ᠳᠡᠳ᠋ ᠲᠡᠷᠢᠭᠦᠯᠡᠭᠴᠢ  ᠡᠸᠤ ᠶᠠᠩ ᠰᠢᠶᠤᠤ ᠬᠤᠢ
ᠨᠡᠶᠢᠲᠡᠯᠡᠭᠰᠡᠨ ᠴᠠᠭ᠄
2018-02-01
                             ᠳᠡᠳ᠋ ᠲᠡᠷᠢᠭᠦᠯᠡᠭᠴᠢ     ᠡᠧᠤ ᠶᠠᠩ ᠰᠢᠶᠣᠣ ᠬᠤᠢ       ᠲᠡᠷᠢᠭᠦᠯᠡᠭᠴᠢ ᠶᠢ ᠬᠠᠪᠰᠤᠷᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠷᠠᠳ ᠤᠨ ᠶᠠᠪᠤᠳᠠᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ︵ᠮᠡᠳᠡᠯᠭᠡ ᠶᠢᠨ ᠪᠦᠲᠦᠭᠡᠭᠳᠡᠭᠦᠨ ᠤ ᠡᠷᠬᠡ ᠶᠢᠨ ᠲᠤᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ︶᠂ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠦᠪᠦᠷ ᠮᠤᠩᠭᠤᠯ ᠤᠨ ᠴᠡᠷᠢᠭ ᠤᠨ ᠲᠤᠭᠤᠷᠢᠭ᠂ ᠵᠡᠪᠰᠡᠭᠲᠦ ᠴᠠᠭᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠭᠢ᠂ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠦᠪᠡᠷᠲᠡᠭᠡᠨ ᠵᠠᠰᠠᠬᠤ ᠤᠷᠤᠨ ᠤ ᠨᠡᠶᠢᠭᠡᠮ ᠰᠢᠨᠵᠢᠯᠡᠬᠦ ᠤᠬᠠᠭᠠᠨ ᠤ ᠬᠤᠯᠪᠤᠭ᠎ᠠ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠦᠳ ᠤᠨ ᠬᠤᠯᠪᠤᠭ᠎ᠠ᠂ ᠦᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃      ᠲᠡᠷᠢᠭᠦᠯᠡᠭᠴᠢ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠲᠠᠨᠢᠯᠴᠠᠭᠤᠯᠭ᠎ᠠ :      ᠡᠧᠤ ᠶᠠᠩ ᠰᠢᠶᠣᠣ ᠬᠤᠢ᠂ ᠡᠷᠡᠭᠲᠡᠢ᠂ ᠬᠢᠲᠠᠳ ᠦᠨᠳᠦᠰᠦᠲᠡᠨ᠂ 1961 ᠣᠨ ᠤ 1 ᠳ᠋ᠦ᠋ᠭᠡᠷ ᠰᠠᠷ᠎ᠠ ᠳᠤ ᠲᠦᠷᠣᠵᠠᠢ᠂ ᠵᠢᠶᠠᠩᠰᠢ ᠶᠢᠨ ᠨᠠᠨᠴᠠᠩ ᠤᠨ ᠬᠦᠮᠦᠨ᠂ 1997 ᠣᠨ ᠤ 5 ᠳ᠋ᠤᠭᠠᠷ ᠰᠠᠷ᠎ᠠ ᠳᠤ ᠳᠤᠮᠳᠠᠳᠦ ᠤᠯᠤᠰ ᠤᠨ ᠡᠪ ᠬᠠᠮᠲᠦ ᠨᠠᠮ ᠳᠤ ᠣᠷᠣᠵᠤ᠂ 1983 ᠣᠨ ᠤ 9 ᠳ᠋ᠦ᠋ᠭᠡᠷ ᠰᠠᠷ᠎ᠠ ᠳᠤ ᠠᠵᠢᠯ ᠳᠤ ᠣᠷᠤᠯᠴᠠᠪᠠ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠡᠮᠨᠡᠯᠭᠡ ᠶᠢᠨ ᠤᠬᠠᠭᠠᠨ ᠤ ᠮᠠᠰᠲ᠋ᠧᠷ᠂ ᠫᠷᠤᠹᠧᠰᠰᠤᠷ᠂ ᠡᠷᠬᠢᠯᠡᠭᠴᠢ ᠡᠮᠴᠢ᠃      ᠤᠳᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠦᠪᠡᠷᠲᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠠᠵᠢᠯ ᠲᠦᠷᠦᠯ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠪᠤᠢ᠃      1978.09 — 1983.09 ᠦᠪᠦᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ  ᠶᠢᠨ ᠡᠮᠴᠢᠯᠡᠭᠡᠨ ᠤ ᠰᠠᠯᠪᠤᠷᠢ ᠶᠢᠨ ᠡᠮᠨᠡᠯᠭᠡ ᠶᠢᠨ ᠤᠬᠠᠭᠠᠨ ᠤ ᠲᠤᠰᠬᠠᠢ ᠮᠡᠷᠭᠡᠵᠢᠯ ᠳᠤ ᠰᠤᠷᠤᠯᠴᠠᠪᠠ      1983.09 — 1987.09 ᠦᠪᠦᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ  ᠶᠢᠨ ᠬᠠᠷᠢᠶᠠᠳᠦ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠭᠠᠳᠠᠷ ᠰᠠᠯᠠᠭᠠᠨ ᠤ ᠡᠮᠴᠢ ᠪᠠᠶᠢᠪᠠ      1987.09 — 1990.09 ᠦᠪᠦᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ  ᠶᠢᠨ ᠡᠮᠴᠢᠯᠡᠭᠡᠨ ᠤ ᠰᠠᠯᠪᠤᠷᠢ ᠶᠢᠨ ᠭᠠᠳᠠᠷ ᠰᠠᠯᠠᠭᠠᠨ ᠤ ᠲᠤᠰᠬᠠᠢ ᠮᠡᠷᠭᠡᠵᠢᠯ ᠤᠨ ᠠᠰᠫᠢᠷᠠᠨᠲ ᠢᠶᠠᠷ ᠰᠤᠷᠤᠯᠴᠠᠪᠠ      1990.09 — 2000.04 ᠦᠪᠦᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ  ᠶᠢᠨ ᠨᠢᠭᠡᠳᠦᠭᠡᠷ ᠬᠠᠷᠢᠶᠠᠳᠦ ᠡᠮᠨᠡᠯᠭᠡ ᠶᠢᠨ ᠬᠤᠷᠢᠶ᠎ᠠ ᠶᠢᠨ ᠭᠠᠳᠠᠷ ᠰᠠᠯᠠᠭᠠᠨ ᠤ ᠡᠮᠴᠢ᠂ ᠳᠡᠳ᠋ ᠡᠷᠬᠢᠯᠡᠭᠴᠢ ᠪᠠᠶᠢᠪᠠ ︵ᠡᠨᠡ ᠬᠤᠭᠤᠴᠠᠭᠠᠨ ᠳᠤ᠄ 1995.02 — 1995.08 ᠪᠡᠭᠡᠵᠢᠩ ᠤᠨ 301 ᠡᠮᠨᠡᠯᠭᠡ ᠶᠢᠨ ᠬᠤᠷᠢᠶ᠎ᠠ ᠶᠢᠨ ᠡᠯᠢᠭᠡ ᠰᠦᠰᠦᠨ ᠤ ᠭᠠᠳᠠᠷ ᠡᠮᠨᠡᠯᠭᠡ ᠶᠢᠨ ᠰᠠᠯᠠᠭᠠᠨ ᠳᠤ ᠳᠠᠪᠲᠠᠨ ᠪᠣᠯᠪᠠᠰᠤᠷᠠᠪᠠ︶      2000.04 — 2002.01 ᠦᠪᠦᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ  ᠶᠢᠨ ᠨᠢᠭᠡᠳᠦᠭᠡᠷ ᠬᠠᠷᠢᠶᠠᠳᠦ ᠡᠮᠨᠡᠯᠭᠡ ᠶᠢᠨ ᠬᠤᠷᠢᠶ᠎ᠠ ᠶᠢᠨ ᠳᠡᠳ᠋ ᠲᠠᠷᠤᠭ᠎ᠠ ᠪᠠᠶᠢᠪᠠ      2002.01 — 2006.03 ᠦᠪᠦᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ  ᠶᠢᠨ ᠨᠢᠭᠡᠳᠦᠭᠡᠷ ᠬᠠᠷᠢᠶᠠᠳᠦ ᠡᠮᠨᠡᠯᠭᠡ ᠶᠢᠨ ᠬᠤᠷᠢᠶ᠎ᠠ ᠶᠢᠨ ᠲᠠᠷᠤᠭ᠎ᠠ ᠪᠠᠶᠢᠪᠠ ︵ᠡᠨᠡ ᠬᠤᠭᠤᠴᠠᠭᠠᠨ ᠳᠤ᠄ 2002.12 — 2004.12 ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠠᠩᠬᠢ ᠳᠤ ᠰᠤᠷᠤᠯᠴᠠᠪᠠ︔ 2005.09 — 2006.01 ᠦᠪᠦᠷ ᠮᠣᠩᠭᠤᠯ ᠤᠨ ᠨᠠᠮ ᠤᠨ ᠰᠤᠷᠭᠠᠭᠤᠯᠢ ᠶᠢᠨ ᠢᠳᠠᠷ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠬᠢ ᠳᠤ ᠰᠤᠷᠤᠯᠴᠠᠪᠠ︶      2006.03 — 2008.10 ᠦᠪᠦᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦᠰᠤᠷᠭᠠᠭᠤᠯᠢ ᠶᠢᠨ ᠲᠡᠳ᠋ ᠵᠠᠬᠢᠷᠤᠯ᠂ ᠨᠠᠮ ᠤᠨ ᠬᠤᠷᠢᠶ᠎ᠠ ᠶᠢᠨ ᠭᠡᠰᠢᠭᠦᠨ᠂ ᠨᠢᠭᠡᠳᠦᠭᠡᠷ ᠬᠠᠷᠢᠶᠠᠳᠦ ᠡᠮᠨᠡᠯᠭᠡ ᠶᠢᠨ ᠬᠤᠷᠢᠶ᠎ᠠ ᠶᠢᠨ ᠲᠠᠷᠤᠭ᠎ᠠ ᠪᠠᠶᠢᠪᠠ ︵2005.09 — 2006.09 ᠴᠢᠩᠬᠤᠸᠠ ᠶᠡᠭᠡ ᠰᠤᠷᠭᠠᠭᠤᠯᠢ ᠶᠢᠨ ᠣᠳᠣ ᠦᠶ᠎ᠡ ᠶᠢᠨ ᠡᠮᠨᠡᠯᠭᠡ  ᠶᠢᠨ ᠬᠤᠷᠢᠶ᠎ᠠ ᠶᠢᠨ ᠲᠡᠭᠡᠳᠣ ᠵᠡᠷᠭᠡ ᠶᠢᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠰᠣᠳᠤᠯᠤᠨ ᠰᠤᠷᠬᠤ ᠠᠩᠬᠢ ᠳᠤ ᠰᠤᠷᠤᠯᠴᠠᠪᠠ︶      2008.10 — 2010.09 ᠦᠪᠦᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ  ᠶᠢᠨ ᠵᠠᠬᠢᠷᠤᠯ᠂ ᠨᠠᠮ ᠤᠨ ᠬᠤᠷᠢᠶ᠎ᠠ ᠶᠢᠨ ᠳᠡᠳ᠋ ᠱᠦᠵᠢ ᠪᠠᠶᠢᠪᠠ      2010.09 — 2013.12 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠡᠷᠡᠭᠦᠯ ᠬᠠᠮᠠᠭᠠᠯᠠᠯ  ᠤᠨ ᠲᠢᠩᠬᠢᠮ ᠤᠨ ᠳᠡᠳ᠋ ᠳᠠᠷᠤᠭ᠎ᠠ ︵ᠵᠢᠩᠬᠢᠨᠢ ᠲᠢᠩᠬᠢᠮ ᠤᠨ ᠳᠡᠰ︶᠂ ᠨᠠᠮ ᠤᠨ ᠤᠳᠤᠷᠢᠳᠬᠤ ᠳᠤᠭᠤᠶᠢᠯᠠᠩ  ᠤᠨ ᠪᠦᠷᠢᠯᠳᠣᠭᠦᠨ᠂ ᠦᠪᠦᠷ ᠮᠣᠩᠭᠤᠯ ᠤᠨ ᠠᠷᠡᠳ ᠤᠨ ᠡᠮᠨᠡᠯᠭᠡ ᠶᠢᠨ ᠬᠤᠷᠢᠶ᠎ᠠ ᠶᠢᠨ ᠲᠠᠷᠤᠭ᠎ᠠ᠂ ᠨᠠᠮ ᠤᠨ ᠬᠤᠷᠢᠶ᠎ᠠ ᠶᠢᠨ ᠱᠦᠵᠢ ᠪᠠᠶᠢᠪᠠ      2013.12 — 2014.01 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ᠡᠷᠬᠢᠯᠡᠭᠴᠢ᠂ ᠨᠠᠮ ᠤᠨ ᠤᠳᠣᠷᠢᠳᠬᠤ ᠳᠣᠭᠤᠶᠢᠯᠠᠩ ᠤᠨ ᠳᠡᠳ᠋ ᠱᠦᠵᠢ᠂ ᠦᠪᠦᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠠᠷᠤᠭ᠎ᠠ᠂ ᠨᠠᠮ ᠤᠨ ᠬᠤᠷᠢᠶ᠎ᠠ ᠶᠢᠨ ᠱᠦᠵᠢ ᠪᠠᠶᠢᠪᠠ      2014.01 — 2015.04 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ᠡᠷᠬᠢᠯᠡᠭᠴᠢ᠂ ᠨᠠᠮ ᠤᠨ ᠤᠳᠣᠷᠢᠳᠬᠤ ᠳᠣᠭᠤᠶᠢᠯᠠᠩ  ᠤᠨ ᠳᠡᠳ᠋ ᠱᠦᠵᠢ ᠪᠠᠶᠢᠪᠠ      2015.04 — 2016.05 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ᠡᠷᠬᠢᠯᠡᠭᠴᠢ᠂ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ ᠪᠠᠶᠢᠪᠠ      2016.05 — 2018.01 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠣᠭᠤᠶᠢᠯᠠᠩ ᠤᠨ ᠱᠦᠵᠢ᠂ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠲᠦᠷᠦᠯ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠪᠠᠶᠢᠪᠠ      2018 . 01 —  2018 . 02ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠲᠦᠷᠦᠯ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ      2018 . 02 —  2018 . 03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠲᠦᠷᠦᠯ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ      2018 . 03 —  2018 . 05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ      2018 . 05 —  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠶᠢᠨ ᠲᠤᠰᠢᠶᠠᠯ ᠳᠤ ᠪᠤᠢ      ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠡᠰᠢᠭᠦᠨ ᠪᠣᠯᠣᠨ᠎ᠠ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号