ᠪᠦ᠋ ᠰᠢᠶᠤᠤ ᠯᠢᠨ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠬᠤᠷᠢᠶ᠎ᠠ ᠪᠠᠷ ᠬᠦᠷᠴᠤ ᠡᠯ᠎ᠠ ᠠᠷᠠᠳᠴᠢᠯᠠᠬᠰᠠᠨ ᠨᠠᠮ ᠪᠦᠯᠦᠭ ᠤᠨ ᠠᠵᠢᠯᠳᠠᠳ ᠢ ᠪᠤᠯᠭᠤᠭᠠᠨ ᠦᠵᠡᠪᠡ
ᠨᠡᠶᠢᠲᠡᠯᠡᠭᠰᠡᠨ ᠴᠠᠭ᠄
2018/2/12
     2 ᠳ᠋ᠤᠭᠠᠷ ᠰᠠᠷ᠎ᠠ ᠶᠢᠨ 9᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠬᠤᠷᠢᠶ᠎ᠠ ᠪᠠᠷ ᠬᠦᠷᠴᠦ ᠡᠯ᠎ᠠ ᠠᠷᠠᠳᠴᠢᠯᠠᠬᠰᠠᠨ ᠨᠠᠮ ᠪᠦᠯᠦᠭ ᠤᠨ ᠠᠵᠢᠯᠳᠠᠳ ᠢ ᠪᠣᠯᠭᠤᠭᠠᠨ ᠦᠵᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠎ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠬᠠᠮᠳᠤ ᠪᠠᠶᠢᠴᠠᠭᠠᠨ ᠰᠤᠳᠤᠯᠪᠠ᠃      ᠪᠦ᠋ ᠰᠢᠶᠤᠤ ᠯᠢᠨ ᠤᠷᠢᠳ ᠬᠤᠵᠢᠳ ᠲᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠳᠤ ᠬᠤᠷᠢᠶ᠎ᠠ ᠶᠢᠨ ᠦᠪᠦᠷ ᠮᠤᠩᠭᠤᠯ ᠤᠨ ᠬᠤᠷᠢᠶ᠎ᠠ᠂ ᠲᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ ᠦᠪᠦᠷ ᠮᠤᠩᠭᠤᠯ ᠤᠨ ᠬᠤᠷᠢᠶ᠎ᠠ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠦᠪᠦᠷ ᠮᠤᠩᠭᠤᠯ ᠤᠨ ᠬᠤᠷᠢᠶ᠎ᠠ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠦᠪᠦᠷ ᠮᠤᠩᠭᠤᠯ ᠤᠨ ᠬᠤᠷᠢᠶ᠎ᠠ᠂ ᠲᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠠᠷᠠᠳᠴᠢᠯᠠᠬᠰᠠᠨ ᠨᠠᠮ ᠤᠨ ᠦᠪᠦᠷ ᠮᠤᠩᠭᠤᠯ ᠤᠨ ᠬᠤᠷᠢᠶ᠎ᠠ᠂ ︽9 · 3︾᠎ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠦᠪᠦᠷ ᠮᠤᠩᠭᠤᠯ ᠤᠨ ᠬᠤᠷᠢᠶ᠎ᠠ ᠶᠢᠨ ᠪᠠᠶᠢᠭᠤᠯᠭ᠎ᠠ ᠳᠤ ᠬᠦᠷᠴᠦ᠂ ᠬᠦᠷᠦᠭᠰᠡᠨ ᠭᠠᠵᠠᠷ ᠪᠤᠯᠭᠠᠨ ᠳᠤ ᠤᠯᠠᠨ ᠲᠠᠢ ᠭᠠᠷ ᠠᠳᠬᠤᠨ ᠳᠣᠳᠣᠨᠣ ᠪᠠᠷ ᠶᠠᠷᠢᠯᠴᠠᠵᠤ᠂ ᠡᠯ᠎ᠠ ᠠᠷᠠᠳᠴᠢᠯᠠᠬᠰᠠᠨ ᠨᠠᠮ ᠪᠦᠯᠦᠭ ᠤᠨ ᠠᠵᠢᠯ ᠤᠨ ᠪᠠᠶᠢᠳᠠᠯ ᠢ ᠤᠢᠢᠯᠠᠭᠠᠵᠤ᠂ ᠲᠡᠳᠡᠨ ᠤ ᠤᠷᠠᠨ ᠪᠢᠴᠢᠯᠭᠡ ᠤᠷᠠᠨ ᠵᠢᠷᠤᠭ ᠤᠨ ᠳᠠᠰᠤᠭ᠂ ᠲᠠᠩᠰᠠ ᠡᠪᠬᠡᠮᠡᠯ ᠤᠨ ᠦᠷᠦᠭᠡ ᠪᠠ ᠦᠵᠡᠬᠦᠯᠦᠯᠬᠡ ᠶᠢᠨ ᠳᠠᠰᠤᠭ ᠢᠶᠠᠷ ᠲᠤᠭᠤᠷᠢᠨ ᠦᠵᠡᠵᠤ᠂ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠬᠤᠷᠢᠶ᠎ᠠ ᠶᠢᠨ ᠰᠢᠨ᠎ᠠ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠲᠤ ᠪᠠᠶᠠᠷ ᠬᠦᠷᠭᠡᠵᠤ᠂ ᠡᠯ᠎ᠠ ᠠᠷᠠᠳᠴᠢᠯᠠᠬᠰᠠᠨ ᠨᠠᠮ ᠪᠦᠯᠦᠭ ᠤᠨ ᠤᠷᠳᠤ ᠬᠤᠭᠤᠴᠠᠭᠠᠨ ᠤ ᠲᠤᠷᠰᠢᠬᠢ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠳᠠᠬᠢ ᠬᠠᠪᠰᠤᠷᠤᠯᠭ᠎ᠠ ᠲᠡᠮᠵᠢᠯᠭᠡ ᠳᠤ ᠲᠠᠯᠠᠷᠬᠠᠬᠤ ᠶᠢᠨ ᠬᠠᠮᠳᠤ ᠰᠠᠷ᠎ᠠ ᠰᠢᠨ᠎ᠠ ᠶᠢᠨ ᠵᠦᠩᠨᠡᠯ ᠲᠡᠪᠰᠢᠭᠦᠯᠪᠡ᠃      ᠪᠦ᠋ ᠰᠢᠶᠤᠤ ᠯᠢᠨ᠂ ᠤᠢᠢᠷ᠎ᠠ ᠶᠢᠨ ᠵᠢᠯ ᠠᠴᠠ ᠨᠠᠰᠢ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠬᠤᠷᠢᠶ᠎ᠠ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠤ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠰᠠᠶᠢᠳᠤᠷ ᠬᠦᠢᠴᠡᠳᠭᠡᠨ ᠪᠦᠬᠦ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠠᠢ᠃ ᠰᠢᠨ᠎ᠠ ᠴᠠᠭ ᠦᠶ᠎ᠠ ᠳᠤ ᠤᠷᠤᠵᠣ ᠰᠢᠨ᠎ᠠ ᠠᠶᠠᠨ ᠵᠠᠮ ᠢ ᠡᠬᠢᠯᠡᠭᠦᠯᠦᠯ᠎ᠠ᠂ ᠡᠯ᠎ᠠ ᠠᠷᠠᠳᠴᠢᠯᠠᠬᠰᠠᠨ ᠨᠠᠮ ᠪᠦᠯᠦᠭ ᠯᠠᠪᠳᠠᠢ ᠴᠢᠳᠠᠪᠤᠷᠢᠳᠠᠨ ᠲᠦᠪᠯᠡᠷᠡᠭᠰᠡᠨ᠂ ᠤᠶᠤᠨ ᠣᠬᠠᠭᠠᠨ ᠨᠢᠬᠳᠠᠷᠠᠭᠰᠠᠨ᠂ ᠬᠠᠷᠢᠯᠴᠠᠭ᠎ᠠ ᠦᠷᠭᠡᠨ ᠲᠠᠯᠬᠡᠷ ᠵᠡᠷᠭᠡ ᠲᠠᠯ᠎ᠠ ᠶᠢᠨ ᠦᠪᠡᠷᠮᠢᠴᠠ ᠲᠠᠪᠠᠭᠤᠯᠢᠭ ᠢᠶᠠᠨ ᠨᠡᠩ ᠰᠠᠶᠢᠳᠤᠷ ᠪᠠᠳᠠᠷᠠᠭᠤᠯᠵᠤ᠂ ᠳᠣᠮᠳᠠᠳᠣ ᠣᠯᠣᠰ ᠤᠨ ᠡᠪ ᠬᠠᠮᠳᠣᠨᠠᠮ ᠤᠨ ᠠᠷᠪᠠ ᠶᠢᠰᠦᠳᠦᠭᠡᠷ ᠣᠳᠠᠭ᠎ᠠ ᠶᠢᠨ ᠪᠦᠬᠦ ᠣᠯᠣᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ᠂ ᠰᠢᠨ᠎ᠠ ᠴᠠᠭ ᠦᠶ᠎ᠠ ᠶᠢᠨ ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠎ ᠢ ᠪᠦᠳᠦᠭᠡᠨ ᠪᠠᠶᠢᠭᠤᠯᠬᠤ ᠲᠤᠮᠳᠠ ᠰᠢᠨ᠎ᠠ ᠲᠦᠷᠰᠦ ᠪᠠᠶᠢᠳᠠᠯ ᠢᠶᠠᠨ ᠢᠯᠡᠷᠡᠭᠦᠯᠵᠦ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ᠎ᠠ ᠭᠡᠳᠡᠭ ᠢ ᠢᠳᠡᠭᠡᠵᠤ ᠪᠠᠶᠢᠨ᠎ᠠ᠃ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠬᠤᠷᠢᠶ᠎ᠠ ᠵᠠᠰᠠᠭ ᠤᠨ ᠤᠷᠳᠤᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠲᠡᠪᠰᠢᠭᠦᠯᠭᠦ ᠶᠢ ᠬᠦᠰᠡᠭᠰᠡᠨ ᠤ ᠬᠠᠮᠳᠣ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠵᠠᠰᠠᠭ ᠤᠨ ᠤᠷᠳᠤᠨ ᠤ ᠵᠦᠪᠯᠡᠯᠭᠡ ᠪᠠᠨ ᠴᠢᠨᠠᠬᠰᠢᠳᠠ ᠴᠢᠩᠭᠠᠳᠬᠠᠵᠤ᠂ ᠵᠦᠪᠯᠡᠬᠦ ᠠᠭᠤᠯᠭ᠎ᠠ ᠪᠠᠨ ᠪᠠᠶᠠᠯᠢᠬᠵᠢᠭᠤᠯᠤᠨ ᠡᠯ᠎ᠠ ᠠᠷᠠᠳᠴᠢᠯᠠᠬᠰᠠᠨ ᠨᠠᠮ ᠪᠦᠯᠦᠭ ᠤᠨ ᠠᠵᠢᠯ ᠢᠶᠠᠨ ᠦᠷᠨᠢᠭᠦᠯᠭᠦ ᠳᠤ ᠰᠠᠶᠢᠨ ᠰᠠᠶᠢᠬᠠᠨ ᠨᠦᠬᠦᠴᠡᠯ ᠢ ᠡᠭᠦᠳᠦᠨ ᠦᠭᠭᠦᠨ᠎ᠡ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号