎ᠠ ᠨᠤᠲᠤᠭ ᠤᠨ ᠦᠷᠭᠡᠨ | ᠤᠯᠠᠨ ᠦᠬᠢᠳ ᠬᠦᠪᠡᠭᠦᠳ ᠨᠠᠮ ᠤᠨ ᠦᠭᠡ ᠶᠢ ᠰᠤᠨᠤᠰᠬᠤ᠂ ᠨᠠᠮ ᠢᠶᠠᠨ ᠬᠦᠷᠢᠶᠡᠯᠡᠨ ᠳᠠᠭᠠᠬᠤ ᠰᠢᠯᠢᠳᠡᠭ | ᠤᠯᠠᠮᠵᠢᠯᠠᠯ ᠲᠠᠢ ᠶᠤᠮ᠂ ᠰᠢᠨ᠎ᠠ ᠴᠠᠭ ᠦᠶ᠎ᠠ ᠳᠤ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ | ᠨᠠᠮ ᠤᠨ ᠲᠦᠪ ᠬᠤᠷᠢᠶ᠎ᠠ ᠲᠠᠢ ᠰᠡᠳᠭᠢᠯ ᠨᠢᠭᠡᠳᠴᠤ᠂ ᠶᠡᠷᠦᠩᠬᠡᠢ ᠱᠦᠵᠢ ᠰᠢ ᠶᠢᠨ ᠫᠢᠩ ᠲᠠᠢ ᠰᠡᠳᠭᠢᠯ ᠨᠢᠭᠡᠳᠴᠤ᠂ | ᠭᠤᠤᠯᠯᠠᠭᠴᠢ ᠪᠠᠨ ᠰᠢᠳᠤᠷᠭᠤ ᠪᠠᠷ ᠬᠦᠷᠢᠶᠡᠯᠡᠵᠤ᠂ ᠤᠳᠤᠷᠢᠳᠤᠭᠴᠢ ᠪᠠᠨ ᠦᠨᠡᠨᠴᠢ ᠪᠠᠷ ᠬᠠᠶᠢᠷᠠᠯᠠᠬᠤ ᠬᠡᠷᠡᠭᠲᠠᠢ᠃ | ᠪᠢᠳᠡ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠰᠤᠷᠭᠠᠨ ᠵᠢᠯᠤᠭᠤᠳᠴᠤ᠂ ᠳᠠᠭᠤᠷᠢᠶᠠᠯ | ᠦᠵᠡᠭᠦᠯᠦᠨ ᠬᠦᠳᠦᠯᠦᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠳᠦᠷᠪᠡᠨ ᠤᠬᠠᠮᠰᠠᠷ︾ ᠢᠶᠠᠨ ᠤᠯᠠᠮ ᠴᠢᠨᠠᠬᠰᠢᠲᠠ | ᠳᠡᠭᠡᠭᠰᠢᠯᠡᠭᠦᠯᠵᠦ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠲᠦᠪ ᠬᠤᠷᠢᠶᠠᠨ ᠳᠠᠬᠢ ᠭᠤᠤᠯᠯᠠᠬᠴᠢ᠂ ᠪᠦᠬᠦ ᠨᠠᠮ ᠳᠠᠬᠢ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ | ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠠ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠡᠷᠡᠰ ᠬᠠᠮᠠᠭᠠᠯᠠᠵᠤ᠂ ᠡᠷᠡᠰ ᠪᠠᠲᠤ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ | ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠳᠡᠭᠡᠳᠤ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ | ᠭᠤᠤᠯᠳᠡᠯᠭ᠎ᠠ ᠶᠢᠨ ᠲᠤᠭᠤᠷᠢᠨ ᠳᠤ᠂ ᠬᠦᠭᠵᠢᠯᠳᠠ ᠳᠤ ᠠᠩᠬᠠᠷᠤᠯ ᠢᠶᠠᠨ ᠲᠦᠪᠯᠡᠷᠡᠭᠦᠯᠭᠦ ᠬᠡᠷᠡᠭᠲᠡᠢ᠃ ᠦᠪᠦᠷ | ᠮᠤᠩᠭᠤᠯ ᠪᠤᠯ ᠨᠢᠭᠡᠨ ᠦᠭᠡᠳᠡᠷᠬᠡᠭ᠂ ᠬᠢᠵᠠᠭᠠᠯᠠᠰᠢ ᠦᠭᠡᠢ ᠢᠷᠡᠭᠡᠳᠦᠢ ᠲᠠᠢ ᠰᠠᠶᠢᠬᠠᠨ ᠣᠷᠣᠨ ᠶᠤᠮ᠃ ᠪᠢᠳᠠ ᠮᠠᠨ | ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠲᠠ ᠶᠢ ᠪᠠᠲᠤ ᠡᠵᠡᠮᠰᠢᠵᠦ᠂ ᠬᠦᠭᠵᠢᠯᠲᠡ | ᠬᠤᠴᠤᠷᠤᠩᠭᠤᠢ ᠪᠠᠶᠢᠭ᠎ᠠ ᠦᠨᠳᠦᠰᠦᠨ ᠤᠷᠤᠨ ᠤ ᠦᠨᠳᠦᠰᠦᠨ ᠪᠠᠶᠢᠳᠠᠯ ᠢ ᠪᠠᠲᠤ ᠡᠵᠡᠮᠰᠢᠵᠦ᠂ ᠢᠮᠠᠬᠲᠠ ᠠᠵᠤ | ᠠᠬᠤᠢ ᠶᠢᠨ ᠪᠦᠳᠦᠭᠡᠨ ᠪᠠᠶᠢᠭᠤᠯᠤᠯᠲᠠ ᠪᠠᠷ ᠭᠤᠤᠯ ᠪᠤᠯᠭᠠᠵᠤ᠂ ᠪᠦᠭᠦ ᠰᠡᠤᠨᠭᠢᠯ ᠪᠦᠬᠦ ᠵᠤᠷᠢᠬ ᠢᠶᠠᠷ ᠢᠶᠠᠨ | ᠬᠦᠭᠵᠢᠯᠲᠡ ᠭᠡᠳᠡᠭ ᠡᠨᠡ ᠬᠦ ᠲᠡᠷᠢᠭᠦᠨ ᠴᠢᠬᠤᠯᠠ ᠡᠭᠦᠷᠭᠡ ᠶᠢ ᠰᠠᠶᠢᠳᠤᠷ ᠠᠳᠬᠤᠬᠤ ᠬᠡᠷᠡᠭᠲᠡᠢ᠃ ᠤᠨᠴᠠᠭᠠᠢᠢᠯᠠᠨ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠮᠡᠴᠡᠭᠦ ᠬᠠᠷᠠᠯᠲᠠ ᠶᠢ ᠴᠢᠩᠭ᠎ᠠ ᠡᠵᠡᠮᠳᠡᠵᠦ᠂ ᠴᠢᠨᠠᠷ ᠰᠠᠶᠢᠲᠠᠢ | ᠬᠥᠭᠵᠢᠭᠦᠯᠬᠦ ᠴᠠᠬ ᠦᠶ᠎ᠡ ᠶᠢᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠲᠤᠬᠳᠠᠭᠤᠨ ᠤ ᠳᠤᠮᠳᠠ ᠤᠷᠤᠬᠰᠢᠯᠠᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠤᠨᠤᠯᠵᠢᠬᠤᠨ ᠢ ᠪᠦᠬᠦ ᠲᠠᠯ᠎ᠠ ᠪᠠᠷ | ᠲᠤᠤᠱᠯᠠᠭᠤᠯᠵᠤ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠲᠤᠶᠢᠯ ᠤᠨ ᠣᠨᠣᠪᠴᠢᠲᠠᠢ ᠪᠠᠷ | ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠡᠯᠳᠤᠭᠠᠨ ᠢ ᠡᠷᠡᠰ ᠰᠠᠶᠢᠳᠤᠷ ᠬᠢᠵᠦ᠂ ᠬᠦᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠡᠨᠡᠬᠦ ᠭᠤᠷᠪᠠᠨ | ᠬᠤᠷᠢᠭ᠎ᠠ ᠱᠤᠭᠤᠮ ᠢ ᠡᠷᠡᠰ ᠰᠠᠶᠢᠳᠤᠷ ᠰᠠᠬᠢᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠦᠷᠬᠦᠯᠵᠢᠯᠡᠨ | ᠡᠷᠡᠭᠦᠯ ᠢᠶᠠᠷ ᠬᠦᠭᠵᠢᠬᠦ ᠶᠢ ᠠᠬᠢᠭᠤᠯᠵᠤ᠂ ᠦᠪᠦᠷ ᠮᠤᠩᠭᠤᠯ ᠢ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠠᠬᠢᠴᠠ ᠳᠤᠮᠳᠠ ᠦᠷᠬᠦᠯᠵᠢᠯᠡᠨ ᠮᠠᠨ ᠤ ᠤᠯᠤᠰ ᠤᠨ ᠦᠨᠳᠦᠰᠦᠲᠡᠨ ᠤ ᠭᠠᠵᠠᠷ | ᠤᠷᠤᠨ ᠤ ᠲᠡᠷᠢᠭᠦᠨ ᠡᠩᠨᠡᠭᠡ ᠳᠤ ᠵᠠᠮᠨᠠᠭᠤᠯᠬᠤ ᠬᠡᠷᠡᠭᠲᠡᠢ᠃ | ᠤᠳᠤᠷᠢᠳᠤᠯᠭ᠎ᠠ ᠪᠠᠨ ᠴᠢᠩᠭᠠᠳᠬᠠᠵᠤ᠂ ᠵᠠᠩᠬᠢᠯᠠᠭ᠎ᠠ ᠶᠢ ᠠᠳᠬᠤᠬᠤ ᠬᠡᠷᠡᠭᠲᠡᠢ᠃ ᠦᠪᠦᠷ ᠮᠤᠩᠭᠤᠯ ᠤᠨ | ᠶᠠᠪᠤᠳᠠᠯ ᠢ ᠰᠠᠶᠢᠳᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠪᠢᠳᠠ ᠰᠢᠨ᠎ᠡ ᠴᠠᠬ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠢᠭᠡ ᠪᠠᠷ ᠨᠡᠶᠢᠲᠡ ᠳᠤ | ᠲᠤᠤᠱᠯᠠᠭᠤᠯᠤᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠵᠤ᠂ ᠮᠠᠨ ᠤ | ᠤᠷᠤᠨ ᠤ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠲᠠᠢ ᠪᠤᠯᠭᠠᠨ | ᠴᠢᠷᠮᠠᠶᠢᠨ ᠪᠠᠶᠢᠭᠤᠯᠬᠤ ᠬᠡᠷᠡᠭᠲᠡᠢ᠃ ᠡᠯ᠎ᠡ ᠱᠠᠳᠤᠨ ᠤ ᠤᠳᠤᠷᠢᠳᠬᠤ ᠺᠠᠳ᠋ᠷ ︽ᠵᠠᠩᠬᠢᠯᠠᠭ᠎ᠠ ᠶᠢᠨ ᠴᠦᠬᠡᠨ ᠲᠤᠭᠠᠳᠠᠨ︾ | ᠤ ᠤᠢᠢᠯᠡᠳᠤᠯ ᠢ ᠬᠦᠢᠴᠡᠳ ᠪᠠᠳᠠᠷᠠᠭᠤᠯᠵᠤ᠂ ᠵᠤᠷᠢᠬᠳᠠᠢ ᠪᠠᠷ ᠦᠪᠡᠷ ᠢ ᠪᠠᠨ ᠬᠤᠪᠢᠰᠬᠠᠵᠤ᠂ ᠡᠷᠴᠢ ᠵᠤᠷᠢᠬ ᠵᠠᠩ | ᠴᠢᠨᠠᠷ ᠢᠶᠠᠨ ᠲᠠᠪᠳᠠᠨ ᠪᠤᠯᠪᠠᠰᠤᠷᠠᠭᠤᠯᠵᠤ᠂ ᠡᠷᠳᠡᠮ ᠴᠢᠳᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠢᠳᠡᠬᠡᠯ | ᠵᠤᠷᠢᠬ ᠴᠢᠩᠭ᠎ᠠ᠂ ᠤᠯᠤᠰ ᠲᠦᠷᠤ ᠴᠢᠩᠭ᠎ᠠ᠂ ᠬᠠᠷᠢᠭᠤᠴᠠᠯᠭ᠎ᠠ ᠴᠢᠩᠭ᠎ᠠ᠂ ᠴᠢᠳᠠᠪᠤᠷᠢ ᠴᠢᠩᠭ᠎ᠠ᠂ ᠰᠤᠷᠳᠠᠯ ᠴᠢᠩᠭ᠎ᠠ | ᠪᠠᠶᠢᠬᠤ ᠶᠢ ᠪᠠᠳᠤᠳᠡᠢ ᠪᠡᠶᠠᠯᠡᠭᠦᠯᠵᠤ᠂ ᠡᠬᠦᠷᠢᠳᠠ ᠴᠥᠬᠦᠷᠡᠰᠢ ᠦᠬᠡᠢ ᠤᠷᠤᠭᠰᠢᠯᠠᠬᠤ ᠵᠤᠷᠢᠬ ᠢᠶᠠᠷ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠴᠢᠨᠠᠬᠰᠢᠳᠠ ᠬᠦᠨᠵᠡᠬᠡᠶᠢᠷᠡᠭᠦᠯᠵᠤ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ | ᠰᠠᠶᠢᠬᠠᠨ ᠦᠵᠡᠮᠵᠢ ᠶᠢᠨ ᠤᠷᠤᠨ ᠢ ᠪᠦᠳᠤᠬᠡᠨ ᠪᠠᠶᠢᠭᠤᠯᠬᠤ ᠳᠤ ᠪᠠᠳᠤ ᠴᠢᠩᠭ᠎ᠠ ᠪᠠᠳᠤᠯᠠᠭ᠎ᠠ ᠬᠠᠩᠭᠠᠬᠤ ᠭᠡᠷᠡᠭᠳᠠᠢ᠃ | ᠯᠠᠪᠳᠠᠭᠤᠨ ᠪᠠᠳᠤᠳᠠᠢ ᠠᠵᠢᠯᠯᠠᠵᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠭᠡᠷᠡᠭᠳᠠᠢ᠃ | ᠠᠮᠵᠢᠯᠳᠠ ᠪᠦᠳᠤᠮᠵᠢ ᠪᠤᠯ ᠦᠩᠬᠡᠷᠡᠭᠰᠡᠨ ᠤ ᠬᠢ ᠶᠤᠮ᠂ ᠪᠤᠳᠠᠳᠠᠢ ᠠᠵᠢᠯᠯᠠᠵᠤ ᠢᠷᠡᠬᠡᠳᠤᠢ ᠪᠠᠨ ᠴᠤᠬᠴᠠᠯᠠᠨ | ᠪᠠᠶᠢᠭᠤᠯᠬᠤ ᠭᠡᠷᠡᠭᠳᠡᠢ᠃ ᠰᠠᠶᠢᠨ ᠰᠢᠢᠳᠪᠤᠷᠢᠳᠤ ᠪᠤᠳᠤᠯᠭ᠎ᠠ᠂ ᠰᠠᠶᠢᠨ ᠵᠢᠷᠤᠬ ᠲᠦᠯᠤᠪᠯᠡᠭᠡ ᠲᠠᠢ ᠪᠤᠯᠴᠢᠬᠠᠪᠠᠯ᠂ | ᠵᠠᠩᠬᠢᠯᠠᠭ᠎ᠠ ᠨᠢ ᠯᠠᠪᠳᠠᠭᠤᠨ ᠪᠠᠳᠤᠳᠠᠢ ᠠᠵᠢᠯᠯᠠᠵᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠳᠤ ᠪᠠᠶᠢᠨ᠎ᠠ᠃ | ᠤᠳᠤ ᠤᠯᠠᠨ ᠢᠶᠠᠷ ᠢᠶᠠᠨ ᠶᠡᠭᠡ ᠶᠠᠭᠠᠷᠠᠤ ᠪᠤᠯᠤᠬᠰᠠᠨ ᠰᠢᠬ ᠰᠠᠨᠠᠬᠳᠠᠵᠤ ᠪᠠᠶᠢᠨ᠎ᠠ᠂ ᠬᠡᠪᠡᠴᠤ ︽ᠬᠡᠴᠢᠨᠠᠨ | ᠶᠠᠭᠠᠷᠠᠬᠰᠠᠨ ᠴᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠦᠬᠡᠢ ᠪᠤᠯ᠂ ᠬᠡᠢ ᠬᠤᠭᠤᠰᠤᠨ ᠶᠠᠭᠠᠷᠠᠵᠤ᠂ | ᠠᠵᠢᠯ ᠬᠢᠭᠰᠡᠨ ᠤ ᠭᠡᠷᠡᠭ ᠲᠤ ᠭᠦᠷᠭᠦ ᠦᠬᠡᠢ ᠶᠤᠮ︾᠃ ᠪᠦᠬᠦ ᠤᠷᠤᠨ ᠲᠠᠶᠠᠭᠠᠷ ᠢᠶᠠᠨ ᠵᠠᠪᠡᠯ ᠪᠤᠳᠠᠳᠠᠢ ᠲᠠᠢ | ᠨᠢᠬᠳᠠ ᠤᠶᠠᠯᠳᠤᠭᠤᠯᠵᠤ᠂ ᠴᠢᠩᠭ᠎ᠠ ᠠᠳᠬᠤᠬᠤ ᠪᠤᠳᠠᠳᠤ ᠵᠤᠷᠢᠬ᠂ ᠵᠤᠷᠢᠬᠳᠠᠢ ᠠᠳᠬᠤᠬᠤ ᠬᠠᠳᠠᠭᠤ ᠵᠤᠷᠢᠬ᠂ | ᠴᠢᠳᠠᠮᠠᠭᠠᠢ ᠠᠳᠬᠤᠬᠤ ᠠᠷᠭ᠎ᠠ ᠲᠡᠮ᠂ ᠪᠠᠶᠢᠩᠭᠤ ᠠᠳᠬᠤᠬᠤ ᠬᠠᠳᠠᠨ ᠵᠤᠷᠢᠬ ᠢᠶᠠᠷ᠂ ︽ᠬᠦᠯᠢᠶᠠᠵᠤ ᠦᠯᠤ ᠲᠡᠶᠢᠯᠬᠦ︾ | ᠪᠠᠴᠢᠮ ᠲᠤᠯᠭᠠᠮ᠎ᠠ ᠪᠤᠳᠤᠯ᠂ ︽ᠤᠳᠠᠭᠠᠰᠢᠷᠠᠭᠤᠯᠵᠤ ᠦᠯᠤ ᠪᠤᠯᠬᠤ︾ ᠲᠦᠭᠰᠢᠬᠦᠷᠢᠳᠤ ᠪᠤᠳᠤᠯ᠂ ︽ᠰᠠᠭᠤᠵᠤ | ᠦᠯᠤ ᠲᠡᠶᠢᠯᠬᠦ︾ ᠬᠠᠷᠢᠭᠤᠴᠠᠯᠭᠠᠳᠤ ᠰᠡᠳᠬᠢᠯᠬᠡ ᠪᠠᠷ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠦᠬᠦᠷᠡᠰᠢ ᠦᠬᠡᠢ ᠰᠡᠶᠢᠳᠤᠷ ᠠᠳᠬᠤᠵᠤ᠂ ᠲᠤᠰ ᠭᠠᠵᠠᠷ | ᠤᠷᠤᠨ ᠲᠤᠰ ᠰᠠᠯᠠᠭ᠎ᠠ ᠮᠦᠴᠢᠷ ᠤᠨ ᠢᠶᠠᠨ ᠠᠵᠢᠯ ᠡᠬᠦᠷᠬᠡ ᠶᠢ ᠲᠤᠤᠱᠳᠠᠢ ᠪᠡᠶᠡᠯᠡᠬᠦᠯᠬᠦ ᠶᠢ ᠰᠠᠶᠢᠳᠤᠷ ᠠᠳᠬᠤᠵᠤ᠂ | ᠬᠠᠳᠠᠭᠠᠰᠤ ᠬᠠᠳᠠᠬᠤ ᠵᠤᠷᠢᠬ ᠰᠠᠨᠠᠭ᠎ᠠ ᠪᠠᠷ ᠡᠯ᠎ᠠ ᠵᠦᠢᠯ ᠤᠨ ᠠᠵᠢᠯ ᠢᠶᠠᠨ ᠨᠠᠷᠢᠯᠢᠬ ᠪᠤᠳᠠᠳᠠᠢ ᠬᠢᠵᠤ᠂ | ᠬᠠᠳᠠᠭᠤᠵᠢᠯᠳᠠᠢ ᠠᠵᠢᠯᠯᠠᠬᠤ ᠪᠤᠳᠠᠳᠠᠢ ᠠᠵᠢᠯᠯᠠᠬᠤ ᠳᠤ ᠲᠦᠰᠢᠭᠯᠡᠵᠤ ᠠᠤᠭ᠎ᠠ ᠵᠢᠷᠤᠬ ᠲᠦᠯᠤᠪᠯᠡᠭᠡ ᠶᠢ ᠰᠠᠶᠢᠨ | ᠰᠠᠶᠢᠬᠠᠨ ᠪᠤᠳᠠᠳᠤ ᠪᠠᠶᠢᠳᠠᠯ ᠪᠤᠯᠭᠠᠬᠤ ᠭᠡᠷᠡᠭᠳᠠᠢ᠃ | ᠲᠦᠯᠤᠬᠡᠯᠡᠭᠴᠢᠳ ᠡ᠂ ᠨᠦᠬᠦᠳ ᠡ︕ | ᠰᠢᠨ᠎ᠠ ᠴᠠᠬ ᠦᠶ᠎ᠠ ᠰᠢᠨ᠎ᠠ ᠲᠦᠷᠰᠤ ᠪᠠᠶᠢᠳᠠᠯ ᠰᠢᠨ᠎ᠠ ᠡᠬᠦᠷᠬᠡ᠂ ᠠᠷᠠᠳ ᠤᠨ ᠲᠦᠯᠤᠬᠡᠯᠡᠭᠴᠢᠳ ᠤᠨ ᠶᠡᠭᠡ | ᠬᠤᠷᠠᠯ ᠤᠨ ᠠᠵᠢᠯ ᠢ ᠰᠠᠶᠢᠳᠤᠷ ᠬᠢᠬᠦ ᠳᠤ ᠨᠡᠩ ᠦᠨᠳᠤᠷ ᠰᠢᠨ᠎ᠠ ᠱᠠᠭᠠᠷᠳᠠᠯᠭ᠎ᠠ ᠲᠠᠯᠪᠢᠪᠠ᠃ ᠪᠢᠳᠠ ᠨᠠᠮ ᠤᠨ | ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠰᠢᠢᠳᠪᠤᠷᠢᠳᠤ | ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠤᠨ ᠲᠦᠯᠤᠬᠡᠯᠡᠭᠴᠢᠳ ᠤᠨ ᠶᠡᠭᠡ | ᠬᠤᠷᠠᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠠᠷᠠᠳ ᠤᠨ ᠲᠦᠯᠤᠬᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠦᠪ ᠴᠢᠭᠯᠡᠯ ᠢ ᠪᠠᠳᠤ ᠡᠵᠡᠮᠰᠢᠵᠤ᠂ ᠨᠠᠮ ᠤᠨ ᠱᠤᠭᠤᠮ ᠴᠢᠭᠯᠡᠯᠳᠠ ᠲᠦᠷᠤ ᠶᠢᠨ | ᠪᠤᠳᠤᠯᠭ᠎ᠠ ᠪᠤᠯᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠬᠤ ᠪᠠ | ᠪᠦᠳᠤᠮᠵᠢᠳᠠᠢ ᠭᠡᠷᠡᠭᠵᠢᠬᠦᠯᠬᠦ ᠶᠢ ᠡᠷᠡᠰ ᠪᠠᠳᠤᠯᠠᠬᠤ ᠭᠡᠷᠡᠭᠳᠠᠢ᠃ ᠰᠢᠨᠵᠢᠯᠡᠬᠦ ᠤᠬᠠᠭᠠᠨᠴᠢ ᠪᠠᠷ ᠬᠠᠤᠯᠢ ᠳᠤᠬᠳᠠᠭᠠᠬᠤ᠂ | ᠠᠷᠠᠳᠴᠢᠯᠠᠯ ᠢᠶᠠᠷ ᠬᠠᠤᠯᠢ ᠳᠤᠬᠳᠠᠭᠠᠬᠤ᠂ ᠬᠠᠤᠯᠢ ᠶᠤᠰᠤᠭᠠᠷ ᠬᠠᠤᠯᠢ ᠳᠤᠬᠳᠠᠭᠠᠬᠤ ᠶᠢ ᠬᠦᠨᠵᠡᠬᠡᠢ ᠠᠬᠢᠭᠤᠯᠵᠥ᠂ | ᠦᠨᠳᠦᠰᠦᠨ ᠬᠠᠤᠯᠢ ᠪᠤᠯᠤᠨ ᠬᠠᠤᠯᠢ ᠴᠠᠭᠠᠵᠠ ᠶᠢᠨ ᠪᠦᠬᠦ ᠳᠠᠯ᠎ᠠ ᠪᠠᠷ ᠵᠦᠪ ᠤᠨᠤᠪᠴᠢᠳᠠᠢ ᠬᠡᠷᠡᠭᠵᠢᠬᠦᠯᠦᠭᠳᠡᠬᠦ ᠶᠢ | ᠪᠠᠳᠤᠯᠠᠵᠥ᠂ ᠰᠠᠶᠢᠨ ᠬᠠᠤᠯᠢ ᠪᠠᠷ ᠬᠦᠭᠵᠢᠯᠳᠡ ᠶᠢ ᠠᠬᠢᠭᠤᠯᠬᠤ᠂ ᠰᠠᠶᠢᠳᠤᠷ ᠵᠠᠰᠠᠬᠤ ᠶᠢ ᠪᠠᠳᠤᠯᠠᠵᠥ᠂ | ᠤᠳᠤᠬᠢᠴᠢᠯᠠᠬᠰᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ ᠳᠤ ᠬᠦᠴᠦᠨ ᠪᠦᠬᠦᠢ ᠬᠠᠤᠯᠢᠵᠢᠯ ᠤᠨ ᠪᠠᠳᠤᠯᠠᠭ᠎ᠠ | ᠬᠠᠩᠭᠠᠬᠤ ᠬᠡᠷᠡᠭᠳᠡᠢ᠃ ᠬᠢᠨᠠᠨ ᠪᠠᠶᠢᠴᠠᠭᠠᠬᠤ ᠡᠬᠦᠷᠬᠡ ᠳᠤᠰᠢᠶᠠᠯ ᠢᠶᠠᠨ ᠨᠠᠷᠢᠨ ᠬᠢᠨᠠᠮᠠᠭᠠᠢ ᠬᠦᠢᠴᠡᠳᠬᠡᠵᠥ᠂ | ᠶᠠᠷᠢᠯᠴᠠᠵᠥ ᠳᠤᠬᠳᠠᠭᠠᠬᠰᠠᠨ ᠴᠢᠬᠤᠯᠠ ᠶᠡᠭᠡ ᠬᠡᠷᠡᠭ ᠶᠠᠪᠤᠳᠠᠯ ᠪᠤᠯᠤᠨ ᠠᠵᠢᠯᠳᠠᠨ ᠤ ᠶᠠᠪᠤᠳᠠᠯ ᠤᠨ ᠳᠤᠮᠢᠯᠠᠵᠥ | ᠪᠠᠭᠤᠯᠭᠠᠬᠤ ᠡᠷᠬᠡ ᠶᠢ ᠬᠠᠤᠯᠢ ᠶᠤᠰᠤᠭᠠᠷ ᠬᠡᠷᠡᠭᠵᠢᠬᠦᠯᠵᠥ᠂ ︽ᠵᠠᠰᠠᠬ ᠤᠨ ᠤᠷᠳᠤᠨ ᠰᠢᠭᠦᠭᠦ ᠬᠤᠷᠢᠶ᠎ᠠ ᠪᠠᠶᠢᠴᠠᠭᠠᠬᠤ | ᠬᠤᠷᠢᠶ᠎ᠠ︾ ᠶᠢᠨ ᠬᠠᠤᠯᠢ ᠶᠤᠰᠤᠭᠠᠷ ᠵᠠᠰᠠᠭ ᠶᠠᠪᠤᠭᠤᠯᠬᠤ᠂ ᠳᠦᠪ ᠭᠤᠤᠯᠴᠢ ᠪᠠᠷ ᠬᠠᠤᠯᠢ ᠬᠡᠷᠡᠭᠵᠢᠬᠦᠯᠬᠦ ᠶᠢ | ᠳᠡᠮᠵᠢᠵᠥ ᠠᠬᠢᠭᠤᠯᠬᠤ ᠬᠡᠷᠡᠭᠳᠡᠢ᠃ ᠳᠦᠯᠦᠬᠡᠯᠡᠭᠴᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠥ᠂ | ᠳᠦᠯᠦᠬᠡᠯᠡᠭᠴᠢ ᠶᠢᠨ ᠪᠠᠶᠢᠳᠠᠯ ᠢ ᠦᠢᠯᠠᠭᠠᠬᠤ ᠵᠠᠰᠠᠭ ᠢ ᠦᠢᠯᠠᠭᠠᠬᠤ ᠶᠢ ᠪᠠᠳᠤᠯᠠᠵᠥ᠂ ᠨᠡᠶᠢᠭᠡᠮ ᠤᠨ ᠪᠠᠶᠢᠳᠡᠯ ᠠᠷᠡᠤᠨ | ᠤᠨ ᠰᠠᠨᠠᠯ ᠢ ᠢᠯᠡᠤᠨᠭᠡᠭᠦ ᠪᠡ ᠲᠤᠰᠬᠠᠬᠤ ᠵᠠᠮ ᠰᠤᠪᠠᠬ ᠢ ᠰᠢᠯᠦᠭᠤᠤᠨᠬᠠᠵᠤ᠂ ᠳᠦᠯᠦᠬᠡᠯᠡᠭᠴᠢ ᠶᠢᠨ ᠠᠷᠠᠳ ᠤᠨ | ᠪᠠᠶᠢᠳᠠᠯ ᠢ ᠦᠢᠯᠠᠭᠠᠬᠤ᠂ ᠠᠷᠠᠳ ᠤᠨ ᠰᠠᠨᠠᠯ ᠢ ᠳᠤᠰᠬᠠᠬᠤ᠂ ᠠᠷᠠᠳ ᠤᠨ ᠤᠶᠤᠨ ᠤᠬᠠᠭᠠᠨ ᠢ ᠳᠦᠪᠯᠡᠷᠡᠬᠦᠯᠬᠦ | ᠦᠢᠯᠡᠳᠦᠯ ᠢ ᠨᠢ ᠰᠠᠶᠢᠳᠤᠷ ᠪᠠᠳᠠᠷᠠᠭᠤᠯᠬᠤ ᠬᠡᠷᠡᠭᠳᠡᠢ᠃ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠤᠯᠤᠰ ᠳᠦᠷᠦ᠂ ᠦᠵᠡᠯ ᠰᠠᠨᠠᠭ᠎ᠠ᠂ ᠵᠤᠬᠢᠶᠠᠨ ᠪᠠᠶᠢᠭᠤᠯᠤᠯᠳᠠ᠂ ᠰᠤᠷᠳᠠᠯ ᠪᠤᠯᠤᠨ | ᠴᠢᠳᠠᠪᠤᠷᠢ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠤᠨᠬᠠᠵᠥ᠂ ᠰᠢᠨ᠎ᠡ ᠴᠠᠭ ᠦᠶ᠎ᠡ ᠶᠢᠨ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠨᠴᠠᠯᠢᠭ ᠪᠤᠯᠤᠨ ᠶᠤᠰᠤ ᠳᠦᠷᠢᠮ ᠢ ᠰᠤᠳᠤᠯᠤᠨ ᠡᠵᠡᠮᠰᠢᠵᠥ᠂ | ᠠᠵᠢᠯ ᠤᠨ ᠳᠦᠷᠢᠮ ᠪᠤᠯᠤᠨ ᠠᠵᠢᠯᠯᠠᠭ᠎ᠠ ᠶᠢᠨ ᠳᠤᠬᠳᠠᠴᠠ ᠶᠢ ᠪᠦᠷᠢᠨᠰᠢᠬᠦᠯᠵᠥ᠂ ᠠᠷᠠᠳ ᠤᠨ ᠳᠦᠯᠦᠬᠡᠯᠡᠭᠴᠢᠳ | ᠤᠨ ᠶᠡᠭᠡ ᠬᠤᠷᠠᠯ ᠤᠨ ᠠᠵᠢᠯ ᠤᠨ ᠳᠦᠪᠰᠢᠨ ᠢ ᠤᠯᠠᠮ ᠴᠢᠨᠠᠬᠰᠢᠳᠠ ᠳᠡᠭᠡᠭᠰᠢᠯᠡᠬᠦᠯᠵᠥ᠂ ᠠᠷᠠᠳ ᠤᠨ ᠳᠦᠯᠦᠬᠡ | ᠡᠬᠦᠷᠬᠡ ᠳᠤᠰᠢᠶᠠᠯ ᠢᠶᠠᠨ ᠬᠦᠢᠴᠡᠳᠬᠡᠬᠦ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ᠃ | ᠳᠦᠯᠦᠬᠡᠯᠡᠭᠴᠢᠤᠨ ᠡ᠂ ᠨᠦᠬᠦᠳ ᠡ︕ | ᠪᠢᠳᠡ ᠨᠢᠭᠡᠨ ᠠᠭᠤᠤ ᠶᠡᠭᠡ ᠴᠠᠭ ᠦᠶ᠎ᠡ ᠳᠤ ᠤᠷᠤᠰᠢᠵᠤ ᠪᠤᠢ᠂ ᠪᠢᠳᠡ ᠦᠪᠦᠷ ᠮᠤᠩᠭᠤᠯ ᠤᠨ ᠢᠶᠠᠨ | ᠤᠴᠢᠷ ᠶᠠᠪᠤᠳᠠᠯ ᠢ ᠨᠡᠩ ᠰᠠᠶᠢᠨ ᠪᠦᠲᠦᠭᠡᠵᠤ᠂ ᠠᠷᠠᠳ ᠲᠦᠮᠡᠨ ᠳᠤ ᠪᠠᠨ ᠨᠡᠩ ᠤᠯᠠᠨ ᠪᠤᠶᠠᠨ ᠬᠡᠰᠢᠭ | ᠬᠦᠷᠲᠡᠭᠡᠵᠤ᠂ ᠤᠯᠤᠰ ᠭᠦᠷᠦᠨ ᠳᠡᠭᠡᠨ ᠨᠡᠩ ᠶᠡᠭᠡ ᠬᠤᠪᠢ ᠨᠡᠮᠡᠷᠢ ᠦᠵᠡᠭᠦᠯᠬᠦ ᠳᠤ ᠬᠠᠷᠢᠭᠤᠴᠠᠯᠭ᠎ᠠ ᠲᠠᠢ᠂ | ᠴᠢᠳᠠᠪᠤᠷᠢ ᠲᠠᠢ᠂ ᠢᠲᠡᠭᠡᠯ ᠲᠠᠢ ᠪᠠᠶᠢᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ | ᠲᠦᠪ ᠬᠤᠷᠢᠶ᠎ᠠ ᠶᠢᠨ ᠲᠤᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠨᠡᠩ ᠦᠨᠳᠦᠷ ᠮᠠᠨᠳᠤᠭᠤᠯᠵᠥ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠮᠵᠢ ᠪᠤᠯᠭᠠᠨ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠨ᠎ᠡ ᠴᠠᠭ ᠦᠶ᠎ᠡ ᠶᠢᠨ | ᠦᠪᠦᠷ ᠮᠤᠩᠭᠤᠯ ᠤᠨ ᠬᠦᠭᠵᠢᠯᠲᠡ ᠶᠢᠨ ᠤᠷᠲᠤ ᠵᠠᠮ ᠤᠨ ᠠᠶᠠᠨ ᠳᠤ ᠡᠷᠡᠯᠬᠡᠭᠯᠡᠨ ᠤᠷᠤᠭᠰᠢᠯᠠᠵᠦ᠂ ︽ | ᠦᠵᠡᠰᠭᠦᠯᠡᠩᠲᠦ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ | ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠰᠢᠨ᠎ᠡ ᠬᠠᠭᠤᠳᠠᠰᠤ ᠶᠢ ᠪᠢᠴᠢᠭᠯᠡᠵᠡᠬᠡᠶᠡ︕ | ᠲᠤᠰ ᠤᠳᠠᠭᠠᠨ ᠤ ᠶᠡᠭᠡ ᠬᠤᠷᠠᠯ ᠢ ᠰᠠᠶᠢᠳᠤᠷ ᠬᠤᠷᠠᠯᠳᠤᠭᠤᠯᠬᠤ ᠶᠢᠨ ᠲᠦᠯᠤᠭᠡ᠂ ᠶᠡᠭᠡ ᠬᠤᠷᠠᠯ ᠤᠨ ᠨᠠᠷᠢᠨ | ᠪᠢᠴᠢᠭ ᠤᠨ ᠭᠠᠵᠠᠷ ᠤᠨ ᠠᠵᠢᠯᠳᠡᠨ᠂ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠰᠤᠨᠢᠨ ᠮᠡᠳᠡᠭᠡᠨ ᠤ | ᠰᠤᠷᠪᠤᠯᠵᠢᠯᠠᠭᠴᠢ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠠᠵᠢᠯᠳᠡᠨ ᠨᠡᠷ ᠶᠡᠭᠡ ᠬᠡᠮᠵᠢᠶᠡᠨ ᠤ ᠬᠦᠴᠢᠷ | ᠪᠡᠷᠭᠡᠰᠢᠶᠡᠯᠲᠠᠢ ᠨᠠᠷᠢᠨ ᠬᠢᠨᠠᠮᠠᠭᠠᠢ ᠠᠵᠢᠯ ᠬᠢᠪᠡ᠃ ᠪᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠢ | ᠲᠦᠯᠤᠭᠡᠯᠡᠵᠤ᠂ ᠲᠠ ᠪᠦᠭᠦᠨ ᠳᠡᠭᠡᠨ ᠴᠢᠩ ᠰᠡᠳᠬᠢᠯ ᠠᠴᠠ ᠪᠠᠨ ᠪᠠᠶᠠᠷᠯᠠᠵᠤ ᠳᠠᠯᠠᠷᠬᠠᠬᠰᠠᠨ ᠰᠡᠳᠬᠢᠯᠬᠡ ᠪᠠᠨ | ᠢᠯᠡᠳᠬᠡᠶ᠎ᠡ︕ | ᠴᠠᠭᠠᠨ ᠰᠠᠷ᠎ᠡ ᠦᠢᠷᠠᠳᠤᠯᠠ᠂ ᠡᠨᠡ ᠳᠠᠰᠢᠷᠠᠮ ᠢᠶᠠᠷ ᠪᠢ ᠳᠦᠯᠦᠬᠡᠯᠡᠭᠴᠢ ᠨᠠᠷ ᠪᠤᠯᠤᠨ ᠪᠦᠭᠦ ᠤᠷᠤᠨ ᠤ | ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠷ᠎ᠠ ᠰᠢᠨ᠎ᠡ ᠳᠡᠭᠡᠨ ᠪᠡᠶᠡᠷ ᠬᠦᠷ ᠲᠠᠢ᠂ ᠵᠤᠯ ᠵᠢᠷᠭᠠᠯ ᠲᠠᠢ | ᠪᠠᠶᠢᠬᠤ ᠶᠢ ᠴᠢᠩ ᠰᠡᠳᠬᠢᠯ ᠠᠴᠠ ᠪᠠᠨ ᠵᠦᠡᠭᠨᠡᠵᠦ ᠪᠠᠶᠢᠨ᠎ᠠ︕ |